ᠤᠯᠠᠭᠠᠨᠬᠠᠳᠠ ᠬᠣᠲᠠ᠎ᠶ᠋ᠢᠨ ᠹᠦ᠋ ᠱᠠᠨ ᠵᠢᠶᠠ ᠶᠤᠸᠠᠨ ᠨᠡᠢᠭᠡᠮ ᠲᠣᠭᠣᠷᠢᠭ᠎ᠤᠨ 《ᠤᠯᠠᠭᠠᠨ ᠠᠨᠠᠷ᠎ᠤᠨ ᠬᠡᠷ ᠣᠷᠣᠨ》 ᠳ᠋ᠤ ᠰᠠᠷᠭᠠᠶ ᠴᠡᠴᠡᠭ᠂ ᠬᠠᠢᠲᠠᠩ ᠴᠡᠴᠡᠭ ᠵᠡᠷᠭᠡ ᠨᠡᠭᠡᠮᠡᠯ ᠤᠷᠠᠯᠠᠯ ᠵᠢᠴᠢ ᠱᠠᠭᠠᠵᠠᠭᠠᠶ᠂ ᠨᠣᠬᠠᠶ᠂ ᠯᠤᠤ ᠵᠡᠷᠭᠡ ᠺᠠᠷᠲ᠋ᠣᠨ ᠴᠢᠮᠡᠭ᠌ᠯᠡᠯ ᠬᠦᠮᠦᠰ᠎ᠤᠨ ᠬᠠᠷᠠᠭ᠎ᠠ ᠵᠢ ᠡᠷᠭᠡ ᠦᠭᠡᠢ ᠪᠤᠯᠢᠶᠠᠨ᠎ᠠ᠃ ᠡᠭᠡᠴᠢ ᠳᠡᠭᠦᠦ᠍᠎ᠨᠡᠷ ᠣᠷᠳᠣ ᠵᠡᠭᠦᠦ᠂ ᠣᠬᠣᠷ ᠵᠡᠭᠦᠦ᠂ ᠭᠡᠵᠢᠭᠡᠨ ᠵᠡᠭᠦᠦ ᠵᠡᠷᠭᠡ ᠵᠢ ᠪᠤᠯᠪᠠᠰᠤᠷᠠᠨᠭᠭᠤᠢ ᠬᠡᠷᠡᠭᠯᠡᠵᠦ ᠨᠤᠤᠰᠤᠨ ᠤᠳᠠᠰᠤ ᠵᠢ ᠭᠤᠬᠠᠳᠠᠵᠤ ᠰᠦᠯᠵᠢᠬᠦ ᠵᠢᠨ ᠳᠠᠭᠠᠤ ᠬᠦᠭᠡᠷᠦᠯᠳᠦᠨ ᠵᠣᠭᠣᠭ᠍ᠳᠠᠵᠤ᠂ ᠲᠤᠬᠠᠢ ᠵᠢᠨ ᠲᠠᠯᠠᠪᠠᠢ ᠬᠦᠷ ᠬᠥᠭ᠌ᠵᠢᠶᠡᠨᠵᠢᠡᠷ ᠪᠢᠯᠬᠠᠵᠤ ᠪᠠᠢᠯ᠎ᠠ᠃
《ᠣᠳᠣᠬᠠᠨᠪᠤᠯᠳᠠᠯᠠ ᠪᠢᠳᠡ ᠲᠣᠮᠣ ᠬᠡᠯᠪᠡᠷᠢ᠎ᠶ᠋ᠢᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ 5 ᠤᠳᠠᠭ᠎ᠠ ᠵᠣᠬᠢᠶᠠᠨ ᠪᠠᠢᠭᠤᠯᠵᠤ᠂ 200 ᠭᠠᠷᠤᠶ ᠡᠮᠡᠭ᠌ᠲᠡᠢᠴᠦᠳ ᠲᠸ᠋ ᠪᠤᠯᠪᠠᠰᠤᠷᠠᠯ ᠬᠦᠷᠳᠡᠭᠡᠪᠡ᠃ ᠪᠠᠰᠠ ᠴᠤᠤᠷᠢᠶ᠎ᠠ ᠱᠢᠭᠤᠳ ᠨᠡᠪᠲᠡᠷᠡᠭᠦᠯᠭᠡ᠎ᠶ᠋ᠢᠨ ᠲᠠᠪᠴᠠᠩ ᠳ᠋ᠤ ᠲᠦᠰᠢᠭᠯᠡᠵᠤ᠂ ᠨᠡᠢᠭᠡᠮ ᠲᠣᠭᠣᠷᠢᠭ᠎ᠤᠨ ᠱᠢᠭᠤᠳ ᠨᠡᠪᠲᠡᠷᠡᠭᠦᠯᠭᠡ᠎ᠶ᠋ᠢᠨ ᠦᠷᠦᠭᠡ ᠪᠠᠢᠭᠤᠯᠵᠤ᠂ ᠬᠠᠷᠢᠶ᠎ᠠ ᠣᠷᠣᠨ ᠤ ᠡᠮᠡᠭ᠌ᠲᠡᠢᠴᠦᠳ᠎ᠦᠨ ᠳᠤᠮᠳᠠ ᠡᠴᠡ ᠰᠦᠯᠵᠢᠶᠠᠨ ᠨᠡᠪᠲᠡᠷᠡᠭᠦᠯᠦᠭᠴᠢ ᠰᠢᠯᠢᠨ ᠰᠤᠨᠭᠭᠤᠵᠤ ᠱᠢᠭᠤᠳ ᠨᠡᠪᠲᠡᠷᠡᠭᠦᠯᠭᠡ ᠪᠡᠷ ᠪᠠᠷᠠᠭ᠎ᠠ ᠪᠤᠷᠤᠯᠠᠭᠤᠯᠬᠤ ᠵᠢᠨ ᠬᠠᠮᠳᠤ᠂ ᠰᠦᠯᠵᠢᠶᠠᠨ ᠲᠡᠭᠡᠷ᠎ᠠ ᠪᠠᠷᠠᠭ᠎ᠠ ᠪᠤᠷᠤᠯᠠᠭᠤᠯᠬᠤ ᠪᠦᠯᠬᠦᠮ ᠪᠠᠢᠭᠤᠯᠵᠤ᠂ ᠬᠡᠷ᠎ᠦᠨ ᠡᠭᠦᠳᠡᠨᠳ᠋ᠤᠨᠢ ᠠᠵᠢᠯ ᠤᠯᠭᠤᠬᠤ ᠠᠷᠭ᠎ᠠ ᠵᠠᠮ᠎ᠢ ᠦᠷᠭᠦᠯᠵᠢᠯᠡᠨ ᠥᠷᠭᠡᠳᠭᠡᠬᠦ᠌᠎ᠪᠡᠷ ᠲᠥᠯᠥᠪᠯᠡᠵᠦ᠍ ᠪᠠᠢᠨ᠎ᠠ》 ᠭᠡᠵᠦ᠍ ᠲᠤᠰ ᠨᠡᠢᠭᠡᠮ ᠲᠣᠭᠣᠷᠢᠭ᠎ᠤᠨ ᠡᠮᠡᠭ᠌ᠲᠡᠢᠴᠦᠳ ᠦᠨ ᠬᠣᠯᠪᠣᠭ᠎ᠠ᠎ᠶ᠋ᠢᠨ ᠲᠡᠷᠢᠭᠦᠯᠡᠭ᠌ᠴᠢ ᠵᠢᠶᠠᠩ ᠬᠣᠩ ᠶᠠᠨ ᠬᠡᠯᠡᠪᠡ᠃
ᠤᠯᠠᠭᠠᠨᠬᠠᠳᠠ ᠬᠣᠲᠠ᠎ᠶ᠋ᠢᠨ ᠰᠦᠩᠱᠠᠨ ᠲᠣᠭᠣᠷᠢᠭ᠎ᠤᠨ ᠲᠢᠶᠧ ᠳ᠋ᠦᠩ ᠵᠡᠭᠡᠯᠢ ᠭᠤᠳᠤᠮᠵᠢ᠎ᠶ᠋ᠢᠨ ᠹᠦ᠋ ᠱᠠᠨ ᠵᠢᠶᠠ ᠶᠤᠸᠠᠨ ᠨᠡᠢᠭᠡᠮ ᠲᠣᠭᠣᠷᠢᠭ᠎ᠤᠨ ᠡᠮᠡᠭ᠌ᠲᠡᠢᠴᠦᠳ ᠦᠨ ᠬᠣᠯᠪᠣᠭ᠎ᠠ ᠨᠠᠮ ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ ᠳᠠᠪᠠᠭᠤᠯᠢᠭ᠎ᠢᠶᠠᠨ ᠪᠠᠳᠠᠷᠠᠭᠤᠯᠵᠤ᠂ ᠬᠠᠷᠢᠶ᠎ᠠ ᠲᠣᠭᠣᠷᠢᠭ᠎ᠤᠨ ᠡᠮᠡᠭ᠌ᠲᠡᠢᠴᠦᠳ ᠲᠸ᠋ ᠠᠵᠢᠯ ᠤᠯᠭᠤᠬᠤ ᠬᠡᠷᠡᠭ᠌ᠴᠡᠭᠡ ᠱᠠᠭᠠᠷᠳᠠᠯᠭ᠎ᠠ᠎ᠪᠡᠷ ᠤᠳᠤᠷᠢᠳᠤᠮᠵᠢ ᠪᠣᠯᠭᠠᠵᠤ᠂ ᠰᠦᠩᠱᠠᠨ ᠲᠣᠭᠣᠷᠢᠭ᠎ᠤᠨ ᠡᠮᠡᠭ᠌ᠲᠡᠢᠴᠦᠳ᠎ᠦᠨ ᠬᠣᠯᠪᠣᠭ᠎ᠠ᠂ ᠲᠢᠶᠧ ᠳ᠋ᠦᠩ ᠵᠡᠭᠡᠯᠢ ᠭᠤᠳᠤᠮᠵᠢ᠎ᠶ᠋ᠢᠨ ᠡᠮᠡᠭ᠌ᠲᠡᠢᠴᠦᠳ᠎ᠦᠨ ᠬᠣᠯᠪᠣᠭ᠎ᠠ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠤᠨ ᠰᠤᠷᠭᠠᠭᠤᠯᠢ ᠵᠡᠷᠭᠡ᠎ᠳᠦ ᠲᠦᠱᠢᠭ᠌ᠯᠡᠨ᠂ᠨᠣᠣᠰᠣᠨ ᠨᠡᠭᠡᠮᠡᠯ᠂ ᠬᠢᠮᠡᠯ ᠬᠡᠵᠢᠭᠡᠨ ᠤ ᠳᠤᠭ᠍ᠲᠤᠢ᠂ ᠬᠤᠪᠴᠠᠰᠤ ᠬᠤᠨᠠᠷ ᠣᠶᠣᠬᠤ᠂ ᠰᠤᠪᠤᠳ᠎ᠤᠨ ᠪᠠᠭᠤᠪᠴᠢ ᠬᠡᠯᠬᠢᠬᠦ᠌ ᠂ ᠬᠤᠭᠤᠯᠠ ᠪᠤᠳᠠᠭ᠎ᠠ ᠬᠢᠬᠦ᠌ ᠵᠡᠷᠭᠡ ᠬᠢᠴᠢᠶᠡᠯ ᠨᠡᠭᠡᠭᠡᠵᠦ᠂ ᠨᠡᠩ ᠣᠯᠠᠨ ᠡᠮᠡᠭ᠌ᠲᠡᠢᠴᠦᠳ ᠲᠸ᠋ ᠨᠢᠭᠡ ᠵᠦᠢᠯ ᠦᠨ ᠮᠡᠷᠭᠡᠵᠢᠯ ᠡᠵᠡᠮᠱᠢᠭᠦᠯᠵᠦ᠍᠂ ᠡᠮᠡᠭ᠌ᠲᠡᠢᠴᠦᠳ᠎ᠦᠨ ᠭᠡᠷ᠎ᠲᠡᠬᠡᠨ ᠰᠠᠭᠤᠵᠤ ᠠᠮᠢᠳᠤᠯᠢᠭ᠎ᠢᠶᠠᠷ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠪᠠ᠃
ᠡᠮᠡᠭ᠌ᠲᠡᠢᠴᠦᠳ᠎ᠦᠨ ᠠᠵᠢᠯ ᠣᠯᠵᠤ ᠦᠶ᠋ᠯᠡᠰ ᠪᠤᠰᠬᠠᠬᠤ ᠵᠢ ᠤᠷᠮᠠᠰᠢᠭᠤᠯᠤᠨ ᠵᠤᠷᠢᠬᠵᠢᠭᠤᠯᠵᠤ᠂ ᠠᠮᠢᠳᠤᠷᠠᠯ᠎ᠤᠨ ᠦᠨ᠎ᠡ ᠥᠷᠲᠡᠭ ᠢ᠎ᠨᠢ ᠢᠯᠡᠷᠡᠬᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠪᠥᠬᠥ᠌ ᠣᠷᠣᠨ᠎ᠤ 103 ᠬᠣᠱᠢᠭᠤ ᠱᠢᠶᠠᠨ᠎ᠤ ᠬᠡᠷ᠎ᠲᠡᠬᠡᠨ ᠬᠣᠴᠣᠷᠤᠭ᠍ᠰᠠᠨ ᠡᠮᠡᠭ᠌ᠲᠡᠢᠴᠦᠳ᠂ ᠨᠡᠬᠦᠳᠡᠯ ᠡᠮᠡᠭ᠌ᠲᠡᠢᠴᠦᠳ᠂ ᠬᠦᠴᠢᠷᠳᠡᠯᠲᠡᠶ ᠡᠮᠡᠭ᠌ᠲᠡᠢᠴᠦᠳ ᠵᠡᠷᠭᠡ ᠪᠦᠯᠬᠦᠮ ᠨᠠᠢᠳᠠᠳ᠋ᠤ ᠴᠢᠭ᠌ᠯᠡᠭᠦᠯᠦᠨ᠂ ᠡᠯ᠎ᠡ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠬᠦᠢᠴᠡᠳ ᠪᠠᠳᠠᠷᠠᠭᠤᠯᠵᠤ᠂ ᠭᠠᠷ ᠤᠷᠠᠯᠠᠯ᠎ᠤᠨ ᠮᠡᠷᠭᠡᠵᠢᠯ ᠴᠢᠳᠠᠪᠤᠷᠢ᠂ ᠠᠳᠠᠯ ᠠᠬᠤᠶ᠎ᠶ᠋ᠢᠨ ᠦᠶ᠋ᠯᠡᠴᠢᠯᠡᠭᠡ ᠵᠡᠷᠭᠡ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ᠎ᠢ 5 ᠲᠦᠮᠡ ᠭᠠᠷᠤᠶ ᠬᠥᠮᠦᠨ ᠤᠳᠠᠭ᠎ᠠ ᠥᠷᠨᠢᠭᠦᠯᠵᠦ᠍᠂ 2.4 ᠲᠦᠮᠡᠨ ᠬᠥᠮᠦᠨ᠎ᠳᠦ ᠠᠵᠢᠯ ᠣᠯᠭᠣᠪᠠ᠃
ᠣᠢᠷ᠎ᠠ᠎ᠶ᠋ᠢᠨ ᠵᠢᠯ᠎ᠦᠨ ᠲᠤᠷᠰᠢ᠂ ᠮᠠᠨ᠎ᠤ ᠣᠷᠣᠨ᠎ᠤ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ ᠡᠮᠡᠭ᠌ᠲᠡᠢᠴᠦᠳ᠎ᠦᠨ ᠠᠵᠢᠯ ᠣᠯᠵᠤ ᠦᠶ᠋ᠯᠡᠰ ᠪᠤᠰᠭᠠᠬᠤ᠎ᠳᠤ ᠬᠦᠴᠦᠨ ᠨᠡᠮᠡᠷᠢᠯᠡᠬᠦ᠌᠂ ᠬᠦᠴᠢᠷᠳᠡᠯᠲᠡᠶ ᠡᠮᠡᠭ᠌ᠲᠡᠢᠴᠦᠳ᠎ᠲᠦ ᠦᠶ᠋ᠯᠡᠴᠢᠯᠡᠬᠦ ᠂ ᠡᠮᠡᠭ᠌ᠲᠡᠢᠴᠦᠳ᠎ᠦᠨ ᠡᠷᠬᠡ ᠠᠱᠢᠭ ᠢ ᠬᠠᠮᠠᠭᠠᠯᠠᠬᠤ ᠵᠡᠷᠭᠡ ᠠᠵᠢᠯᠯᠠᠭ᠎ᠠ᠎ᠪᠠᠷ ᠳᠠᠮᠵᠢᠭᠤᠯᠤᠨ ᠡᠮᠡᠭ᠌ᠲᠡᠢᠴᠦᠳ ᠬᠡᠦᠬᠡᠳ᠎ᠲᠦ ᠰᠠᠢᠨ ᠶᠠᠪᠤᠳᠠᠯ ᠪᠣᠳᠠᠳᠤ ᠠᠵᠢᠯ ᠬᠢᠵᠦ᠍ ᠦᠭᠴᠤ᠂ ᠡᠮᠡᠭ᠌ᠲᠡᠢᠴᠦᠳ᠎ᠦᠨ ᠬᠦᠴᠦᠨ᠎ᠢ ᠨᠢᠭ᠍ᠲᠠᠷᠠᠭᠤᠯᠵᠤ᠂ ᠡᠮᠡᠭ᠌ᠲᠡᠢᠴᠦᠳ ᠬᠡᠦᠬᠡᠳ ᠦᠨ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠨᠡᠮᠡᠭ᠌ᠳᠡᠭᠦᠯᠵᠦ᠍᠂ ᠡᠮᠡᠭ᠌ᠲᠡᠢᠴᠦᠳ᠎ᠤᠨ ᠨᠠᠮ᠎ᠦᠨ ᠠᠴᠢ ᠳ᠋ᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠬᠤ ᠵᠢ ᠬᠦᠳᠦᠯᠦᠨ ᠵᠢᠯᠤᠭᠤᠳᠪᠠ᠃
《ᠪᠢᠳᠡ ᠪᠦᠬᠦᠳᠡᠭᠡᠷ 〈ᠬᠣᠶᠠᠷ ᠥᠮᠡᠨ〉᠎ᠳ᠋ᠤ ᠨᠡᠷᠪᠡᠭᠳᠡᠭᠰᠡᠳᠢ ᠠᠪᠤᠷᠠᠨ ᠲᠤᠰᠠᠯᠠᠬᠤ ᠪᠡᠯᠡ ᠮᠥᠩᠭᠥ᠎ᠶ᠋ᠢᠨ ᠲᠡᠮᠵᠢᠯᠭᠡ ᠵᠢ 1 ᠲᠦᠮᠡᠨ ᠲᠥᠭᠥᠷᠢᠭ ᠣᠯᠵᠠᠶ᠂ ᠡᠨᠡ ᠨᠢ ᠵᠥᠪᠬᠡᠨ ᠠᠵᠤ ᠠᠬᠤᠶ᠎ᠶ᠋ᠢᠨ ᠳᠡᠮᠵᠢᠯᠭᠡ ᠲᠡᠳᠦᠶ ᠪᠢᠰᠢ᠂ ᠨᠠᠩ ᠴᠤ᠌ ᠨᠠᠮ ᠪᠠ ᠵᠠᠰᠠᠭ᠎ᠤᠨ ᠣᠷᠳᠣᠨ᠎ᠤ ᠪᠢᠳᠡᠨ᠎ᠳᠦ ᠥᠭ᠌ᠭᠦᠭ᠌ᠰᠡᠨ ᠣᠶᠤᠨ ᠰᠠᠨᠠᠭᠠᠨ᠎ᠤ ᠲᠠᠢᠳᠭᠤᠷᠠᠭᠤᠯᠤᠯ ᠪᠣᠯᠬᠤ ᠶᠤᠮ᠃ ᠪᠢᠳᠠ ᠯᠠᠪᠲᠠᠢ ᠰᠠᠢᠲᠤᠷ ᠡᠮᠨᠡᠬᠦᠯᠦᠨ ᠵᠠᠰᠠᠵᠤ᠂ ᠡᠷᠲᠡᠬᠡᠨ ᠡᠷᠡᠭᠦᠯᠵᠢᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠡᠢᠭᠡᠮ᠎ᠳᠦ ᠠᠴᠢ ᠬᠠᠷᠢᠭᠤᠯᠤᠨ᠎ᠠ》 ᠭᠡᠵᠦ ᠤᠯᠠᠭᠠᠨᠴᠠᠪ ᠬᠣᠲᠠ᠎ᠶ᠋ᠢᠨ ᠯᠢ ᠮᠢᠨ (ᠪᠤᠷᠤᠭᠤᠯᠠᠭ᠍ᠰᠠᠨ ᠨᠡᠷ᠎ᠡ) ᠰᠡᠳᠬᠢᠯ ᠲᠤᠭᠳᠤᠯᠤᠨ ᠬᠡᠯᠡᠪᠠ᠃
2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠣᠯᠠᠨ ᠲᠠᠯ᠎ᠠ᠎ᠠᠴᠠ 2396 ᠲᠦᠮᠡᠨ ᠲᠥᠭᠥᠷᠢᠭ᠎ᠦᠨ ᠪᠠᠯᠠ ᠮᠥᠩᠭᠥ᠌ ᠴᠤᠭ᠍ᠯᠠᠭᠤᠯᠵᠤ᠂ ᠥᠪᠥᠷ ᠮᠣᠩᠭᠣᠯ᠎ᠤᠨ 2396 ᠳᠤᠤᠷ᠎ᠠ ᠣᠷᠣᠯᠭ᠎ᠠ᠎ᠲᠠᠶ 《ᠬᠣᠶᠠᠷ ᠥᠮᠡᠨ》 ᠳ᠋ᠤ ᠨᠡᠷᠪᠡᠭᠳᠡᠭᠰᠡᠨ ᠡᠮᠡᠭ᠌ᠲᠡᠢᠴᠦᠳ ᠢ ᠠᠪᠤᠷᠠᠨ ᠲᠤᠰᠠᠯᠠᠬᠤ᠎ᠶ᠋ᠢᠨ ᠬᠠᠮᠲᠤ ᠪᠠᠰᠠ ᠳᠤᠮᠳᠠᠳᠤ ᠤᠯᠤᠰ᠎ᠤᠨ ᠠᠮᠢ ᠨᠠᠰᠤᠨ ᠤ ᠳᠠᠭᠠᠳᠭᠠᠯ᠎ᠤᠨ ᠬᠤᠪᠢᠴᠠᠭᠠᠳᠤ ᠬᠢᠵᠠᠭᠠᠷᠲᠤ ᠺᠣᠮᠫᠠᠨᠢ᠎ᠲᠠᠶ ᠬᠠᠷᠢᠯᠴᠠᠵᠤ ᠥᠪᠥᠷ ᠮᠣᠩᠭᠣᠯ ᠣᠷᠣᠨ᠎ᠤ ᠳᠤᠤᠷ᠎ᠠ ᠣᠷᠣᠯᠭ᠎ᠠ᠎ᠲᠠᠶ ᠡᠮᠡᠭ᠌ᠲᠡᠢᠴᠦᠳ᠎ᠲᠦ 50 ᠲᠦᠮᠡᠨ ᠲᠥᠭᠥᠷᠢᠭ᠎ᠦᠨ ᠥᠷᠲᠡᠭ ᠪᠥᠬᠥᠶ 《ᠡᠮᠡᠭ᠌ᠲᠡᠢᠴᠦᠳ᠎ᠦᠨ ᠡᠷᠡᠭᠦᠯ ᠮᠡᠨᠳᠦ᠍᠎ᠶ᠋ᠢ ᠬᠠᠯᠠᠮᠵᠢᠯᠠᠬᠤ ᠳᠠᠭᠠᠳᠭᠠᠯ》 ᠢ᠋ 1 ᠲᠦᠮᠡᠨ ᠬᠤᠪᠢ ᠬᠦᠷᠭᠡᠵᠡᠢ᠃ ᠶᠡᠷᠦᠩᠬᠡᠶ ᠳᠠᠭᠠᠳᠭᠠᠯ ᠨᠢ 2.5 ᠳ᠋ᠦᠩᠱᠢᠭᠤᠷ ᠲᠥᠭᠥᠷᠢᠭ᠎ᠲᠦ ᠬᠦᠷᠦᠭᠰᠡᠨ ᠪᠠᠢᠨ᠎ᠠ᠃
ᠡᠮᠡᠭ᠌ᠲᠡᠢᠴᠦᠳ᠎ᠦᠨ ᠬᠣᠯᠪᠣᠭ᠎ᠠ ᠪᠣᠯ ᠨᠠᠮ ᠪᠠ ᠵᠠᠰᠠᠭ᠎ᠤᠨ ᠣᠷᠳᠣᠨ᠎ᠤ ᠡᠮᠡᠭ᠌ᠲᠡᠢᠴᠦᠳ᠎ᠲᠡᠶ ᠬᠠᠷᠢᠯᠴᠠᠬᠤ ᠬᠥᠭᠥᠷᠭᠡ ᠬᠣᠯᠪᠣᠭᠠᠰᠤ ᠮᠥᠨ᠃ 4 ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠣᠷᠣᠯᠭ᠎ᠠ ᠲᠤᠤᠷ᠎ᠠ 《ᠬᠣᠶᠠᠷ ᠥᠮᠡᠨ》᠎ᠳ᠋ᠤ ᠨᠡᠷᠪᠡᠭᠳᠡᠭᠰᠡᠨ ᠡᠮᠡᠭ᠌ᠲᠡᠢᠴᠦᠳ᠎ᠢ ᠠᠪᠤᠷᠠᠨ ᠲᠤᠰᠠᠯᠠᠬᠤ ᠪᠡᠯᠡ ᠮᠥᠩᠭᠥ᠎ᠶ᠋ᠢ 8200 ᠭᠠᠷᠤᠶ ᠲᠦᠮᠡᠨ ᠲᠥᠭᠥᠷᠢᠭ ᠴᠤᠭ᠍ᠯᠠᠭᠤᠯᠵᠤ᠂ ᠣᠷᠣᠯᠭ᠎ᠠ ᠲᠤᠤᠷ᠎ᠠ 《ᠬᠣᠶᠠᠷ ᠥᠮᠡᠨ》 ᠳ᠋ᠤ ᠨᠡᠷᠪᠡᠭᠳᠡᠭᠰᠡᠨ ᠡᠮᠡᠭ᠌ᠲᠡᠢᠴᠦᠳ᠎ᠲᠦ ᠨᠠᠮ᠎ᠤᠨ ᠬᠠᠢᠷ᠎ᠠ ᠬᠠᠯᠠᠮᠵᠢ᠎ᠶ᠋ᠢ ᠬᠦᠷᠭᠡᠪᠡ᠃ 3 ᠵᠢᠯ ᠳᠠᠷᠠᠭᠠᠯᠠᠨ᠂ ᠨᠥᠬᠥᠴᠡᠯ᠎ᠳᠦ ᠨᠡᠢᠴᠡᠬᠦ᠌ 《ᠬᠣᠶᠠᠷ ᠥᠮᠡᠨ》 ᠳ᠋ᠤ ᠨᠡᠷᠪᠡᠭ᠌ᠳᠡᠭ᠌ᠰᠡᠨ ᠡᠮᠡᠭ᠌ᠲᠡᠢᠴᠦᠳ᠎ᠲᠦ ᠬᠥᠮᠦᠨ ᠪᠦᠷᠢᠳᠦ 1 ᠲᠦᠮᠡᠨ ᠲᠥᠭᠥᠷᠢᠭ᠎ᠦᠨ ᠠᠪᠤᠷᠠᠨ ᠲᠤᠰᠠᠯᠠᠬᠤ ᠪᠡᠯᠡ ᠮᠥᠩᠭᠥ᠌ ᠣᠯᠭᠣᠬᠤ᠎ᠶ᠋ᠢ ᠪᠡᠶᠡᠯᠡᠭᠦᠯᠪᠡ᠃
ᠣᠢᠷ᠎ᠠ᠎ᠶ᠋ᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ 12338 ᠡᠮᠡᠭ᠌ᠲᠡᠢᠴᠦᠳ᠎ᠦᠨ ᠡᠷᠬᠡ ᠠᠱᠢᠭ᠎ᠢ ᠬᠠᠮᠠᠭᠠᠯᠠᠬᠤ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠠᠯᠠᠮᠱᠢᠯ ᠤᠲᠠᠰᠤ᠎ᠶ᠋ᠢ 24 ᠴᠠᠭ᠎ᠢᠶᠠᠷ ᠨᠡᠪᠲᠡᠷᠡᠭᠦᠯᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠢ ᠬᠠᠮᠠᠭᠠᠯᠠᠬᠤ ᠠᠵᠢᠯ᠎ᠤᠨ ᠠᠷᠪᠠᠨ ᠵᠦᠶ᠋ᠯ᠎ᠦᠨ ᠲᠦᠷᠢᠮ᠎ᠢ ᠨᠡᠢᠲᠡᠯᠡᠵᠦ᠍᠂ 《ᠱᠢᠭᠦᠬᠦ᠌ ᠬᠣᠷᠢᠶ᠎ᠠ + ᠡᠮᠡᠭ᠌ᠲᠡᠢᠴᠦᠳ᠎ᠦᠨ ᠬᠣᠯᠪᠣᠭ᠎ᠠ》 ᠶ᠋ᠢᠨ ᠲᠣᠭ᠍ᠲᠠᠴᠠ ᠠᠷᠭ᠎ᠠ ᠬᠢᠳᠡᠯ᠎ᠢ ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠤᠯᠪᠤᠭ᠎ᠠ ᠵᠢᠨ ᠱᠢᠰᠲ᠋ᠧᠮ᠎ᠳᠦ ᠤᠬᠠᠭᠤᠯᠤᠨ ᠳᠡᠯᠭᠡᠷᠡᠭᠦᠯᠬᠦ ᠱᠢᠨ᠎ᠡ᠎ᠶ᠋ᠢ ᠡᠭᠦᠳᠴᠦ᠍᠂ 《ᠡᠮᠡᠭ᠌ᠲᠡᠢᠴᠦᠳ᠎ᠦᠨ ᠬᠠᠤᠯᠢ ᠲᠦᠭᠡᠮᠡᠯᠵᠢᠭᠦᠯᠬᠦ᠌ ᠬᠥᠳᠡᠭᠡ ᠲᠣᠰᠭᠣᠨ᠎ᠤ ᠠᠶᠠᠯᠠᠯ》᠎ᠢ᠋ ᠭᠦᠨᠵᠡᠭᠡᠢᠷᠡᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠡᠮᠡᠭ᠌ᠲᠡᠢᠴᠦᠳ ᠣᠯᠠᠨ ᠲᠦᠮᠡᠨ᠎ᠳᠦ ᠴᠢᠭ᠌ᠯᠡᠭᠦᠯᠦᠭ᠌ᠰᠡᠨ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢ 2 ᠲᠦᠮᠡ ᠭᠠᠷᠤᠶ ᠲᠠᠯᠠᠪᠠᠶ ᠤᠳᠠᠭ᠎ᠠ ᠦᠷᠨᠢᠭᠦᠯᠵᠦ᠂ ᠡᠮᠡᠭ᠌ᠲᠡᠢᠴᠦᠳ᠎ᠦᠨ ᠬᠠᠤᠯᠢ᠎ᠪᠠᠷ ᠵᠠᠰᠠᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠲᠠᠰᠤᠷᠠᠯᠲᠠ ᠥᠬᠡᠶ ᠬᠠᠩᠭᠠᠵᠤ᠂ ᠲᠡᠳᠡᠨ᠎ᠦ ᠬᠠᠤᠯᠢ᠎ᠪᠠᠷ ᠵᠠᠰᠠᠬᠤ ᠬᠡᠪ ᠪᠣᠯᠪᠠᠰᠤᠷᠠᠯ ᠪᠠ ᠬᠠᠤᠯᠢ ᠶᠣᠰᠣᠭᠠᠷ ᠡᠷᠬᠡ᠎ᠪᠡᠨ ᠬᠠᠮᠠᠭᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠪᠡ᠃
ᠡᠭᠦᠨ᠎ᠦ ᠬᠠᠮᠲᠤ᠂ 103 ᠬᠣᠱᠢᠭᠤ ᠱᠢᠶᠠᠨ᠂ 1052 ᠱᠢᠶᠠᠩ ᠪᠠᠯᠭᠠᠰᠤᠨ᠎ᠤ ᠣᠷᠣᠭᠯᠠᠬᠤ ᠡᠴᠡ ᠡᠮᠦᠨᠡᠬᠢ ᠡᠷᠡᠬᠦᠯ᠎ᠤᠨ ᠪᠠᠢᠴᠠᠭᠠᠯᠲᠠ᠎ᠶ᠋ᠢᠨ ᠪᠠᠢᠭᠤᠯᠤᠮᠵᠢ᠎ᠶ᠋ᠢ ᠪᠠᠢᠭᠤᠯᠤᠨ ᠬᠦᠴᠦᠷᠬᠡᠭ᠌ᠵᠢᠭᠦᠯᠵᠦ᠍᠂ 《ᠤᠮᠠᠷᠠᠲᠤ ᠬᠢᠯᠢ᠎ᠶ᠋ᠢᠨ ᠡᠶᠡᠳᠡᠭᠦᠯᠦᠭ᠌ᠴᠢ ᠡᠭᠡᠴᠢ》᠎ᠶ᠋ᠢᠨ ᠡᠩᠨᠡᠭᠡ᠎ᠶ᠋ᠢ ᠪᠠᠢᠭᠤᠯᠵᠤ᠂ ᠣᠷᠣᠭ ᠬᠡᠷ ᠪᠦᠯᠢ᠎ᠶ᠋ᠢᠨ ᠵᠠᠭᠤᠷᠠᠯᠳᠤᠭᠠᠨ᠎ᠢ ᠵᠢᠯ ᠳᠤᠮᠳᠠᠴᠢ᠎ᠪᠠᠷ 8000 ᠭᠠᠷᠤᠶ ᠱᠢᠶ᠋ᠳᠪᠦᠷᠢᠯᠡᠵᠦ᠍᠂ 《ᠪᠠᠭ᠍ᠪᠠᠭᠠᠶ ᠴᠡᠴᠡᠭ》᠎ᠤ᠋ᠨ ᠲᠥᠷᠥᠯ ᠵᠦᠶ᠋ᠯ᠎ᠢ ᠴᠢᠨᠠᠷ ᠰᠠᠢᠲᠠᠶ ᠬᠡᠷᠡᠭ᠌ᠵᠢᠭᠦᠯᠵᠦ᠍᠂ 70 ᠲᠦᠮᠡᠨ ᠡᠮᠡᠭ᠌ᠲᠡᠢᠴᠦᠳ ᠬᠡᠦᠬᠡᠳ ᠪᠠ ᠬᠡᠷ ᠪᠦᠯᠢ᠎ᠳᠦ ᠦᠶ᠋ᠯᠡᠴᠢᠯᠡᠵᠦ᠍᠂ ᠡᠮᠡᠭ᠌ᠲᠡᠢᠴᠦᠳ ᠬᠡᠦᠬᠡᠳ᠎ᠲᠦ ᠦᠶ᠋ᠯᠡᠴᠢᠯᠡᠬᠦ᠌᠂ ᠬᠡᠷ ᠪᠦᠯᠢ᠎ᠶ᠋ᠢᠨ ᠡᠶ᠎ᠡ ᠵᠤᠬᠢᠴᠠᠩᠭᠤᠢ ᠵᠢ ᠬᠠᠮᠠᠭᠠᠯᠠᠬᠤ᠂ ᠨᠡᠢᠭᠡᠮ᠎ᠦᠨ ᠲᠣᠭ᠍ᠲᠠᠭᠤᠨ᠎ᠢ ᠠᠬᠢᠭᠤᠯᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠵᠤ᠂ ᠡᠮᠡᠭ᠌ᠲᠡᠢᠴᠦᠳ ᠣᠯᠠᠨ ᠲᠦᠮᠡᠨ᠎ᠢ ᠬᠠᠯᠠᠮᠵᠢᠯᠠᠨ ᠬᠠᠢᠷᠠᠯᠠᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠪᠠᠷ ᠱᠢᠨ᠎ᠡ᠎ᠶ᠋ᠢ ᠡᠭᠦᠳᠬᠦ᠌ ᠬᠡᠯᠬᠢᠶ᠎ᠡ᠂ ᠠᠵᠤ ᠦᠶ᠋ᠯᠡᠰ᠎ᠦᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ᠎ᠶ᠋ᠢ ᠬᠣᠯᠪᠣᠵᠤ᠂ ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ ᠡᠴᠡ 《ᠥᠪᠥᠷ ᠮᠣᠩᠭᠣᠯ᠎ᠤᠨ ᠡᠮᠡᠭ᠌ᠲᠡᠢᠴᠦᠳ ᠬᠡᠦᠬᠡᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ ᠠᠷᠭ᠎ᠠ ᠬᠡᠮᠵᠢᠶ᠎ᠡ᠎ᠨᠦᠭᠦᠳ》 ᠢ᠋ ᠨᠡᠢᠲᠡᠯᠡᠬᠦ ᠵᠢ ᠵᠤᠬᠢᠴᠠᠭᠤᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠦᠶ᠋ᠯᠡᠰ ᠪᠤᠰᠭᠠᠵᠤ ᠠᠵᠢᠯ ᠤᠯᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠠᠮᠢ ᠠᠬᠤᠶ᠎ᠶ᠋ᠢᠨ ᠪᠣᠯᠪᠠᠰᠤᠨ ᠵᠡᠷᠭᠡ ᠳᠥᠷᠪᠡᠨ ᠵᠦᠶ᠋ᠯ᠎ᠦᠨ ᠡᠮᠡᠭ᠌ᠲᠡᠢᠴᠦᠳ᠎ᠦᠨ ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠡᠮᠡᠭ᠌ᠲᠡᠶ ᠱᠢᠨᠵᠢᠯᠡᠬᠦ᠌ ᠤᠬᠠᠭᠠᠨᠲᠠᠨ ᠡᠮᠡᠭ᠌ᠲᠡᠶ ᠠᠵᠤ ᠠᠬᠤᠢᠯᠠᠯᠲᠠᠨ ᠤᠮᠠᠷᠠᠲᠤ ᠬᠢᠯᠢ ᠳ᠋ᠤ ᠬᠦᠨᠵᠡᠭᠡᠢᠷᠡᠬᠦ ᠦᠨᠳᠦᠰᠦᠨ ᠱᠠᠲᠤᠨ᠎ᠳᠤ ᠬᠦᠨᠵᠡᠭᠡᠢᠷᠡᠬᠦ ᠵᠡᠷᠭᠡ ᠠᠵᠢᠯᠯᠠᠭ᠎ᠠ᠎ᠶ᠋ᠢ ᠡᠷᠭᠢᠯᠡᠵᠦ᠍᠂ ᠥᠪᠥᠷ ᠮᠣᠩᠭᠣᠯ᠎ᠤᠨ ᠡᠮᠡᠭ᠌ᠲᠡᠢᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠪᠡ᠃
《ᠡᠨᠡ ᠵᠢᠯ ᠪᠢᠳᠡ ᠮᠥᠨ ᠠᠷᠠᠳ ᠤᠯᠠᠨ᠎ᠤ ᠰᠠᠨᠠᠭᠠᠱᠢᠷᠠᠵᠤ ᠪᠠᠢᠬᠤ ᠠᠰᠠᠭᠤᠳᠠᠯ᠎ᠤᠳ᠎ᠢ ᠴᠢᠩᠭ᠎ᠠ ᠠᠳᠭᠤᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠠᠷᠠᠳ᠎ᠤᠨ ᠠᠮᠢᠳᠤᠷᠠᠯ᠎ᠳᠤ ᠨᠡᠩ ᠤᠯᠠᠨ ᠠᠱᠢᠭ ᠬᠦᠷᠲᠡᠭᠡᠵᠦ᠂ ᠤᠯᠠᠨ ᠲᠦᠮᠡᠨ᠎ᠦ ᠬᠦᠴᠢᠷᠳᠡᠯ᠎ᠢ ᠱᠢᠢᠳᠪᠦᠷᠢᠯᠡᠨ᠂ ᠦᠷᠭᠡᠨ ᠤᠯᠠᠨ ᠡᠮᠡᠭᠳᠡᠢᠴᠦᠳ ᠲᠠᠢ ᠢᠳᠡᠪᠬᠢᠳᠡᠢ ᠬᠠᠷᠢᠯᠴᠠᠵᠤ᠂ ᠲᠡᠳᠡᠨ᠎ᠢ ᠬᠦᠳᠦᠯᠦᠨ ᠵᠢᠯᠤᠭᠤᠳᠴᠤ᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠲᠠᠭᠠᠨ ᠤᠷᠤᠭᠰᠢᠯᠠᠬᠤ ᠵᠢ ᠠᠬᠢᠭᠤᠯᠤᠨ᠎ᠠ》 ᠭᠡᠵᠦ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠭᠣᠣᠯ ᠬᠠᠷᠢᠭᠤᠴᠠᠯᠭᠠᠲᠠᠨ ᠬᠡᠯᠡᠪᠡ᠃