— ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ 2025 ᠣᠨ᠎ᠤ ᠲᠦᠷᠦ᠍᠎ᠶ᠋ᠢ ᠵᠠᠰᠠᠭᠰᠠᠨ ᠪᠣᠳᠠᠲᠤ ᠲᠡᠮᠳᠡᠭ᠌ᠯᠡᠯ
ᠲᠡᠦᠬᠡ᠎ᠶ᠋ᠢᠨ ᠠᠭᠤᠯᠵᠠᠷ᠎ᠤᠨ ᠵᠠᠩᠬᠢᠯᠠᠭ᠎ᠠ ᠵᠢᠨ ᠴᠠᠭ ᠮᠦᠴᠡ ᠳ᠋ᠤ᠂ ᠶᠡᠷᠦ ᠨᠢ ᠠᠯᠢᠪᠠ ᠪᠦᠬᠦᠨ ᠰᠢᠨ᠎ᠠ ᠦᠩᠬᠡ ᠳᠦᠷᠰᠦ ᠪᠡᠷ ᠰᠤᠯᠢᠬᠳᠠᠨᠠ᠃
2025 ᠣᠨ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠬᠦ᠌ ᠴᠢᠬᠤᠯᠠ ᠨᠢᠭᠡ ᠵᠢᠯ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠡᠭᠦᠷᠭᠡ᠎ᠶ᠋ᠢ ᠪᠡᠶᠡᠯᠡᠭᠦᠯᠦᠭ᠌ᠰᠡᠨ᠎ᠦ ᠳᠠᠷᠠᠭᠠᠬᠢ 5 ᠵᠢᠯ᠎ᠦᠨ ᠱᠢᠯᠵᠢᠯᠲᠡ᠎ᠶ᠋ᠢᠨ ᠬᠤᠭᠤᠴᠠᠭᠠᠨ᠎ᠤ ᠬᠠᠮᠤᠭ᠎ᠤᠨ ᠰᠡᠭᠦᠯᠴᠢ᠎ᠶ᠋ᠢᠨ ᠨᠢᠭᠡ ᠵᠢᠯ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠡᠭᠦᠯ ᠬᠤᠷᠢᠶᠠᠬᠤ ᠵᠢᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠳᠡ᠎ᠶ᠋ᠢᠨ ᠵᠢᠯ ᠪᠣᠯᠤᠨ᠎ᠠ᠃
ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠪᠠᠢᠳᠠᠯ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠦᠴᠢᠷ᠎ᠢ ᠰᠦᠷᠦᠨ ᠤᠷᠤᠭ᠍ᠰᠢᠯᠠᠵᠤ᠂ ᠡᠷᠡᠮᠡᠬᠡᠢᠯᠡᠨ ᠤᠷᠤᠭ᠍ᠰᠢᠯᠠᠵᠤ᠂ ᠬᠦᠴᠤᠷᠭᠡᠭ ᠤᠯᠤᠰ ᠤ᠋ᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠶᠠᠨ᠎ᠳᠤ 《ᠲᠤᠢᠯ᠎ᠤᠨ ᠵᠢᠷ ᠤ᠋ᠨ ᠪᠤᠰᠤ》 ᠬᠠᠭᠤᠳᠠᠰᠤ᠎ᠶ᠋ᠢ ᠪᠢᠴᠢᠭ᠌ᠯᠡᠪᠡ᠃
ᠭᠠᠳᠠᠭᠠᠳᠤ ᠣᠷᠴᠢᠨ ᠲᠣᠭᠣᠷᠢᠨ᠎ᠤ ᠬᠤᠷᠴᠡ ᠱᠢᠷᠦᠭᠦᠨ ᠬᠤᠪᠢᠷᠠᠯᠲᠠ ᠪᠣᠯᠤᠨ ᠳᠣᠲᠣᠭᠠᠳᠤ᠎ᠶ᠋ᠢᠨ ᠳᠠᠪᠬᠤᠷ ᠲᠠᠪᠬᠤᠷ ᠥᠷᠢᠰᠥᠯᠳᠦᠭᠡᠨ ᠬᠦᠴᠢᠷ ᠪᠡᠷᠬᠡᠱᠢᠶᠡᠯ᠎ᠢ ᠠᠷᠭᠠᠴᠠᠭᠠᠵᠤ᠂ ᠮᠠᠨ᠎ᠤ ᠤᠯᠤᠰ᠎ᠤᠨ ᠠᠵᠤ ᠠᠬᠤᠶ ᠳᠠᠷᠤᠯᠲᠠ᠎ᠶ᠋ᠢ ᠰᠦᠷᠦᠨ ᠤᠷᠤᠭ᠍ᠰᠢᠯᠠᠵᠤ᠂ ᠱᠢᠨ᠎ᠡ ᠰᠢᠯᠢᠳᠡᠭ ᠲᠠᠢᠰᠢ ᠬᠥᠭ᠌ᠵᠢᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠭᠤᠤᠯ ᠬᠠᠷᠠᠯᠲᠠ ᠤᠳᠠᠯ ᠥᠬᠡᠶ ᠤᠷᠤᠭ᠍ᠰᠢᠲᠠᠶ ᠪᠡᠶᠡᠯᠡᠭ᠌ᠳᠡᠬᠦ᠌ ᠪᠣᠯᠤᠨ᠎ᠠ; ᠱᠢᠨ᠎ᠡ ᠴᠠᠭ ᠦᠶ᠎ᠡ᠎ᠶ᠋ᠢᠨ ᠣᠷᠣᠨ ᠪᠠᠢᠷᠢ᠎ᠳᠤ ᠰᠠᠭᠤᠷᠢᠯᠠᠵᠤ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠨ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ ᠠᠤᠭ᠎ᠠ ᠲᠥᠰᠦᠪ᠎ᠢ ᠵᠢᠷᠤᠭ᠍ᠯᠠᠪᠠ; ᠵᠠᠭᠤᠨ ᠵᠢᠯ᠎ᠳ᠋ᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠤᠨ ᠤᠯᠠᠷᠢᠵᠤ ᠪᠠᠢᠭ᠎ᠠ ᠪᠠᠢᠳᠠᠯ᠎ᠤᠨ ᠡᠮᠦᠨ᠎ᠡ᠂ ᠲᠦᠷᠪᠡᠨ ᠶᠡᠬᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ ᠨᠢ ᠳᠡᠯᠡᠬᠡᠢ ᠳ᠋ᠠᠬᠢᠨ᠎ᠳᠤ ᠲᠣᠭ᠍ᠲᠠᠪᠤᠷᠢᠲᠤ ᠴᠢᠨᠠᠷ ᠲᠣᠭ᠍ᠲᠠᠭᠠᠯᠲᠤ ᠴᠢᠨᠠᠷ᠎ᠢ ᠨᠡᠮᠡᠷᠢᠯᠡᠪᠡ; ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠭᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠦᠪᠡᠳᠡᠭ᠌ᠰᠢ ᠶᠡᠬᠡᠪᠡᠷ ᠳᠤᠷᠠᠰᠭᠠᠵᠤ᠂ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠲᠤᠢᠯ᠎ᠤᠨ ᠶᠡᠬᠡᠪᠡᠷ ᠬᠥᠭ᠌ᠵᠢᠭᠡᠨ᠂ ᠤᠯᠤᠰ ᠵᠢᠡᠨ ᠬᠠᠢᠷᠠᠯᠠᠬᠤ ᠬᠠᠯᠠᠭᠤᠨ ᠰᠡᠳᠭᠢᠯᠭᠡ᠎ᠶ᠋ᠢ ᠲᠤᠢᠯ᠎ᠤᠨ ᠶᠡᠬᠡᠪᠡᠷ ᠬᠥᠭ᠌ᠵᠢᠭᠡᠵᠦ᠍᠂ ᠲᠡᠮᠡᠴᠡᠯ᠎ᠦᠨ ᠬᠦᠴᠦᠨ᠎ᠢ ᠨᠢᠭ᠍ᠲᠠᠷᠠᠭᠤᠯᠪᠠ ᠁
《ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠰᠦᠷ ᠬᠦᠴᠦᠨ ᠬᠤᠷᠢᠬ᠍ᠯᠠᠭ᠍ᠳᠠᠰᠢ ᠦᠭᠡᠢ! ᠬᠥᠮᠦᠨ ᠲᠥᠷᠥᠯᠬᠢᠲᠡᠨ᠎ᠦ ᠡᠩᠬᠡ ᠲᠠᠢᠪᠤᠩ ᠪᠠ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ ᠯᠠᠪᠲᠠᠢ ᠢᠯᠠᠯᠲᠠ ᠣᠯᠤᠨ᠎ᠠ!》 ᠶᠡᠷᠦᠩᠬᠡᠢ ᠱᠦᠵᠢ ᠰᠢ ᠵᠢᠨ ᠫᠢᠩ᠎ᠦᠨ ᠣᠮᠣᠭ ᠲᠡᠭᠦᠯᠳᠡᠷ ᠲᠤᠩᠬᠠᠭ᠍ᠯᠠᠯᠳᠡ ᠨᠢ ᠲᠡᠦᠬᠡ᠎ᠶ᠋ᠢᠨ ᠶᠡᠷᠦᠩᠬᠡᠢ ᠬᠠᠨᠳᠤᠰᠢ᠂ ᠴᠠᠭ ᠦᠶ᠎ᠡ᠎ᠶ᠋ᠢᠨ ᠤᠷᠤᠰᠭᠠᠯ᠂ ᠬᠥᠮᠦᠰ᠎ᠦᠨ ᠰᠡᠳᠭᠢᠯ᠎ᠦᠨ ᠬᠠᠨᠳᠤᠰᠢ᠎ᠶ᠋ᠢ ᠢᠯᠡᠷᠡᠭᠦᠯᠪᠡ᠃
ᠲᠠᠷᠤᠯᠳᠠ ᠵᠢ ᠲᠠᠭᠠᠭᠠᠨ ᠤᠷᠤᠬᠰᠢᠯᠠᠵᠤ ᠰᠢᠨ᠎ᠠ ᠰᠢᠯᠢᠳᠡᠭ ᠲᠠᠢᠰᠢ ᠬᠦᠭᠵᠢᠪᠠ
— 《ᠴᠢᠨᠠᠷ ᠰᠠᠢᠲᠠᠢ ᠬᠥᠭ᠌ᠵᠢᠯᠲᠡ᠎ᠶ᠋ᠢᠨ ᠲᠣᠭ᠍ᠲᠠᠭᠠᠯᠲᠤ ᠴᠢᠨᠠᠷ᠎ᠢᠶᠠᠷ ᠡᠯ᠎ᠡ ᠵᠦᠢᠯ᠎ᠦᠨ ᠲᠣᠭ᠍ᠲᠠᠭᠠᠯᠲᠤ ᠪᠤᠰᠤ ᠴᠢᠨᠠᠷ᠎ᠢ ᠠᠷᠭᠠᠴᠠᠭᠠᠪᠠ》
2025 ᠣᠨ᠎ᠤ ᠵᠢᠯ᠎ᠤᠨ ᠰᠡᠭᠦᠯᠴᠢ᠎ᠪᠡᠷ᠂ ᠪᠡᠭᠡᠵᠢᠩ᠎ᠦᠨ ᠵᠢᠩ ᠰᠢ ᠵᠣᠴᠢᠳ᠎ᠤᠨ ᠪᠠᠭᠤᠳᠠᠯ᠎ᠳᠤ᠂ ᠶᠡᠷᠦᠩᠬᠡᠢ ᠱᠦᠵᠢ ᠰᠢ ᠵᠢᠨ ᠫᠢᠩ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠳᠤ ᠣᠷᠣᠯᠴᠠᠪᠠ᠃
ᠥᠩᠭᠡᠷᠡᠭ᠌ᠰᠡᠨ ᠨᠢᠭᠡ ᠵᠢᠯ᠎ᠦᠨ ᠠᠵᠤ ᠠᠬᠤᠢ᠎ᠶ᠋ᠢᠨ ᠠᠵᠢᠯ ᠢ᠋ ᠪᠦᠬᠦ᠌ ᠲᠠᠯ᠎ᠠ᠎ᠪᠠᠷ ᠳ᠋ᠦᠩᠨᠡᠪᠠ᠄《ᠮᠠᠨ᠎ᠤ ᠤᠯᠤᠰ᠎ᠤᠨ ᠠᠵᠤ ᠠᠬᠤᠢ ᠳᠠᠷᠤᠯᠲᠠ᠎ᠶ᠋ᠢ ᠰᠥᠷᠥᠨ ᠤᠷᠤᠭ᠍ᠰᠢᠯᠠᠵᠤ᠂ ᠱᠢᠨ᠎ᠡ ᠰᠢᠯᠢᠳᠡᠭ ᠲᠠᠢᠰᠢ ᠬᠥᠭ᠌ᠵᠢᠵᠦ᠍᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢ ᠢᠯᠡᠷᠡᠭᠦᠯᠪᠡ》᠃
ᠥᠩᠭᠡᠷᠡᠭ᠌ᠰᠡᠨ 5 ᠵᠢᠯ᠎ᠦᠨ ᠬᠥᠭ᠌ᠵᠢᠯᠲᠡ᠎ᠶ᠋ᠢᠨ ᠠᠮᠵᠢᠯᠲᠠ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠪᠡ᠄ 《ᠪᠢᠳᠡ ᠡᠯ᠎ᠡ ᠵᠦᠢᠯ᠎ᠦᠨ ᠴᠤᠬᠢᠯᠲᠠ ᠪᠠ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠴᠢᠬᠤᠯᠠ ᠶᠡᠬᠡ ᠱᠢᠨ᠎ᠡ ᠠᠮᠵᠢᠯᠲᠠ ᠤᠯᠬᠤ᠎ᠶ᠋ᠢ ᠠᠬᠢᠭᠤᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ》᠃
ᠡᠳᠡᠬᠡᠷ ᠠᠮᠵᠢᠯᠳᠠ ᠨᠢ ᠦᠵᠡᠬᠦ ᠳ᠋ᠤ ᠬᠢᠯᠪᠡᠷ ᠪᠤᠯᠪᠠᠴᠤ ᠬᠦᠴᠢᠷ ᠪᠡᠷᠭᠡᠰᠢᠶᠠᠯ ᠢ᠋ ᠲᠤᠭᠤᠯᠤᠨ ᠪᠠᠢᠵᠤ ᠤᠯᠤᠬᠰᠠᠨ ᠶᠤᠮ᠃
《ᠲᠤᠢᠯ᠎ᠤᠨ ᠵᠢᠷ ᠤ᠋ᠨ ᠪᠤᠰᠤ ᠵᠢᠨ》 — ᠬᠡᠬᠦ ᠣᠬᠣᠷᠬᠠᠨ ᠬᠡᠳᠦᠨ ᠦᠭᠡ ᠨᠢ 2025 ᠣᠨ᠎ᠤ ᠲᠠᠪᠠᠵᠤ ᠲᠤᠭᠤᠯᠤᠬᠰᠡᠨ ᠬᠦᠴᠢᠷ ᠪᠡᠷᠭᠡᠰᠢᠶᠠᠯ ᠬᠠᠷᠰᠢ ᠰᠠᠭᠠᠳ ᠢ᠋ ᠠᠮᠢᠳᠤᠯᠢᠭ ᠢᠯᠡᠳᠬᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ᠎ᠳᠦ᠂ ᠳᠡᠯᠡᠬᠡᠶ᠎ᠶ᠋ᠢᠨ ᠪᠠᠢᠳᠠᠯ ᠤᠷᠪᠠᠭᠠᠨ ᠬᠥᠷᠪᠡᠭᠡᠨ᠎ᠲᠡᠶ ᠪᠠᠢᠵᠤ᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠶ᠎ᠶ᠋ᠢᠨ ᠡᠷᠭᠢᠯᠲᠡ ᠳᠤᠮᠳᠠ ᠦᠶᠡᠯᠡᠯ᠎ᠦᠨ ᠬᠤᠭᠤᠴᠠᠭᠠᠨ᠎ᠤ ᠴᠢᠨᠠᠷᠲᠠᠶ ᠪᠦᠲᠦᠴᠡ᠎ᠶ᠋ᠢᠨ ᠴᠢᠨᠠᠷᠲᠠᠶ ᠵᠥᠷᠢᠴᠡᠯ ᠨᠡᠯᠢᠶᠡᠳ ᠲᠣᠪᠣᠢᠮ᠎ᠠ ᠪᠣᠯᠵᠣ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠬᠦᠨᠳᠦ᠂ ᠵᠥᠷᠢᠴᠡᠯ ᠪᠠ ᠲᠦᠭ᠌ᠰᠢᠭᠦᠷᠢ ᠥᠷᠢᠰᠥᠯᠳᠦᠭᠡᠨ᠎ᠦ ᠣᠯᠠᠨ ᠵᠡᠷᠬᠡ ᠠᠯᠢᠪᠠ ᠪᠦᠬᠦᠨ᠎ᠨᠢ ᠨᠠᠮ᠎ᠤᠨ ᠲᠥᠪ ᠬᠣᠷᠢᠶ᠎ᠠ ᠵᠢᠨ ᠲᠥᠷᠥ᠎ᠶ᠋ᠢ ᠵᠠᠰᠠᠬᠤ ᠣᠶᠤᠨ ᠤᠬᠠᠭᠠᠨ᠎ᠢ ᠱᠢᠯᠭᠠᠵᠤ ᠪᠠᠢᠳᠠᠬ᠃
ᠰᠢᠨ᠎ᠠ ᠨᠢᠬᠡᠨ ᠤᠨ ᠡᠬᠢᠯᠡᠯ᠎ᠠ᠃
ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠭᠦᠨᠵᠡᠭᠡᠢ ᠪᠤᠳᠤᠯᠢᠶᠠᠨᠲᠠᠢ ᠬᠤᠪᠢᠷᠠᠯᠲᠠ᠎ᠶ᠋ᠢᠨ ᠡᠮᠦᠨ᠎ᠡ᠂ ᠵᠠᠩᠭᠢᠯᠠᠭ᠎ᠠ᠎ᠶ᠋ᠢᠨ ᠵᠢᠯ᠎ᠳᠦ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠌᠎ᠶ᠋ᠢ ᠬᠡᠷᠬᠢᠨ ᠪᠠᠲᠤᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠬᠦ᠌ ᠪᠤᠢ?
