263 ᠵᠤᠢᠯ᠎ᠤᠨ ᠱᠢᠪᠠᠭᠤᠨ ᠤ᠋ ᠲᠥᠷᠥᠯ ᠤ᠋ᠨ ᠳᠦᠷᠰᠦ
2026-01-05 11:30:55
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠮᠢ ᠠᠬᠤᠶ ᠣᠷᠴᠢᠨ ᠲᠣᠭᠣᠷᠢᠨ ᠤ᠋ ᠲᠢᠩᠬᠢᠮ ᠡᠴᠡ ᠣᠢᠯᠠᠭᠠᠭ᠍ᠰᠠᠨ ᠵᠢᠡᠷ᠂ ᠣᠢᠷ᠎ᠠ ᠳ᠋ᠤ ᠤᠯᠠᠭᠠᠨᠰᠤᠬᠠᠢ ᠨᠠᠭᠤᠷ ᠤ᠋ᠨ ᠨᠤᠭᠤ ᠭᠠᠵᠠᠷ ᠲᠡᠬᠢ ᠤᠰᠤᠨ ᠤ᠋ ᠵᠢᠭᠦᠷᠲᠡᠨ᠎ᠦ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠱᠢᠪᠠᠭᠤᠨ ᠤ᠋ ᠲᠥᠷᠥᠯ ᠤ᠋ᠨ ᠨᠡᠷᠡᠰ ᠤ᠋ᠨ ᠵᠢᠭ᠍ᠰᠠᠭᠠᠯᠲᠠ ᠪᠡᠨ ᠱᠢᠨᠡᠳᠭᠡᠵᠦ᠍᠂ 3 ᠵᠦᠶ᠋ᠯ ᠤ᠋ᠨ ᠱᠢᠪᠠᠭᠤᠨ ᠤ᠋ ᠲᠥᠷᠥᠯ ᠢ᠋ ᠱᠢᠨ᠎ᠡ ᠪᠡᠷ ᠨᠡᠮᠡᠭᠳᠡᠬᠦᠯᠪᠡ᠃ ᠣᠳᠣᠬᠠᠨ ᠳ᠋ᠤ᠂ ᠲᠣᠰ ᠬᠠᠮᠠᠭᠠᠯᠠᠯᠲᠠ ᠵᠢᠨ ᠣᠷᠣᠨ ᠳ᠋ᠤ ᠲᠡᠮᠳᠡᠭ᠌ᠯᠡᠭ᠌ᠳᠡᠭᠰᠡᠨ ᠱᠢᠪᠠᠭᠤᠨ ᠤ᠋ ᠲᠥᠷᠥᠯ ᠤ᠋ᠨ ᠳᠦᠷᠰᠦ ᠵᠢᠨ ᠶᠡᠷᠦᠩᠬᠡᠶ ᠲᠣᠭ᠎ᠠ 263᠎ᠵᠤᠢᠯ᠎ᠳᠤ ᠬᠦᠷᠴᠡᠶ᠃ ᠡᠭᠦᠨ᠎ᠳᠦ᠂ ᠤᠯᠤᠰ ᠤ᠋ᠨ ᠨᠢᠭᠡᠳᠦᠭᠡᠷ ᠳᠡᠰ ᠤ᠋ᠨ ᠬᠠᠮᠠᠭᠠᠯᠠᠯᠳᠠ ᠵᠢᠨ ᠱᠢᠪᠠᠭᠤᠨ ᠤ᠋ ᠲᠥᠷᠥᠯ 17 ᠵᠦᠢᠯ ᠪᠤᠯᠵᠤ ᠨᠡᠮᠡᠭᠳᠡᠨ᠂ ᠤᠯᠤᠰ ᠤ᠋ᠨ ᠬᠣᠶᠠᠳᠤᠭᠠᠷ ᠳᠡᠰ ᠤ᠋ᠨ ᠬᠠᠮᠠᠭᠠᠯᠠᠯᠳᠠ ᠵᠢᠨ ᠱᠢᠪᠠᠭᠤᠨ ᠤ᠋ ᠲᠥᠷᠥᠯ 46 ᠵᠦᠢᠯ ᠪᠣᠯᠵᠤ᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ ᠠᠵᠢᠯ ᠱᠢᠨ᠎ᠡ ᠠᠬᠢᠴᠠ ᠲᠠᠶ ᠪᠣᠯᠪᠠ᠃

