ᠣᠢᠷ᠎ᠠ ᠵᠢᠨ ᠵᠢᠯ ᠡᠴᠡ ᠨᠠᠭᠠᠰᠢ᠂ ᠪᠠᠶᠠᠨᠨᠠᠭᠤᠷ ᠬᠤᠲᠠ ᠵᠢᠨ ᠤᠷᠠᠳ ᠤ᠋ᠨ ᠡᠮᠦᠨᠡᠲᠦ ᠬᠣᠱᠢᠭᠤ ᠵᠢᠨ ᠬᠢᠨ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠪᠡᠷ ᠤᠳᠤᠷᠢᠳᠤᠮᠵᠢ ᠪᠣᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶ᠋ᠢ ᠱᠢᠰᠲ᠋ᠧᠮᠲᠡᠶ ᠵᠠᠰᠠᠬᠤ ᠶ᠋ᠢ ᠪᠠᠷᠢᠮᠲᠠᠯᠠᠵᠤ᠂ ᠪᠣᠬᠢᠷᠲᠤᠯ ᠥᠬᠡᠶ ᠠᠵᠤ ᠦᠶ᠋ᠯᠡᠰ ᠤ᠋ᠨ ᠬᠥᠭ᠌ᠵᠢᠯᠲᠡ ᠵᠢᠨ ᠵᠠᠮᠵᠢᠡᠷ ᠯᠠᠪᠳᠠᠭᠤᠨ ᠪᠠᠲᠤᠲᠠᠶ ᠠᠬᠢᠪᠠ᠃
2025 ᠣᠨᠳᠤ᠂ ᠤᠷᠠᠳ ᠤ᠋ᠨ ᠡᠮᠦᠨᠡᠲᠦ ᠬᠣᠱᠢᠭᠤᠨᠤ ᠮᠤᠨᠢ ᠠᠭᠤᠯᠠ ᠵᠢᠨ ᠠᠷᠤ ᠬᠣᠷᠮᠣᠶ ᠵᠢᠨ 《ᠤᠮᠠᠷᠠᠲᠤ ᠵᠢᠨ ᠭᠤᠷᠪᠠᠨ ᠣᠷᠣᠨ》 ᠤ᠋ ᠵᠢᠷᠭᠤᠳᠤᠭᠠᠷ ᠬᠤᠭᠤᠴᠠᠭᠠᠨᠤ ᠢᠨᠵᠧᠨᠧᠷᠢᠩ ᠤ᠋ᠨ ᠡᠯᠡᠰᠦ ᠶ᠋ᠢ ᠲᠣᠭ᠍ᠲᠠᠪᠤᠷᠢᠵᠢᠭᠤᠯᠬᠤ ᠲᠥᠷᠥᠯ ᠵᠦᠶ᠋ᠯ ᠤ᠋ᠨ ᠣᠷᠣᠨᠳᠤ᠂ 2000 ᠮᠤ᠌ ᠡᠪᠡᠰᠦᠨ ᠳᠥᠷᠪᠡᠯᠵᠢ 《ᠡᠯᠡᠰᠦ ᠶ᠋ᠢ ᠡᠮᠵᠢᠶᠡᠷᠢᠯᠡᠭᠦ ᠲᠤᠤᠷ》 ᠢ᠋ ᠰᠦᠯᠵᠢᠵᠦ᠍᠂ ᠰᠡᠭᠦᠵᠢ ᠵᠢᠨ ᠡᠯᠡᠰᠦᠷᠬᠡᠭ ᠭᠠᠵᠠᠷ ᠤ᠋ᠨ ᠥᠷᠥᠴᠡᠨᠳᠦ ᠵᠡᠭᠦᠨᠰᠢ ᠪᠠᠷᠠᠭᠤᠨᠰᠢ 1500 ᠮᠧᠲ᠋ᠷ᠂ ᠡᠮᠦᠨᠡᠰᠢ ᠤᠮᠠᠷᠠᠰᠢ 1800 ᠮᠧᠲ᠋ᠷ ᠪᠦᠬᠦᠢ ᠠᠮᠢ ᠠᠬᠤᠶ ᠵᠢᠨ ᠬᠠᠯᠬᠠᠪᠴᠢ ᠶ᠋ᠢ ᠪᠦᠷᠢᠯᠳᠦᠭᠦᠯᠤᠨ᠂ ᠨᠡᠭᠦᠳᠡᠯ ᠡᠯᠡᠰᠦ ᠵᠢᠨ ᠥᠷᠭᠡᠵᠢᠨ ᠲᠡᠯᠡᠷᠡᠬᠦ ᠶ᠋ᠢ ᠬᠣᠷᠢᠭ᠍ᠯᠠᠪᠠ᠃ ᠳᠤᠰ ᠬᠣᠱᠢᠭᠤ ᠵᠢᠨ ᠬᠢᠨ ᠡᠯᠡᠰᠦᠷᠬᠡᠭ ᠭᠠᠵᠠᠷᠢ ᠵᠠᠰᠠᠬᠤ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭᠢ ᠬᠠᠮᠠᠭᠠᠯᠠᠬᠤ᠂ ᠠᠮᠢ ᠠᠬᠤᠶ ᠵᠢᠨ ᠱᠢᠰᠲ᠋ᠧᠮ ᠤ᠋ᠨ ᠪᠠᠢᠭᠤᠯᠤᠯᠲᠠ ᠵᠡᠷᠭᠡ ᠴᠢᠬᠤᠯᠠ ᠭᠤᠤᠯ ᠡᠭᠦᠷᠭᠡᠳᠦ ᠠᠩᠬᠠᠷᠤᠯ ᠵᠢᠡᠨ ᠲᠥᠪᠯᠡᠷᠡᠭᠦᠯᠵᠦ᠍᠂ ᠣᠢᠵᠢᠭᠤᠯᠵᠤ ᠡᠪᠡᠰᠦ ᠳᠠᠷᠢᠬᠤ ᠶ᠋ᠢ ᠠᠱᠢᠭ᠍ᠯᠠᠨ᠂ ᠪᠢᠲᠡᠭᠦᠮᠵᠢᠯᠡᠨ ᠪᠡᠯᠴᠢᠭᠡᠷᠯᠡᠭᠦᠯᠬᠦ᠌ ᠶ᠋ᠢ ᠴᠠᠭᠠᠵᠠᠯᠠᠬᠤ᠂ ᠲᠤᠤᠷᠵᠢᠯ ᠤ᠋ᠨ ᠬᠢᠨᠠᠯᠲᠠ ᠬᠠᠮᠢᠶᠠᠷᠤᠯᠲᠠᠳᠤ ᠲᠦᠱᠢᠭ᠌ᠯᠡᠬᠦ᠌ ᠵᠡᠷᠭᠡ ᠠᠷᠭ᠎ᠠ ᠬᠡᠮᠵᠢᠶ᠎ᠡᠪᠡᠷ ᠳᠠᠮᠵᠢᠨ ᠠᠮᠢ ᠠᠬᠤᠶ ᠵᠢᠨ ᠬᠠᠮᠠᠭᠠᠯᠠᠯᠳᠠᠰᠡᠷᠬᠦᠭᠡᠯᠳᠠᠵᠢ ᠴᠢᠡᠭᠭᠠᠳᠬᠠᠪᠠ᠃ ᠤᠳᠤ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠪᠦᠷᠬᠦᠴᠡ ᠵᠢᠨ ᠨᠤᠷᠮ᠎ᠠ ᠲᠣᠭ᠍ᠲᠠᠭᠤᠨ ᠵᠢᠡᠷ ᠳᠡᠭᠡᠭ᠌ᠰᠢᠯᠡᠨ᠂ ᠡᠯᠡᠰᠦᠷᠬᠡᠭᠵᠢᠯᠢ ᠪᠦᠲᠦᠮᠵᠢᠲᠡᠢ ᠬᠣᠷᠢᠭ᠍ᠯᠠᠵᠤ᠂ ᠲᠠᠷᠠᠴᠢᠯᠠᠨ ᠠᠮᠢ ᠠᠬᠤᠢ ᠵᠢᠨ ᠳᠠᠪᠠᠭᠤᠯᠢᠭᠢ ᠠᠭᠠᠵᠢᠮ ᠵᠢᠡᠷ ᠬᠥᠭ᠌ᠵᠢᠯᠲᠡ ᠵᠢᠨ ᠳᠠᠪᠠᠭᠤᠯᠢᠭ ᠪᠣᠯᠭᠠᠨ ᠬᠤᠪᠢᠷᠠᠭᠤᠯᠵᠤ ᠪᠤᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号