ᠶᠡᠷᠦᠩᠬᠡᠢ ᠱᠦᠵᠢ ᠰᠢ ᠵᠢᠨ ᠫᠢᠩ 《ᠤᠯᠤᠰ᠎ᠤᠨ ᠶᠡᠬᠡ ᠶᠠᠪᠤᠳᠠᠯ》 ᠢ᠋ ᠬᠡᠬᠦᠳᠡᠭ ᠴᠡᠭᠡᠵᠢᠨ᠎ᠳᠡᠭᠡᠨ ᠪᠠᠭ᠍ᠲᠠᠭᠠᠵᠤ᠂ 《ᠬᠣᠶᠠᠷ ᠶᠡᠬᠡ ᠲᠠᠯ᠎ᠠ》 ᠵᠢ ᠨᠢᠭᠡᠳᠦᠯᠲᠡᠢ ᠲᠥᠯᠥᠪᠵᠢᠭᠦᠯᠵᠦ᠍᠂ ᠭᠦᠨ ᠭᠦᠨᠵᠡᠭᠡᠢ ᠲᠡᠦᠬᠡ᠎ᠶ᠋ᠢᠨ ᠬᠠᠷᠠᠴᠠ᠎ᠪᠠᠷ ᠴᠠᠭ ᠦᠶ᠎ᠡ ᠪᠣᠯᠤᠨ ᠪᠠᠢᠳᠠᠯ᠎ᠢ ᠨᠡᠪᠲᠡ ᠠᠵᠢᠭ᠍ᠯᠠᠵᠤ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃
ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠶᠠᠷᠢᠯᠴᠠᠬᠤ ᠬᠤᠷᠠᠯ᠎ᠳᠤ ᠣᠷᠣᠯᠴᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤᠢᠳᠡᠬᠡᠯ ᠵᠤᠷᠢᠭ᠎ᠢ ᠬᠦᠪᠴᠢᠯᠡᠪᠡ᠃ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠴᠢᠬᠤᠯᠠᠴᠢᠯᠠᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠦᠨᠳᠦᠰᠦᠨ ᠠᠷᠭ᠎ᠠ ᠵᠠᠮ᠎ᠢ ᠲᠣᠳᠣᠷᠬᠠᠢ ᠵᠢᠭᠠᠵᠤ ᠥᠭ᠌ᠪᠡ; ᠠᠵᠤ ᠠᠬᠤᠢ᠎ᠶ᠋ᠢᠨ ᠲᠤᠮᠤ ᠮᠤᠵᠢ᠎ᠶ᠋ᠢᠨ ᠨᠢᠷᠤᠭᠤᠪᠴᠢ ᠬᠦᠴᠦᠨ ᠪᠣᠯᠬᠤ ᠬᠦᠴᠦᠯᠡᠬᠦ᠌ ᠴᠡᠭ᠎ᠢ ᠲᠣᠳᠣᠷᠬᠠᠢᠯᠠᠨ ᠥᠭᠦᠯᠡᠵᠦ᠍᠂ 《ᠲᠤᠯᠭᠠᠭᠤᠷᠢ ᠬᠦᠴᠦᠨ》 ᠢ᠋ ᠬᠥᠭ᠌ᠵᠢᠯᠲᠡ᠎ᠶ᠋ᠢ ᠳᠠᠢᠴᠢᠯᠠᠬᠤ 《ᠪᠤᠬ᠎ᠠ ᠲᠡᠷᠭᠡ》 ᠪᠣᠯᠭᠠᠪᠠ; 《ᠰᠣᠶᠣᠯ᠎ᠢᠶᠠᠷ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠬᠦᠴᠤᠨ ᠤᠯᠭᠤᠬᠤ ᠭᠡᠷᠡᠭᠳᠠᠢ》 ᠭᠡᠵᠦ᠍ ᠳᠤᠷᠠᠳᠴᠤ᠌᠂ ᠴᠢᠨᠠᠷ ᠰᠠᠢᠲᠠᠢ ᠬᠥᠭ᠌ᠵᠢᠯᠲᠡ᠎ᠳᠦ ᠨᠡᠩ ᠭᠦᠨ ᠵᠤᠵᠠᠭᠠᠨ ᠰᠠᠭᠤᠷᠢ ᠪᠠ ᠤᠳᠠᠭᠠᠨ ᠳᠠᠭᠠᠭᠠᠮᠠᠭᠠᠢ ᠲᠦᠯᠬᠢᠴᠡ ᠬᠦᠴᠦᠨ ᠬᠠᠩᠭᠠᠪᠠ ᠁
ᠤᠷᠢᠬᠠᠨ ᠰᠠᠯᠬᠢ ᠥᠭ᠌ᠭᠢᠶᠡᠮᠦᠷ ᠬᠤᠷ᠎ᠠ ᠪᠡᠷ ᠲᠦᠮᠡᠨ ᠪᠣᠳᠠᠰ ᠲᠥᠯᠵᠢᠨ ᠠᠮᠢᠯᠠᠨ᠎ᠠ᠃ ᠥᠷᠭᠡᠨ ᠠᠭᠤᠳᠠᠮ ᠲᠠᠷᠢᠶᠠᠨ ᠭᠠᠵᠠᠷ᠎ᠲᠡᠬᠢ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠡᠴᠡ ᠠᠪᠤᠭᠠᠳ ᠭᠠᠷᠠᠮ᠎ᠤ᠋ᠨ ᠡᠳᠦᠷ ᠰᠥᠨᠢ ᠦᠭᠡᠢ ᠶᠠᠭᠠᠷᠠᠯᠲᠠᠢ ᠠᠵᠢᠯᠯᠠᠬᠤ ᠪᠠᠢᠳᠠᠯ ᠬᠦᠷᠳᠡᠯ᠎ᠠ᠂ ᠦᠢᠯᠡᠳᠪᠦᠷᠢ ᠵᠢᠨ ᠲᠠᠰᠤᠭ ᠦᠢᠯᠡᠳᠪᠦᠷᠢ᠎ᠶ᠋ᠢᠨ ᠪᠠᠢᠰᠢᠩ ᠤ᠋ᠨ ᠮᠠᠱᠢᠨ ᠮᠸᠬᠠᠨᠢᠭ᠎ᠤᠨ ᠬᠦᠷᠴᠢᠭᠢᠨᠡᠬᠦ᠌ ᠲᠠᠭᠤ ᠡᠴᠡ ᠠᠪᠤᠭᠠᠳ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠤᠷᠱᠢᠯᠲᠠ᠎ᠶ᠋ᠢᠨ ᠲᠠᠰᠤᠭ᠎ᠤᠨ ᠪᠣᠭᠣᠮᠲᠠ ᠱᠢᠪᠲᠤᠯᠤᠬᠰᠠᠨ ᠬᠦᠷᠲᠡᠯ᠎ᠡ᠂ ᠲᠦᠭ ᠲᠦᠮᠡᠨ ᠠᠷᠠᠳ ᠲᠦᠮᠡᠨ ᠦᠨᠡᠨ ᠪᠣᠳᠠᠲᠠᠢ ᠠᠵᠢᠯᠯᠠᠵᠤ ᠯᠠᠪᠳᠠᠭᠤᠨ ᠪᠠᠲᠤᠲᠠᠢ ᠠᠵᠢᠯᠯᠠᠵᠤ᠂ ᠲᠤᠮᠳᠠᠳᠤ ᠵᠢᠨ ᠡᠬᠡ ᠭᠠᠵᠠᠷ᠎ᠲᠤ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠳᠦᠷᠰᠦ ᠪᠠᠢᠳᠠᠯ ᠢᠯᠡᠷᠡᠪᠡ᠃
ᠡᠨᠡ ᠦᠶ᠎ᠡ᠎ᠳᠦ᠂ ᠶᠡᠬᠡ ᠲᠡᠯᠡᠶ᠎ᠶ᠋ᠢᠨ ᠲᠡᠷᠲᠡᠭᠡ ᠬᠦᠪᠡᠭᠡᠨ᠎ᠳᠦ᠂ ᠨᠢᠭᠡ ᠤᠳᠠᠭ᠎ᠠ ᠵᠢᠨ 《ᠰᠠᠯᠬᠢ ᠱᠢᠭᠤᠷᠭ᠎ᠠ》 ᠶᠠᠭ ᠠᠭᠠᠵᠢᠮ ᠵᠢᠡᠷ ᠡᠭᠦᠰᠴᠦ᠍ ᠪᠠᠢᠯ᠎ᠠ᠃
4 ᠰᠠᠷ᠎ᠠ᠎ᠳᠤ᠂ ᠠᠮᠧᠷᠢᠺᠠ ᠨᠢ ᠳᠤᠮᠳᠠᠳᠤ ᠤᠯᠤᠰ᠎ᠢ ᠪᠠᠭ᠍ᠲᠠᠭᠠᠭ᠍ᠰᠠᠨ ᠪᠤᠢ ᠪᠦᠬᠦᠢ ᠠᠷᠠᠯᠵᠢᠶᠠᠨ᠎ᠤ ᠬᠠᠨᠢᠲᠠᠨ᠎ᠡᠴᠡ 《ᠠᠳᠠᠯᠢ ᠲᠡᠰ᠎ᠤᠨ ᠪᠣᠭᠣᠮᠲᠠ᠎ᠶ᠋ᠢᠨ ᠭᠠᠢᠯᠢ》 ᠲᠠᠲᠠᠪᠤᠷᠢᠯᠠᠬᠤ᠎ᠪᠠᠷ ᠨᠡᠢᠲᠡᠯᠡᠭ᠌ᠰᠡᠨ ᠪᠥᠭᠡᠳ ᠣᠬᠣᠷᠬᠠᠨ ᠬᠡᠳᠦᠨ ᠡᠳᠦᠷ᠎ᠦᠨ ᠳᠣᠲᠣᠷ᠎ᠠ ᠲᠠᠰᠤᠷᠠᠯᠲᠠ ᠦᠭᠡᠢ ᠲᠡᠰ ᠳᠡᠪᠱᠢᠭᠦᠯᠵᠦ᠍᠂ ᠤᠷᠢᠳ ᠡᠮᠦᠨ᠎ᠡ ᠪᠠᠢᠭ᠎ᠠ ᠦᠭᠡᠢ ᠪᠣᠭᠣᠮᠲᠠ᠎ᠶ᠋ᠢᠨ ᠭᠠᠢᠯᠢ᠎ᠶ᠋ᠢᠨ ᠳᠠᠢᠯᠠᠯᠳᠤᠭᠠᠨ ᠥᠷᠨᠢᠭᠦᠯᠪᠡ᠃
ᠳᠤᠮᠳᠠᠳᠤ ᠤᠯᠤᠰ ᠦᠳᠲᠡᠷ ᠲᠦᠷᠭᠡᠨ᠎ᠢᠶᠡᠷ ᠭᠡᠳᠡᠷᠭᠦ᠌ ᠴᠣᠬᠢᠯᠲᠠ ᠥᠭ᠌ᠴᠦ᠂ ᠣᠯᠠᠨ ᠠᠷᠭ᠎ᠠ ᠬᠡᠮᠵᠢᠶ᠎ᠠ ᠠᠪᠴᠤ ᠠᠷᠭᠠᠴᠠᠭᠠᠪᠠ᠄ ᠠᠮᠧᠷᠢᠺᠠ᠎ᠡᠴᠡ ᠪᠣᠭᠣᠮᠲᠠ᠎ᠶ᠋ᠢᠨ ᠭᠠᠢᠯᠢ ᠨᠡᠮᠡᠵᠦ᠍ ᠲᠠᠲᠠᠪᠤᠷᠢᠯᠠᠨ᠂ ᠳᠡᠯᠡᠬᠡᠶ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠮᠠᠷᠭᠤᠯᠳᠤᠭᠠᠨ᠎ᠢ ᠱᠢᠶ᠋ᠳᠪᠦᠷᠢᠯᠡᠬᠦ᠌ ᠲᠣᠭ᠍ᠲᠠᠴᠠ᠎ᠶ᠋ᠢᠨ ᠳᠣᠣᠷ᠎ᠠ ᠵᠠᠭᠠᠯᠳᠤᠯᠭ᠎ᠠ ᠭᠠᠷᠭᠠᠵᠤ᠂ ᠬᠣᠯᠪᠣᠭ᠍ᠳᠠᠯ ᠪᠦᠬᠦᠢ ᠡᠳ᠋ ᠪᠣᠳᠠᠰ᠎ᠢ ᠭᠠᠳᠠᠭᠠᠳᠤ᠎ᠳᠤ ᠭᠠᠷᠭᠠᠬᠤ᠎ᠶ᠋ᠢ ᠬᠠᠮᠢᠶᠠᠷᠤᠨ ᠡᠵᠡᠮᠳᠡᠪᠡ ᠁
ᠬᠡᠳᠡᠷᠬᠦ ᠴᠤᠬᠢᠯᠳᠠ ᠦᠭᠬᠦᠨ᠎ᠠ᠂ ᠡᠴᠦᠰ᠎ᠲᠦᠨᠢ ᠲᠤᠯᠲᠠᠯ᠎ᠠ ᠡᠰᠡᠷᠬᠦᠴᠡᠨ᠎ᠠ; ᠬᠡᠯᠡᠯᠴᠡᠭᠡ ᠬᠢᠨ᠎ᠡ᠂ ᠡᠭᠦᠳᠡ᠎ᠪᠡᠨ ᠲᠤᠮᠤ ᠨᠡᠭᠡᠭᠡᠨ᠎ᠡ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠯᠠᠪᠳᠠᠭᠤᠨ ᠪᠣᠯᠭᠣᠮᠵᠢᠲᠠᠢ᠂ ᠪᠦᠲᠦᠮᠵᠢᠲᠡᠢ ᠠᠷᠭᠠᠴᠠᠭᠠᠵᠤ᠂ ᠬᠢᠮᠤᠷᠠᠯ᠎ᠤᠨ ᠳᠤᠮᠳᠠ ᠱᠢᠨ᠎ᠡ ᠠᠵᠠ ᠲᠣᠬᠢᠶᠠᠯ᠎ᠢ ᠪᠤᠢ ᠪᠣᠯᠭᠠᠵᠤ᠂ ᠬᠤᠪᠢᠰᠤᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠡᠭᠦᠳᠴᠦ᠍᠂ ᠪᠠᠷᠠᠭᠠᠨ ᠡᠭᠦᠯᠡᠰ ᠬᠤᠢᠯᠠᠷᠠᠨ ᠥᠩᠭᠡᠷᠡᠪᠡᠴᠦ᠍ ᠯᠠᠪᠳᠠᠭᠤᠨ ᠲᠣᠭ᠍ᠲᠠᠭᠤᠨ ᠪᠠᠢᠬᠤ ᠢᠳᠡ ᠬᠦᠴᠦ᠍ ᠪᠣᠯᠤᠨ ᠲᠣᠭ᠍ᠲᠠᠯ ᠬᠦᠴᠦᠨ᠎ᠢ ᠢᠯᠡᠷᠡᠭᠦᠯᠵᠡᠢ᠃
ᠠᠭᠤᠵᠢᠭᠤ ᠲᠠᠯᠪᠢᠭᠤ ᠪᠠᠢᠬᠤ ᠵᠢᠨ ᠤᠴᠢᠷ ᠨᠢ ᠳᠣᠲᠣᠷ᠎ᠠ᠎ᠪᠠᠨ ᠲᠣᠭ᠎ᠠ᠎ᠲᠠᠶ᠂ ᠭᠠᠷ᠎ᠲᠠᠭᠠᠨ ᠠᠷᠭ᠎ᠠ ᠪᠤᠳᠤᠯᠭ᠎ᠠ ᠲᠠᠢ; ᠢᠲᠡᠭᠡᠯ ᠵᠣᠷᠢᠭ ᠨᠢ ᠱᠢᠨᠵᠢᠯᠡᠬᠦ᠌ ᠤᠬᠠᠭᠠᠨᠴᠢ᠎ᠪᠡᠷ ᠰᠤᠳᠤᠯᠤᠨ ᠮᠠᠭᠠᠳᠯᠠᠵᠤ᠂ ᠣᠨᠢᠨ ᠲᠡᠬᠡᠷ᠎ᠡ ᠨᠢ ᠠᠷᠭ᠎ᠠ ᠪᠤᠳᠤᠯᠭ᠎ᠠ ᠬᠡᠷᠡᠭ᠌ᠵᠢᠭᠦᠯᠦᠭᠰᠡᠨ᠎ᠡᠴᠡ ᠢᠷᠡᠵᠠᠢ᠃
2025 ᠤᠨ᠎ᠤ 4 ᠰᠠᠷ᠎ᠠ᠎ᠶ᠋ᠢᠨ 25᠎ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶ᠋ᠢᠨ ᠲᠣᠪᠴᠢᠶ᠎ᠠ ᠵᠢᠨ ᠬᠤᠷᠠᠯ᠎ᠢ ᠡᠷᠭᠢᠯᠡᠵᠦ᠍᠂ 《ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠪᠠᠷ ᠬᠦᠴᠦᠯᠡᠨ ᠴᠢᠷᠮᠠᠢᠬᠤ ᠭᠡᠷᠡᠭᠳᠠᠢ》 ᠭᠡᠵᠦ᠍ ᠲᠣᠳᠣᠷᠬᠠᠢᠯᠠᠵᠤ᠂ ᠠᠯᠢ ᠣᠯᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠬᠠᠨᠳᠤᠯᠭᠠᠲᠤ ᠴᠢᠨᠠᠷᠲᠠᠶ᠎ᠪᠠᠷ ᠪᠠᠢᠷᠢᠯᠠᠭᠤᠯᠪᠠ᠃
ᠵᠠᠩᠭᠢᠯᠠᠭ᠎ᠠ᠎ᠶ᠋ᠢᠨ ᠴᠠᠭ ᠦᠶ᠎ᠡ᠎ᠳᠡᠬᠢ ᠵᠦᠪ ᠣᠨᠣᠴᠠᠲᠠᠶ ᠡᠷᠡᠰ ᠱᠢᠭᠤᠷᠬᠠᠶ ᠠᠷᠭ᠎ᠠ ᠬᠡᠮᠵᠢᠶ᠎ᠡ ᠠᠪᠤᠬᠰᠠᠨ ᠨᠢ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠬᠰᠡᠨ ᠨᠠᠮ᠎ᠤᠨ ᠲᠥᠪ ᠬᠣᠷᠢᠶ᠎ᠠ ᠵᠢᠨ ᠠᠶᠤᠯ ᠲᠦᠭ᠌ᠰᠢᠭᠦᠷᠢ ᠪᠠ ᠱᠢᠯᠭᠠᠯᠲᠠ᠎ᠶ᠋ᠢ ᠣᠨᠣᠪᠴᠢᠲᠠᠶ ᠰᠤᠳᠤᠯᠤᠨ ᠮᠠᠭᠠᠳᠯᠠᠬᠤ ᠪᠠ ᠱᠢᠨᠵᠢᠯᠡᠬᠦ᠌ ᠤᠬᠠᠭᠠᠨᠴᠢ᠎ᠪᠠᠷ ᠠᠷᠭᠠᠴᠠᠭᠠᠬᠤ ᠴᠢᠳᠠᠪᠤᠷᠢ᠎ᠶ᠋ᠢ ᠭᠦᠶ᠋ᠴᠡᠳ ᠬᠠᠷᠠᠭᠤᠯᠵᠤ᠂ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠳᠣᠭ᠍ᠰᠢᠨ ᠳᠠᠪᠠᠯᠭᠠᠨ ᠱᠢᠷᠦᠭᠦᠨ ᠳᠣᠯᠭᠢᠶᠠᠨ᠎ᠢ ᠳᠤᠭᠤᠯᠬᠤ ᠡᠷᠴᠢ ᠵᠣᠷᠢᠭ ᠪᠠ ᠣᠶᠤᠨ ᠤᠬᠠᠭᠠᠨ᠎ᠢ ᠭᠦᠶ᠋ᠴᠡᠳ ᠬᠠᠷᠠᠭᠤᠯᠵᠠᠶ᠃
ᠲᠡᠷᠢᠭᠦᠯᠡᠭ᠌ᠴᠢ ᠰᠢ ᠵᠢᠨ ᠫᠢᠩ ᠨᠢᠭᠡ ᠵᠢᠯ᠎ᠦᠨ ᠳᠣᠲᠣᠷ᠎ᠠ ᠲᠸᠷᠠᠮᠫᠦ᠋ ᠶᠡᠷᠦᠩᠬᠡᠢᠯᠡᠭ᠌ᠴᠢ ᠯᠤᠭᠡ 4 ᠤᠳᠠᠭ᠎ᠠ ᠤᠲᠠᠰᠤ᠎ᠪᠠᠷ ᠶᠠᠷᠢᠯᠴᠠᠵᠤ᠂ 《ᠳᠤᠮᠳᠠᠳᠤ ᠠᠮᠧᠷᠢᠺᠠ᠎ᠶ᠋ᠢᠨ ᠠᠵᠤ ᠠᠬᠤᠢ ᠠᠷᠠᠯᠵᠢᠶᠠᠨ᠎ᠤ ᠬᠠᠷᠢᠯᠴᠠᠭ᠎ᠠ᠎ᠶ᠋ᠢᠨ ᠮᠥᠨ ᠴᠢᠨᠠᠷ ᠪᠣᠯ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌ ᠶᠠᠪᠤᠳᠠᠯ ᠪᠣᠯᠤᠨ᠎ᠠ》᠂ 《ᠳᠤᠮᠳᠠᠳᠤ ᠠᠮᠧᠷᠢᠺᠠ ᠪᠦᠷᠢᠮᠦᠰᠦᠨ ᠬᠠᠷᠢᠯᠴᠠᠨ ᠠᠮᠵᠢᠯᠲᠠ ᠤᠯᠵᠤ᠂ ᠬᠠᠮᠲᠤ᠎ᠪᠠᠷ ᠴᠡᠴᠡᠭ᠌ᠯᠡᠨ ᠬᠥᠭ᠌ᠵᠢᠵᠦ᠍᠂ ᠬᠣᠶᠠᠷ ᠤᠯᠤᠰ᠎ᠲᠤ ᠪᠤᠶᠠᠨ ᠦᠢᠯᠡᠳᠴᠦ᠍᠂ ᠳᠡᠯᠡᠬᠡᠢ ᠳ᠋ᠠᠬᠢᠨ᠎ᠳᠤ ᠠᠱᠢᠭ ᠬᠦᠷᠲᠡᠭᠡᠵᠦ᠍ ᠪᠣᠯᠤᠨ᠎ᠠ》 ᠭᠡᠵᠦ᠍ ᠭᠦᠨᠵᠡᠭᠡᠢ ᠵᠢᠭᠠᠵᠤ ᠭᠠᠷᠭᠠᠪᠠ ᠁
ᠳᠤᠮᠳᠠᠳᠤ ᠤᠯᠤᠰ ᠪᠤᠯᠤᠨ ᠠᠮᠧᠷᠢᠺᠠ ᠤᠷᠢᠳ ᠬᠣᠵᠢᠳ ᠰᠸᠢᠰ᠂ ᠠᠨᠭ᠌ᠭ᠌ᠯᠢ᠂ ᠰᠸᠧᠳᠧᠨ᠂ ᠢᠰᠫᠠᠨᠢ ᠪᠣᠯᠤᠨ ᠮᠠᠯᠠᠢ᠌ᠱᠢᠶᠠ ᠳ᠋ᠤ ᠠᠵᠤ ᠠᠬᠤᠢ ᠠᠷᠠᠯᠵᠢᠶᠠᠨ᠎ᠤ ᠵᠥᠪᠳᠡᠯᠴᠡᠭᠡ ᠬᠢᠵᠦ᠍᠂ ᠠᠯᠢ ᠤᠯᠠᠨ ᠮᠥᠨ ᠴᠢᠨᠠᠷ᠎ᠤᠨ ᠠᠬᠢᠴᠠ᠎ᠲᠠᠶ ᠪᠤᠯᠵᠤ᠂ ᠦᠢᠮᠡᠭᠡᠨ ᠳᠡᠪᠵᠢᠶᠡᠨ᠎ᠲᠡᠶ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠪᠠᠢᠷᠢᠱᠢᠯ᠎ᠳᠤ ᠲᠣᠭ᠍ᠲᠠᠪᠤᠷᠢᠳᠤ ᠴᠢᠨᠠᠷ ᠨᠡᠮᠡᠷᠢᠯᠡᠪᠡ᠃
ᠵᠣᠷᠢᠭ᠍ᠲᠠᠢ ᠲᠡᠮᠡᠴᠡᠬᠦ᠌ ᠪᠣᠯ ᠢᠲᠡᠭᠡᠯ ᠵᠣᠷᠢᠭ ᠮᠥᠨ᠂ ᠴᠢᠳᠠᠮᠠᠭᠠᠢ᠎ᠪᠠᠷ ᠲᠡᠮᠡᠴᠡᠬᠦ᠌ ᠪᠣᠯ ᠤᠶᠤᠨ ᠤᠬᠠᠭᠠᠨ ᠮᠥᠨ᠂ ᠤᠯᠤᠰ᠎ᠤᠨ ᠳᠣᠲᠣᠭᠠᠳᠤ᠎ᠳᠠᠭᠠᠨ ᠰᠠᠭᠤᠷᠢᠯᠠᠵᠤ᠂ ᠤᠶᠤᠨ ᠤᠬᠠᠭᠠᠨ᠎ᠢᠶᠠᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠬᠦ᠌ ᠪᠣᠯ ᠰᠠᠶᠢ ᠠᠯᠢᠪᠠ ᠲᠣᠭ᠍ᠲᠠᠭᠠᠯ᠎ᠳᠤ ᠪᠤᠰᠤ ᠴᠢᠨᠠᠷ᠎ᠢ ᠠᠷᠭᠠᠴᠠᠭᠠᠬᠤ ᠦᠨᠳᠦᠰᠦᠨ ᠠᠷᠭ᠎ᠠ ᠵᠠᠮ ᠮᠥᠨ ᠭᠡᠳᠡᠭ᠎ᠢ ᠲᠡᠦᠬᠡ ᠪᠠ ᠦᠢᠯᠡᠳᠦᠯᠭᠡ ᠲᠠᠬᠢᠨ ᠳᠠᠪᠲᠠᠨ ᠭᠡᠷᠡᠴᠢᠯᠡᠪᠠ᠃