ᠪᠦᠷᠢᠳᠭᠡᠯ ᠢ᠋ ᠦᠨᠳᠦᠰᠦᠯᠡᠪᠡᠯ᠂ ᠬᠠᠮᠠᠭᠠᠯᠠᠯᠲᠠ ᠵᠢᠨ ᠣᠷᠣᠨ 2025 ᠣᠨ ᠤ᠋ 3 ᠰᠠᠷ᠎ᠠ ᠵᠢᠨ 23 ᠤ᠋ ᠡᠳᠦᠷ ᠠᠩᠬ᠎ᠠ ᠤᠳᠠᠭ᠎ᠠ ᠳᠤᠯᠪᠤᠳᠤ ᠱᠤᠩᠭᠤᠯ ᠨᠤᠭᠤᠰᠤ ᠶ᠋ᠢ ᠠᠵᠢᠭ᠍ᠯᠠᠵᠤ ᠤᠯᠪᠠ; 5 ᠰᠠᠷ᠎ᠠ ᠵᠢᠨ 26 ᠤ᠋ ᠡᠳᠦᠷ᠂ ᠤᠯᠤᠰ ᠤ᠋ᠨ ᠨᠢᠭᠡᠳᠦᠭᠡᠷ ᠳᠡᠰ ᠤ᠋ᠨ ᠬᠠᠮᠠᠭᠠᠯᠠᠯᠳᠠ ᠵᠢᠨ ᠠᠮᠢᠲᠠᠨ  ᠵᠢᠵᠢᠭ ᠦᠷᠪᠢᠯᠳᠡᠢ ᠶ᠋ᠢ ᠢᠯᠡᠷᠡᠭᠦᠯᠪᠡ; 10 ᠰᠠᠷ᠎ᠠ ᠵᠢᠨ 26 ᠤ᠋ ᠡᠳᠦᠷ᠂ ᠪᠠᠰᠠ ᠤᠯᠤᠰ ᠤ᠋ᠨ ᠬᠣᠶᠠᠳᠤᠭᠠᠷ ᠳᠡᠰ ᠤ᠋ᠨ ᠬᠠᠮᠠᠭᠠᠯᠠᠯᠳᠠ ᠵᠢᠨ ᠠᠮᠢᠲᠠᠨ ᠤᠯᠠᠭᠠᠨ ᠤᠮᠤᠷᠤᠳᠤ ᠬᠠᠷ᠎ᠠ ᠭᠠᠯᠠᠭᠤ᠎ᠶ᠋ᠢ ᠢᠯᠡᠷᠡᠭᠦᠯᠪᠡ᠃ ᠤᠯᠠᠭᠠᠨᠰᠤᠬᠠᠢ ᠨᠠᠭᠤᠷ ᠪᠤᠯ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠨᠤᠭᠤ ᠭᠠᠵᠠᠷ ᠤ᠋ᠨ ᠠᠮᠢ ᠠᠬᠤᠢ ᠵᠢᠨ ᠱᠢᠰᠲ᠋ᠧᠮ ᠪᠣᠯᠤᠨ ᠱᠢᠪᠠᠭᠤᠨ ᠤ᠋ ᠲᠦᠷᠦᠯ ᠤ᠋ᠨ ᠣᠷᠣᠱᠢᠨ ᠠᠮᠢᠳᠤᠷᠠᠬᠤ ᠭᠠᠵᠠᠷ ᠪᠣᠯᠤᠭ᠍ᠰᠠᠨ ᠤ᠋ ᠬᠤᠪᠢ ᠳ᠋ᠤ᠂ ᠤᠢ᠍ᠢᠷ᠎ᠠ ᠵᠢᠨ ᠵᠢᠯ᠎ᠳᠦ ᠣᠷᠴᠢᠨ ᠲᠣᠭᠣᠷᠢᠨ ᠢ᠋ ᠵᠠᠰᠠᠬᠤ ᠪᠠ ᠠᠮᠢ ᠠᠬᠤᠢ᠎ᠶ᠋ᠢ ᠰᠡᠷᠭᠦᠭᠡᠬᠦ᠌ ᠠᠵᠢᠯ ᠢ᠋ ᠲᠠᠰᠤᠷᠠᠯᠲᠠ ᠦᠭᠡᠢ ᠴᠢᠩᠭᠠᠷᠠᠭᠤᠯᠬᠤ ᠪᠡᠷ ᠲᠠᠮᠵᠢᠨ ᠠᠮᠢ ᠠᠬᠤᠢ ᠣᠷᠴᠢᠨ ᠲᠣᠭᠣᠷᠢᠨ ᠤ᠋ ᠶᠠᠰᠤ ᠴᠢᠨᠠᠷ ᠮᠡᠳᠡᠭ᠌ᠳᠡᠮ᠎ᠡ ᠰᠠᠢᠵᠢᠷᠠᠵᠤ᠂ ᠤᠯᠠᠮ ᠡᠴᠡ ᠤᠯᠠᠨ ᠬᠣᠪᠣᠷ ᠴᠤᠬᠠᠭ ᠱᠢᠪᠠᠭᠤᠨ ᠤ᠋ ᠲᠦᠷᠦᠯ ᠰᠠᠭᠠᠳᠠᠬᠤ ᠪᠣᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号