ᠥᠪᠥᠷ ᠮᠣᠩᠭᠣᠯ ᠭᠤᠤᠯ ᠮᠥᠷᠡᠨ ᠨᠠᠭᠤᠷ ᠴᠥᠭᠥᠷᠥᠮ ᠤ᠋ᠨ ᠨᠢᠭᠡ ᠴᠤᠭ᠍ᠴᠠᠵᠢᠭᠰᠠᠨ ᠬᠢᠨᠠᠨ ᠬᠡᠮᠵᠢᠵᠦ᠍ ᠮᠡᠳᠡᠷᠡᠬᠦ᠌ ᠱᠢᠰᠲ᠋ᠧᠮ ᠤ᠋ᠨ ᠪᠠᠢᠭᠤᠯᠤᠯᠲᠠ ᠢ᠋ᠢ ᠡᠬᠢᠯᠡᠭᠦᠯᠪᠡ
2026-01-05 11:23:02
ᠵᠣᠬᠢᠶᠠᠭ᠍ᠴᠢ᠄
​ ᠦᠨᠢᠷ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠣᠢᠷ᠎ᠠ ᠳ᠋ᠤ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠤᠤᠯ ᠮᠥᠷᠡᠨ ᠨᠠᠭᠤᠷ ᠴᠥᠭᠥᠷᠥᠮ ᠤ᠋ᠨ ᠨᠢᠭᠡ ᠴᠣᠭ᠍ᠴᠠᠵᠢᠭ᠍ᠰᠠᠨ ᠬᠢᠨᠠᠨ ᠬᠡᠮᠵᠢᠵᠤ ᠮᠡᠳᠡᠷᠡᠬᠦ᠌ ᠱᠢᠰᠲ᠋ᠧᠮ ᠤ᠋ᠨ ᠪᠠᠢᠭᠤᠯᠤᠯᠲᠠ ᠢ᠋ᠢᠨ ᠬᠡᠷᠡᠭ᠌ᠵᠢᠭᠦᠯᠬᠦ᠌ ᠲᠥᠰᠦᠯ(2025 — 2027 ᠣᠨ)》 ᠢ᠋ ᠳᠠᠷᠤᠮᠠᠯᠯᠠᠨ ᠲᠠᠷᠬᠠᠭᠠᠪᠠ᠃ ᠡᠨᠡ ᠨᠢ ᠥᠪᠥᠷ ᠮᠣᠩᠭᠣᠯ ᠣᠶᠤᠨᠲᠤ ᠤᠰᠤᠨ ᠠᠱᠢᠭ᠍ᠯᠠᠯᠲᠠ ᠢ᠋ᠢᠨ ᠪᠥᠲᠥᠭᠡᠨ ᠪᠠᠢᠭᠤᠯᠤᠯᠲᠠ ᠢ᠋ᠢ ᠠᠬᠢᠭᠤᠯᠬᠤ᠂ ᠭᠤᠤᠯ ᠮᠥᠷᠡᠨ ᠨᠠᠭᠤᠷ ᠴᠥᠭᠥᠷᠥᠮ ᠤ᠋ᠨ ᠬᠢᠨᠠᠯᠲᠠ ᠬᠠᠮᠢᠶᠠᠷᠤᠯᠲᠠ ᠢ᠋ᠢ ᠴᠢᠩᠭᠠᠳᠭᠠᠬᠤ ᠲᠠᠯ᠎ᠠ ᠪᠠᠷ ᠯᠠᠪᠳᠠᠭᠤᠨ ᠪᠠᠳᠤᠲᠠᠢ ᠠᠯᠬᠤᠮ  ᠠᠯᠬᠤᠭ᠍ᠰᠠᠨ ᠢ᠋ ᠬᠠᠷᠠᠭᠤᠯᠵᠤ ᠪᠠᠢᠨ᠎ᠠ᠃