ᠠᠶᠤᠯ ᠲᠦᠭ᠌ᠰᠢᠭᠦᠷᠢ ᠥᠷᠢᠰᠥᠯᠳᠦᠭᠡᠨ᠎ᠳᠦ ᠲᠤᠯᠭᠠᠷᠠᠬᠤ ᠳᠤᠳᠤᠮ ᠱᠢᠨ᠎ᠡ᠎ᠶ᠋ᠢ ᠡᠭᠦᠳᠴᠦ᠍ ᠱᠢᠨ᠎ᠡ ᠪᠠᠢᠳᠠᠯ᠎ᠢ ᠨᠡᠭᠡᠭᠡᠬᠦ ᠵᠢ ᠤᠯᠠᠮ ᠪᠠᠷᠢᠮᠲᠠᠯᠠᠬᠤ ᠬᠡᠷᠡᠭ᠌ᠲᠡᠢ᠃
ᠫᠦᠵᠢᠶᠠᠩ ᠮᠥᠷᠡᠨ᠎ᠦ ᠬᠥᠪᠡᠭᠡᠨ᠎ᠳᠦ᠂ ᠱᠠᠩᠬᠠᠢ᠎ᠶ᠋ᠢᠨ 《ᠮᠦᠸᠸ ᠰᠣ᠌ ᠣᠷᠣᠨ ᠵᠠᠢ》 ᠵᠢᠨ ᠶᠡᠬᠡ ᠵᠠᠭ᠍ᠪᠤᠷ᠎ᠤᠨ ᠱᠢᠨ᠎ᠡ᠎ᠶ᠋ᠢ ᠡᠭᠦᠳᠦᠭᠰᠡᠨ ᠠᠮᠢ ᠠᠬᠤᠢ᠎ᠶ᠋ᠢᠨ ᠨᠡᠢᠭᠡᠮ ᠲᠣᠭᠣᠷᠢᠭ ᠶᠠᠭ ᠲᠦᠷᠭᠡᠨ ᠬᠦᠭᠵᠢᠵᠤ ᠪᠤᠢ᠃
2025 ᠣᠨ᠎ᠤ 4 ᠰᠠᠷ᠎ᠠ᠎ᠳᠤ᠂ ᠠᠵᠤ ᠠᠬᠤᠢ ᠠᠷᠠᠯᠵᠢᠶᠠᠨ᠎ᠤ ᠭᠠᠳᠠᠭᠠᠳᠤ ᠣᠷᠴᠢᠨ ᠲᠣᠭᠣᠷᠢᠨ ᠱᠢᠷᠦᠭᠦᠨ ᠬᠡᠯᠪᠡᠯᠵᠡᠵᠦ᠍ ᠪᠠᠢᠬᠰᠠᠨ ᠦᠶ᠎ᠡ᠎ᠳᠤ ᠶᠡᠷᠦᠩᠬᠡᠢ ᠱᠦᠵᠢ ᠰᠢ ᠵᠢᠨ ᠫᠢᠩ ᠡᠨᠳᠡ ᠢᠷᠡᠵᠤ᠂ ᠵᠣᠬᠢᠶᠠᠮᠠᠯ ᠤᠶᠤᠨ ᠴᠢᠳᠠᠪᠤᠷᠢ᠎ᠶ᠋ᠢᠨ ᠠᠵᠤ ᠦᠢᠯᠡᠰ᠎ᠢ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠪᠠ᠃ ᠱᠠᠩᠬᠠᠢ᠎ᠳᠤ ᠢᠷᠡᠬᠦ᠌᠎ᠡᠴᠡ ᠪᠠᠨ ᠡᠮᠦᠨ᠎ᠡ᠂ ᠶᠡᠷᠦᠩᠬᠡᠢ ᠱᠦᠵᠢ ᠲᠥᠪ᠎ᠦᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠬᠠᠮᠲᠤ᠎ᠶ᠋ᠢᠨ ᠰᠤᠷᠤᠯᠴᠠᠯᠭ᠎ᠠ᠎ᠶ᠋ᠢ ᠡᠷᠬᠢᠯᠡᠵᠦ᠍᠂ ᠲᠤᠰ ᠰᠤᠷᠤᠯᠴᠠᠯᠭ᠎ᠠ ᠨᠢ ᠶᠠᠭ 《ᠵᠤᠬᠢᠶᠠᠮᠠᠯ ᠤᠶᠤᠨ ᠴᠢᠳᠠᠪᠤᠷᠢ ᠵᠢᠨ ᠬᠦᠭᠵᠢᠯᠳᠠ ᠪᠠ ᠬᠢᠨᠠᠯᠳᠠ ᠬᠠᠮᠢᠶᠠᠷᠤᠯᠳᠠ ᠵᠢ ᠴᠢᠨᠭᠭᠠᠳᠬᠠᠬᠤ》 ᠬᠡᠬᠦ ᠭᠤᠤᠯ ᠰᠡᠳᠦᠪ ᠲᠤ᠌ ᠠᠨᠭᠬᠠᠷᠤᠯ ᠵᠢᠡᠨ ᠲᠦᠪᠯᠡᠷᠡᠬᠦᠯᠦᠭᠰᠡᠨ ᠪᠠᠢᠨ᠎ᠠ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠤᠰᠢᠭᠤᠴᠢ ᠲᠠᠭᠠᠭᠤᠯᠤᠬᠴᠢ ᠪᠤᠯᠭᠠᠬᠤ ᠭᠡᠷᠡᠭᠳᠠᠢ᠃
ᠡᠨᠡ ᠨᠢᠭᠡ ᠵᠢᠯ᠎ᠳᠦ᠂ ᠶᠡᠷᠦᠩᠬᠡᠢ ᠱᠦᠵᠢ ᠰᠢ ᠵᠢᠨ ᠫᠢᠩ ᠤᠯᠠᠨ ᠤᠳᠠᠭ᠎ᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠠᠮᠤᠭ᠎ᠤᠨ ᠬᠥᠭ᠌ᠵᠢᠶᠡᠨᠲᠡᠢ ᠭᠠᠵᠠᠷ᠎ᠲᠤ ᠭᠦᠨᠵᠡᠭᠡᠢᠷᠡᠵᠦ᠍᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠᠳ᠋ᠡᠬᠢ ᠴᠢᠬᠤᠯᠠ ᠠᠴᠢ ᠬᠣᠯᠪᠣᠭ᠍ᠳᠠᠯᠢ᠋ ᠴᠢᠬᠤᠯᠠᠴᠢᠯᠠᠵᠤ᠂ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠭᠦᠯᠬᠦ᠌ ᠪᠠ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠎ᠶ᠋ᠢ ᠨᠢᠭᠡᠳᠦᠯᠲᠡᠢ ᠲᠥᠯᠥᠪᠵᠢᠭᠦᠯᠬᠦ᠌ ᠲᠤᠬᠠᠢ ᠴᠢᠬᠤᠯᠠ ᠪᠠᠢᠷᠢᠯᠠᠭᠤᠯᠤᠯᠲᠠ ᠬᠢᠵᠡᠢ᠃
《ᠡᠷᠬᠡᠪᠰᠢ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠶ᠋ᠢ ᠨᠡᠩ ᠲᠣᠪᠣᠢᠮ᠎ᠠ ᠪᠠᠢᠯᠳᠤᠬᠤ ᠪᠣᠳᠣᠯᠭ᠎ᠠ᠎ᠶ᠋ᠢᠨ ᠪᠠᠢᠷᠢᠨ᠎ᠳᠤ ᠲᠠᠯᠪᠢᠬᠤ ᠬᠡᠷᠡᠭ᠌ᠲᠡᠶ》;
《ᠡᠯ᠎ᠡ ᠭᠠᠵᠠᠷ᠎ᠤᠨ ᠤᠤᠭᠠᠯ ᠡᠬᠢ ᠪᠠᠶᠠᠯᠢᠭ᠎ᠤᠨ ᠳᠠᠪᠠᠭᠤᠯᠢᠭ᠂ ᠰᠠᠭᠤᠷᠢ ᠨᠥᠬᠥᠴᠡᠯ ᠵᠡᠷᠭᠡ ᠨᠢ ᠠᠳᠠᠯᠢ ᠦᠭᠡᠢ᠂ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠳᠭᠤᠬᠤ᠎ᠳᠤ ᠪᠣᠳᠠᠲᠠᠢ᠎ᠡᠴᠡ ᠡᠭᠦᠰᠴᠦ᠍᠂ ᠠᠵᠤ ᠠᠬᠤᠢ᠎ᠶ᠋ᠢᠨ ᠵᠢᠮ᠎ᠡ ᠶᠣᠰᠣ᠎ᠶ᠋ᠢ ᠵᠢᠷᠤᠮᠯᠠᠵᠤ᠂ ᠲᠤᠰ ᠪᠡᠶ᠎ᠡ᠎ᠶ᠋ᠢᠨ ᠣᠨᠴᠠᠯᠢᠭ᠎ᠢᠶᠠᠨ ᠲᠤᠪᠤᠢ᠌ᠯᠭᠠᠬᠤ ᠬᠡᠷᠡᠭ᠌ᠲᠡᠢ》;
《ᠤᠯᠠᠮᠵᠢᠯᠠᠯᠲᠤ ᠠᠵᠤ ᠦᠢᠯᠡᠰ᠎ᠢ ᠴᠥᠮ 〈ᠲᠤᠤᠷᠠᠳᠤ ᠲᠡᠰ᠎ᠤᠨ ᠠᠵᠤ ᠦᠢᠯᠡᠰ〉᠂ 〈ᠬᠣᠴᠣᠷᠤᠩᠭᠤᠢ ᠠᠵᠤ ᠦᠢᠯᠡᠰ〉 ᠭᠡᠵᠤ ᠦᠵᠡᠭᠡᠳ ᠨᠢᠭᠡ ᠯᠡ ᠳᠣᠣᠷ᠎ᠠ ᠵᠣᠭ᠍ᠰᠣᠭᠠᠵᠤ ᠶᠠᠭᠠᠬᠢᠭ᠍ᠰᠠᠨ ᠴᠤ᠌ ᠪᠣᠯᠬᠤ ᠦᠭᠡᠢ》᠁
ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠪᠣᠯᠤᠨ ᠴᠢᠩ ᠰᠡᠳᠭᠢᠯ᠎ᠦᠨ ᠵᠠᠬᠢᠶ᠎ᠠ᠎ᠳᠤ᠂ ᠱᠢᠨ᠎ᠡ ᠪᠠ ᠬᠠᠭᠤᠴᠢᠨ᠂ ᠡᠪᠳᠡᠬᠦ᠌ ᠪᠠ ᠪᠠᠢᠭᠤᠯᠬᠤ᠂ ᠤᠷᠤᠭ᠍ᠰᠢᠯᠠᠬᠤ ᠪᠠ ᠲᠣᠭ᠍ᠲᠠᠭᠤᠨ ᠪᠠᠢᠯᠭᠠᠬᠤ᠎ᠶ᠋ᠢᠨ ᠬᠤᠪᠢᠰᠤᠩᠭᠤᠢ ᠡᠵᠡᠮᠱᠢᠯ ᠠᠭᠤᠯᠤᠭ᠍ᠳᠠᠵᠤ᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠴᠢᠭᠯᠡᠯ ᠢ᠋ ᠲᠤᠳᠤᠷᠬᠠᠢ ᠵᠢᠭᠠᠵᠤ ᠦᠭᠴᠡᠢ᠃
ᠡᠨᠡ ᠨᠢᠭᠡ ᠵᠢᠯ᠎ᠳᠦ᠂ ᠤᠯᠤᠰ᠎ᠲᠠᠭᠠᠨ ᠦᠢᠯᠡᠳᠪᠦᠷᠢᠯᠡᠭ᠌ᠰᠡᠨ ᠵᠣᠬᠢᠶᠠᠮᠠᠯ ᠤᠶᠤᠨᠴᠢᠳᠠᠪᠤᠷᠢᠶ᠋ᠢᠨ ᠲᠤᠮᠤ ᠵᠠᠭ᠍ᠪᠤᠷ ᠪᠦᠬᠦ᠌ ᠪᠥᠮᠪᠥᠷᠴᠡᠭ᠎ᠦᠨ ᠠᠩᠬᠠᠷᠤᠯ᠎ᠢ ᠲᠠᠲᠠᠵᠤ᠂ ᠪᠡᠶ᠎ᠡ᠎ᠳᠤ ᠤᠶᠤᠨ᠎ᠤ ᠬᠥᠭ᠌ᠵᠢᠯᠲᠡ ᠲᠦᠷᠭᠡᠨ᠎ᠦ ᠵᠠᠮ᠎ᠳᠤ ᠣᠷᠣᠵᠤ᠂ 《ᠳᠣᠷᠣᠨᠠᠳᠠᠬᠢᠨ᠎ᠤ ᠬᠡᠳᠦ ᠲᠤᠮᠤ ᠴᠠᠭᠠᠷᠢᠭ》᠂ 《ᠽᠣ᠌ ᠴᠥᠩ ᡁᠢ ᠭᠤᠷᠪᠠᠳᠤᠭᠠᠷ ᠨᠤᠮᠸᠷᠳᠤ》 ᠳᠡᠯᠡᠬᠡᠢ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠪᠦᠬᠦ᠌ ᠪᠥᠮᠪᠥᠷᠴᠡᠭ᠎ᠦᠨ ᠡᠯᠧᠺᠲ᠋ᠷᠣᠨ ᠴᠢᠮᠡᠭᠡ ᠬᠣᠯᠪᠣᠭᠠᠨ᠎ᠤ ᠠᠵᠤ ᠦᠢᠯᠡᠰ ᠭᠡᠳᠤ ᠥᠨᠳᠥᠷ ᠬᠤᠷᠳᠤᠴᠠ᠎ᠶ᠋ᠢᠨ ᠲᠤᠬᠢᠶ᠎ᠠ — 《ᠳᠤᠮᠳᠠᠳᠤ ᠤᠯᠤᠰ᠎ᠤᠨ ᠪᠠᠷᠢᠮᠵᠢᠶ᠎ᠠ ᠱᠤᠭᠤᠮ》᠎ᠢ᠋ ᠤᠬᠳᠤᠵᠤ ᠁ ᠦᠨᠭᠭᠡ ᠭᠡᠷᠡᠯᠳᠤ ᠴᠠᠭ ᠮᠦᠴᠡ ᠨᠢᠭᠡ ᠪᠦᠷᠢ᠂ ᠳᠤᠮᠳᠠᠳᠤ ᠤᠯᠤᠰ᠎ᠤᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠢᠳᠡᠷᠡᠭᠦᠨ ᠠᠯᠬᠤᠭ᠎ᠠ᠎ᠶ᠋ᠢ ᠭᠡᠷᠡᠴᠢᠯᠡᠪᠡ᠃
ᠭᠠᠬᠴᠠ ᠬᠦ᠌ ᠱᠢᠨ᠎ᠡ᠎ᠶ᠋ᠢ ᠡᠭᠦᠳᠦᠭ᠌ᠴᠢᠳ ᠲᠠᠪᠰᠢᠵᠤ᠂ ᠱᠢᠨ᠎ᠡ᠎ᠶ᠋ᠢ ᠡᠭᠦᠳᠦᠭ᠌ᠴᠢᠳ ᠬᠦᠴᠦᠷᠬᠡᠭ᠌ᠵᠢᠨ᠎ᠡ᠃
2025 ᠣᠨ᠎ᠳᠤ᠂ ᠳᠤᠮᠳᠠᠳᠤ ᠤᠯᠤᠰ ᠪᠦᠬᠦ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ᠌ ᠵᠢᠭᠠᠯᠲᠠ ᠲᠣᠭ᠎ᠠ᠎ᠶ᠋ᠢᠨ ᠨᠡᠷᠡᠰ᠎ᠦᠨ ᠵᠢᠭ᠍ᠰᠠᠭᠠᠯᠲᠠ᠎ᠳᠤ ᠠᠩᠬ᠎ᠠ ᠤᠳᠠᠭ᠎ᠠ ᠡᠮᠦᠨ᠎ᠡ ᠠᠷᠪᠠ᠎ᠳᠤ ᠣᠷᠣᠵᠤ᠂ 10 ᠭᠠᠷᠤᠢ ᠵᠢᠯ᠎ᠦᠨ ᠲᠤᠷᠱᠢᠬᠢ ᠱᠢᠨ᠎ᠡ᠎ᠶ᠋ᠢ ᠡᠭᠦᠳᠬᠦ᠌ ᠬᠦᠴᠦᠨ᠎ᠦ ᠳᠡᠭᠡᠭ᠌ᠰᠢᠯᠡᠯᠲᠡ ᠬᠠᠮᠤᠭ᠎ᠤᠨ ᠲᠦᠷᠭᠡᠨ ᠪᠤᠯᠬᠤ ᠠᠵᠤ ᠠᠬᠤᠢ᠎ᠶ᠋ᠢᠨ ᠴᠣᠭ᠍ᠴᠠ᠎ᠶ᠋ᠢᠨ ᠨᠢᠭᠡ ᠪᠤᠯᠵᠤ᠂ ᠱᠧᠨᠵᠧᠨ — ᠱᠢᠶᠠᠩᠭᠠᠩ — ᠭᠤᠸᠠᠩᠵᠧᠦ ᠪᠦᠬᠦ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ᠌ ᠪᠦᠯᠦᠭ᠌ᠵᠢᠯ᠎ᠦᠨ ᠲᠡᠷᠢᠭᠦᠨ ᠨᠡᠷᠡᠰ ᠲᠤ᠌ ᠣᠷᠣᠪᠠ᠃
ᠠᠶᠤᠯ ᠲᠦᠭ᠌ᠰᠢᠭᠦᠷᠢ ᠥᠷᠢᠰᠥᠯᠳᠦᠭᠡᠨ᠎ᠳᠦ ᠲᠤᠯᠭᠠᠷᠠᠬᠤ ᠳᠤᠳᠤᠮ ᠨᠡᠬᠡᠬᠡᠯᠳᠡ᠎ᠡᠴᠡ ᠠᠮᠢᠵᠢᠷᠠᠯ᠎ᠤᠨ ᠬᠦᠴᠦᠨ ᠣᠯᠵᠤ᠂ ᠥᠭᠡᠷᠡᠴᠢᠯᠡᠯᠲᠡ᠎ᠡᠴᠡ ᠬᠥᠳᠡᠯᠭᠡᠬᠦ᠌ ᠬᠦᠴᠦᠨ ᠤᠯᠬᠤ ᠬᠡᠷᠡᠭ᠌ᠲᠡᠢ᠃
2025 ᠣᠨ᠎ᠤ 11 ᠰᠠᠷ᠎ᠠ᠎ᠶ᠋ᠢᠨ ᠡᠬᠢ᠎ᠪᠡᠷ᠂ ᠶᠡᠷᠦᠩᠬᠡᠢ ᠱᠦᠵᠢ ᠰᠢ ᠵᠢᠨ ᠫᠢᠩ ᠡᠮᠦᠨᠡᠰᠢ ᠮᠣᠷᠳᠠᠵᠤ᠂ ᠬᠠᠢᠨᠠᠨ᠂ ᠭᠤᠸᠠᠩᠳᠦ᠋ᠩ ᠬᠣᠶᠠᠷ ᠮᠤᠵᠢ᠎ᠳᠤ ᠭᠦᠨᠵᠡᠭᠡᠢᠷᠡᠨ ᠱᠢᠨᠵᠢᠯᠡᠨ ᠪᠠᠢᠴᠠᠭᠠᠪᠠ᠃
ᠬᠠᠢᠨᠠᠨ᠎ᠳᠤ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠳᠦᠬᠡᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠭᠤ᠎ᠳᠠᠭᠠᠨ᠂ ᠶᠡᠷᠦᠩᠬᠡᠢ ᠱᠦᠵᠢ᠄《ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠪᠦᠳᠦᠬᠡᠨ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠬᠠᠷᠠᠯᠲᠠ ᠪᠣᠯ ᠳᠠᠷᠤᠢ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠮᠠᠨ᠎ᠤ ᠤᠯᠤᠰ᠎ᠤᠨ ᠱᠢᠨ᠎ᠡ ᠴᠠᠭ ᠦᠶ᠎ᠡ᠎ᠶ᠋ᠢᠨ ᠭᠠᠳᠠᠭᠠᠳᠤ ᠨᠡᠬᠡᠬᠡᠯᠳᠡ᠎ᠶ᠋ᠢ ᠬᠦᠳᠦᠯᠦᠨ ᠳᠠᠭᠠᠭᠤᠯᠬᠤ ᠴᠢᠬᠤᠯᠠ ᠡᠭᠦᠳᠡ ᠬᠠᠭᠠᠯᠭ᠎ᠠ ᠪᠣᠯᠭᠠᠨ ᠪᠦᠳᠦᠬᠡᠨ ᠪᠠᠢᠭᠤᠯᠬᠤ ᠶᠠᠪᠤᠳᠠᠯ ᠪᠣᠯᠤᠨ᠎ᠠ》 ᠭᠡᠵᠤ ᠴᠢᠬᠤᠯᠠᠴᠢᠯᠠᠪᠠ᠃
ᠲᠡᠦᠬᠡ᠎ᠶ᠋ᠢᠨ ᠬᠤᠷᠤᠮ ᠮᠥᠴᠡ ᠶᠡᠷᠦ᠍ ᠨᠢ ᠵᠠᠩᠭᠢᠯᠠᠭ᠎ᠠ᠎ᠶ᠋ᠢᠨ ᠦᠶ᠎ᠡ᠎ᠳᠦ ᠤᠯᠠ ᠮᠥᠷ᠎ᠢᠶᠡᠨ ᠦᠯᠡᠳᠡᠭᠡᠳᠡᠭ᠃ 2025 ᠤᠨ᠎ᠤ 12 ᠰᠠᠷ᠎ᠠ᠎ᠶ᠋ᠢᠨ 18᠎ᠤ᠋ ᠡᠳᠦᠷ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ ᠪᠦᠬᠦ᠌ ᠠᠷᠠᠯ᠎ᠢᠶᠠᠷ᠎ᠢᠶᠠᠨ ᠪᠣᠭᠣᠮᠲᠠ ᠬᠠᠭᠠᠬᠤ ᠠᠵᠢᠯ᠎ᠢᠶᠠᠨ ᠵᠢᠩᠬᠢᠨᠢ᠎ᠪᠡᠷ ᠡᠬᠢᠯᠡᠭᠦᠯᠪᠡ᠃ 1978 ᠣᠨ᠎ᠤ ᠡᠨᠡ ᠡᠳᠦᠷ᠂ ᠴᠠᠭ ᠦᠶ᠎ᠡ᠎ᠶ᠋ᠢ ᠵᠠᠭᠠᠭ᠍ᠯᠠᠭ᠍ᠰᠠᠨ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ ᠬᠤᠷᠠᠯᠳᠤᠪᠠ᠃
ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠣᠭᠣᠮᠲᠠ᠎ᠶ᠋ᠢ ᠬᠠᠭᠠᠵᠤ ᠠᠵᠢᠯᠯᠠᠬᠤ ᠡᠨᠡ ᠬᠦ᠌ 《ᠪᠡᠯᠭᠡ ᠳᠡᠮᠳᠡᠭ᠎ᠦᠨ ᠴᠢᠨᠠᠷᠲᠠᠢ ᠠᠷᠭ᠎ᠠ ᠬᠡᠮᠵᠢᠶ᠎ᠡ》 ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠥᠭᠡᠷᠡᠴᠢᠯᠡᠯᠲᠡ ᠨᠡᠬᠡᠬᠡᠯᠳᠡ᠎ᠶ᠋ᠢ ᠡᠴᠦᠰ᠎ᠲᠦᠨᠢ ᠲᠤᠯᠲᠠᠯ᠎ᠠ ᠬᠢᠬᠦ᠌ ᠡᠷᠡᠰ ᠵᠣᠷᠢᠭ᠎ᠢ ᠬᠠᠷᠠᠭᠤᠯᠵᠤ ᠪᠠᠢᠨ᠎ᠠ᠃ 《ᠪᠢᠳᠡ ᠳᠤᠮᠳᠠᠳᠤ ᠤᠯᠤᠰ᠎ᠤᠨ ᠣᠨᠴᠠᠯᠢᠭ ᠪᠦᠬᠦᠢ ᠥᠭᠡᠷᠡᠴᠢᠯᠡᠯᠲᠡ ᠨᠡᠬᠡᠬᠡᠯᠳᠡ᠎ᠶ᠋ᠢᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠠᠯᠬᠤᠮ ᠠᠯᠬᠤᠮ᠎ᠢᠶᠠᠷ ᠡᠨᠳᠡ ᠬᠦᠷᠴᠤ ᠢᠷᠡᠵᠡᠢ》᠃ ᠶᠡᠷᠦᠩᠬᠡᠢ ᠱᠦᠵᠢ ᠰᠢ ᠵᠢᠨ ᠫᠢᠩ᠎ᠦᠨ ᠦᠭᠡ ᠨᠢᠬᠡ ᠪᠦᠷᠢ ᠳ᠋ᠤ ᠬᠦᠰᠡᠯ ᠡᠷᠡᠮᠡᠯᠵᠡᠯ᠎ᠢᠶᠡᠷ ᠪᠢᠯᠬᠠᠨ᠎ᠠ᠃
ᠡᠨᠡ ᠨᠢᠭᠡ ᠵᠢᠯ᠎ᠳᠦ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠠᠵᠢᠯ ᠲᠠᠰᠤᠷᠠᠯᠲᠠ ᠦᠭᠡᠢ ᠥᠷᠭᠡᠵᠢᠨ ᠭᠦᠨᠵᠡᠭᠡᠢᠷᠡᠪᠡ᠃
ᠠᠷᠠᠳ᠎ᠤᠨ ᠡᠵᠡᠨᠭᠨᠡᠯᠳᠠ ᠵᠢᠨ ᠠᠵᠤ ᠠᠬᠤᠢ᠎ᠶ᠋ᠢ ᠠᠬᠢᠭᠤᠯᠬᠤ ᠬᠠᠤᠯᠢ᠎ᠶ᠋ᠢ ᠬᠡᠷᠡᠭ᠌ᠵᠢᠭᠦᠯᠵᠦ᠍᠂ 《ᠵᠠᠬ᠎ᠠ ᠳᠡᠯᠭᠡᠭᠦᠷ᠎ᠲᠦ ᠣᠷᠣᠬᠤ ᠵᠢ ᠵᠥᠪᠱᠢᠶᠡᠷᠡᠬᠦ ᠨᠠᠵᠠᠭᠠᠢ ᠲᠠᠯ᠎ᠠ᠎ᠶ᠋ᠢᠨ ᠨᠠᠷᠢᠨ ᠲᠠᠨᠭᠰᠠ (2025 ᠣᠨ᠎ᠤ ᠬᠡᠪᠯᠡᠯ)》 ᠶ᠋ᠢ ᠨᠡᠢᠲᠡᠯᠡᠵᠦ᠍᠂ ᠪᠦᠬᠦ᠌ ᠤᠯᠤᠰ᠎ᠤᠨ ᠬᠡᠰᠡᠭ ᠭᠠᠵᠠᠷ ᠣᠷᠣᠨ᠎ᠳᠤ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ ᠵᠢᠨ ᠴᠡᠭ᠎ᠢ ᠬᠡᠷᠡᠭ᠌ᠵᠢᠭᠦᠯᠵᠦ᠍᠂ 《ᠳᠣᠲᠣᠭᠠᠳᠤ ᠰᠢᠷᠦᠬᠦᠨ ᠦᠷᠢᠰᠤᠯᠳᠤᠬᠦ》 ᠮᠠᠶᠢᠭ ᠤ᠋ᠨ ᠥᠷᠢᠰᠥᠯᠳᠦᠭᠡᠨ᠎ᠢ ᠶᠡᠷᠦᠩᠬᠡᠢᠯᠡᠨ ᠴᠡᠭ᠌ᠴᠡᠯᠡᠨ ᠵᠠᠰᠠᠪᠠ ᠁ ᠠᠵᠤ ᠠᠬᠤᠢ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠪᠡᠷ ᠵᠢᠯᠣᠭᠣᠳᠤᠮᠵᠢ ᠪᠣᠯᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠡᠴᠡ ᠪᠠᠢᠷᠢᠯᠠᠭᠤᠯᠤᠭ᠍ᠰᠠᠨ 300 ᠭᠠᠷᠤᠢ ᠵᠦᠢᠯ᠎ᠦᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠠᠯᠬᠤᠮ ᠠᠯᠬᠤᠮ᠎ᠢᠶᠠᠷ ᠨᠠᠢᠳᠠᠪᠤᠷᠢᠵᠢᠭᠤᠯᠪᠠ᠃
ᠡᠨᠡ ᠨᠢᠭᠡ ᠵᠢᠯ᠎ᠳᠦ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍ ᠨᠠᠩ ᠭᠦᠨ ᠳᠠᠪᠬᠤᠷᠭ᠎ᠠ ᠳᠠᠢᠰᠢ ᠲᠠᠰᠤᠷᠠᠯᠲᠠ ᠥᠬᠡᠶ ᠠᠬᠢᠭᠤᠯᠪᠠ᠃
ᠴᠠᠬᠢᠯᠭᠠᠨ ᠴᠢᠮᠡᠬᠡ ᠬᠣᠯᠪᠣᠭ᠎ᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ᠎ᠳ᠋ᠡᠬᠢ ᠨᠡᠬᠡᠬᠡᠯᠳᠡ᠎ᠶ᠋ᠢ ᠡᠮᠬᠢ ᠵᠢᠷᠤᠮ᠎ᠲᠠᠶ ᠥᠷᠭᠡᠳᠭᠡᠬᠦ᠌᠎ᠶ᠋ᠢ ᠠᠬᠢᠭᠤᠯᠵᠤ᠂ ᠭᠠᠭ᠍ᠴᠠ ᠲᠠᠯ᠎ᠠ᠎ᠡᠴᠡ ᠦᠯᠤ ᠸᠢᠰᠠᠯᠠᠬᠤ 《ᠨᠠᠢᠵᠠ᠎ᠶ᠋ᠢᠨ ᠲᠣᠭᠣᠷᠢᠭ》 ᠢ᠋ ᠤᠯᠠᠮ ᠨᠢᠭᠡ ᠠᠯᠬᠤᠮ ᠥᠷᠭᠡᠳᠭᠡᠵᠦ᠍᠂ ᠱᠠᠩᠬᠠᠢ᠎ᠶ᠋ᠢᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ 77 ᠵᠤᠷᠪᠤᠰ ᠲᠤᠷᠱᠢᠯᠲᠠ᠎ᠶ᠋ᠢᠨ ᠴᠡᠭ᠎ᠦᠨ ᠠᠷᠭ᠎ᠠ ᠬᠡᠮᠵᠢᠶ᠎ᠡ᠎ᠶ᠋ᠢ ᠲᠡᠷᠡ ᠬᠡᠪ᠎ᠢᠶᠡᠷ ᠨᠢ ᠳᠡᠯᠭᠡᠷᠡᠭᠦᠯᠪᠠ ᠁ ᠨᠡᠬᠡᠬᠡᠯᠳᠡ ᠬᠢᠬᠦ᠌ ᠡᠭᠦᠳᠡ᠎ᠪᠡᠨ ᠤᠯᠠᠮ ᠶᠡᠬᠡ ᠨᠡᠭᠡᠭᠡᠵᠦ᠍᠂ ᠳᠦᠷᠢᠮ᠎ᠦᠨ ᠬᠡᠯᠪᠡᠷᠢ᠎ᠶ᠋ᠢᠨ ᠨᠡᠬᠡᠬᠡᠯᠳᠡ᠎ᠶ᠋ᠢᠨ 《ᠦᠨ᠎ᠡ ᠦᠷᠳᠡᠭ》 ᠤᠯᠠᠮ ᠨᠢᠭᠡ ᠠᠯᠬᠤᠮ ᠳᠡᠭᠡᠭ᠌ᠰᠢᠯᠡᠪᠡ᠃
《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠥᠭᠡᠷᠡᠴᠢᠯᠡᠯᠲᠡ ᠨᠡᠭᠡᠭᠡᠯᠲᠡ᠎ᠶ᠋ᠢᠨ ᠳᠤᠮᠳᠠ ᠲᠠᠰᠤᠷᠠᠯᠲᠠ ᠦᠭᠡᠢ ᠤᠷᠤᠬᠰᠢ ᠠᠬᠢᠵᠤ᠂ ᠮᠥᠨ ᠴᠦ᠍ ᠥᠭᠡᠷᠡᠴᠢᠯᠡᠯᠲᠡ ᠨᠡᠭᠡᠭᠡᠯᠲᠡ᠎ᠶ᠋ᠢᠨ ᠳᠤᠮᠳᠠ ᠥᠷᠭᠡᠨ ᠠᠭᠤᠳᠠᠮ ᠠᠯᠤᠰ ᠢᠷᠡᠭᠡᠳᠦᠢ᠎ᠶ᠋ᠢ ᠨᠡᠭᠡᠭᠡᠬᠦ᠌ ᠨᠢ ᠯᠠᠪᠲᠠᠢ ᠶᠤᠮ》᠃
ᠬᠦᠴᠢᠷ ᠪᠡᠷᠭᠡᠰᠢᠶᠠᠯ ᠢ᠋ ᠢᠯᠠᠨ ᠲᠠᠪᠠᠵᠤ᠂ ᠰᠠᠯᠬᠢ ᠪᠤᠷᠤᠭᠠᠨ ᠢ᠋ ᠲᠤᠭᠤᠯᠤᠨ᠎ᠠ; ᠠᠭᠤᠯᠠ ᠳᠠᠭᠠᠷᠠᠪᠠᠯ ᠵᠠᠮ ᠨᠡᠭᠡᠭᠡᠵᠦ᠍᠂ ᠤᠰᠤ ᠳᠠᠭᠠᠷᠠᠪᠠᠯ ᠬᠥᠭᠥᠷᠭᠡ ᠲᠠᠯᠪᠢᠨ᠎ᠠ᠃
ᠳᠤᠮᠳᠠᠳᠤ ᠤᠯᠤᠰ᠎ᠤᠨ ᠬᠥᠭ᠌ᠵᠢᠯᠲᠡ ᠳᠠᠪᠱᠢᠯᠲᠠ ᠶᠡᠷᠦ᠍᠎ᠡᠴᠡ ᠡᠢᠮᠦ᠍ ᠪᠠᠢᠳᠠᠭ᠂ ᠪᠣᠭᠣᠮᠲᠠ ᠱᠢᠪᠲᠤᠯᠬᠤ ᠳᠤᠮᠳᠠ ᠲᠠᠰᠤᠷᠠᠯᠲᠠ ᠦᠭᠡᠢ ᠵᠠᠮ ᠨᠡᠭᠡᠭᠡᠵᠦ᠍᠂ ᠴᠤᠴᠠᠯᠲᠠ ᠦᠭᠡᠢ ᠤᠷᠤᠭ᠍ᠰᠢᠯᠠᠳᠠᠭ᠃
ᠢᠯᠠᠯᠲᠠ᠎ᠶ᠋ᠢᠨ ᠡᠷᠴᠢᠨ ᠳᠡᠭᠡᠷ᠎ᠡ ᠪᠡᠨ ᠤᠷᠤᠬᠰᠢᠯᠠᠵᠤ ᠠᠤᠭ᠎ᠠ ᠵᠢᠷᠤᠭ ᠲᠥᠰᠦᠪ᠎ᠢ ᠵᠢᠷᠤᠭ᠍ᠯᠠᠪᠠ
— 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠬᠠᠷᠠᠯᠲᠠ᠎ᠲᠠᠶ᠂ ᠲᠥᠯᠥᠪᠵᠢᠭᠦᠯᠭᠡ ᠲᠡᠶ᠂ ᠪᠠᠢᠯᠳᠤᠬᠤ ᠪᠣᠳᠣᠯᠭ᠎ᠠ ᠲᠠᠶ ᠪᠠᠢᠪᠠᠯ ᠯᠠᠪᠲᠠᠶ ᠪᠡᠶᠡᠯᠡᠭ᠌ᠳᠡᠨ᠎ᠡ》
2025 ᠣᠨ᠎ᠤ 10 ᠰᠠᠷ᠎ᠠ᠎ᠶ᠋ᠢᠨ 23᠎ᠤ᠋ ᠡᠳᠦᠷ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ᠂ ᠬᠠᠯᠠᠭᠤᠨ ᠠᠯᠠᠭ᠎ᠠ ᠲᠡᠱᠢᠯᠲᠡ᠎ᠶ᠋ᠢᠨ ᠳᠤᠮᠳᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠡᠴᠡ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠠᠨᠠᠭᠤᠯᠭ᠎ᠠ》 ᠶ᠋ᠢ ᠬᠢᠨᠠᠨ ᠵᠦᠪᠯᠡᠵᠤ ᠪᠠᠲᠤᠯᠠᠪᠠ᠃
ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤ᠋ᠨ ᠡᠪ ᠬᠠᠮᠲᠤᠴᠤᠳ ᠠᠭᠤᠤ ᠶᠡᠬᠡ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠳᠤᠮᠳᠠᠳᠤ ᠤᠯᠤᠰ᠎ᠤ᠋ᠨ ᠮᠠᠶᠢᠭ ᠤ᠋ᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠠᠵᠤ ᠠᠬᠤᠢ᠎ᠶ᠋ᠢᠨ ᠲᠦᠷᠭᠡᠨ ᠬᠥᠭ᠌ᠵᠢᠯᠲᠡ ᠪᠠ ᠨᠡᠢᠭᠡᠮ᠎ᠦᠨ ᠤᠷᠲᠤ ᠬᠤᠭᠤᠴᠠᠭᠠᠨ᠎ᠤ ᠲᠣᠭ᠍ᠲᠠᠭᠤᠨ ᠪᠠᠢᠳᠠᠯ ᠬᠣᠶᠠᠷ ᠶᠡᠬᠡ ᠭᠠᠢᠬᠠᠮᠱᠢᠭ᠎ᠤᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠬᠦ᠌ ᠣᠮᠣᠭ ᠲᠡᠭᠦᠯᠳᠡᠷ ᠲᠤᠩᠬᠠᠭ᠎ᠢ ᠨᠡᠢᠲᠡᠯᠡᠪᠡ᠃
《ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠪᠣᠯ ᠨᠢᠭᠡᠨ ᠱᠠᠲᠤᠯᠢᠭ ᠮᠠᠶᠢᠭ᠎ᠢᠶᠠᠷ ᠠᠬᠢᠨ ᠲᠠᠪᠱᠢᠬᠤ᠂ ᠲᠠᠰᠤᠷᠠᠯᠳᠠ ᠦᠭᠡᠢ ᠬᠥᠭ᠌ᠵᠢᠨ ᠲᠠᠪᠱᠢᠬᠤ ᠲᠡᠦᠬᠡᠨ ᠶᠠᠪᠤᠴᠠ ᠮᠥᠨ ᠪᠣᠯᠬᠣᠷ ᠴᠥᠬᠥᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠬᠦ᠌ ᠴᠢᠬᠤᠯᠠᠲᠠᠢ ᠶᠤᠮ》᠃ ᠡᠨᠡ ᠤᠳᠠᠭ᠎ᠠ᠎ᠶ᠋ᠢᠨ ᠪᠥᠬᠥᠳᠡ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠭᠦᠨᠵᠡᠭᠡᠶ ᠥᠭᠦᠯᠡᠵᠡᠶ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠱᠠᠳᠤ ᠦᠶ᠎ᠡ ᠬᠤᠪᠢᠶᠠᠨ ᠠᠯᠬᠤᠮ ᠲᠠᠷᠠᠭᠠᠲᠠᠶᠪᠠᠷ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠪᠢᠳᠡᠨ᠎ᠦ ᠣᠷᠣᠱᠢᠵᠤ ᠪᠠᠢᠭ᠎ᠠ ᠴᠠᠭ ᠦᠶ᠎ᠡ᠎ᠶ᠋ᠢᠨ ᠪᠠᠢᠷᠢᠱᠢᠯ᠂ ᠲᠡᠦᠬᠡ᠎ᠶ᠋ᠢᠨ ᠣᠷᠣᠨ ᠪᠠᠢᠷᠢ᠎ᠶ᠋ᠢ ᠬᠡᠷᠬᠢᠨ ᠣᠢᠯᠠᠭᠠᠬᠤ ᠪᠤᠢ? ᠬᠡᠷᠬᠢᠨ ᠬᠤᠪᠢᠷᠠᠯᠲᠠ᠎ᠶ᠋ᠢ ᠠᠷᠭᠠᠴᠠᠭᠠᠵᠤ᠂ ᠪᠦᠬᠦ᠌ ᠲᠠᠯ᠎ᠠ᠎ᠶ᠋ᠢ ᠨᠢᠭᠡᠳᠦᠯᠲᠡᠶ ᠲᠥᠯᠤᠪᠵᠢᠬᠦᠯᠬᠦ᠌ ᠪᠤᠶ? ᠶᠠᠭᠤᠨ᠎ᠳᠤ ᠲᠦᠱᠢᠭ᠌ᠯᠡᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠡᠷᠴᠢ ᠵᠣᠷᠢᠭ᠎ᠢ ᠬᠥᠪᠴᠢᠯᠡᠬᠦ᠌ ᠪᠤᠢ?
ᠡᠭᠡᠳᠡᠷᠡᠭᠡᠨ ᠪᠤᠳᠤᠯᠢᠶᠠᠨᠳᠠᠢ ᠶᠢᠷᠳᠢᠨᠴᠤ ᠵᠢᠨ ᠶᠠᠪᠤᠳᠠᠯ ᠢ᠋ ᠠᠮᠢᠳᠤᠯᠢᠭ ᠤᠯᠠᠨ ᠡᠰᠢᠳᠤ ᠠᠷᠭ᠎ᠠ ᠬᠡᠮᠵᠢᠶ᠎ᠠ ᠪᠡᠷ ᠠᠷᠭᠠᠴᠠᠭᠠᠬᠤ ᠭᠡᠷᠡᠭᠳᠠᠢ᠃ ᠨᠡᠩ ᠭᠦᠨᠵᠡᠭᠡᠢ ᠨᠠᠷᠢᠨ ᠪᠤᠳᠤᠯᠢᠶᠠᠨᠲᠠᠢ ᠬᠥᠭ᠌ᠵᠢᠯᠲᠡ᠎ᠶ᠋ᠢᠨ ᠣᠷᠴᠢᠨ ᠲᠤᠭᠤᠷᠢᠨ᠎ᠳᠤ ᠬᠠᠨᠳᠤᠵᠤ᠂ ᠨᠡᠩ ᠤᠯᠠᠨ ᠬᠦᠴᠢᠷ ᠠᠰᠠᠭᠤᠳᠠᠯ᠎ᠳᠤ ᠬᠠᠨᠳᠤᠵᠤ᠂ ᠶᠡᠷᠦᠩᠬᠡᠢ ᠱᠦᠵᠢ ᠰᠢ ᠵᠢᠨ ᠫᠢᠩ ᠡᠷᠡᠰ ᠪᠠᠲᠤ ᠪᠠᠢᠯᠳᠤᠬᠤ ᠪᠤᠳᠤᠯᠭ᠎ᠠ᠎ᠶ᠋ᠢᠨ ᠰᠡᠷᠭᠡᠭ ᠴᠢᠨᠠᠷ᠂ ᠠᠤᠭ᠎ᠠ ᠶᠡᠬᠡ ᠪᠠᠢᠯᠳᠤᠬᠤ ᠪᠤᠳᠤᠯᠭ᠎ᠠ᠎ᠶ᠋ᠢᠨ ᠬᠠᠷᠠᠴᠠ᠎ᠪᠠᠷ ᠵᠠᠯᠠᠭᠤᠷ᠎ᠢ ᠡᠵᠡᠮᠳᠡᠨ ᠠᠶᠠᠯᠠᠯ᠎ᠢ ᠳᠠᠭᠠᠭᠤᠯᠵᠤ᠂ ᠪᠦᠬᠦ᠌ ᠲᠠᠯ᠎ᠠ ᠪᠣᠯᠤᠨ ᠠᠯᠤᠰ ᠬᠡᠳᠤ᠎ᠶ᠋ᠢᠨ ᠲᠠᠯ᠎ᠠ᠎ᠡᠴᠡ ᠬᠡᠷᠡᠭ ᠪᠣᠳᠠᠰ᠎ᠤᠨ ᠬᠥᠭ᠌ᠵᠢᠯᠲᠡ᠎ᠶ᠋ᠢᠨ ᠶᠡᠷᠦᠩᠬᠡᠢ ᠬᠠᠨᠳᠤᠰᠢ ᠪᠣᠯᠤᠨ ᠴᠢᠭ᠌ᠯᠡᠯ᠎ᠢ ᠡᠵᠡᠮᠳᠡᠵᠦ᠍᠂ ᠰᠠᠨᠠᠭᠠᠴᠢᠯᠠᠭᠠᠲᠤ ᠡᠷᠬᠡ᠎ᠶ᠋ᠢ ᠡᠷᠢᠯᠬᠢᠯᠡᠵᠦ᠍᠂ ᠳᠠᠪᠠᠭᠤᠯᠢᠭ᠎ᠢᠶᠠᠨ ᠪᠠᠳᠠᠷᠠᠭᠤᠯᠵᠤ᠂ ᠢᠯᠠᠯᠲᠠ᠎ᠶ᠋ᠢ ᠲᠡᠮᠡᠴᠡᠨ ᠤᠯᠪᠠ᠃
ᠪᠠᠢᠯᠳᠤᠬᠤ ᠪᠤᠳᠤᠯᠭ᠎ᠠ᠎ᠶ᠋ᠢᠨ ᠪᠣᠷᠣ ᠲᠥᠯᠥᠪ᠎ᠦᠨ ᠲᠠᠯ᠎ᠠ᠎ᠪᠠᠷ ᠨᠢᠭᠡ ᠴᠤᠭ᠍ᠴᠠᠵᠢᠭᠤᠯᠤᠨ ᠨᠢᠭᠡᠳᠦᠯᠲᠡᠢ ᠲᠥᠯᠥᠪᠵᠢᠬᠦᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ ᠲᠤᠮᠳᠠ ᠲᠠᠯᠪᠢᠨ ᠪᠠᠢᠷᠢᠯᠠᠭᠤᠯᠤᠨ ᠤᠬᠠᠭᠠᠯᠠᠨ ᠲᠥᠯᠥᠪᠯᠡᠵᠦ᠍᠂ 《ᠵᠢᠷᠭᠤᠭ᠎ᠠ᠎ᠶ᠋ᠢ ᠪᠠᠷᠢᠮᠲᠠᠯᠠᠬᠤ》 ᠵᠠᠷᠴᠢᠮ᠎ᠢ ᠲᠣᠳᠣᠷᠬᠠᠢ ᠪᠣᠯᠭᠠᠵᠤ᠂ ᠯᠣᠭᠢᠭ ᠴᠢᠩᠭ᠎ᠠ ᠨᠢᠮᠪᠠᠢ᠂ ᠬᠠᠷᠢᠯᠴᠠᠨ ᠲᠤᠯᠭᠠᠭᠤᠷᠢᠯᠠᠭ᠍ᠰᠠᠨ ᠪᠦᠬᠦᠯᠢ ᠴᠣᠭ᠍ᠴᠠ᠎ᠶ᠋ᠢᠨ ᠵᠢᠷᠤᠮᠯᠠᠯ᠎ᠢ ᠪᠦᠷᠢᠯᠳᠦᠬᠦᠯᠪᠡ;
