1 ᠰᠠᠷ᠎ᠠ᠎ᠶᠢᠨ 5᠎ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠶ᠋ᠢᠯᠴᠢᠯᠠᠯᠲᠠ ᠬᠢᠬᠦ᠎ᠪᠡᠷ ᠢᠷᠡᠭᠰᠡᠨ ᠠᠢᠷᠯᠠᠨᠳ᠋᠎ᠤᠨ ᠶᠡᠷᠦᠩᠬᠡᠢ ᠰᠠᠢᠳ ᠮᠠᠷᠲ᠋ᠢᠨ᠎ᠲᠠᠢ ᠠᠭᠤᠯᠵᠠᠪᠠ᠃
ᠰᠢ᠎ᠶᠢᠨ ᠫᠢᠩ᠂ ᠳᠤᠮᠳᠠᠳᠤ ᠤᠯᠤᠰ ᠪᠣᠯᠣᠨ ᠠᠢᠷᠯᠠᠨᠳ᠋ ᠴᠥᠮ ᠡᠩᠬᠡ ᠲᠠᠢᠪᠤᠩ᠎ᠢ ᠡᠷᠬᠢᠮᠯᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠪᠡᠶ᠎ᠡ᠎ᠪᠡᠨ ᠳᠠᠭᠠᠭᠠᠵᠤ ᠤᠷᠤᠭᠰᠢᠯᠠᠨ ᠳᠠᠪᠰᠢᠵᠤ ᠪᠠᠢᠨ᠎ᠠ᠂ ᠬᠣᠶᠠᠷ ᠤᠯᠤᠰ᠎ᠤᠨ ᠠᠷᠠᠳ ᠲᠦᠮᠡᠨ ᠲᠡᠮᠡᠴᠡᠯ᠎ᠢᠶᠡᠷ ᠳᠠᠮᠵᠢᠨ ᠤᠯᠤᠰ ᠣᠷᠣᠨ᠎ᠤ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ᠎ᠦ ᠴᠢᠯᠦᠭᠡᠯᠡᠯᠲᠡ᠎ᠪᠡᠨ ᠣᠯᠵᠤ᠂ ᠬᠡᠳᠦᠨ ᠦᠶ᠎ᠡ᠎ᠶᠢᠨ ᠬᠥᠮᠥᠰ᠎ᠦᠨ ᠦᠷᠭᠦᠯᠵᠢᠯᠡᠨ ᠲᠡᠮᠡᠴᠡᠬᠦ᠎ᠳᠦ ᠲᠦᠰᠢᠭᠯᠡᠨ ᠣᠳᠣᠬᠢᠴᠢᠯᠠᠯᠲᠠ ᠵᠦᠭ ᠤᠷᠤᠭᠰᠢᠯᠠᠵᠤ ᠪᠠᠢᠨ᠎ᠠ᠃ 2012 ᠣᠨ᠎ᠳᠤ ᠬᠣᠶᠠᠷ ᠤᠯᠤᠰ ᠬᠠᠷᠢᠯᠴᠠᠨ ᠬᠠᠷᠠᠭᠠᠯᠵᠠᠬᠤ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ ᠪᠠᠢᠭᠤᠯᠤᠭᠰᠠᠨ᠎ᠡᠴᠡ ᠨᠠᠭᠠᠰᠢ᠂ ᠬᠣᠶᠠᠷ ᠲᠠᠯ᠎ᠠ᠎ᠶᠢᠨ ᠠᠷᠠᠯᠵᠢᠶᠠᠨ᠎ᠤ ᠬᠡᠮᠵᠢᠶ᠎ᠡ ᠳᠥᠷᠪᠡᠨ ᠲᠠᠬᠢᠨ ᠨᠡᠮᠡᠭᠳᠡᠵᠦ᠂ ᠬᠠᠷᠢᠯᠴᠠᠨ ᠪᠡᠯᠡ ᠣᠷᠣᠭᠤᠯᠬᠤ ᠨᠢ ᠲᠡᠩᠴᠡᠭᠦᠷᠢᠲᠡᠢ ᠬᠥᠭᠵᠢᠵᠦ᠂ ᠬᠣᠶᠠᠷ ᠤᠯᠤᠰ᠎ᠤᠨ ᠠᠷᠠᠳ ᠲᠦᠮᠡᠨ ᠬᠠᠷᠢᠯᠴᠠᠨ ᠲᠡᠮᠡᠤᠯᠵᠤ᠂ ᠲᠤᠰ ᠲᠤᠰ᠎ᠤᠨ ᠤᠯᠤᠰ᠎ᠤᠨ᠎ᠢᠶᠠᠨ ᠬᠥᠭᠵᠢᠯᠲᠡ᠎ᠳᠦ ᠬᠦᠴᠦᠨ ᠨᠡᠮᠡᠷᠢᠯᠡᠪᠡ᠃ ᠬᠠᠷᠢᠯᠴᠠᠨ ᠬᠦᠨᠳᠦᠳᠬᠡᠬᠦ᠂ ᠡᠷᠬᠡ ᠲᠡᠭᠰᠢ᠎ᠪᠡᠷ ᠬᠠᠨᠳᠤᠯᠴᠠᠬᠤ᠂ ᠬᠠᠷᠢᠯᠴᠠᠨ ᠠᠰᠢᠭ᠍ᠲᠠᠢ ᠬᠠᠮᠲᠤ ᠪᠠᠷ ᠠᠰᠢᠭ᠋ ᠬᠦᠷᠳᠡᠬᠦ ᠪᠣᠯ ᠳᠤᠮᠳᠠᠳᠤ ᠠᠢᠷᠯᠠᠨᠳ᠋᠎ᠤᠨ ᠬᠠᠷᠢᠯᠴᠠᠭ᠎ᠠ᠎ᠶᠢᠨ ᠤᠷᠳᠤ ᠬᠤᠭᠤᠴᠠᠭ᠎ᠠ ᠲᠣᠭᠲᠠᠭᠤᠨ᠎ᠢᠶᠠᠷ ᠬᠥᠭᠵᠢᠬᠦ᠎ᠶᠢᠨ ᠡᠷᠬᠢᠮ ᠨᠠᠨᠳᠢᠨ ᠲᠤᠷᠰᠢᠯᠭ᠎ᠠ ᠪᠠᠢᠵᠤ᠂ ᠬᠣᠶᠠᠷ ᠲᠠᠯ᠎ᠠ᠎ᠪᠠᠷ᠎ᠢᠶᠠᠨ ᠬᠠᠮᠲᠤ ᠪᠠᠷ ᠤᠯᠠᠮᠵᠢᠯᠠᠨ ᠪᠠᠳᠠᠷᠠᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠠᠢᠷᠯᠠᠨᠳ᠋ ᠯᠤᠭ᠎ᠠ ᠪᠠᠢᠯᠳᠤᠬᠤ ᠪᠣᠳᠣᠯᠭ᠎ᠠ᠎ᠶᠢᠨ ᠣᠯᠣᠯᠴᠠᠭ᠎ᠠ᠎ᠪᠠᠨ ᠴᠢᠩᠭᠠᠳᠬᠠᠵᠤ᠂ ᠤᠯᠤᠰ ᠲᠦᠷᠦ᠎ᠶᠢᠨ ᠢᠲᠡᠭᠡᠯᠴᠡᠭᠡ᠎ᠪᠡᠨ ᠭᠦᠨᠵᠡᠭᠡᠢᠷᠡᠭᠦᠯᠵᠦ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠴᠦ᠂ ᠳᠤᠮᠳᠠᠳᠤ ᠡᠸᠦ᠋ᠷᠦᠫᠡ᠎ᠶᠢᠨ ᠬᠠᠷᠢᠯᠴᠠᠭ᠎ᠠ᠎ᠳᠤ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃
ᠰᠢ᠎ᠶᠢᠨ ᠫᠢᠩ᠂ ᠳᠤᠮᠳᠠᠳᠤ ᠠᠢᠷᠯᠠᠨᠳ᠋ ᠬᠣᠶᠠᠷ ᠲᠠᠯ᠎ᠠ᠎ᠪᠠᠷ᠎ᠢᠶᠠᠨ ᠣᠯᠠᠨ ᠱᠠᠲᠦ ᠳᠠᠪᠬᠤᠷᠭ᠎ᠠ᠂ ᠣᠯᠠᠨ ᠬᠦᠷᠢᠶ᠎ᠠ ᠴᠠᠷᠠᠭ᠎ᠠ ᠳ᠋ᠡᠬᠢ ᠨᠥᠬᠥᠷᠰᠡᠭ ᠶᠠᠪᠤᠯᠴᠠᠭ᠎ᠠ᠎ᠪᠠᠨ ᠪᠠᠲᠤᠯᠠᠵᠤ᠂ ᠤᠯᠤᠯᠴᠠᠭ᠎ᠠ ᠪᠠ ᠣᠢᠯᠠᠭᠠᠯᠴᠠᠭ᠎ᠠ ᠪᠠᠨ ᠲᠠᠰᠤᠷᠠᠯᠲᠠ ᠦᠭᠡᠢ ᠨᠡᠮᠡᠭᠳᠡᠭᠦᠯᠵᠤ᠂ ᠲᠣᠰ ᠲᠣᠰ᠎ᠤᠨ᠎ᠢᠶᠠᠨ ᠭᠣᠣᠯᠯᠠᠭᠴᠢ ᠠᠰᠢᠭ᠋ ᠲᠤᠰᠠ ᠪᠠ ᠠᠩᠬᠠᠷᠤᠯ ᠲᠠᠯᠪᠢᠵᠤ ᠪᠠᠢᠭ᠎ᠠ ᠴᠢᠬᠤᠯᠠ ᠶᠡᠬᠡ ᠠᠰᠠᠭᠤᠳᠠᠯ᠎ᠢ ᠬᠠᠷᠠᠭᠠᠯᠵᠠᠵᠤ᠂ ᠤᠯᠤᠰ ᠲᠥᠷᠥ᠎ᠶᠢᠨ ᠢᠲᠡᠭᠡᠯᠴᠡᠭᠡ᠎ᠪᠡᠨ ᠪᠡᠬᠢᠵᠢᠭᠦᠯᠵᠦ᠂ ᠬᠣᠶᠠᠷ ᠲᠠᠯ᠎ᠠ᠎ᠶᠢᠨ ᠬᠠᠷᠢᠯᠴᠠᠭᠠᠨ᠎ᠤ ᠤᠯᠤᠰ ᠲᠥᠷᠥ᠎ᠶᠢᠨ ᠰᠠᠭᠤᠷᠢ᠎ᠶᠢ ᠪᠡᠬᠢᠵᠢᠭᠦᠯᠦᠶ᠎ᠡ᠃ ᠡᠨᠡ ᠵᠢᠯ ᠪᠣᠯ ᠳᠤᠮᠳᠠᠳᠤ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ ᠪᠣᠯᠣᠨ᠎ᠠ᠂ ᠬᠣᠢᠰᠢᠳᠠ᠎ᠶᠢᠨ 5 ᠵᠢᠯ᠎ᠳᠦ ᠳᠤᠮᠳᠠᠳᠤ᠎ᠶᠢᠨ ᠲᠠᠯ᠎ᠠ᠎ᠶᠢᠨ ᠬᠢᠨ ᠦᠷᠭᠦᠯᠵᠢᠯᠡᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠨ᠎ᠡ᠃ ᠳᠤᠮᠳᠠᠳᠤ᠎ᠶᠢᠨ ᠲᠠᠯ᠎ᠠ ᠳᠤᠷᠠᠲᠠᠶ᠎ᠠ ᠠᠢᠷᠯᠠᠨᠳ᠋᠎ᠤᠨ ᠲᠠᠯ᠎ᠠ ᠲᠠᠢ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠣᠬᠢᠶᠠᠮᠠᠯ ᠣᠶᠤᠨ ᠴᠢᠳᠠᠪᠤᠷᠢ᠂ ᠲᠣᠭᠠᠴᠢᠯᠠᠭᠰᠠᠨ ᠠᠵᠤ ᠠᠬᠤᠢ᠂ ᠡᠮ ᠡᠮᠨᠡᠯᠭᠡ ᠡᠷᠡᠭᠦᠯ ᠮᠡᠨᠳᠦ ᠵᠡᠷᠭᠡ ᠬᠦᠷᠢᠶᠡᠨ᠎ᠳᠦ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠪᠠᠨ ᠵᠣᠯᠭᠠᠭᠤᠯᠵᠤ᠂ ᠬᠣᠣᠰ ᠴᠢᠭᠯᠡᠯ᠎ᠦᠨ ᠪᠡᠯᠡ ᠣᠷᠣᠭᠤᠯᠤᠯᠲᠠ᠎ᠶᠢ ᠠᠬᠢᠭᠤᠯᠵᠤ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ ᠵᠢ ᠪᠡᠶᠡᠯᠡᠭᠦᠯᠵᠤ᠂ ᠠᠵᠠ ᠲᠣᠬᠢᠶᠠᠯ᠎ᠢ ᠬᠠᠮᠲᠤ ᠪᠠᠷ ᠡᠳ᠋ᠯᠡᠨ᠂ ᠬᠠᠮᠲᠤ ᠪᠠᠷ ᠬᠥᠭᠵᠢᠨ᠎ᠡ᠃ ᠬᠣᠶᠠᠷ ᠲᠠᠯ᠎ᠠ᠎ᠪᠠᠷ᠎ᠢᠶᠠᠨ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠎ᠤᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠠᠷᠠᠳ᠎ᠤᠨ ᠰᠡᠳᠬᠢᠯ᠎ᠦᠨ ᠨᠡᠪᠲᠡᠷᠡᠯᠴᠡᠭᠡ᠎ᠶᠢ ᠠᠬᠢᠭᠤᠯᠵᠤ᠂ ᠠᠢᠷᠯᠠᠨᠳ᠋᠎ᠤᠨ ᠨᠡᠩ ᠤᠯᠠᠨ ᠵᠠᠯᠠᠭᠤᠴᠤᠳ ᠪᠠᠭᠠᠴᠤᠳ᠎ᠤᠨ ᠳᠤᠮᠳᠠᠳᠤ ᠤᠯᠤᠰ᠎ᠲᠤ ᠢᠷᠡᠵᠤ ᠰᠤᠷᠤᠯᠴᠠᠨ ᠰᠣᠯᠢᠯᠴᠠᠬᠤ᠎ᠶᠢ ᠪᠠᠶᠠᠷᠯᠠᠨ ᠤᠭᠲᠤᠵᠤ ᠪᠠᠢᠨ᠎ᠠ ᠭᠡᠵᠤ ᠴᠢᠬᠤᠯᠠᠴᠢᠯᠠᠪᠠ᠃
ᠰᠢ᠎ᠶᠢᠨ ᠫᠢᠩ᠂ ᠣᠳᠣᠬᠠᠨ᠎ᠤ ᠳᠡᠯᠡᠬᠡᠢ ᠶᠢᠷᠲᠢᠨᠴᠦ ᠦᠢᠮᠡᠭᠡᠨ ᠳᠡᠪᠵᠢᠶᠡᠨ ᠰᠤᠯᠪᠢᠴᠠᠨ ᠤᠷᠤᠰᠢᠵᠤ᠂ ᠭᠠᠭᠴᠠ ᠲᠠᠯ᠎ᠠ ᠶᠢᠨ ᠡᠵᠡᠷᠬᠡᠬᠦ ᠠᠵᠢᠯᠯᠠᠭ᠎ᠠ ᠨᠢ ᠣᠯᠠᠨ ᠤᠯᠤᠰ᠎ᠤᠨ ᠡᠮᠬᠢ ᠵᠢᠷᠤᠮ ᠢ ᠬᠦᠨᠳᠦ ᠨᠣᠴᠢᠲᠠᠢ ᠳᠠᠭᠠᠷᠢᠵᠤ ᠪᠠᠢᠨ᠎ᠠ᠃ ᠡᠯ᠎ᠡ ᠤᠯᠤᠰ ᠴᠥᠮ ᠪᠤᠰᠤᠳ ᠤᠯᠤᠰ᠎ᠤᠨ ᠠᠷᠠᠳ ᠲᠦᠮᠡᠨ᠎ᠦ ᠪᠡᠶ᠎ᠡ᠎ᠪᠡᠨ ᠳᠠᠭᠠᠭᠠᠵᠤ ᠰᠣᠩᠭᠣᠭᠰᠠᠨ ᠬᠥᠭᠵᠢᠯᠲᠡ᠎ᠶᠢᠨ ᠵᠠᠮ᠎ᠢ ᠬᠦᠨᠳᠦᠳᠬᠡᠵᠦ᠂ ᠤᠯᠠᠨ ᠤᠯᠤᠰ᠎ᠤᠨ ᠬᠠᠤᠯᠢ ᠵᠢᠴᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠦᠨᠳᠦᠰᠦᠨ ᠳᠦᠷᠢᠮ᠎ᠦᠨ ᠵᠣᠷᠢᠯᠲᠠ ᠪᠠ ᠵᠠᠷᠴᠢᠮ᠎ᠢ ᠵᠢᠷᠤᠮᠯᠠᠨ᠂ ᠲᠣᠮᠣ᠌ ᠤᠯᠤᠰ ᠨᠡᠩ ᠴᠤ᠌ ᠲᠦᠷᠦᠭᠦᠯᠡᠨ ᠬᠢᠪᠡᠯ ᠵᠤᠬᠢᠨ᠎ᠠ᠃ ᠳᠤᠮᠳᠠᠳᠤ ᠤᠯᠤᠰ ᠪᠣᠯᠣᠨ ᠠᠢᠷᠯᠠᠨᠳ᠋ ᠴᠥᠮ ᠤᠯᠠᠨ ᠲᠠᠯᠠᠲᠤ ᠦᠵᠡᠯ᠎ᠢ ᠳᠡᠮᠵᠢᠵᠦ᠂ ᠤᠯᠠᠨ ᠤᠯᠤᠰ᠎ᠤᠨ ᠲᠥᠪ ᠭᠣᠣᠯᠴᠢ ᠰᠢᠳᠤᠷᠭᠤ ᠶᠣᠰᠣ᠌᠎ᠶᠢ ᠰᠠᠨᠠᠭᠠᠴᠢᠯᠠᠵᠤ᠂ ᠤᠯᠠᠨ ᠤᠯᠤᠰ᠎ᠤᠨ ᠬᠡᠷᠡᠭ ᠶᠠᠪᠤᠳᠠᠯ᠎ᠤᠨ ᠳᠤᠮᠳᠠ ᠵᠣᠬᠢᠴᠠᠭᠤᠯᠭ᠎ᠠ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠡᠷᠬᠡ ᠰᠦᠷ᠎ᠢ ᠬᠠᠮᠲᠤ᠎ᠪᠠᠷ ᠬᠠᠮᠠᠭᠠᠯᠠᠵᠤ᠂ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲᠧᠮ᠎ᠦᠨ ᠨᠡᠩ ᠲᠥᠪ ᠭᠣᠣᠯᠴᠢ ᠵᠦᠢ ᠵᠣᠬᠢᠰᠲᠠᠢ ᠴᠢᠭᠯᠡᠯ᠎ᠢᠶᠡᠷ ᠬᠥᠭᠵᠢᠬᠦ᠎ᠶᠢ ᠠᠬᠢᠭᠤᠯᠤᠶ᠎ᠠ᠃ ᠳᠤᠮᠳᠠᠳᠤ ᠡᠸᠦ᠋ᠷᠦᠫᠡ ᠬᠣᠶᠠᠷ ᠲᠠᠯ᠎ᠠ᠎ᠪᠠᠷ᠎ᠢᠶᠠᠨ ᠠᠯᠤᠰ ᠬᠡᠳᠦ᠎ᠶᠢ ᠪᠣᠳᠣᠯᠬᠢᠯᠠᠵᠤ᠂ ᠬᠠᠨᠢᠲᠠᠨ᠎ᠤ ᠬᠠᠷᠢᠯᠴᠠᠭ᠎ᠠ᠎ᠶᠢᠨ ᠪᠠᠢᠷᠢ ᠲᠣᠭᠲᠠᠭᠠᠯᠲᠠ᠎ᠶᠢ ᠪᠠᠷᠢᠮᠲᠠᠯᠠᠵᠤ᠂ ᠵᠥᠷᠢᠯᠳᠦᠭᠡᠨ᠎ᠳᠦ ᠪᠤᠰᠤᠳᠴᠢ ᠪᠦᠭᠡᠳ ᠣᠶᠤᠨᠴᠢ ᠬᠠᠨᠳᠤᠨ ᠰᠢᠢᠳᠪᠦᠷᠢᠯᠡᠵᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ᠋ ᠬᠦᠷᠳᠡᠬᠦ᠎ᠶᠢ ᠪᠠᠷᠢᠮᠲᠠᠯᠠᠶ᠎ᠠ᠃ ᠠᠢᠷᠯᠠᠨᠳ᠋᠎ᠤᠨ ᠬᠢᠨ ᠳᠣᠣᠷ᠎ᠠ ᠬᠠᠭᠠᠰ ᠵᠢᠯ᠎ᠳᠦ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠪᠤᠯᠤᠨ᠎ᠠ᠂ ᠳᠤᠮᠳᠠᠳᠤ ᠡᠸᠦ᠋ᠷᠦᠫᠡ᠎ᠶᠢᠨ ᠬᠠᠷᠢᠯᠴᠠᠭ᠎ᠠ᠎ᠶᠢᠨ ᠡᠷᠡᠭᠦᠯ ᠲᠣᠭᠲᠠᠭᠤᠨ᠎ᠢᠶᠠᠷ ᠬᠥᠭᠵᠢᠬᠦ᠎ᠳᠦ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠬᠦ᠎ᠶᠢ ᠬᠦᠰᠡᠵᠦ ᠪᠠᠢᠨ᠎ᠠ ᠭᠡᠵᠦ ᠵᠢᠭᠠᠵᠤ ᠭᠠᠷᠭᠠᠪᠠ᠃
ᠮᠠᠷᠲ᠋ᠢᠨ᠂ ᠠᠢᠷᠯᠠᠨᠳ᠋ ᠪᠣᠯᠣᠨ ᠳᠤᠮᠳᠠᠳᠤ ᠤᠯᠤᠰ ᠭᠦᠨ ᠵᠤᠵᠠᠭᠠᠨ ᠥᠨᠢ ᠤᠳᠠᠭᠠᠨ ᠨᠥᠬᠥᠷᠯᠡᠯ᠎ᠲᠠᠢ ᠶᠤᠮ᠂ ᠬᠣᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠲᠠᠰᠤᠷᠠᠯᠳᠡ ᠦᠭᠡᠢ ᠴᠢᠩᠭᠠᠷᠠᠵᠤ᠂ ᠰᠣᠶᠣᠯ ᠢᠷᠭᠡᠨᠰᠢᠯ᠎ᠦᠨ ᠰᠣᠯᠢᠯᠴᠠᠭ᠎ᠠ ᠡᠳᠦᠷ ᠢᠷᠡᠬᠦᠶ᠎ᠡ ᠨᠢᠭ᠍ᠲᠠᠷᠠᠵᠤ ᠪᠠᠢᠨ᠎ᠠ᠃ 2012 ᠣᠨ᠎ᠳᠤ ᠲᠡᠷᠢᠭᠦᠯᠡᠭᠴᠢ ᠰᠢ᠎ᠶᠢᠨ ᠫᠢᠩ ᠠᠢᠷᠯᠠᠨᠳ᠋ ᠲᠤ᠌ ᠠᠮᠵᠢᠯᠲᠠ᠎ᠲᠠᠢ ᠠᠶ᠋ᠢᠯᠴᠢᠯᠠᠯᠲᠠ ᠬᠢᠵᠦ᠂ ᠣᠢᠷ᠎ᠠ᠎ᠶᠢᠨ ᠵᠢᠯ᠎ᠡᠴᠡ ᠨᠠᠭᠠᠰᠢᠬᠢ ᠠᠢᠷᠯᠠᠨᠳ᠋ ᠳᠤᠮᠳᠠᠳᠤ᠎ᠶᠢᠨ ᠬᠠᠷᠢᠯᠴᠠᠨ ᠠᠰᠢᠭ᠋ ᠬᠦᠷᠲᠡᠭᠡᠬᠦ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠳᠤ ᠪᠠᠲᠤ ᠰᠠᠭᠤᠷᠢ ᠲᠠᠯᠪᠢᠬᠰᠠᠨ ᠪᠢᠯᠡ᠃ ᠳᠤᠮᠳᠠᠳᠤ ᠤᠯᠤᠰ ᠤᠯᠤᠰ᠎ᠤᠨ ᠠᠯᠤᠰ ᠬᠡᠳᠤ᠎ᠶᠢᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠲᠣᠪᠣᠢᠮ᠎ᠠ ᠠᠮᠵᠢᠯᠲᠠᠲᠠᠢᠲᠣᠭᠲᠠᠭᠠᠨ ᠬᠡᠷᠡᠭᠵᠢᠭᠦᠯᠵᠦ᠂ ᠴᠢᠬᠤᠯᠠ ᠶᠡᠬᠡ ᠠᠮᠵᠢᠯᠲᠠ ᠪᠦᠲᠦᠮᠵᠢ ᠣᠯᠣᠭᠰᠠᠨ ᠨᠢ ᠬᠥᠮᠥᠰ᠎ᠢ ᠪᠢᠰᠢᠷᠡᠭᠦᠯᠦᠮ᠎ᠡ ᠶᠤᠮ᠃ ᠠᠢᠷᠯᠠᠨᠳ᠋᠎ᠤᠨ ᠬᠢᠨ ᠨᠢᠭᠡ ᠳᠤᠮᠳᠠᠳᠤ ᠤᠯᠤᠰ ᠪᠠᠢᠬᠤ ᠲᠦᠷᠦ᠎ᠶᠢᠨ ᠪᠣᠳᠣᠯᠭ᠎ᠠ᠎ᠶᠢ ᠭᠤᠢᠪᠢᠰᠢ ᠦᠭᠡᠢ ᠬᠡᠷᠡᠭᠵᠢᠭᠦᠯᠵᠦ᠂ ᠬᠣᠶᠠᠷ ᠤᠯᠤᠰ᠎ᠤᠨ ᠬᠠᠷᠢᠯᠴᠠᠨ ᠠᠰᠢᠭ᠍ᠲᠠᠢ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢ ᠴᠢᠩᠭᠠᠳᠬᠠᠨ ᠬᠥᠭᠵᠢᠭᠦᠯᠬᠦ᠎ᠪᠡᠷ ᠴᠢᠷᠮᠠᠢᠵᠤ᠂ ᠳᠤᠷᠠᠲᠠᠶ᠎ᠠ ᠳᠤᠮᠳᠠᠳᠤ᠎ᠶᠢᠨ ᠬᠢᠨ᠎ᠲᠠᠢ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠠᠮᠢᠳᠤ ᠪᠣᠳᠠᠰ᠎ᠤᠨ ᠡᠮ ᠡᠮᠨᠡᠯᠭᠡ᠂ ᠲᠠᠬᠢᠨ ᠠᠰᠢᠬᠯᠠᠵᠤ ᠪᠤᠯᠬᠤ ᠡᠨᠧᠷᠭᠢ᠂ ᠵᠣᠬᠢᠶᠠᠮᠠᠯ ᠤᠶᠤᠨ ᠴᠢᠳᠠᠪᠤᠷᠢ᠂ ᠰᠤᠷᠭᠠᠨ ᠬᠥᠮᠦᠵᠢᠯ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠦᠨ᠎ᠡ᠃ ᠳᠤᠮᠳᠠᠳᠤ ᠤᠯᠤᠰ ᠳᠡᠯᠡᠬᠡᠢ᠎ᠶᠢᠨ ᠬᠡᠷᠡᠭ ᠶᠠᠪᠤᠳᠠᠯ᠎ᠳᠤ ᠳᠤᠲᠠᠭᠳᠠᠵᠤ ᠪᠣᠯᠣᠰᠢ ᠦᠭᠡᠢ ᠴᠢᠬᠤᠯᠠ ᠦᠢᠯᠡᠳᠦᠯ᠎ᠢᠶᠡᠨ ᠪᠠᠳᠠᠷᠠᠭᠤᠯᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠡᠷᠬᠡ ᠰᠦᠷ᠎ᠢ ᠬᠠᠮᠠᠭᠠᠯᠠᠬᠤ᠂ ᠳᠡᠯᠡᠬᠡᠢ᠎ᠶᠢᠨ ᠡᠩᠬᠡ ᠲᠠᠢᠪᠤᠩ᠎ᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ ᠪᠠᠢᠨ᠎ᠠ᠃ ᠤᠯᠤᠰ᠎ᠤᠨ ᠬᠣᠭᠣᠷᠣᠨᠳᠣᠬᠢ ᠶᠠᠮᠠᠷᠪᠠ ᠮᠠᠷᠭᠤᠯᠳᠤᠭᠠᠨ᠎ᠢ ᠰᠢᠢᠳᠪᠦᠷᠢᠯᠡᠬᠦ᠎ᠳᠦ ᠴᠥᠮ ᠤᠯᠠᠨ ᠤᠯᠤᠰ᠎ᠤᠨ ᠬᠠᠤᠯᠢ᠎ᠶᠢ ᠵᠢᠷᠤᠮᠯᠠᠪᠠᠯ ᠵᠤᠬᠢᠨ᠎ᠠ᠃ ᠠᠢᠷᠯᠠᠨᠳ᠋᠎ᠤᠨ ᠬᠢᠨ ᠳᠤᠷᠠᠲᠠᠶ᠎ᠠ ᠳᠤᠮᠳᠠᠳᠤ᠎ᠶᠢᠨ ᠬᠢᠨ᠎ᠲᠠᠢ ᠨᠢᠭ᠍ᠲᠠ ᠣᠯᠣᠯᠴᠠᠭ᠎ᠠ ᠵᠣᠬᠢᠴᠠᠭᠤᠯᠭ᠎ᠠ᠎ᠪᠠᠨ ᠪᠠᠲᠤᠯᠠᠵᠤ᠂ ᠤᠯᠠᠨ ᠤᠯᠤᠰ᠎ᠤᠨ ᠬᠠᠤᠯᠢ᠎ᠶᠢ ᠬᠠᠮᠠᠭᠠᠯᠠᠵᠤ᠂ ᠴᠢᠯᠦᠭᠡᠳᠡᠢ ᠨᠡᠭᠡᠭᠡᠯᠲᠡᠳᠡᠢ ᠠᠷᠠᠯᠵᠢᠶ᠎ᠠ᠎ᠶᠢ ᠪᠠᠷᠢᠮᠲᠠᠯᠠᠵᠤ᠂ ᠳᠡᠯᠡᠬᠡᠢ᠎ᠶᠢᠨ ᠬᠥᠭᠵᠢᠯ ᠴᠡᠴᠡᠭᠯᠡᠯ ᠲᠣᠭᠲᠠᠭᠤᠨ᠎ᠢ ᠠᠬᠢᠭᠤᠯᠤᠨ᠎ᠠ᠃ ᠡᠸᠦ᠋ᠷᠦᠫᠡ ᠳᠤᠮᠳᠠᠳᠤ᠎ᠶᠢᠨ ᠬᠠᠷᠢᠯᠴᠠᠭ᠎ᠠ᠎ᠶᠢᠨ ᠲᠣᠭᠲᠠᠭᠤᠨ᠎ᠢᠶᠠᠷ ᠬᠥᠭᠵᠢᠬᠦ᠎ᠶᠢ ᠪᠠᠲᠤᠯᠠᠬᠤ ᠨᠢ ᠲᠤᠢᠯ᠎ᠤᠨ ᠴᠢᠬᠤᠯᠠ ᠶᠤᠮ᠂ ᠠᠢᠷᠯᠠᠨᠳ᠋᠎ᠤᠨ ᠬᠢᠨ ᠳᠤᠷᠠᠲᠠᠶ᠎ᠠ ᠡᠸᠦ᠋ᠷᠦᠫᠡ ᠳᠤᠮᠳᠠᠳᠤ᠎ᠶᠢᠨ ᠬᠠᠷᠢᠯᠴᠠᠭ᠎ᠠ᠎ᠶᠢᠨ ᠡᠷᠡᠭᠦᠯ᠎ᠢᠶᠡᠷ ᠬᠥᠭᠵᠢᠬᠦ᠎ᠶᠢ ᠠᠬᠢᠭᠤᠯᠬᠤ᠎ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 1 ᠰᠠᠷ᠎ᠠ᠎ᠶᠢᠨ 5᠎ᠤ᠋ ᠴᠠᠬᠢᠯᠭᠠᠨ ᠮᠡᠳᠡᠭᠡ)