ᠲᠤᠰ ᠬᠡᠷᠡᠭ᠌ᠵᠢᠭᠦᠯᠬᠦ᠌ ᠲᠥᠰᠦᠯ ᠳ᠋ᠤ᠂ ᠣᠳᠣᠬᠠᠨ ᠤ᠋ ᠥᠪᠥᠷ ᠮᠣᠩᠭᠣᠯ ᠤ᠋ᠨ ᠭᠤᠤᠯ ᠮᠥᠷᠡᠨ ᠨᠠᠭᠤᠷ ᠴᠥᠭᠥᠷᠥᠮ ᠤ᠋ᠨ ᠲᠣᠭᠠᠴᠢᠯᠠᠭ᠍ᠰᠠᠨ᠂ ᠤᠶᠤᠨᠴᠢᠯᠠᠬ᠍ᠰᠠᠨ ᠬᠠᠮᠢᠶᠠᠷᠤᠯᠲᠠ ᠬᠠᠮᠠᠭᠠᠯᠠᠯᠲᠠ ᠢ᠋ᠢᠨ ᠲᠠᠯ᠎ᠠ ᠪᠠᠷ ᠣᠷᠣᠱᠢᠵᠤ ᠪᠠᠢᠭ᠎ᠠ ᠳᠤᠲᠠᠭᠤᠳᠠᠯ ᠢ᠋ ᠱᠢᠰᠲ᠋ᠧᠮ ᠲᠡᠶ ᠡᠮᠬᠢᠯᠡᠭ᠌ᠰᠡᠨ ᠪᠥᠭᠡᠳ ᠭᠠᠵᠠᠷ ᠣᠷᠣᠨ ᠤ᠋ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠢᠷᠡᠬᠦ᠌ 3 ᠵᠢᠯ ᠤ᠋ᠨ ᠪᠥᠲᠥᠭᠡᠨ ᠪᠠᠢᠭᠤᠯᠤᠯᠲᠠ ᠢ᠋ᠢᠨ ᠵᠢᠷᠤᠭ ᠲᠥᠯᠥᠪᠯᠡᠭᠡ ᠵᠢ ᠲᠤᠳᠤᠷᠬᠠᠢ ᠲᠤᠭᠲᠠᠭᠠᠪᠠ᠃ ᠡᠭᠦᠨ ᠳ᠋ᠤ ᠭᠤᠤᠯ ᠮᠥᠷᠡᠨ ᠨᠠᠭᠤᠷ ᠴᠥᠭᠥᠷᠥᠮ ᠤ᠋ᠨ ᠦᠨᠳᠦᠰᠦᠨ ᠪᠠᠢᠳᠠᠯ ᠢ᠋ ᠪᠠᠢᠴᠠᠭᠠᠬᠤ᠂ ᠭᠤᠤᠯ ᠮᠥᠷᠡᠨ ᠨᠠᠭᠤᠷ ᠴᠥᠭᠥᠷᠥᠮ ᠤ᠋ᠨ ᠬᠠᠮᠢᠶᠠᠷᠤᠯᠲᠠ ᠢ᠋ᠢᠨ ᠲᠣᠭ᠎ᠠ ᠪᠠᠷᠢᠮᠲᠠ ᠢ᠋ᠢ ᠲᠡᠭᠦᠯᠳᠡᠷᠵᠢᠭᠦᠯᠬᠦ᠂ ᠳᠠᠭᠠᠭᠤᠯᠢ ᠣᠳᠣᠨ ᠤ᠋ ᠠᠯᠤᠰ ᠰᠡᠷᠡᠯ ᠤ᠋ᠨ ᠪᠠᠢ᠌ᠩᠭᠤᠵᠢᠭ᠍ᠰᠠᠨ ᠣᠶᠤᠨᠴᠢ ᠬᠢᠨᠠᠨ ᠬᠡᠮᠵᠢᠯᠲᠡ ᠬᠢᠬᠦ᠂ ᠭᠤᠤᠯ ᠮᠥᠷᠡᠨ ᠨᠠᠭᠤᠷ ᠴᠥᠭᠥᠷᠥᠮ ᠤ᠋ᠨ ᠠᠯᠤᠰ ᠰᠡᠷᠡᠯ ᠤ᠋ᠨ ᠵᠢᠷᠤᠭ ᠢ᠋ ᠬᠠᠷᠭᠤᠭᠤᠯᠤᠨ ᠪᠠᠢᠴᠠᠭᠠᠵᠤ 《ᠡᠷᠬᠢᠨ ᠬᠠᠷᠠᠬᠤ》᠂ ᠸᠢᠳᠢᠤ᠋ ᠪᠡᠷ ᠬᠢᠨᠠᠨ ᠡᠵᠡᠮᠳᠡᠵᠦ᠍ ᠴᠠᠭ ᠲᠤᠬᠠᠢ ᠳ᠋ᠤᠨᠢ ᠪᠠᠷᠢᠪᠴᠢᠯᠠᠬᠤ᠂ ᠵᠢᠯᠣᠭᠣᠴᠢ ᠥᠬᠡᠶ ᠨᠢᠰᠭᠡᠯ ᠢ᠋ᠢᠡᠷ ᠲᠣᠭ᠍ᠲᠠᠭ᠍ᠰᠠᠨ ᠬᠤᠭᠤᠴᠠᠭ᠎ᠠ ᠲᠠᠢ ᠪᠡᠷ ᠲᠣᠭᠣᠷᠢᠨ ᠪᠠᠢᠴᠠᠭᠠᠬᠤ᠂ ᠭᠤᠤᠯ ᠮᠥᠷᠡᠨ ᠤ᠋ ᠭᠤᠯᠳᠤᠷᠢᠯ ᠡᠴᠡ ᠬᠠᠢᠷ ᠮᠠᠯᠲᠠᠬᠤ ᠢ᠋ᠢ ᠣᠶᠤᠨᠴᠢ ᠪᠡᠷ ᠬᠢᠨᠠᠨ ᠬᠠᠮᠢᠶᠠᠷᠬᠤ ᠵᠡᠷᠭᠡ 7 ᠲᠠᠯ᠎ᠠ ᠢ᠋ᠢᠨ ᠠᠭᠤᠯᠭ᠎ᠠ ᠵᠢ ᠪᠠᠭᠲᠠᠭᠠᠵᠠᠢ᠃

ᠤᠢᠯᠠᠭᠠᠭᠰᠠᠨ ᠢ᠋ᠢᠡᠷ᠂ ᠮᠠᠨ ᠤ᠋ ᠤᠷᠤᠨ ᠨᠢᠬᠡᠨᠳᠡ 2025 ᠣᠨ ᠤ᠋ ᠡᠭᠦᠷᠭᠡ ᠢ᠋ᠢᠨ ᠨᠠᠷᠢᠨ ᠲᠠᠩᠰᠠ ᠶᠣᠰᠣᠭᠠᠷ ᠭᠤᠤᠯ ᠮᠥᠷᠡᠨ ᠨᠠᠭᠤᠷ ᠴᠥᠭᠥᠷᠥᠮ ᠤ᠋ᠨ ᠦᠨᠳᠦᠰᠦᠨ ᠪᠠᠢᠳᠠᠯ ᠢ᠋ ᠣᠢᠯᠠᠭᠠᠬᠤ ᠪᠠᠢᠴᠠᠭᠠᠯᠲᠠ ᠢ᠋ᠢᠨ ᠲᠥᠰᠦᠯ ᠢ᠋ ᠲᠣᠭ᠍ᠲᠠᠭᠠᠵᠤ᠂ 56 ᠭᠤᠤᠯ ᠤ᠋ᠨ ᠭᠤᠯᠳᠤᠷᠢᠯ ᠤ᠋ᠨ ᠬᠠᠢᠷ ᠮᠠᠯᠲᠠᠬᠤ ᠵᠥᠪᠱᠢᠶᠡᠷᠡᠯ ᠤ᠋ᠨ ᠣᠷᠣᠨ ᠵᠢᠴᠢ ᠲᠣᠬᠢᠷᠠᠭᠤᠯᠤᠯᠲᠠ ᠬᠢᠵᠦ᠍ ᠳᠠᠬᠢᠨ ᠬᠢᠨᠠᠬᠤ ᠴᠢᠬᠤᠯᠠᠲᠠᠶ 186 ᠤᠰᠤᠨ ᠤ᠋ ᠴᠠᠷᠠᠭ᠎ᠠ ᠢ᠋ᠢᠨ ᠲᠣᠭ᠎ᠠ ᠪᠠᠷᠢᠮᠲᠠ ᠢ᠋ᠢᠨ ᠵᠢᠷᠤᠭ ᠢ᠋ ᠳᠠᠭᠤᠰᠭᠠᠨ᠂ 2791 ᠭᠤᠤᠯ ᠮᠥᠷᠡᠨ ᠨᠠᠭᠤᠷ ᠴᠥᠭᠥᠷᠥᠮ ᠤ᠋ᠨ ᠡᠷᠡᠭᠦᠯ ᠮᠡᠨᠳᠦ᠍ ᠢ᠋ᠢᠨ ᠦᠨᠡᠯᠡᠯᠲᠡ ᠢ᠋ᠢᠨ ᠦᠷ᠎ᠡ ᠪᠦᠲᠦᠭᠡᠯ ᠪᠤᠯᠤᠨ 1.66 ᠲᠦᠮᠡᠨ ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠢ᠋ᠢᠨ ᠮᠡᠳᠡᠭᠡ ᠵᠠᠩᠭᠢ ᠢ᠋ᠢ ᠬᠥᠳᠡᠯᠦᠩᠭᠦᠶ ᠪᠡᠷ ᠱᠢᠨᠡᠳᠭᠡᠵᠦ᠍᠂ ᠪᠠᠷᠠᠭᠤᠨ ᠯᠢᠶᠣᠤᠾᠧ ᠭᠤᠤᠯ ᠤ᠋ᠨ ᠥᠪᠥᠷ ᠮᠣᠩᠭᠣᠯ ᠳ᠋ᠠᠬᠢ ᠬᠡᠰᠡᠭ ᠤ᠋ᠨ ᠵᠢᠯᠣᠭᠣᠴᠢ ᠥᠬᠡᠶ ᠨᠢᠰᠭᠡᠯ ᠢ᠋ᠢᠡᠷ ᠲᠣᠭᠣᠷᠢᠨ ᠪᠠᠢᠴᠠᠭᠠᠬᠤ ᠠᠵᠢᠯ ᠢ᠋ ᠤᠷᠢᠳ ᠢ᠋ᠢᠡᠷ ᠬᠢᠵᠦ᠍ ᠤᠷᠢᠳ ᠢ᠋ᠢᠡᠷ ᠲᠤᠷᠱᠢᠨ ᠣᠨ ᠤ᠋ ᠡᠭᠦᠷᠭᠡ ᠢ᠋ᠢᠨ ᠵᠢᠡᠨ 67.05% ᠢ᠋ᠢ ᠪᠡᠶᠡᠯᠡᠭᠦᠯᠪᠡ᠃ ᠡᠭᠦᠨ ᠡᠴᠡ ᠭᠠᠳᠠᠨ᠎ᠠ᠂ ᠪᠠᠷᠠᠭᠤᠨ ᠯᠢᠶᠣᠤᠾᠧ ᠭᠤᠤᠯ᠂ ᠬᠠᠷ᠎ᠠ ᠭᠤᠤᠯ ᠵᠡᠷᠭᠡ 14 ᠭᠤᠤᠯ ᠮᠥᠷᠡᠨ ᠵᠢᠴᠢ ᠲᠠᠭ᠎ᠠ ᠢ᠋ᠢᠨ ᠨᠠᠭᠤᠷ ᠤ᠋ᠨ ᠸᠢᠲᠢᠤ᠋  ᠪᠠᠷ ᠬᠢᠨᠠᠨ ᠡᠵᠡᠮᠳᠡᠬᠦ᠌ ᠪᠥᠲᠥᠭᠡᠨ ᠪᠠᠢᠭᠤᠯᠤᠯᠲᠠ ᠢ᠋ᠢᠨ ᠪᠠᠷᠢᠯᠭ᠎ᠠ ᠢ᠋ᠢ ᠦᠨᠳᠦᠰᠦᠨ ᠳ᠋ᠡᠭᠡᠨ ᠳᠠᠭᠤᠰᠬᠠᠵᠤ᠂ ᠬᠠᠲᠤᠨ ᠭᠤᠤᠯ ᠪᠤᠯᠤᠨ ᠯᠢᠶᠣᠤᠾᠧ ᠭᠤᠤᠯ ᠤ᠋ᠨ ᠰᠠᠪᠠ ᠭᠠᠵᠠᠷ ᠤ᠋ᠨ 10 ᠨᠢᠰᠭᠡᠯ ᠤ᠋ᠨ ᠪᠠᠭᠤᠳᠠᠯ ᠵᠢᠴᠢ ᠬᠠᠮᠢᠶᠠᠷᠤᠯᠲᠠ ᠢ᠋ᠢᠨ ᠲᠠᠪᠴᠠᠩ ᠢ᠋ ᠨᠢᠭᠡᠨᠲᠡ ᠲᠤᠷᠱᠢᠨ ᠠᠵᠢᠯᠯᠠᠬᠤ ᠱᠠᠲᠤᠨ ᠳ᠋ᠤ ᠣᠷᠣᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号