ᠴᠠᠭ᠎ᠤᠨ ᠳᠠᠷᠠᠭᠠᠯᠠᠯ᠎ᠤᠨ ᠠᠢᠵᠠᠮ᠎ᠤᠨ ᠲᠠᠯ᠎ᠠ᠎ᠪᠠᠷ ᠱᠢᠨᠵᠢᠯᠡᠬᠦ᠌ ᠤᠬᠠᠭᠠᠨᠴᠢ᠎ᠪᠠᠷ ᠵᠢᠷᠤᠬᠯᠠᠨ ᠲᠥᠯᠥᠪᠯᠡᠵᠦ᠍᠂ ᠱᠠᠳᠤᠴᠢ ᠴᠢᠨᠠᠷᠲᠠᠢ ᠶᠡᠬᠡ ᠶᠠᠪᠤᠳᠠᠯ ᠴᠢᠬᠤᠯᠠ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠬᠦ᠌᠎ᠶ᠋ᠢᠨ ᠵᠡᠷᠭᠡ ᠪᠡᠷ ᠪᠠᠰᠠ ᠢᠷᠡᠭᠡᠳᠦᠢ᠎ᠶ᠋ᠢᠨ ᠳᠤᠮᠳᠠᠳᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠯᠣᠭᠢᠭ᠎ᠤᠨ ᠭᠣᠣᠯ ᠱᠢᠵᠢᠮ᠎ᠢ ᠲᠦᠰᠦᠪᠯᠡᠵᠤ᠂ 2035 ᠣᠨ᠎ᠤ ᠠᠯᠤᠰ᠎ᠤᠨ ᠬᠠᠷᠠᠯᠲᠠ᠎ᠶ᠋ᠢ ᠪᠡᠶᠡᠯᠡᠭᠦᠯᠬᠦ᠌᠎ᠳᠦ ᠰᠠᠭᠤᠷᠢ ᠵᠢ ᠲᠠᠯᠪᠢᠪᠠ;
᠁
ᠡᠨᠡ ᠪᠣᠯ ᠨᠢᠭᠡᠨ ᠬᠤᠪᠢ ᠴᠢᠬᠤᠯᠠ ᠶᠡᠬᠡ ᠬᠦᠨᠳᠦᠴᠡ ᠲᠠᠢ ᠲᠥᠯᠥᠪᠵᠢᠭᠦᠯᠭᠡ᠎ᠵᠢᠨ ᠢᠯᠡᠷᠡᠭᠦᠯᠦᠯᠳᠠ᠄ ᠵᠢᠩᠬᠢᠨᠢ ᠲᠡᠦᠬᠡ᠎ᠶ᠋ᠢᠨ ᠰᠠᠨᠠᠭᠠᠴᠢᠯᠠᠭᠠᠲᠤ ᠴᠢᠨᠠᠷ ᠨᠢ ᠵᠥᠪᠬᠡᠨ ᠨᠢᠭᠡᠨ ᠴᠠᠭ᠎ᠤᠨ ᠤᠷᠤᠰᠬᠠᠯ᠎ᠤᠨ ᠴᠢᠭ᠌ᠯᠡᠯ᠎ᠢ ᠤᠷᠢᠳᠴᠢᠯᠠᠨ ᠮᠠᠭᠠᠳᠯᠠᠬᠤ᠎ᠳᠤ ᠯᠠ ᠪᠠᠢᠬᠤ ᠪᠢᠰᠢ᠂ ᠨᠡᠩ ᠴᠤ᠌ ᠲᠡᠦᠬᠡ᠎ᠶ᠋ᠢᠨ ᠶᠡᠬᠡ ᠬᠠᠨᠳᠤᠰᠢ ᠳ᠋ᠤ ᠵᠤᠬᠢᠴᠠᠵᠤ᠂ ᠲᠡᠦᠬᠡ᠎ᠶ᠋ᠢᠨ ᠠᠵᠠ ᠲᠣᠬᠢᠶᠠᠯ᠎ᠢ ᠠᠮᠵᠢᠵᠤ᠂ ᠲᠡᠦᠬᠡ᠎ᠶ᠋ᠢᠨ ᠬᠥᠭ᠌ᠵᠢᠯᠲᠡ᠎ᠶ᠋ᠢ ᠬᠦᠲᠦᠯᠦᠨ ᠳᠠᠭᠠᠭᠤᠯᠬᠤ᠎ᠳᠤ ᠪᠠᠢᠨ᠎ᠠ᠃
ᠶᠠᠭᠤ᠎ᠶ᠋ᠢ ᠪᠠᠢᠯᠳᠤᠬᠤ ᠪᠤᠳᠤᠯᠭ᠎ᠠ᠎ᠶ᠋ᠢᠨ ᠭᠣᠣᠯᠳᠠᠯᠭ᠎ᠠ ᠪᠣᠯᠭᠠᠬᠤ ᠨᠢ ᠪᠦᠬᠦᠯᠢ ᠴᠣᠭ᠍ᠴᠠ ᠪᠠᠷ ᠠᠬᠢᠭᠤᠯᠬᠤ ᠦᠷ᠎ᠡ ᠪᠦᠲᠦᠮᠵᠢ᠎ᠳᠦ ᠬᠣᠯᠪᠣᠭ᠍ᠳᠠᠨ᠎ᠠ᠃
ᠲᠤᠮᠤ ᠤᠯᠤᠰ᠎ᠤ᠋ᠨ ᠶᠡᠭᠡ ᠶᠠᠪᠤᠳᠠᠯ ᠭᠡᠵᠤ ᠪᠠᠢᠳᠠᠭ᠂ ᠪᠠᠰᠠ ᠲᠤᠮᠤ ᠤᠯᠤᠰ ᠤ᠋ᠨ ᠴᠢᠬᠤᠯᠠ ᠶᠠᠪᠤᠳᠠᠯ ᠭᠡᠵᠤ ᠪᠠᠢᠳᠠᠭ᠃ ᠭᠣᠣᠯ ᠵᠥᠷᠢᠴᠡᠯ᠎ᠢ ᠠᠳᠭᠤᠨ᠂ ᠭᠣᠣᠯᠳᠠᠯᠭ᠎ᠠ᠎ᠲᠠᠶ ᠱᠢᠪᠲᠤᠯᠤᠯᠲᠠ᠎ᠶ᠋ᠢ ᠪᠡᠶᠡᠯᠡᠭᠦᠯᠵᠦ᠍᠂ ᠮᠠᠷᠺᠰ᠎ᠤᠨ ᠦᠵᠡᠯ᠎ᠦᠨ ᠬᠤᠪᠢᠰᠤᠩᠭᠤᠢ ᠠᠷᠭ᠎ᠠ᠎ᠶ᠋ᠢ ᠢᠯᠡᠷᠡᠭᠦᠯᠵᠦ᠍᠂ ᠬᠥᠭ᠌ᠵᠢᠯᠲᠡ᠎ᠶ᠋ᠢ ᠰᠦᠪᠡᠭ᠌ᠴᠢᠯᠡᠬᠦ᠌ ᠲᠡᠦᠬᠡᠨ ᠬᠠᠷᠠᠴᠠ ᠪᠠ ᠤᠳᠤᠷᠢᠳᠭᠤ ᠡᠷᠳᠡᠮ᠎ᠢ ᠢᠯᠡᠷᠡᠭᠦᠯᠪᠠ᠃
《ᠠᠷᠪᠡᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠣᠣᠯᠳᠠᠯᠭ᠎ᠠ᠎ᠶ᠋ᠢ ᠵᠦᠪ ᠣᠨᠣᠪᠴᠢᠳᠠᠢ ᠡᠵᠡᠮᠳᠡᠬᠦ ᠲᠤᠬᠠᠶ ᠶᠡᠷᠦᠩᠬᠡᠶ ᠱᠦᠵᠢ ᠰᠢ ᠵᠢᠨ ᠫᠢᠩ 12 ᠲᠠᠯ᠎ᠠ᠎ᠡᠴᠡ ᠨᠢᠭᠡ ᠪᠦᠯᠦᠭ ᠴᠢᠬᠤᠯᠠ ᠶᠡᠬᠡ ᠬᠥᠲᠥᠯᠥᠨ ᠳᠠᠭᠠᠭᠤᠯᠬᠤ᠂ ᠬᠥᠳᠡᠯᠭᠡᠬᠦᠷ ᠪᠤᠯᠬᠤ᠂ ᠲᠤᠯᠭᠠᠭᠤᠷᠢᠯᠠᠬᠤ ᠦᠢᠯᠡᠳᠦᠯ᠎ᠲᠡᠶ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢ ᠠᠳᠭᠤᠬᠤ ᠬᠡᠷᠡᠭ᠌ᠲᠡᠶ ᠭᠡᠵᠦ᠍ ᠲᠣᠳᠣᠷᠬᠠᠢᠯᠠᠪᠠ᠃
ᠯᠢᠶᠣᠤᠨᠢᠩ᠎ᠤᠨ ᠪᠸᠨ ᠭᠠᠩ ᠬᠠᠪᠲᠠᠰᠤᠨ᠎ᠤ ᠬᠦᠢᠳᠡᠨ᠎ᠢᠶᠡᠷ ᠬᠡᠪᠱᠢᠭᠦᠯᠬᠦ᠌ ᠶᠡᠷᠦᠩᠬᠡᠢ ᠦᠢᠯᠡᠳᠪᠦᠷᠢ᠎ᠶ᠋ᠢᠨ ᠭᠤᠷᠪᠠᠳᠤᠭᠠᠷ ᠬᠦᠢᠳᠡᠨ᠎ᠢᠶᠡᠷ ᠬᠡᠪᠱᠢᠭᠦᠯᠬᠦ᠌ ᠦᠢᠯᠡᠳᠪᠦᠷᠢᠳ᠋ᠤ ᠱᠢᠨᠵᠢᠯᠡᠨ ᠪᠠᠢᠴᠠᠭᠠᠵᠤ᠂ 《ᠪᠣᠳᠠᠲᠤ ᠴᠣᠭ᠍ᠴᠠ᠎ᠶ᠋ᠢᠨ ᠠᠵᠤ ᠠᠬᠤᠢ ᠪᠣᠯ ᠤᠯᠤᠰ ᠠᠷᠠᠳ᠎ᠤᠨ ᠠᠵᠤ ᠠᠬᠤᠢ᠎ᠶ᠋ᠢᠨ ᠰᠠᠭᠤᠷᠢ ᠮᠥᠨ》 ᠭᠡᠵᠦ᠍ ᠴᠢᠬᠤᠯᠠᠴᠢᠯᠠᠪᠠ; ᠾᠧᠨᠠᠨ᠎ᠤ ᠯᠦᠸᠧᠶᠠᠩ ᠤ᠋ᠨ ᠬᠣᠯᠬᠣᠪᠴᠢ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠤᠶᠤᠨᠲᠤ ᠦᠢᠯᠡᠳᠪᠦᠷᠢ᠎ᠳᠦ ᠬᠦᠷᠴᠦ᠍᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠦᠷᠭᠦᠯᠵᠢᠯᠡᠨ ᠦᠢᠯᠡᠳᠬᠦ᠌ ᠦᠢᠯᠡᠰ᠎ᠢ ᠰᠠᠢᠲᠤᠷ ᠬᠢᠬᠦ᠌ ᠬᠡᠷᠡᠭ᠌ᠲᠡᠢ》 ᠭᠡᠵᠦ᠍ ᠵᠢᠭᠠᠵᠤ ᠭᠠᠷᠭᠠᠪᠠ; ᠱᠠᠨ ᠰᠢ᠎ᠶ᠋ᠢᠨ ᠶᠠᠩ ᠴᠢᠤᠸᠠᠨ ᠤ᠋ ᠨᠡᠭᠡᠯᠡᠬᠡᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠦᠢᠯᠡᠳᠪᠦᠷᠢᠯᠡᠯ᠎ᠦᠨ ᠲᠠᠰᠤᠭ᠎ᠲᠤ ᠣᠷᠣᠵᠤ᠂ 《ᠠᠵᠤ ᠦᠢᠯᠡᠰ᠎ᠢᠶᠡᠷ ᠤᠯᠤᠰ᠎ᠢᠶᠠᠨ ᠮᠠᠨᠳᠤᠭᠤᠯᠵᠤ᠂ ᠪᠣᠳᠠᠲᠠᠢ ᠠᠵᠢᠯᠯᠠᠨ ᠤᠯᠤᠰ᠎ᠢᠶᠠᠨ ᠮᠠᠨᠳᠤᠭᠤᠯᠬᠤ ᠭᠡᠷᠡᠭᠳᠠᠢ》 ᠭᠡᠵᠦ᠍ ᠰᠡᠳᠭᠢᠯ ᠳᠣᠭ᠍ᠳᠣᠯᠤᠨ ᠬᠡᠯᠡᠪᠡ ᠁
ᠡᠨᠡ ᠨᠢᠭᠡ ᠵᠢᠯ᠎ᠳᠦ᠂ ᠶᠡᠷᠦᠩᠬᠡᠶ ᠱᠦᠵᠢ ᠰᠢ ᠵᠢᠨ ᠫᠢᠩ ᠦᠶ᠋ᠯᠡᠳᠬᠦ᠌ ᠦᠶ᠋ᠯᠡᠰ᠎ᠦᠨ ᠠᠵᠤ ᠠᠬᠤᠢᠯᠠᠯ᠎ᠳᠤ ᠣᠯᠠᠨᠲᠠ ᠪᠠᠢᠴᠠᠭᠠᠨ ᠰᠤᠳᠤᠯᠤᠯᠲᠠ ᠬᠢᠵᠦ᠍᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢ ᠲᠠᠶᠠᠭᠳᠠᠵᠤ ᠪᠣᠯᠬᠤ ᠥᠬᠡᠶ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠳᠣᠲᠣᠷᠠᠬᠢ ᠤᠯᠠᠮᠵᠢᠯᠠᠯᠲᠤ ᠠᠵᠤ ᠦᠶ᠋ᠯᠡᠰ᠎ᠢ ᠲᠠᠶᠠᠭᠳᠠᠵᠤ ᠪᠣᠯᠬᠤ ᠥᠬᠡᠶ ᠭᠡᠵᠦ ᠢᠮᠠᠭᠲᠠ ᠱᠠᠭᠠᠷᠳᠠᠭᠰᠠᠭᠠᠷ ᠢᠷᠡᠵᠡᠢ᠃
ᠬᠡᠯᠪᠡᠷᠢ᠎ᠪᠡᠨ ᠬᠤᠪᠢᠷᠠᠭᠤᠯᠬᠤ ᠳ᠋ᠤ ᠬᠦᠴᠢᠷ ᠲᠦᠪᠡᠭᠲᠡᠶ᠂ ᠳᠠᠪᠠᠭ᠎ᠠ ᠳᠠᠪᠠᠬᠤ ᠬᠦᠴᠢᠷ ᠪᠡᠷᠬᠡᠱᠢᠶᠡᠯ᠎ᠲᠡᠶ ᠪᠣᠯᠪᠠᠴᠤ᠌ ᠠᠵᠤ ᠦᠢᠯᠡᠰ᠎ᠢ ᠬᠥᠭ᠌ᠵᠢᠭᠦᠯᠬᠦ᠌ ᠤᠯᠠᠮᠵᠢᠯᠠᠯ᠎ᠢᠶᠠᠨ ᠦᠷᠭᠦᠯᠵᠢᠯᠡᠭᠦᠯᠬᠦ᠌ ᠬᠡᠷᠡᠭ᠌ᠲᠡᠢ᠃ ᠪᠠᠲᠤ ᠪᠡᠬᠢ ᠪᠣᠳᠠᠰ᠎ᠤᠨ ᠪᠠ ᠮᠡᠷᠭᠡᠵᠢᠯ᠎ᠦᠨ ᠰᠠᠭᠤᠷᠢ ᠦᠭᠡᠢ ᠪᠣᠯ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠵᠦ᠍ ᠴᠢᠳᠠᠬᠤ ᠦᠭᠡᠢ ᠶᠤᠮ᠃
ᠵᠠᠮ ᠲᠤᠵᠢ ᠰᠡᠳᠬᠢᠨ ᠪᠤᠳᠤᠯᠬᠢᠯᠠᠵᠤ᠂ ᠠᠯᠬᠤᠮ ᠠᠯᠬᠤᠮ᠎ᠢᠶᠡᠷ ᠬᠦᠨᠵᠡᠬᠡᠢᠷᠡᠬᠦᠯᠤᠨ ᠪᠤᠯᠪᠠᠰᠤᠷᠠᠭᠤᠯᠪᠠ ᠁ 《ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠰᠠᠭᠤᠷᠢ᠎ᠶ᠋ᠢ ᠪᠡᠬᠢᠵᠢᠭᠦᠯᠦᠨ ᠪᠤᠵᠠᠭᠠᠢᠷᠠᠭᠤᠯᠬᠤ》 ᠨᠢ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢᠨ ᠲᠡᠷᠢᠭᠦᠨ᠎ᠳᠦ ᠵᠢᠭ᠍ᠰᠠᠭᠠᠭ᠍ᠳᠠᠭ᠍ᠰᠠᠨ ᠪᠥᠭᠡᠳ ᠱᠢᠰᠲᠸᠮ ᠲᠠᠢ ᠪᠠᠢᠷᠢᠯᠠᠭᠤᠯᠤᠯᠲᠠ ᠬᠢᠵᠡᠢ᠃
《ᠠᠮᠤᠷ ᠲᠦᠪᠱᠢᠨ》᠂ ᠡᠨᠡ ᠵᠢᠯ᠎ᠦᠨ ᠢᠯᠡᠷᠡᠭᠰᠡᠨ ᠥᠨᠳᠥᠷ ᠳᠠᠪᠲᠠᠮᠵᠢᠲᠤ ᠡᠨᠡ ᠦᠭᠡ᠎ᠡᠴᠡ ᠰᠦᠪᠡᠭ᠌ᠴᠢᠯᠡᠨ ᠲᠦᠯᠦᠪᠵᠢᠬᠦᠯᠦᠭᠰᠡᠨ ᠠᠷᠭ᠎ᠠ ᠵᠠᠮ᠎ᠢ ᠣᠯᠵᠤ ᠬᠠᠷᠠᠵᠤ ᠪᠣᠯᠤᠨ᠎ᠠ᠃
2025 ᠣᠨ᠎ᠤ 2 ᠰᠠᠷ᠎ᠠ᠎ᠶ᠋ᠢᠨ 28 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶ᠋ᠢᠨ ᠲᠣᠪᠴᠢᠶ᠎ᠠ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠤ ᠳᠤᠮᠳᠠᠳᠤ ᠤᠯᠤᠰ᠎ᠢ ᠪᠥᠲᠥᠭᠡᠨ ᠪᠠᠢᠭᠤᠯᠬᠤ ᠲᠤᠬᠠᠶ ᠠᠷᠪᠠ ᠶᠢᠰᠦᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠪᠠ᠂ ᠡᠨᠡ᠎ᠨᠢ ᠮᠥᠨ ᠴᠦ᠍ ᠱᠢᠨ᠎ᠡ ᠵᠢᠯ ᠡᠬᠢᠯᠡᠭ᠌ᠰᠡᠨ᠎ᠦ ᠳᠠᠷᠠᠭᠠᠬᠢ ᠠᠩᠬᠠᠳᠤᠭᠠᠷ ᠤᠳᠠᠭ᠎ᠠ᠎ᠶ᠋ᠢᠨ ᠤᠯᠤᠰ ᠲᠥᠷᠥ᠎ᠶ᠋ᠢᠨ ᠲᠣᠪᠴᠢᠶ᠎ᠠ ᠵᠢᠨ ᠬᠠᠮᠲᠤ᠎ᠶ᠋ᠢᠨ ᠰᠤᠷᠤᠯᠴᠠᠯᠭ᠎ᠠ ᠪᠣᠯᠤᠨ᠎ᠠ᠃
《ᠠᠵᠢᠯ᠎ᠤᠨ ᠳᠤᠮᠳᠠ᠎ᠪᠠᠨ ᠤᠬᠠᠮᠰᠠᠷ᠎ᠡᠴᠡ᠎ᠪᠠᠨ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠭᠡᠵᠦ᠍᠂ ᠬᠠᠮᠲᠤ᠎ᠪᠠᠷ ᠲᠥᠯᠥᠪᠵᠢᠭᠦᠯᠵᠦ᠍᠂ ᠨᠢᠭᠡ ᠴᠤᠭ᠍ᠴᠠᠵᠢᠭᠤᠯᠤᠨ ᠪᠠᠢᠷᠢᠯᠠᠭᠤᠯᠵᠤ᠂ ᠬᠠᠷᠢᠯᠴᠠᠨ ᠠᠬᠢᠭᠤᠯᠬᠤ ᠬᠡᠷᠡᠭ᠌ᠲᠡᠢ》᠃ ᠶᠡᠷᠦᠩᠬᠡᠢ ᠱᠦᠵᠢ ᠰᠢ ᠵᠢᠨ ᠫᠢᠩ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠠᠮᠤᠭᠤᠯᠠᠩᠳᠤ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠨᠡᠩ ᠥᠨᠳᠥᠷ ᠲᠦᠪᠱᠢᠨ ᠲᠡᠢᠰᠢ ᠠᠬᠢᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃
2025 ᠣᠨ᠎ᠳᠤ᠂ ᠴᠠᠭᠠᠨ ᠰᠠᠷ᠎ᠠ᠎ᠡᠴᠡ ᠡᠮᠦᠨᠡᠬᠡᠨ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠢ ᠪᠣᠯᠭᠣᠭᠠᠨ ᠲᠣᠬᠣᠨᠢᠭᠤᠯᠵᠤ᠂ 《ᠠᠶᠤᠯᠭᠦᠢ ᠦᠢᠯᠡᠳᠪᠦᠷᠢᠯᠡᠯ᠎ᠢ ᠴᠢᠩᠭᠠᠳᠭᠠᠵᠤ᠂ ᠠᠷᠠᠳ ᠤᠯᠠᠨ᠎ᠤ ᠪᠠᠶᠠᠷ ᠪᠠᠶᠠᠰᠤᠯ ᠠᠮᠤᠷ ᠠᠮᠤᠭᠤᠯᠠᠩ᠎ᠢᠶᠠᠷ ᠪᠠᠶᠠᠷ᠎ᠤᠨ ᠡᠳᠦᠷ᠎ᠢᠶᠡᠨ ᠥᠩᠭᠡᠷᠡᠭᠦᠯᠬᠦ᠌᠎ᠶ᠋ᠢ ᠪᠠᠲᠤᠯᠠᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ; ᠵᠡᠭᠦᠨ ᠬᠣᠢᠲᠤ ᠣᠷᠣᠨ ᠤᠯᠤᠰ᠎ᠤᠨ 《ᠲᠠᠪᠤᠨ ᠶᠡᠬᠡ ᠠᠮᠤᠷ ᠲᠦᠪᠱᠢᠨ》 ᠢ᠋ ᠬᠠᠮᠠᠭᠠᠯᠠᠬᠤ ᠳᠤᠮᠳᠠᠬᠢ ᠴᠢᠬᠤᠯᠠ ᠡᠭᠦᠷᠭᠡ᠎ᠶ᠋ᠢ ᠪᠠᠲᠤ ᠡᠵᠡᠮᠳᠡᠬᠦ᠌ ᠬᠡᠷᠡᠭ᠌ᠲᠡᠢ ᠭᠡᠵᠦ᠍ ᠱᠠᠭᠠᠷᠳᠠᠪᠠ; ᠵᠦᠩᠶᠤᠸᠠᠨ ᠣᠷᠣᠨ᠎ᠤ ᠡᠬᠡ ᠭᠠᠵᠠᠷ᠎ᠲᠤ ᠬᠦᠷᠴᠦ᠍᠂ 《ᠠᠮᠤ ᠪᠤᠳᠠᠭᠠᠨ᠎ᠤ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠬᠦ ᠬᠡᠷᠡᠭᠳᠡᠢ》 ᠭᠡᠵᠦ᠍ ᠴᠢᠬᠤᠯᠠᠴᠢᠯᠠᠪᠠ ᠁
ᠨᠢᠭᠡ ᠵᠢᠯ᠎ᠢ ᠰᠤᠨᠳᠠᠯᠠᠭᠰᠠᠨ ᠴᠠᠭ ᠬᠤᠭᠤᠴᠠᠭᠠᠨ᠎ᠤ ᠲᠡᠩᠬᠡᠯᠢᠭ ᠲᠡᠬᠡᠷ᠎ᠡ᠂ ᠲᠦᠷᠦ ᠵᠢ ᠵᠠᠰᠠᠬᠤ ᠶᠡᠬᠡ ᠲᠠᠯᠠᠲᠤᠮᠳᠠ᠂ ᠶᠡᠷᠦᠩᠬᠡᠢ ᠱᠦᠵᠢ ᠤᠯᠤᠰ᠎ᠤᠨ ᠠᠮᠤᠷ ᠲᠦᠪᠱᠢᠨ᠎ᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠦᠢᠯᠡᠰ᠎ᠦᠨ ᠪᠦᠬᠦ᠌ ᠲᠠᠯᠠᠲᠤᠮᠳᠠ ᠲᠠᠯᠪᠢᠵᠤ ᠰᠦᠪᠡᠭᠴᠢᠯᠡᠨ ᠡᠵᠡᠮᠳᠡᠪᠡ᠃
