ᠰᠢ᠎ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠳ᠋ᠦᠨᠪᠤᠶᠠ᠎ᠶᠢᠨ ᠬᠢᠨ᠋ᠸᠶᠠ᠎ᠶᠢᠨ ᠶᠡᠷᠦᠩᠬᠡᠢᠯᠡᠭᠴᠢ᠎ᠪᠡᠷ ᠰᠣᠩᠭᠣᠭᠳᠠᠭᠰᠠᠨ᠎ᠳᠤ ᠪᠠᠶᠠᠷ ᠬᠦᠷᠭᠡᠪᠡ
2026-01-06 09:41:22
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 4 ᠤ᠋ ᠡᠳᠦᠷ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠮᠠᠮᠠᠳᠢ·ᠳ᠋ᠦᠨᠪᠦᠶᠠ ᠳ᠋ᠤ᠌ ᠴᠠᠬᠢᠯᠭᠠᠨ ᠴᠢᠮᠡᠭᠡ ᠶᠠᠪᠤᠭᠤᠯᠵᠤ᠂  ᠪᠦᠬᠦᠳᠡ ᠨᠠᠢᠷᠠᠮᠳᠠᠬᠤ ᠬᠢᠨ᠋ᠸᠶᠠ ᠤᠯᠤᠰ᠎ᠤᠨ ᠶᠡᠷᠦᠩᠬᠡᠢᠯᠡᠭᠴᠢ᠎ᠪᠡᠷ ᠰᠣᠩᠭᠣᠭᠳᠠᠭᠰᠠᠨ᠎ᠳᠤ ᠪᠠᠶᠠᠷ ᠬᠦᠷᠭᠡᠪᠡ᠃

ᠰᠢ᠎ᠶᠢᠨ ᠫᠢᠩ᠂ ᠬᠢᠨ᠋ᠸᠶᠠ ᠪᠣᠯ ᠰᠢᠨ᠎ᠡ ᠳᠤᠮᠳᠠᠳᠤ ᠤᠯᠤᠰ᠎ᠤᠨ ᠰᠠᠬᠠᠷᠠ᠎ᠡᠴᠡ ᠡᠮᠦᠨᠡᠰᠢᠬᠢ ᠠᠹᠷᠢᠺᠠ ᠲᠢᠪ ᠲᠡᠬᠢ ᠠᠩᠬᠠᠳᠠᠭ᠍ᠴᠢ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ ᠤᠯᠤᠰ ᠪᠣᠯᠣᠨ᠎ᠠ᠃ ᠤᠷᠳᠤ ᠬᠤᠭᠤᠴᠠᠭᠠᠨ᠎ᠤ ᠲᠤᠷᠰᠢ᠂ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭ᠍ᠲᠠᠢ ᠪᠠᠢᠬᠤ᠎ᠶᠢ ᠢᠮᠠᠭᠲᠠ ᠪᠠᠷᠢᠮᠲᠠᠯᠠᠵᠤ᠂ ᠲᠤᠰ ᠲᠤᠰ᠎ᠤᠨ᠎ᠢᠶᠠᠨ ᠭᠣᠣᠯᠯᠠᠭ᠍ᠴᠢ ᠠᠰᠢᠭ᠋ ᠲᠤᠰᠠ ᠪᠣᠯᠣᠨ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠳᠡᠮᠵᠢᠵᠦ᠂ ᠬᠠᠮᠲᠤ᠎ᠶᠢᠨ ᠬᠥᠭᠵᠢᠯᠲᠡ᠎ᠶᠢᠨ ᠳᠤᠮᠳᠠ ᠲᠣᠪᠣᠢᠮ᠎ᠠ ᠦᠷ᠎ᠡ ᠪᠦᠲᠦᠮᠵᠢᠲᠡᠢ ᠬᠠᠮᠲᠤᠷᠠᠯᠴᠠᠭ᠎ᠠ ᠥᠷᠨᠢᠭᠦᠯᠪᠡ᠃ ᠪᠢ ᠳᠤᠮᠳᠠᠳᠤ ᠬᠢᠨ᠋ᠸᠶᠠ᠎ᠶᠢᠨ ᠬᠠᠷᠢᠯᠴᠠᠭᠠᠨ᠎ᠤ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠳᠤᠷᠠᠲᠠᠶ᠎ᠠ ᠶᠡᠷᠦᠩᠬᠡᠢᠯᠡᠭᠴᠢ ᠳ᠋ᠦᠨᠪᠤᠶᠠ ᠲᠠᠢ ᠬᠠᠮᠲᠤ ᠪᠠᠷ ᠴᠢᠷᠮᠠᠢᠵᠤ᠂ ᠬᠣᠶᠠᠷ ᠤᠯᠤᠰ᠎ᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ ᠨᠡᠩ ᠶᠡᠬᠡ ᠬᠥᠭᠵᠢᠯᠲᠡ ᠲᠠᠢ ᠪᠤᠯᠬᠤ ᠵᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠦ ᠠᠵᠠ ᠵᠢᠷᠭᠠᠯ᠎ᠢ ᠨᠡᠮᠡᠭᠳᠡᠭᠦᠯᠬᠦ᠂ ᠪᠦᠬᠦ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠪᠦᠯᠬᠦᠮᠳᠡᠯ᠎ᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠵᠠᠢ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 1 ᠰᠠᠷ᠎ᠠ᠎ᠶᠢᠨ 5᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号