ᠠᠰᠠᠭᠤᠳᠠᠯ᠎ᠢ ᠲᠠᠰᠤᠷᠠᠯᠲᠠ ᠦᠭᠡᠢ ᠵᠠᠳᠠᠯᠵᠤ᠂ ᠵᠢᠮ᠎ᠡ ᠶᠣᠰᠣ᠎ᠶ᠋ᠢ ᠲᠠᠰᠤᠷᠠᠯᠲᠠ ᠦᠭᠡᠢ ᠳ᠋ᠦᠩᠨᠡᠵᠦ᠍᠂ ᠲᠠᠰᠤᠷᠠᠯᠲᠠ ᠦᠭᠡᠢ ᠪᠣᠯᠪᠠᠰᠤᠷᠠᠭᠤᠯᠤᠨ ᠳᠡᠭᠡᠭ᠌ᠰᠢᠯᠡᠭᠦᠯᠬᠦ᠌ ᠬᠡᠷᠡᠭ᠌ᠲᠡᠶ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ 《ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠎ᠶ᠋ᠢ ᠪᠠᠷᠢᠮᠲᠠᠯᠠᠬᠤ》 ᠶ᠋ᠢ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠷᠬᠡᠪᠰᠢ ᠵᠢᠷᠤᠮᠯᠠᠬᠤ ᠵᠠᠷᠴᠢᠮ᠎ᠤᠨ ᠨᠢᠭᠡ ᠪᠣᠯᠭᠠᠵᠤ᠂ 《ᠬᠥᠭ᠌ᠵᠢᠯᠲᠡ᠎ᠶ᠋ᠢᠨ ᠳᠤᠮᠳᠠ ᠠᠮᠤᠷ ᠲᠦᠪᠱᠢᠨ᠎ᠢ ᠪᠡᠬᠢᠵᠢᠭᠦᠯᠬᠦ᠌᠂ ᠠᠮᠤᠷ ᠲᠦᠪᠱᠢᠨ᠎ᠦ ᠳᠤᠮᠳᠠ ᠬᠥᠭ᠌ᠵᠢᠯᠲᠡ᠎ᠶ᠋ᠢ ᠡᠷᠢᠯᠬᠢᠯᠡᠬᠦ᠌》 ᠲᠠᠯ᠎ᠠ᠎ᠡᠴᠡ ᠠᠯᠢ ᠤᠯᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠭ᠌ᠰᠡᠨ ᠪᠠᠢᠨ᠎ᠠ᠃
ᠶᠠᠮᠠᠷ ᠶᠠᠩᠵᠤ᠎ᠶ᠋ᠢᠨ ᠥᠷᠲᠡᠭ᠎ᠦᠨ ᠬᠠᠨᠳᠤᠰᠢ᠎ᠶ᠋ᠢ ᠪᠠᠷᠢᠮᠲᠠᠯᠠᠬᠤ ᠨᠢ ᠢᠷᠡᠭᠡᠳᠦᠶ᠎ᠶ᠋ᠢᠨ ᠬᠥᠭ᠌ᠵᠢᠯᠲᠡ ᠵᠢᠨ ᠲᠡᠪᠢᠰᠭᠡᠷ ᠦᠨᠭᠭᠡ ᠳ᠋ᠦ᠍ ᠬᠣᠯᠪᠣᠭ᠍ᠳᠠᠨ᠎ᠠ᠃
ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠡᠭᠦᠷᠭᠡ᠎ᠶ᠋ᠢ ᠪᠡᠶᠡᠯᠡᠭᠦᠯᠦᠭ᠌ᠰᠡᠨ᠎ᠦ ᠳᠠᠷᠠᠭᠠᠬᠢ 5 ᠵᠢᠯ᠎ᠦᠨ ᠱᠢᠯᠵᠢᠯᠲᠡ᠎ᠶ᠋ᠢᠨ ᠬᠤᠭᠤᠴᠠᠭᠠᠨ᠎ᠤ ᠡᠴᠦᠰ᠎ᠦᠨ ᠨᠢᠭᠡ ᠵᠢᠯ᠎ᠳᠦ᠂ ᠪᠦᠬᠦ᠌ ᠤᠯᠤᠰ᠎ᠤᠨ ᠬᠣᠶᠠᠷ ᠬᠤᠷᠠᠯ᠎ᠤᠨ ᠳᠠᠷᠠᠭ᠎ᠠ ᠠᠩᠬ᠎ᠠ ᠤᠳᠠᠭ᠎ᠠ ᠣᠷᠣᠨ ᠨᠤᠲᠤᠭ᠎ᠲᠤ ᠱᠢᠨᠵᠢᠯᠡᠨ ᠪᠠᠢᠴᠠᠭᠠᠯᠲᠠ ᠬᠢᠵᠦ᠍᠂ ᠠᠷᠠᠳ᠎ᠤᠨ ᠠᠮᠢᠳᠤᠷᠠᠯ᠎ᠤᠨ ᠬᠠᠢᠷ᠎ᠠ ᠬᠠᠯᠠᠮᠵᠢ᠎ᠪᠠᠷ ᠪᠢᠯᠬᠠᠭ᠍ᠰᠠᠨ ᠨᠢᠬᠡ ᠤᠳᠠᠭ᠎ᠠ ᠵᠢᠨ ᠶᠠᠷᠢᠯᠴᠠᠬᠤ ᠬᠤᠷᠠᠯ ᠨᠢ ᠭᠦᠨ ᠭᠦᠨᠵᠡᠭᠡᠢ ᠤᠳᠭ᠎ᠠ ᠠᠭᠤᠯᠭ᠎ᠠ᠎ᠶ᠋ᠢ ᠳᠠᠮᠵᠢᠭᠤᠯᠪᠠ᠃
2025 ᠣᠨ᠎ᠤ 3 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠭᠦᠶ᠋ᠵᠧᠸ᠋ ᠮᠤᠵᠢ᠎ᠶ᠋ᠢᠨ ᠵᠡᠭᠦᠨ ᠡᠮᠦᠨᠡᠲᠦ ᠵᠧᠦ᠎ᠶ᠋ᠢᠨ ᠯᠢ ᠫᠢᠩ ᠱᠢᠶᠠᠨ᠎ᠤ ᠵᠣᠣ ᠱᠢᠩ᠎ᠤᠨ ᠳ᠋ᠦᠩ ᠦᠨᠳᠦᠰᠦᠳᠡᠨ᠎ᠤ ᠴᠠᠢᠵᠠ ᠵᠢᠨ ᠬᠡᠨᠭᠭᠡᠷᠭᠡᠨ ᠠᠰᠠᠷ᠎ᠤᠨ ᠳᠤᠤᠷ᠎ᠠ᠂ ᠲᠤᠯᠭ᠎ᠠ ᠵᠢᠨ ᠬᠠᠵᠠᠭᠤᠳᠡᠬᠢ ᠬᠡᠳᠦᠨ ᠤᠷᠲᠤ ᠰᠠᠨᠳᠠᠯᠢ ᠳᠡᠭᠡᠷ᠎ᠡ ᠲᠣᠰᠭᠣᠨ᠎ᠤ ᠠᠷᠠᠳ ᠶᠡᠷᠦᠩᠬᠡᠶ ᠱᠦᠵᠢ᠎ᠶ᠋ᠢ ᠲᠣᠭᠣᠷᠢᠨ ᠰᠠᠭᠤᠯᠴᠠᠪᠠ᠃
《ᠨᠢᠭᠡᠳᠦᠭᠡᠷ ᠱᠦᠵᠢ᠎ᠶ᠋ᠢᠨ ᠲᠦᠷᠢᠮ᠎ᠢ ᠮᠥᠨ ᠪᠠᠷᠢᠮᠲᠠᠯᠠᠬᠤ ᠬᠡᠷᠡᠭ᠌ᠲᠡᠢ》᠂ 《ᠳᠠᠷᠤᠢ ᠥᠪᠡᠷ᠎ᠦᠨ ᠣᠨᠴᠠᠯᠢᠭ᠎ᠢᠶᠠᠨ ᠬᠠᠳᠠᠭᠠᠯᠠᠵᠤ᠂ ᠪᠤᠰᠤᠳ᠎ᠲᠤ ᠦᠭᠡᠢ ᠵᠦᠪᠬᠡᠨ ᠨᠠᠳᠠᠳᠦ ᠪᠠᠢᠬᠤ ᠵᠦᠢᠯ᠎ᠢ ᠰᠠᠢᠲᠤᠷ ᠠᠳᠭᠤᠬᠤ ᠬᠡᠷᠡᠭ᠌ᠲᠡᠢ》 ᠁ ᠶᠡᠷᠦᠩᠬᠡᠢ ᠱᠦᠵᠢ ᠤᠯᠠᠨ᠎ᠯᠤᠭ᠎ᠠ ᠠᠷᠠᠳ᠎ᠤᠨ ᠠᠮᠢᠳᠤᠷᠠᠯ᠎ᠤᠨ ᠲᠤᠬᠠᠢ ᠶᠠᠷᠢᠯᠴᠠᠵᠤ᠂ ᠬᠥᠭ᠌ᠵᠢᠯ ᠮᠠᠨᠳᠤᠯ᠎ᠤᠨ ᠲᠤᠬᠠᠢ ᠶᠠᠷᠢᠯᠴᠠᠵᠤ᠂ ᠪᠠᠶᠠᠷ ᠪᠠᠶᠠᠰᠬᠤᠯᠠᠨᠭᠲᠤ ᠠᠭᠤᠷ ᠠᠮᠢᠰᠬᠤᠯ᠎ᠤᠨ ᠲᠤᠮᠳᠠ ᠠᠷᠠᠳ᠎ᠤᠨ ᠠᠮᠢᠳᠤᠷᠠᠯ ᠢ ᠬᠠᠯᠠᠮᠵᠢᠯᠠᠨ᠎ᠠ᠃
ᠬᠣᠲᠠ ᠪᠠ ᠬᠥᠳᠡᠭᠡ᠎ᠶ᠋ᠢ ᠨᠢᠭᠡᠳᠦᠯᠲᠡᠶ ᠲᠥᠯᠥᠪᠵᠢᠭᠦᠯᠪᠡ᠃ 10 ᠵᠢᠯᠦᠨᠭᠭᠡᠷᠡᠭᠰᠡᠨᠤ ᠲᠠᠷᠠᠭᠠᠬᠢ 2025 ᠣᠨ᠎ᠤ 7 ᠰᠠᠷ᠎ᠠ᠎ᠳᠤ᠂ ᠪᠠᠰᠠ ᠨᠢᠭᠡ ᠤᠳᠠᠭ᠎ᠠ᠎ᠶ᠋ᠢᠨ ᠲᠥᠪ᠎ᠦᠨ ᠬᠤᠳᠠ᠎ᠶ᠋ᠢᠨ ᠠᠵᠢᠯ᠎ᠤᠨ ᠬᠤᠷᠠᠯ ᠪᠡᠭᠡᠵᠢᠩ᠎ᠳᠦ ᠬᠤᠷᠠᠯᠳᠤᠵᠤ᠂ ᠶᠡᠷᠦᠩᠬᠡᠢ ᠱᠦᠵᠢ ᠰᠢ ᠵᠢᠨ ᠫᠢᠩ ᠱᠢᠨ᠎ᠡ᠎ᠶ᠋ᠢ ᠡᠭᠦᠳᠦᠭᠰᠡᠨ᠂ ᠣᠷᠣᠱᠢᠨ ᠰᠠᠭᠤᠬᠤ᠎ᠳᠦ ᠲᠤᠬᠢᠷᠠᠮᠵᠢᠳᠠᠢ᠂ ᠦᠵᠡᠰᠭᠦᠯᠡᠩᠲᠦ ᠰᠠᠢᠬᠠᠨ᠂ ᠤᠶᠠᠨ ᠬᠠᠳᠠᠨ᠂ ᠪᠣᠯᠪᠠᠰᠤᠨ᠂ ᠤᠶᠤᠨᠴᠢ ᠣᠳᠣᠬᠢᠴᠢᠯᠠᠭ᠍ᠰᠠᠨ ᠠᠷᠠᠳ ᠲᠦᠮᠡᠨ᠎ᠤ ᠬᠤᠳᠠ᠎ᠶ᠋ᠢ ᠪᠦᠳᠦᠭᠡᠨ ᠪᠠᠢᠭᠤᠯᠬᠤ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠪᠡ᠃
ᠡᠨᠡ ᠨᠢᠭᠡ ᠵᠢᠯ᠎ᠳᠦ᠂ ᠵᠡᠭᠦᠨ ᠬᠣᠢᠲᠤ ᠣᠷᠣᠨ᠂ ᠭᠦᠢᠵᠧᠦ᠂ ᠶᠦᠨᠨᠠᠨ᠂ ᠱᠠᠩᠬᠠᠢ᠂ ᠾᠧᠨᠠᠨ᠂ ᠱᠠᠨ ᠰᠢ᠂ ᠲᠥᠪᠡᠳ᠂ ᠱᠢᠨᠵᠢᠶᠠᠩ ᠵᠡᠷᠭᠡ ᠭᠠᠵᠠᠷ᠎ᠢᠶᠠᠷ ᠱᠢᠨᠵᠢᠯᠡᠨ ᠪᠠᠢᠴᠠᠭᠠᠭ᠍ᠰᠠᠨ ᠪᠤᠶᠤ ᠠᠵᠢᠯᠯᠠᠭ᠎ᠠ᠎ᠳᠤ ᠣᠷᠣᠯᠴᠠᠵᠤ᠂ ᠶᠡᠷᠦᠩᠬᠡᠢ ᠱᠦᠵᠢ ᠰᠢ ᠵᠢᠨ ᠫᠢᠩ 《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠲᠥᠯᠥᠪᠵᠢᠭᠦᠯᠬᠦ᠌ ᠲᠤᠬᠠᠢ ᠪᠠᠢᠴᠠᠭᠠᠨ ᠰᠤᠳᠤᠯᠵᠠᠢ᠃ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠵᠦ᠍᠂ ᠠᠷᠠᠳ ᠲᠦᠮᠡᠨ᠎ᠤ ᠪᠤᠳᠤᠵᠤ ᠬᠦᠰᠡᠵᠦ ᠪᠠᠢᠭ᠎ᠠ ᠵᠦᠢᠯ᠎ᠢ ᠣᠢᠯᠠᠭᠠᠵᠤ᠂ ᠦᠨᠡᠨ ᠦᠵᠡᠯᠲᠡ ᠮᠡᠷᠭᠡᠨ ᠪᠤᠳᠤᠯᠭ᠎ᠠ ᠣᠯᠪᠠ᠃
ᠬᠡᠷᠡᠭ᠌ᠴᠡᠭᠡ ᠶ᠋ᠢ ᠠᠷᠠᠳ᠎ᠡᠴᠡ ᠠᠰᠠᠭᠤᠵᠤ᠂ ᠠᠷᠭ᠎ᠠ ᠪᠤᠳᠤᠯᠭ᠎ᠠ᠎ᠶ᠋ᠢ ᠠᠷᠠᠳ᠎ᠡᠴᠡ ᠠᠰᠠᠭᠤᠵᠤ᠂ ᠪᠦᠬᠦ ᠤᠯᠤᠰ᠎ᠤᠨ ᠡᠯ᠎ᠡ ᠭᠠᠵᠠᠷ ᠡᠴᠡ ᠰᠦᠯᠵᠢᠶᠡᠨ ᠤ᠋ ᠣᠷᠣᠨ ᠵᠠᠢ ᠪᠤᠯᠳᠠᠯ᠎ᠠ ᠥᠷᠭᠡᠵᠢᠪᠡ᠃
2025 ᠣᠨ᠎ᠤ 5 ᠰᠠᠷ᠎ᠠ᠎ᠶ᠋ᠢᠨ 20᠎ᠡᠴᠡ 6 ᠰᠠᠷ᠎ᠠ᠎ᠶ᠋ᠢᠨ 20᠎ᠤ᠋ ᠡᠳᠦᠷ ᠪᠣᠯᠲᠠᠯ᠎ᠠ᠂ 《ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠳᠤ ᠰᠦᠯᠵᠢᠶ᠎ᠡ᠎ᠪᠡᠷ ᠰᠠᠨᠠᠯ ᠬᠤᠷᠢᠶᠠᠬᠤ ᠠᠵᠢᠯᠯᠠᠭ᠎ᠠ ᠥᠷᠨᠢᠭᠦᠯᠪᠡ᠃ ᠶᠡᠷᠦᠩᠬᠡᠢ ᠱᠦᠵᠢ ᠰᠢ ᠵᠢᠨ ᠫᠢᠩ ᠬᠣᠶᠠᠷ ᠤᠳᠠᠭ᠎ᠠ ᠴᠢᠬᠤᠯᠠ ᠵᠢᠭᠠᠪᠤᠷᠢ ᠥᠭ᠌ᠴᠦ᠂ 《ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠶ᠋ᠢ ᠪᠠᠷᠢᠮᠲᠠᠯᠠᠬᠤ ᠬᠡᠷᠡᠭ᠌ᠲᠡᠢ》᠂ 《ᠥᠷᠭᠡᠨ ᠤᠯᠠᠨ ᠠᠷᠠᠳ ᠲᠦᠮᠡᠨ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠴᠤ᠌᠂ ᠮᠠᠰᠢ ᠤᠯᠠᠨ ᠦᠨ᠎ᠡ ᠦᠷᠳᠡᠭ᠎ᠲᠡᠶ ᠰᠠᠨᠠᠯ ᠰᠠᠨᠠᠭᠤᠯᠭ᠎ᠠ᠎ᠶ᠋ᠢ ᠳᠤᠷᠠᠳᠪᠠ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠨᠠᠷᠢᠨ ᠬᠢᠨᠠᠮᠠᠭᠠᠢ ᠰᠤᠳᠤᠯᠵᠤ ᠱᠢᠩᠭᠡᠭᠡᠨ ᠠᠪᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃
ᠤᠳᠤᠷᠢᠳᠤᠭ᠍ᠴᠢ ᠪᠣᠯᠤᠨ ᠠᠷᠠᠳ ᠲᠦᠮᠡᠨ ᠰᠡᠳᠭᠢᠯ ᠵᠢᠷᠦᠬᠡ᠎ᠪᠡᠨ ᠬᠣᠯᠪᠣᠵᠤ᠂ ᠨᠠᠮ ᠪᠣᠯᠤᠨ ᠠᠷᠠᠳᠲᠦᠢᠮᠡᠨ ᠰᠠᠨᠠᠭ᠎ᠠ ᠨᠠᠢᠯᠠᠨ ᠠᠯᠬᠤᠭ᠎ᠠ ᠨᠢᠬᠡᠳᠡᠢ ᠤᠷᠤᠭᠰᠢᠯᠠᠨ᠎ᠠ᠃
《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠵᠢᠨ ᠵᠢᠯᠣᠭᠣᠳᠭᠤ ᠦᠵᠡᠯ ᠰᠠᠨᠠᠭ᠎ᠠ ᠳ᠋ᠤ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠯᠠᠪᠳᠠᠭᠤᠨ ᠪᠠᠲᠤᠲᠠᠢ ᠠᠯᠬᠤᠮ᠎ᠢ ᠠᠯᠬᠤᠬᠤ᠎ᠶ᠋ᠢ ᠲᠤᠪᠤᠢ᠌ᠯᠭᠠᠨ ᠴᠢᠬᠤᠯᠠᠴᠢᠯᠠᠪᠠ᠃ ᠶᠡᠷᠦᠩᠬᠡᠢ ᠱᠦᠵᠢ ᠰᠢ ᠵᠢᠨ ᠫᠢᠩ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢᠨ ᠶᠠᠷᠢᠯᠴᠠᠬᠤ ᠨᠤᠤᠷᠠᠭ᠎ᠤᠨ ᠲᠤᠬᠠᠢ ᠲᠣᠳᠣᠷᠬᠠᠢᠯᠠᠯᠲᠠ ᠬᠢᠬᠦ᠌᠎ᠳᠡᠭᠡᠨ᠂ ᠨᠡᠩ ᠴᠤ᠌ ᠡᠭᠦᠨ᠎ᠢ 《〈ᠠᠷᠪᠠᠨ ᠲᠠᠪᠤᠳᠤᠭᠠᠷ ᠲᠠᠪᠤᠨ ᠵᠢᠯ〉 ᠦ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠵᠢᠯᠣᠭᠣᠳᠭᠤ ᠨᠢᠭᠡᠨ ᠶᠡᠷᠦᠩᠬᠡᠢ ᠴᠢᠨᠠᠷᠲᠠᠢ ᠱᠠᠭᠠᠷᠳᠠᠯᠭ᠎ᠠ》 ᠪᠣᠯᠭᠠᠪᠠ᠃
ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠠ ᠬᠡᠷᠡᠭ᠌ᠯᠡᠭᠡ᠎ᠶ᠋ᠢ ᠠᠬᠢᠭᠤᠯᠬᠤ᠂ ᠪᠣᠳᠠᠰ᠎ᠲᠤ ᠪᠡᠯᠡ ᠣᠷᠣᠭᠤᠯᠬᠤ ᠪᠠ ᠬᠥᠮᠦᠨ᠎ᠳᠦ ᠪᠡᠯᠡ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠪᠠ; ᠬᠡᠷᠡᠭ᠌ᠯᠡᠭ᠌ᠴᠢᠳ᠎ᠲᠦ ᠱᠢᠭᠤᠳ ᠬᠦᠷᠭᠡᠬᠦ᠌ ᠲᠦᠭᠡᠮᠡᠯ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠡᠷᠴᠢᠮ᠎ᠢ ᠴᠢᠩᠭᠠᠷᠠᠭᠤᠯᠪᠠ; ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶ᠋ᠢ ᠴᠢᠩᠭᠠᠳᠬᠠᠪᠠ ᠁
《ᠤᠬ ᠰᠠᠨᠠᠭ᠎ᠠ᠎ᠪᠠᠨ ᠦᠯᠦ᠍ ᠮᠠᠷᠲᠠᠵᠤ᠂ ᠠᠷᠠᠳ ᠲᠦᠮᠡᠨ᠎ᠦ ᠵᠣᠭ᠍ᠰᠣᠯᠲᠠ᠎ᠡᠴᠡ ᠠᠰᠠᠭᠤᠳᠠᠯ᠎ᠢ ᠪᠣᠳᠣᠯᠬᠢᠯᠠᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ᠎ᠢᠶᠠᠷ ᠠᠬᠢᠭᠤᠯᠬᠤ ᠬᠡᠷᠡᠭ᠌ᠲᠡᠢ》᠃ ᠡᠨᠡ ᠪᠣᠯ ᠵᠠᠭᠤᠨ ᠵᠢᠯ᠎ᠦᠨ ᠲᠤᠮᠤ ᠨᠠᠮ᠎ᠤᠨ ᠴᠥᠬᠥᠷᠡᠰᠢ ᠦᠭᠡᠢ ᠬᠥᠭᠡᠭᠡᠴᠡᠯᠳᠦᠯ ᠮᠥᠨ᠂ ᠡᠨᠡ ᠪᠣᠯ ᠠᠷᠠᠳ ᠲᠦᠮᠡᠨ᠎ᠦ ᠤᠳᠤᠷᠢᠳᠤᠭ᠍ᠴᠢ᠎ᠶ᠋ᠢᠨ ᠬᠤᠪᠢᠷᠠᠰᠢ ᠦᠭᠡᠢ ᠤᠭ ᠰᠠᠨᠠᠭ᠎ᠠ ᠮᠥᠨ᠃
ᠶᠡᠬᠡ ᠶᠣᠰᠣ᠎ᠶ᠋ᠢ ᠪᠠᠳᠤᠳᠠᠢ ᠦᠢᠯᠡᠳᠦᠯᠭᠡᠵᠢᠭᠦᠯᠵᠦ ᠵᠤᠷᠢᠭᠳᠠᠢ ᠬᠠᠷᠢᠭᠤᠴᠠᠯᠭ᠎ᠠ ᠡᠭᠦᠷᠭᠡᠯᠡᠪᠡ
— 《ᠳᠤᠮᠳᠠᠳᠤ ᠤᠯᠤᠰ ᠪᠣᠯ ᠥᠨᠢ ᠡᠭᠦᠷᠢᠳᠡ ᠳᠡᠯᠡᠬᠡᠢ᠎ᠶ᠋ᠢᠨ ᠡᠩᠬᠡ ᠲᠠᠢᠪᠤᠩ᠎ᠤᠨ ᠬᠦᠴᠦᠨ᠂ ᠲᠣᠭ᠍ᠲᠠᠭᠤᠨ ᠬᠦᠴᠦᠨ᠂ ᠳᠠᠪᠱᠢᠩᠭᠤᠢ ᠬᠦᠴᠦᠨ ᠮᠥᠨ》
2025 ᠣᠨ᠎ᠳᠤ᠂ ᠳᠡᠯᠡᠬᠡᠢ᠎ᠶ᠋ᠢᠨ ᠪᠠᠢᠳᠠᠯ ᠤᠷᠪᠠᠭᠠᠨ ᠬᠦᠷᠪᠡᠭᠡᠨ ᠲᠠᠢ ᠪᠤᠯᠵᠤ᠂ ᠦᠢᠮᠡᠭᠡᠨ ᠳᠡᠪᠵᠢᠶᠡᠨ ᠬᠡᠴᠡᠭᠦᠳᠡᠪᠡ᠃ ᠡᠨᠡ ᠨᠢᠭᠡ ᠵᠢᠯ᠎ᠦᠨ ᠤᠯᠠᠨ ᠤᠯᠤᠰ᠎ᠤᠨ ᠬᠠᠷᠢᠯᠴᠠᠭᠠᠨ᠎ᠤ ᠠᠬᠢᠴᠠ᠎ᠶ᠋ᠢ ᠡᠷᠭᠢᠴᠡᠭᠦᠯᠬᠦᠶ᠎ᠡ᠂ ᠲᠡᠦᠬᠡᠲᠦ ᠴᠢᠨᠠᠷᠲᠠᠢ ᠨᠢᠭᠡᠨ ᠭᠱᠠᠨ ᠪᠦᠬᠦ᠌ ᠪᠥᠮᠪᠥᠷᠴᠡᠭ᠎ᠦᠨ ᠠᠨᠭᠬᠠᠷᠤᠯᠢ ᠲᠠᠳᠠᠪᠠ᠄
《ᠪᠢ ᠳᠤᠷᠠᠲᠠᠶ᠎ᠠ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠡᠯ᠎ᠡ ᠤᠯᠤᠰ᠎ᠲᠠᠶ ᠬᠠᠮᠲᠤ᠎ᠪᠠᠷ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠵᠤ᠂ ᠭᠠᠷ ᠬᠣᠯᠪᠣᠯᠴᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ ᠲᠡᠢᠰᠢ ᠤᠷᠤᠭ᠍ᠰᠢᠯᠠᠨ᠎ᠠ》᠃ 2025 ᠣᠨ᠎ᠤ 9 ᠰᠠᠷ᠎ᠠ᠎ᠶ᠋ᠢᠨ 1 ᠤ᠋ ᠡᠳᠦᠷ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠲᠢᠶᠠᠨᠵᠢᠨ᠎ᠳᠠᠬᠢ ᠲᠦᠷᠦᠭᠦᠴᠦᠳ᠎ᠦᠨ ᠬᠤᠷᠠᠯ ᠳᠡᠭᠡᠷ᠎ᠡ᠂ ᠲᠡᠷᠢᠭᠦᠯᠡᠭ᠌ᠴᠢ ᠰᠢ ᠵᠢᠨ ᠫᠢᠩ ᠳᠡᠯᠡᠬᠡᠢ ᠳ᠋ᠠᠬᠢᠨ᠎ᠳᠤ ᠬᠠᠨᠳᠤᠭᠤᠯᠤᠨ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ ᠳᠤᠷᠠᠳᠪᠠ᠃
ᠵᠢᠮ᠎ᠡ ᠶᠤᠰᠤ ᠵᠢ ᠳᠠᠭᠠᠨ ᠤᠷᠤᠭᠰᠢᠯᠠᠵᠤ᠂ ᠳᠤᠮᠳᠠᠳᠤ ᠤᠯᠤᠰ᠎ᠤᠨ ᠲᠥᠰᠦᠯ᠎ᠢᠶᠡᠷ ᠬᠥᠮᠦᠨ ᠲᠥᠷᠥᠯᠬᠢᠲᠡᠨ᠎ᠦ ᠨᠡᠢᠭᠡᠮ᠎ᠦᠨ ᠤᠷᠤᠭ᠍ᠰᠢᠯᠠᠬᠤ ᠴᠢᠭ᠌ᠯᠡᠯ᠎ᠢ ᠬᠥᠲᠥᠯᠥᠨ ᠳᠠᠭᠠᠭᠤᠯᠪᠠ —
2025 ᠣᠨ ᠪᠣᠯ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠲᠡᠢᠨ ᠢᠯᠠᠯᠲᠠ ᠣᠯᠤᠭ᠍ᠰᠠᠨ ᠪᠠ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠪᠠᠢᠭᠤᠯᠤᠭ᠍ᠳᠠᠭ᠍ᠰᠠᠨ 80 ᠵᠢᠯ᠎ᠦᠨ ᠣᠶ ᠪᠣᠯᠤᠨ᠎ᠠ᠃ ᠲᠢᠶᠠᠨᠵᠢᠨ᠎ᠤ ᠲᠦᠷᠦᠭᠦᠴᠦᠳ᠎ᠦᠨ ᠬᠤᠷᠠᠯ᠎ᠡᠴᠡ ᠡᠮᠦᠨ᠎ᠡ᠂ ᠲᠡᠷᠢᠭᠦᠯᠡᠭ᠌ᠴᠢ ᠰᠢ ᠵᠢᠨ ᠫᠢᠩ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠬᠦᠲ᠋ᠸᠯᠸᠢ᠌ᠰ ᠲᠠᠢ ᠠᠭᠤᠯᠵᠠᠬᠤ ᠳ᠋ᠠᠭᠠᠨ᠄ 《ᠤᠯᠠᠨ ᠲᠠᠯᠠᠲᠤ ᠦᠵᠡᠯ᠂ ᠪᠦᠯᠬᠦᠮᠳᠡᠨ ᠬᠠᠮᠲᠤᠷᠠᠯᠴᠠᠬᠤ ᠪᠣᠯ ᠪᠦᠬᠦ᠌ ᠪᠥᠮᠪᠥᠷᠴᠡᠭ᠎ᠦᠨ ᠴᠢᠨᠠᠷᠲᠠᠢ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠵᠥᠪ ᠬᠠᠷᠢᠭᠤᠯᠲᠠ ᠮᠥᠨ》 ᠭᠡᠬᠦ ᠲᠡᠦᠬᠡ᠎ᠶ᠋ᠢᠨ ᠰᠡᠩᠬᠡᠷᠡᠭᠦᠯᠦᠯ᠎ᠢ ᠭᠦᠨᠵᠡᠭᠡᠢ ᠵᠢᠭᠠᠵᠤ ᠭᠠᠷᠭᠠᠪᠠ᠃
ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠡ᠂ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ᠎ᠦ ᠲᠠᠷᠢ᠎ᠶ᠋ᠢᠨ ᠤᠳᠤᠭ᠎ᠠ ᠰᠠᠷᠨᠢᠵᠤ᠂ ᠳᠡᠯᠡᠬᠡᠢ ᠨᠡᠢᠭᠡᠮ᠎ᠢᠶᠡᠷ᠎ᠢᠶᠡᠨ ᠲᠤᠢᠯ᠎ᠢᠶᠠᠷ ᠡᠮᠭᠡᠨᠢᠨ ᠭᠠᠱᠢᠭᠤᠳᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠡᠬᠦᠨ ᠡᠴᠡ ᠪᠤᠯᠵᠦ ᠪᠠᠢᠭᠤᠯᠤᠭ᠍ᠳᠠᠨ᠂ ᠪᠦᠬᠦ᠌ ᠪᠥᠮᠪᠥᠷᠴᠡᠭ᠎ᠦᠨ ᠵᠠᠰᠠᠯᠲᠠ ᠵᠢᠨ ᠱᠢᠨ᠎ᠡ ᠬᠠᠭᠤᠳᠠᠰᠤ᠎ᠶ᠋ᠢ ᠰᠡᠬᠦᠪᠡ᠃
ᠣᠳᠣᠬᠠᠨ᠎ᠤ ᠪᠠᠢᠳᠠᠯ᠎ᠢ ᠠᠵᠢᠬᠤ᠎ᠳᠤ᠂ ᠳᠡᠯᠡᠬᠡᠢ᠎ᠶ᠋ᠢᠨ ᠤᠯᠠᠨ ᠲᠤᠢᠯᠵᠢᠯᠲᠠ᠂ ᠠᠵᠤ ᠠᠬᠤᠢ᠎ᠶ᠋ᠢᠨ ᠳᠡᠯᠡᠬᠡᠢᠵᠢᠯᠲᠡ᠂ ᠤᠯᠠᠨ ᠤᠯᠤᠰ᠎ᠤᠨ ᠬᠠᠷᠢᠯᠴᠠᠭᠠᠨ᠎ᠤ ᠠᠷᠠᠳᠴᠢᠯᠠᠯᠲᠠ ᠨᠢ ᠡᠳᠦᠷ ᠢᠷᠡᠬᠦᠶ᠎ᠡ ᠤᠷᠬᠢᠯ᠎ᠤᠨ ᠪᠠᠳᠠᠷᠠᠵᠤ ᠪᠠᠢᠭ᠎ᠠ ᠴᠠᠭ ᠦᠶ᠎ᠡ᠎ᠶ᠋ᠢᠨ ᠶᠡᠬᠡ ᠤᠷᠤᠰᠭᠠᠯ ᠪᠣᠯᠪᠠ᠂ ᠭᠡᠪᠡᠴᠦ᠍ ᠬᠦᠢᠳᠡᠨ ᠲᠠᠢ᠌ᠨ᠎ᠦ ᠰᠡᠳᠭᠢᠬᠦᠢ᠂ ᠡᠵᠡᠷᠬᠡᠭ ᠦᠵᠡᠯ᠂ ᠬᠠᠮᠠᠭᠠᠯᠠᠬᠤ ᠦᠵᠡᠯ᠎ᠦᠨ ᠪᠦᠷᠬᠦᠭ ᠮᠠᠨᠠᠨ ᠰᠠᠷᠨᠢᠬᠰᠠᠨ ᠦᠭᠡᠢ᠂ ᠱᠢᠨ᠎ᠡ ᠰᠦᠷᠳᠡᠭᠦᠯᠦᠯ ᠱᠢᠨ᠎ᠡ ᠥᠷᠢᠰᠥᠯᠳᠦᠭᠡᠨ ᠨᠡᠮᠡᠭ᠌ᠳᠡᠬᠦ᠌᠎ᠡᠴᠡ ᠪᠢᠰᠢ ᠬᠠᠰᠤᠭ᠍ᠳᠠᠬᠰᠠᠨ ᠦᠭᠡᠢ ᠪᠠᠢᠵᠤ᠂ ᠳᠡᠯᠡᠬᠡᠢ ᠶᠢᠷᠲᠢᠨᠴᠦ᠍ ᠱᠢᠨ᠎ᠡ ᠲᠣᠭ᠍ᠲᠠᠭᠤᠨ ᠪᠤᠰᠤ ᠬᠤᠪᠢᠰᠤᠯᠲᠠ᠎ᠶ᠋ᠢᠨ ᠬᠤᠭᠤᠴᠠᠭᠠᠨ᠎ᠳᠤ ᠣᠷᠣᠪᠠ᠃
《ᠡᠷᠬᠡ ᠮᠡᠳᠡᠯ ᠡᠷᠬᠡ ᠲᠡᠭ᠌ᠰᠢ ᠪᠠᠢᠬᠤ᠎ᠶ᠋ᠢ ᠪᠠᠷᠢᠮᠲᠠᠯᠠᠨ᠎ᠠ》᠂ 《ᠤᠯᠠᠨ ᠤᠯᠤᠰ᠎ᠤᠨ ᠬᠠᠤᠯᠢ ᠪᠡᠷ ᠵᠠᠰᠠᠬᠤ ᠵᠢ ᠵᠢᠷᠤᠮᠯᠠᠨ ᠰᠠᠬᠢᠨ᠎ᠠ》᠂ 《ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠦᠨ᠎ᠡ》᠂ 《ᠬᠥᠮᠦᠨ᠎ᠢᠶᠡᠷ ᠦᠨᠳᠦᠰᠦ ᠪᠣᠯᠭᠠᠬᠤ᠎ᠶ᠋ᠢ ᠰᠠᠨᠠᠭᠠᠴᠢᠯᠠᠨ᠎ᠠ》᠂ 《ᠠᠵᠢᠯᠯᠠᠭᠠᠨ᠎ᠤ ᠤᠳᠤᠷᠢᠳᠤᠮᠵᠢ᠎ᠶ᠋ᠢ ᠴᠢᠬᠤᠯᠠᠴᠢᠯᠠᠨ᠎ᠠ》 ᠁ ᠲᠡᠦᠬᠡ᠎ᠶ᠋ᠢᠨ ᠵᠠᠩᠭᠢᠯᠠᠭ᠎ᠠ᠎ᠶ᠋ᠢᠨ ᠦᠶ᠎ᠡ᠎ᠳᠦ᠂ ᠲᠡᠷᠢᠭᠦᠯᠡᠭ᠌ᠴᠢ ᠰᠢ ᠵᠢᠨ ᠫᠢᠩ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠥᠭᠡᠷᠡᠴᠢᠯᠡᠨ ᠲᠡᠭᠦᠯᠳᠡᠷᠵᠢᠭᠦᠯᠬᠦ᠌᠎ᠳᠦ ᠲᠣᠳᠣᠷᠬᠠᠢ ᠴᠢᠭ᠌ᠯᠡᠯ᠎ᠢ ᠵᠢᠭᠠᠵᠤ ᠥᠭ᠌ᠪᠡ᠃
2021 ᠣᠨ ᠡᠴᠡ ᠡᠬᠢᠯᠡᠨ᠂ ᠤᠷᠢᠳ ᠡᠮᠦᠨ᠎ᠡ ᠪᠠᠢᠭ᠎ᠠ ᠦᠭᠡᠢ ᠪᠦᠬᠦ᠌ ᠪᠥᠮᠪᠥᠷᠴᠡᠭ ᠦᠨ ᠴᠢᠨᠠᠷᠲᠠᠢ ᠥᠷᠢᠰᠥᠯᠳᠦᠭᠡᠨ᠎ᠦ ᠡᠮᠦᠨ᠎ᠡ᠂ ᠲᠡᠷᠢᠭᠦᠯᠡᠭ᠌ᠴᠢ ᠰᠢ ᠵᠢᠨ ᠫᠢᠩ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠵᠠᠯᠭᠠᠭ᠎ᠠ᠎ᠪᠠᠷ ᠳᠤᠷᠠᠳᠴᠠᠢ᠃ ᠳᠥᠷᠪᠡᠨ ᠶᠡᠬᠡ ᠪᠥᠬᠥ᠌ ᠪᠥᠮᠪᠥᠷᠴᠡᠭ᠎ᠦᠨ ᠰᠠᠨᠠᠭᠠᠴᠢᠯᠠᠭ᠎ᠠ᠎ᠨᠢ ᠪᠦᠬᠦ ᠲᠠᠯ᠎ᠠ ᠵᠢ ᠬᠠᠮᠤᠷᠴᠤ᠂ ᠣᠷᠭᠠᠨᠢᠭ᠎ᠢᠶᠠᠷ ᠨᠢᠭᠡᠳᠴᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠦᠶ᠋ᠯᠡᠳᠦᠯᠭᠡ᠎ᠶ᠋ᠢᠨ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠬᠤ᠎ᠳᠤ ᠱᠢᠰᠲ᠋ᠧᠮ ᠲᠠᠢ ᠪᠦᠷᠢᠨ ᠲᠡᠭᠦᠯᠳᠡᠷ ᠠᠵᠢᠯᠯᠠᠭᠠᠨ᠎ᠤ ᠪᠣᠷᠣ ᠲᠥᠯᠥᠪ᠎ᠢ ᠪᠠᠢᠭᠤᠯᠵᠤ ᠥᠭ᠌ᠴᠡᠶ᠃
ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭ᠍ᠲᠠᠭᠠᠵᠤ᠂ ᠳᠤᠮᠳᠠᠳᠤ ᠤᠯᠤᠰ᠎ᠤᠨ ᠬᠠᠷᠢᠭᠤᠴᠠᠯᠭ᠎ᠠ ᠡᠭᠦᠷᠭᠡᠯᠡᠯ᠎ᠢᠶᠡᠷ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠠᠭᠠᠯᠠᠨ᠎ᠠ —
2025 ᠣᠨ᠎ᠤ 4 ᠰᠠᠷ᠎ᠠ᠎ᠳᠤ ᠂ ᠱᠢᠨ᠎ᠡ ᠳᠤᠮᠳᠠᠳᠤ ᠤᠯᠤᠰ᠎ᠤᠨ ᠲᠡᠦᠬᠡᠨ ᠳᠡᠭᠡᠷᠡᠬᠢ ᠠᠩᠬᠠᠳᠠᠭ᠍ᠴᠢ ᠲᠥᠪ᠎ᠦᠨ ᠬᠦᠷᠰᠢ ᠵᠡᠷᠭᠡᠯᠡᠳᠡᠭᠡ ᠵᠢᠨ ᠠᠵᠢᠯ᠎ᠤᠨ ᠬᠤᠷᠠᠯ ᠪᠡᠭᠡᠵᠢᠩ᠎ᠳᠦ ᠬᠤᠷᠠᠯᠳᠤᠪᠠ᠃
ᠪᠦᠬᠦ᠌ ᠪᠥᠮᠪᠥᠷᠴᠡᠭ᠎ᠦᠨ ᠬᠠᠷᠠᠭᠠᠰᠤ ᠡᠴᠡ ᠬᠦᠷᠰᠢ ᠵᠡᠷᠭᠡᠯᠡᠳᠡᠭᠡ ᠤᠯᠤᠰ᠎ᠵᠢᠡᠨ ᠠᠵᠢᠵᠦ᠂ ᠬᠤᠷᠠᠯ᠎ᠡᠴᠡ ᠴᠢᠬᠤᠯᠠ ᠮᠠᠭᠠᠳᠯᠠᠯᠲᠠ ᠬᠢᠪᠡ᠄ 《 ᠬᠦᠷᠰᠢ ᠵᠡᠷᠭᠡᠯᠡᠳᠡᠭᠡ ᠪᠣᠯ ᠬᠥᠭ᠌ᠵᠢᠯ ᠴᠡᠴᠡᠭ᠌ᠯᠡᠯ᠎ᠢ ᠪᠡᠶᠡᠯᠡᠭᠦᠯᠬᠦ᠌ ᠴᠢᠬᠤᠯᠠ ᠰᠠᠭᠤᠷᠢ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠭᠣᠣᠯᠳᠠᠯᠭ᠎ᠠ᠂ ᠭᠠᠳᠠᠭᠠᠳᠤ ᠬᠠᠷᠢᠯᠴᠠᠭᠠᠨ᠎ᠤ ᠪᠦᠬᠦ᠌ ᠲᠠᠯ᠎ᠠ᠎ᠶ᠋ᠢ ᠲᠥᠯᠥᠪᠵᠢᠭᠦᠯᠬᠦ᠌ ᠤᠷᠢᠳᠠᠯ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ ᠵᠠᠩᠭᠢᠯᠠᠭ᠎ᠠ ᠪᠣᠯᠤᠨ᠎ᠠ》᠃
ᠬᠤᠷᠠᠯ᠎ᠤᠨ ᠳᠠᠷᠠᠭ᠎ᠠ ᠨᠢᠭᠡ ᠭᠠᠷᠠᠭ ᠪᠣᠯᠤᠯ ᠥᠬᠡᠶ᠎ᠪᠡᠷ᠂ ᠲᠡᠷᠢᠭᠦᠯᠡᠭ᠌ᠴᠢ ᠰᠢ ᠵᠢᠨ ᠫᠢᠩ ᠵᠡᠭᠦᠨ ᠡᠮᠦᠨᠡᠲᠦ ᠠᠽᠢᠶ᠎ᠠ᠎ᠳᠤ ᠬᠦᠷᠴᠦ᠍᠂ 2025 ᠣᠨ᠎ᠳᠤ ᠳᠤᠮᠳᠠᠳᠤ ᠤᠯᠤᠰ᠎ᠤᠨ ᠤᠯᠤᠰ᠎ᠤᠨ ᠲᠡᠷᠢᠭᠦᠨ ᠠᠩᠬᠠᠳᠠᠬᠴᠢ ᠠᠢᠯᠴᠢᠯᠠᠯᠲᠠ ᠪᠡᠨ ᠬᠦᠷᠰᠢ ᠵᠡᠷᠭᠡᠯᠡᠳᠡᠭᠡ ᠤᠯᠤᠰ ᠲᠦ᠍ ᠲᠠᠯᠪᠢᠪᠠ᠃
ᠸᠢᠶᠧᠲ᠋ᠨᠠᠮ᠎ᠳᠤ᠂ ᠲᠡᠷᠢᠭᠦᠯᠡᠭ᠌ᠴᠢ ᠰᠢ ᠵᠢᠨ ᠫᠢᠩ ᠸᠢᠶᠧᠲ᠋ᠨᠠᠮ᠎ᠤᠨ ᠤᠳᠤᠷᠢᠳᠭᠤ ᠬᠥᠮᠦᠰ᠎ᠲᠡᠶ ᠬᠠᠮᠳᠤ ᠪᠡᠷ ᠮᠦᠷᠦ ᠵᠡᠷᠭᠡᠴᠡᠨ ᠤᠷᠤᠭ᠍ᠰᠢᠯᠠᠵᠤ᠂ ᠲᠤᠭᠤᠷᠢᠨ ᠦᠵᠡᠬᠦ ᠵᠢᠨ ᠳᠠᠭᠠᠤ ᠶᠠᠷᠢᠯᠴᠠᠨ᠎ᠠ;ᠮᠠᠯᠠᠢ᠌ᠱᠢᠶᠠ ᠳ᠋ᠤ᠂ ᠶᠡᠷᠦᠩᠬᠡᠢ ᠰᠠᠢᠳ ᠠᠨᠸᠠᠷ ᠪᠦᠬᠦ᠌ ᠶᠠᠪᠤᠴᠠ᠎ᠪᠠᠷ ᠲᠡᠷᠢᠭᠦᠯᠡᠭ᠌ᠴᠢ ᠰᠢ ᠵᠢᠨ ᠫᠢᠩ᠎ᠦᠨ ᠮᠠᠯᠠᠢ᠌ᠱᠢᠶᠠ ᠳ᠋ᠤ ᠠᠢᠯᠴᠢᠯᠠᠬᠤ ᠬᠤᠭᠤᠴᠠᠭᠠᠨ᠎ᠳᠠᠬᠢ ᠪᠤᠢ ᠪᠦᠬᠦᠢ ᠠᠵᠢᠯᠯᠠᠭ᠎ᠠ᠎ᠳᠤ ᠪᠠᠷ᠎ᠠ ᠪᠣᠯᠪᠠ; ᠺᠠᠮᠪᠣᠵᠠ᠎ᠳᠤ᠂ ᠤᠯᠤᠰ᠎ᠤᠨ ᠸᠠᠩ ᠱᠢᠬᠠᠮᠦᠨᠢ ᠲᠡᠷᠢᠭᠦᠯᠡᠭ᠌ᠴᠢ ᠰᠢ ᠵᠢᠨ ᠫᠢᠩ᠎ᠢ ᠫᠨᠤᠮ ᠪᠧᠨᠭᠤᠨ ᠸᠠᠩ᠎ᠤᠨ ᠣᠷᠳᠣᠨ᠎ᠳᠤ ᠤᠷᠢᠵᠤ᠂ ᠡᠨᠡ ᠬᠦ᠌ 《ᠠᠭᠤᠤ ᠶᠡᠬᠡ ᠨᠠᠢᠵᠠ》 ᠳ᠋ᠤ 《ᠺᠠᠮᠪᠣᠵᠠ ᠸᠠᠩᠲᠤ ᠤᠯᠤᠰ᠎ᠤᠨ ᠦᠨᠳᠦᠰᠦᠲᠡᠨ᠎ᠦ ᠲᠤᠰᠠᠭᠠᠷ ᠲᠣᠭ᠍ᠲᠠᠨᠢᠯ᠎ᠤᠨ ᠲᠤᠮᠤ ᠰᠣᠨᠳᠣᠷ᠎ᠤᠨ ᠲᠡᠰ᠎ᠤᠨ ᠭᠠᠪᠢᠶᠠᠨ ᠲᠡᠮᠳᠡᠭ》 ᠣᠯᠭᠣᠪᠠ ᠁
《ᠬᠠᠷᠢᠴᠠᠭᠠᠬᠤᠯᠪᠤᠭᠠ ᠪᠠᠨ ᠲᠠᠰᠤᠯᠬᠤ》᠂ 《ᠲᠤᠰ ᠤᠯᠤᠰ ᠵᠢᠡᠨ ᠤᠷᠢᠳ᠎ᠢᠶᠠᠷ ᠪᠣᠳᠣᠯᠬᠢᠯᠠᠬᠤ》 ᠭᠡᠬᠦ ᠶᠠᠷᠢᠶ᠎ᠠ ᠶᠡᠭᠡ ᠵᠠᠢ ᠠᠪᠴᠦ ᠪᠠᠢᠭ᠎ᠠ ᠠᠬᠤᠢ ᠪᠠᠢᠳᠠᠯ ᠲᠤᠤᠷ᠎ᠠ᠂ ᠳᠤᠮᠳᠠᠳᠤ ᠤᠯᠤᠰ ᠬᠦᠷᠰᠢ ᠵᠡᠷᠭᠡᠯᠡᠳᠡᠭᠡ ᠤᠯᠤᠰ᠎ᠤᠳ᠎ᠲᠠᠶ ᠬᠡᠷᠬᠢᠨ ᠨᠡᠩ ᠨᠢᠭ᠍ᠲᠠ ᠶᠠᠪᠤᠯᠴᠠᠵᠤ ᠴᠢᠳᠠᠬᠰᠠᠨ ᠪᠤᠶ?
ᠬᠠᠷᠢᠭᠤᠯᠲᠠ ᠨᠢ 《ᠲᠦᠷᠦᠯ ᠰᠠᠳᠤᠨ᠎ᠲᠠᠢ ᠪᠠᠨ ᠶᠠᠪᠤᠯᠴᠠᠵᠤ ᠪᠠᠢᠬᠤ ᠱᠢᠭ᠋》 ᠨᠢᠭᠲᠠ ᠶᠠᠪᠤᠯᠴᠠᠭᠠᠨ᠎ᠤ ᠲᠤᠮᠳᠠ ᠪᠤᠢ᠂ 《ᠬᠥᠷᠰᠢ ᠵᠡᠷᠭᠡᠯᠡᠳᠡᠭᠡ ᠪᠣᠯᠬᠤ ᠨᠢ ᠳᠠᠷᠤᠢ ᠥᠪᠡᠷ᠎ᠢ᠎ᠪᠡᠨ ᠬᠠᠪᠰᠤᠷᠴᠤ᠌ ᠪᠠᠢᠭ᠎ᠠ ᠶᠠᠪᠤᠳᠠᠯ ᠮᠥᠨ》 ᠭᠡᠬᠦ᠌ ᠠᠭᠤᠳᠠᠮ ᠪᠠᠭᠳᠠᠭᠠᠮᠵᠢᠳᠦ ᠪᠤᠢ᠃
2025 ᠣᠨ᠎ᠳᠤ᠂ ᠲᠡᠷᠢᠭᠦᠯᠡᠭ᠌ᠴᠢ ᠰᠢ ᠵᠢᠨ ᠫᠢᠩ᠎ᠦᠨ ᠤᠳᠠᠭ᠎ᠠ ᠪᠦᠷᠢ᠎ᠶ᠋ᠢᠨ ᠠᠢᠯᠴᠢᠯᠠᠯᠲᠠ ᠨᠢ ᠴᠥᠮ ᠬᠦᠷᠰᠢ ᠵᠡᠷᠭᠡᠯᠡᠳᠡᠭᠡ ᠤᠯᠤᠰ ᠤᠷᠤᠨ᠎ᠳᠤ ᠲᠥᠪᠯᠡᠷᠡᠵᠦ᠍᠂ ᠵᠡᠭᠦᠨ ᠡᠮᠦᠨᠡᠲᠦ ᠠᠽᠢᠶ᠎ᠠ᠎ᠡᠴᠡ ᠤᠷᠤᠰ ᠬᠦᠷᠲᠡᠯ᠎ᠡ᠂ ᠺᠠᠽᠠᠭ᠍ᠰᠲ᠋ᠠᠨ ᠡᠴᠡ ᠺᠣᠷᠢᠶᠠ ᠬᠦᠷᠲᠡᠯ᠎ᠡ᠂ ᠬᠦᠷᠰᠢ ᠵᠡᠷᠭᠡᠯᠡᠳᠡᠭᠡ ᠵᠢᠨ ᠤᠯᠤᠰ ᠤᠷᠤᠨ ᠨᠤᠭᠤᠳ ᠵᠢᠡᠷ ᠤᠯᠠ ᠮᠥᠷ᠎ᠢᠶᠡᠨ ᠦᠯᠡᠳᠡᠭᠡᠵᠡᠢ᠃ ᠤᠳᠠᠭ᠎ᠠ ᠪᠦᠷᠢ᠎ᠶ᠋ᠢᠨ ᠠᠢᠯᠴᠢᠯᠠᠯᠲᠠ᠎ᠳᠤ᠂ ᠤᠯᠤᠰ᠎ᠤᠨ ᠲᠡᠷᠢᠭᠦᠨ᠎ᠦ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ ᠨᠢᠭ᠍ᠲᠠ᠂ ᠬᠠᠮᠲᠤᠷᠠᠯᠴᠠᠭᠠᠨ᠎ᠤ ᠦᠷ᠎ᠡ ᠪᠦᠲᠦᠭᠡᠯ ᠡᠯᠪᠡᠭ ᠪᠠᠢᠵᠤ᠂ ᠪᠦᠷ ᠡᠶᠡᠯᠳᠡᠭ ᠬᠥᠷᠰᠢ᠎ᠶ᠋ᠢᠨ ᠨᠥᠬᠥᠷᠰᠡᠭ ᠦᠯᠢᠭᠡᠷᠲᠦ ᠠᠮᠢᠳᠤᠯᠢᠭ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ᠃
ᠰᠠᠳᠤᠨ ᠲᠥᠷᠥᠯ ᠶᠠᠪᠤᠯᠴᠠᠬᠤ ᠲᠤᠳᠤᠮ ᠤᠢᠷ᠎ᠠ ᠲᠤᠳᠤᠨᠤ ᠪᠤᠯᠵᠤ᠂ ᠬᠠᠨᠢ ᠨᠦᠬᠥᠳ ᠬᠠᠷᠢᠯᠴᠠᠬᠤ ᠲᠤᠳᠤᠮ ᠶᠠᠪᠤᠯᠴᠠᠭ᠎ᠠ ᠭᠦᠨᠵᠡᠭᠡᠢᠷᠡᠨ᠎ᠡ᠃
《ᠬᠠᠮᠤᠭ᠎ᠤᠨ ᠡᠷᠬᠢᠮ ᠨᠠᠨᠳᠢᠨ ᠳᠠᠪᠠᠭᠤᠯᠢᠭ ᠪᠣᠯ ᠳᠠᠷᠤᠢ ᠳᠤᠮᠳᠠᠳᠤ ᠤᠯᠤᠰ᠎ᠲᠠᠶ ᠬᠥᠷᠰᠢ ᠵᠡᠷᠭᠡᠯᠡᠳᠡᠭᠡ ᠤᠯᠤᠰ ᠪᠣᠯᠤᠨ᠎ᠠ》᠂ 《ᠳᠤᠮᠳᠠᠳᠤ ᠤᠯᠤᠰ ᠲᠣᠭ᠍ᠲᠠᠭᠤᠨ ᠴᠢᠨᠠᠷ᠎ᠢ ᠠᠪᠴᠢᠷᠠᠭ᠍ᠰᠠᠨ᠎ᠢᠶᠠᠷ ᠪᠠᠷᠠᠬᠤ ᠦᠭᠡᠢ ᠨᠡᠩ ᠴᠤ᠌ ᠢᠷᠡᠭᠡᠳᠦᠢ᠎ᠶ᠋ᠢᠨ ᠥᠨᠢ ᠤᠳᠠᠭᠠᠨ᠎ᠤ ᠬᠦᠰᠡᠯ ᠡᠷᠡᠮᠡᠯᠵᠡᠯ᠎ᠢ ᠠᠪᠴᠢᠷᠠᠪᠠ》 ᠁ ᠳᠣᠲᠣᠨᠣ ᠦᠨᠡᠨᠴᠢ ᠠᠱᠢᠭ᠍ᠲᠠᠢ ᠪᠠᠭ᠍ᠲᠠᠭᠠᠮᠵᠢᠲᠠᠢ᠂ ᠬᠤᠪᠢ ᠵᠠᠶᠠᠭ᠎ᠠ᠎ᠪᠠᠨ ᠬᠠᠮᠲᠤᠳᠭᠠᠵᠤ᠂ ᠭᠠᠵᠠᠷ ᠣᠷᠣᠨ᠎ᠤ ᠡᠩᠬᠡ ᠲᠠᠢᠪᠤᠩ ᠲᠣᠭ᠍ᠲᠠᠭᠤᠨ᠂ ᠬᠥᠭ᠌ᠵᠢᠯ ᠴᠡᠴᠡᠭ᠌ᠯᠡᠯ᠎ᠦᠨ ᠭᠡᠭᠡᠨ ᠰᠠᠷᠠᠭᠤᠯ ᠠᠯᠤᠰ ᠢᠷᠡᠭᠡᠳᠦᠢ᠎ᠶ᠋ᠢ ᠬᠠᠮᠲᠤ᠎ᠪᠠᠷ ᠵᠣᠷᠢᠪᠠ᠃
2025 ᠣᠨ᠎ᠤ 10 ᠰᠠᠷ᠎ᠠ᠎ᠶ᠋ᠢᠨ 30 ᠤ᠋ ᠡᠳᠦᠷ᠂ ᠺᠣᠷᠢᠶᠠ᠎ᠶ᠋ᠢᠨ ᠪᠦᠰᠠᠨᠳᠤ᠂ ᠲᠡᠷᠢᠭᠦᠯᠡᠭ᠌ᠴᠢ ᠰᠢ ᠵᠢᠨ ᠫᠢᠩ ᠠᠮᠧᠷᠢᠺᠠ᠎ᠶ᠋ᠢᠨ ᠶᠡᠷᠦᠩᠬᠡᠢᠯᠡᠭ᠌ᠴᠢ ᠲᠸᠷᠠᠮᠫᠦ᠋ ᠲᠠᠢ 6 ᠵᠢᠯ᠎ᠦᠨ ᠲᠠᠷᠠᠭ᠎ᠠ ᠲᠠᠬᠢᠨ ᠠᠭᠤᠯᠵᠠᠵᠤ᠂ ᠪᠦᠬᠦ᠌ ᠪᠥᠮᠪᠥᠷᠴᠡᠭ᠎ᠦᠨ ᠠᠩᠬᠠᠷᠤᠯ᠎ᠢ ᠲᠠᠲᠠᠪᠠ᠃
ᠬᠠᠷᠢᠯᠴᠠᠨ ᠮᠡᠨᠳᠦᠴᠢᠯᠡᠵᠦ᠍᠂ ᠨᠢᠭᠤᠷᠳᠠᠨ ᠰᠠᠭᠤᠵᠤ᠂ ᠶᠠᠷᠢᠶ᠎ᠠ᠎ᠪᠠᠨ ᠳᠡᠯᠭᠡᠵᠦ᠍᠂ ᠬᠡᠯᠡᠯᠴᠡᠭᠡ ᠬᠢᠵᠦ᠂ 100 ᠭᠠᠷᠤᠢ ᠮᠢᠨᠦ᠋ᠲ᠎ᠦᠨ ᠲᠠᠷᠠᠭ᠎ᠠ᠂ ᠬᠣᠶᠠᠷ ᠲᠤᠮᠤ ᠤᠯᠤᠰ᠎ᠤᠨ ᠲᠡᠷᠢᠭᠦᠨ ᠬᠠᠮᠳᠤ ᠪᠠᠷ ᠬᠦᠨᠳᠦᠲᠦ ᠵᠣᠴᠢᠳ᠎ᠤᠨ ᠦᠷᠦᠭᠡ᠎ᠡᠴᠡ ᠭᠠᠷᠴᠤ᠌᠂ ᠬᠥᠮᠦᠰ ᠨᠢᠭ᠍ᠲᠠ ᠠᠩᠬᠠᠷᠤᠯ᠎ᠤᠨ ᠳᠤᠮᠳᠠ 《ᠬᠥᠮᠦᠰ᠎ᠢ ᠵᠣᠷᠢᠭ᠍ᠵᠢᠭᠤᠯᠤᠮ᠎ᠠ ᠠᠯᠤᠰ ᠢᠷᠡᠭᠡᠳᠦᠢ》 ᠵᠢ ᠤᠯᠵᠤ ᠬᠠᠷᠠᠪᠠ᠃
《ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢᠨ ᠡᠨᠡ ᠬᠦ᠌ ᠲᠤᠮᠤ ᠣᠩᠭᠣᠴᠠ᠎ᠶ᠋ᠢ ᠲᠣᠭ᠍ᠲᠠᠭᠤᠨ᠎ᠢᠶᠠᠷ ᠤᠷᠤᠭ᠍ᠰᠢᠯᠠᠭᠤᠯᠬᠤ ᠬᠡᠷᠡᠭᠳᠡᠢ》᠂ 《ᠭᠠᠷ ᠬᠣᠯᠪᠣᠯᠴᠠᠨ ᠬᠣᠶᠠᠷ ᠤᠯᠤᠰ ᠪᠣᠯᠤᠨ ᠳᠡᠯᠡᠬᠡᠢ ᠳ᠋ᠠᠬᠢᠨ᠎ᠳᠤ ᠠᠱᠢᠭ᠍ᠲᠠᠢ ᠲᠤᠮᠤ ᠶᠠᠪᠤᠳᠠᠯ᠂ ᠪᠣᠳᠠᠲᠤ ᠶᠠᠪᠤᠳᠠᠯ᠂ ᠰᠠᠢ᠌ᠨ ᠶᠠᠪᠤᠳᠠᠯ᠎ᠢ ᠢᠯᠡᠭᠦᠬᠡᠨ ᠬᠢᠬᠦ ᠬᠡᠷᠡᠭᠳᠡᠢ》᠁ ᠲᠡᠷᠢᠭᠦᠯᠡᠭ᠌ᠴᠢ ᠰᠢ ᠵᠢᠨ ᠫᠢᠩ ᠥᠷᠭᠡᠨ ᠬᠠᠷᠠᠭᠠᠰᠤ ᠪᠣᠯᠤᠨ ᠪᠠᠢᠷᠢᠱᠢᠯ᠎ᠢᠶᠠᠷ ᠲᠤᠮᠤ ᠤᠯᠤᠰ᠎ᠤᠨ ᠬᠠᠷᠢᠯᠴᠠᠭ᠎ᠠ᠎ᠶ᠋ᠢᠨ ᠲᠣᠭ᠍ᠲᠠᠭᠤᠨ ᠬᠥᠭ᠌ᠵᠢᠯᠲᠡ᠎ᠶ᠋ᠢᠨ ᠵᠠᠮ᠎ᠢ ᠵᠢᠭᠠᠵᠤ ᠥᠭ᠌ᠴᠡᠢ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ᠂《ᠲᠤᠮᠤ ᠤᠯᠤᠰ᠎ᠤᠨ ᠬᠠᠷᠢᠯᠴᠠᠭ᠎ᠠ ᠨᠢ ᠳᠡᠯᠡᠬᠡᠢ᠎ᠶ᠋ᠢᠨ ᠪᠠᠢᠳᠠᠯ᠎ᠢ ᠨᠥᠯᠥᠭᠡᠯᠡᠵᠦ᠍᠂ ᠳᠡᠯᠡᠬᠡᠢ᠎ᠶ᠋ᠢᠨ ᠪᠠᠢᠳᠠᠯ᠎ᠤᠨ ᠬᠤᠪᠢᠷᠠᠯᠲᠠ ᠨᠢ ᠤᠯᠤᠰ᠎ᠤᠨ ᠳᠣᠲᠣᠭᠠᠳᠤ᠎ᠶ᠋ᠢᠨ ᠬᠥᠭ᠌ᠵᠢᠯᠲᠡ᠎ᠶ᠋ᠢ ᠭᠦᠨᠵᠡᠭᠡᠢ ᠨᠥᠯᠥᠭᠡᠯᠡᠵᠦ᠍ ᠪᠠᠢᠨ᠎ᠠ》 ᠭᠡᠵᠦ᠍ ᠵᠢᠭᠠᠵᠤ ᠭᠠᠷᠭᠠᠪᠠ᠃
ᠡᠨᠡ ᠨᠢᠭᠡ ᠵᠢᠯ᠎ᠳᠦ᠂ ᠳᠤᠮᠳᠠᠳᠤ ᠠᠮᠧᠷᠢᠺᠠ᠎ᠶ᠋ᠢᠨ ᠤᠯᠤᠰ᠎ᠤᠨ ᠲᠡᠷᠢᠭᠦᠨ᠎ᠦ ᠭᠠᠳᠠᠭᠠᠳᠤ ᠬᠠᠷᠢᠯᠴᠠᠭᠠᠨ᠎ᠤ ᠪᠠᠢᠯᠳᠤᠬᠤ ᠪᠤᠳᠤᠯᠭ᠎ᠠ ᠪᠡᠷ ᠬᠦᠳᠦᠯᠦᠮᠵᠢ ᠪᠤᠯᠭᠠᠵᠦ᠂ ᠴᠢᠭ᠌ᠯᠡᠯ᠎ᠢ ᠡᠵᠡᠮᠳᠡᠨ ᠲᠣᠭ᠍ᠲᠠᠭᠠᠵᠤ᠂ ᠳᠡᠯᠡᠬᠡᠢ᠎ᠶ᠋ᠢᠨ ᠲᠦᠷᠦᠬᠦᠦ ᠬᠣᠶᠠᠷ ᠶᠡᠬᠡ ᠠᠵᠤ ᠠᠬᠤᠢ᠎ᠶ᠋ᠢᠨ ᠴᠣᠭ᠍ᠴᠠ᠎ᠶ᠋ᠢᠨ ᠤᠯᠠᠨ ᠠᠷᠭ᠎ᠠ ᠵᠠᠮ ᠲᠡᠰ ᠳᠠᠪᠬᠤᠷᠭ᠎ᠠ᠎ᠶ᠋ᠢᠨ ᠤᠯᠤᠯᠴᠠᠭ᠎ᠠ ᠦᠷᠭᠦᠯᠵᠢᠯᠡᠨ ᠠᠬᠢᠪᠠ; ᠲᠡᠷᠢᠭᠦᠯᠡᠭ᠌ᠴᠢ ᠰᠢ ᠵᠢᠨ ᠫᠢᠩ ᠤᠷᠤᠰ᠎ᠤᠨ ᠶᠡᠷᠦᠩᠬᠡᠢᠯᠡᠭ᠌ᠴᠢ ᠫᠦᠲ᠋ᠢᠨ ᠲᠠᠢ ᠬᠠᠷᠢᠯᠴᠠᠨ ᠠᠢᠯᠴᠢᠯᠠᠯᠲᠠ ᠬᠢᠵᠦ᠍᠂ ᠳᠤᠮᠳᠠᠳᠤ ᠤᠷᠤᠰ᠎ᠤᠨ ᠡᠯ᠎ᠡ ᠬᠦᠷᠢᠶᠡᠨ᠎ᠦ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠶᠡᠬᠡ ᠪᠤᠳᠤᠯᠭ᠎ᠠ᠎ᠶ᠋ᠢ ᠬᠠᠮᠲᠤ ᠪᠠᠷ ᠵᠥᠪᠯᠡᠵᠦ᠍᠂ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠬᠠᠮᠲᠤ ᠪᠠᠷ ᠪᠡᠯᠭᠡᠯᠡᠵᠦ᠍᠂ ᠳᠡᠯᠡᠬᠡᠢ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠬᠤ ᠱᠢᠨ᠎ᠡ ᠬᠠᠭᠤᠳᠠᠰᠤ᠎ᠶ᠋ᠢ ᠬᠠᠮᠲᠤ ᠪᠠᠷ ᠪᠢᠴᠢᠭ᠌ᠯᠡᠪᠡ; ᠲᠡᠷᠢᠭᠦᠯᠡᠭ᠌ᠴᠢ ᠰᠢ ᠵᠢᠨ ᠫᠢᠩ ᠹᠷᠠᠨᠼᠢ᠎ᠶ᠋ᠢᠨ ᠶᠡᠷᠦᠩᠬᠡᠢᠯᠡᠭ᠌ᠴᠢ ᠮᠠᠢ᠌ᠺᠷᠤᠨ ᠲᠠᠢ ᠬᠠᠮᠲᠤ᠎ᠪᠠᠷ ᠳ᠋ᠦ᠋ ᠵᠢᠶᠠᠩ ᠶᠠᠨ᠎ᠳᠤ ᠳᠡᠯᠡᠬᠡᠢ ᠳ᠋ᠠᠬᠢᠨ᠎ᠤ ᠪᠠᠢᠳᠠᠯ᠎ᠢ ᠥᠭᠦᠯᠡᠵᠦ᠍᠂ ᠧᠦ᠋ᠷᠣᠫᠠ ᠲᠢᠪ᠎ᠦᠨ ᠤᠯᠤᠰ᠎ᠤᠳ᠎ᠤᠨ ᠬᠣᠯᠪᠣᠭ᠎ᠠ᠎ᠶ᠋ᠢᠨ ᠤᠳᠤᠷᠢᠳᠭᠤ ᠬᠥᠮᠦᠰ᠎ᠲᠡᠶ ᠳᠤᠮᠳᠠᠳᠤ ᠧᠦ᠋ᠷᠣᠫᠠ᠎ᠶ᠋ᠢᠨ ᠬᠠᠷᠢᠯᠴᠠᠭ᠎ᠠ᠎ᠶ᠋ᠢᠨ ᠨᠡᠩ ᠭᠡᠷᠡᠯ ᠰᠠᠴᠤᠷᠠᠩᠭᠤᠢ ᠲᠠᠷᠠᠭᠠᠴᠢ᠎ᠶ᠋ᠢᠨ 50 ᠵᠢᠯ᠎ᠢ ᠵᠢᠷᠤᠭ᠍ᠯᠠᠪᠠ ᠁
《ᠲᠤᠮᠤ ᠤᠯᠤᠰ᠎ᠲᠤ ᠲᠤᠮᠤ ᠤᠯᠤᠰ᠎ᠤᠨ ᠶᠠᠩᠵᠤ ᠪᠠᠢᠬᠤ ᠬᠡᠷᠡᠭ᠌ᠲᠡᠢ᠂ ᠨᠡᠩ ᠤᠯᠠᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠬᠦ᠌ ᠬᠡᠷᠡᠭ᠌ᠲᠡᠢ》᠃
ᠲᠡᠷᠢᠭᠦᠯᠡᠭ᠌ᠴᠢ ᠰᠢ ᠵᠢᠨ ᠫᠢᠩ᠎ᠦᠨ ᠲᠠᠭᠠᠭᠤᠯᠭ᠎ᠠ ᠳᠣᠣᠷ᠎ᠠ᠂ ᠳᠤᠮᠳᠠᠳᠤ ᠤᠯᠤᠰ ᠢᠮᠠᠭ᠍ᠲᠠ ᠲᠤᠮᠤ ᠤᠯᠤᠰ᠎ᠤᠨ ᠵᠣᠬᠢᠴᠠᠭᠤᠯᠭ᠎ᠠ ᠪᠣᠯᠤᠨ ᠰᠠᠢ᠌ᠨ ᠬᠤᠷᠱᠢᠯᠢ ᠠᠬᠢᠭᠤᠯᠬᠤ᠎ᠪᠠᠷ ᠴᠢᠷᠮᠠᠢᠵᠤ᠂ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ᠂ ᠶᠡᠷᠦᠩᠬᠡᠢ᠎ᠳᠡᠭᠡᠨ ᠲᠣᠭ᠍ᠲᠠᠭᠤᠨ᠂ ᠲᠡᠩᠴᠡᠭᠦᠷᠢᠲᠡᠢ ᠬᠥᠭ᠌ᠵᠢᠬᠦ᠌ ᠲᠤᠮᠤ ᠤᠯᠤᠰ᠎ᠤᠨ ᠬᠠᠷᠢᠯᠴᠠᠭ᠎ᠠ᠎ᠶ᠋ᠢᠨ ᠪᠠᠢᠷᠢᠱᠢᠯ᠎ᠢ ᠪᠠᠢᠭᠤᠯᠬᠤ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠦᠨ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠭᠤᠨ᠎ᠢ ᠬᠠᠮᠠᠭᠠᠯᠠᠬᠤ᠎ᠳᠤ ᠢᠳᠡᠪᠬᠢ ᠬᠦᠴᠦᠨ ᠨᠡᠮᠡᠷᠢᠯᠡᠪᠡ᠃
ᠭᠠᠷ ᠬᠣᠯᠪᠣᠯᠴᠠᠨ ᠬᠠᠮᠲᠤ᠎ᠪᠠᠷ ᠤᠷᠤᠭ᠍ᠰᠢᠯᠠᠵᠤ᠂ ᠳᠤᠮᠳᠠᠳᠤ ᠤᠯᠤᠰ᠎ᠤᠨ ᠠᠵᠠ ᠲᠣᠬᠢᠶᠠᠯ᠎ᠢᠶᠠᠷ ᠡᠯ᠎ᠡ ᠤᠯᠤᠰ᠎ᠤᠨ ᠬᠠᠮᠲᠤ᠎ᠶ᠋ᠢᠨ ᠣᠳᠣᠬᠢᠴᠢᠯᠠᠯᠲᠠ ᠲᠡᠢᠰᠢ ᠤᠷᠤᠭ᠍ᠰᠢᠯᠠᠬᠤ᠎ᠳᠤ ᠬᠦᠴᠦᠨ ᠨᠡᠮᠡᠷᠢᠯᠡᠪᠡ —
2025 ᠣᠨ᠎ᠤ 11 ᠰᠠᠷ᠎ᠠ᠎ᠳᠤ᠂ ᠲᠤᠩᠭ᠎ᠠ ᠤᠯᠤᠰ᠎ᠤᠨ ᠸᠠᠩ ᠲᠦᠫᠦ᠋ ᠵᠢᠷᠭᠤᠳᠤᠭᠠᠷ ᠳᠤᠮᠳᠠᠳᠤ ᠤᠯᠤᠰ᠎ᠲᠤ ᠠᠢᠯᠴᠢᠯᠠᠵᠤ᠂ ᠹᠦᠵᠢᠶᠠᠨ᠎ᠤ ᠲᠠᠷᠢᠶᠠᠯᠠᠩ ᠤᠢ ᠱᠢᠭᠤᠢ᠎ᠶ᠋ᠢᠨ ᠶᠡᠬᠡ ᠰᠤᠷᠭᠠᠭᠤᠯᠢ᠎ᠶ᠋ᠢᠨ ᠮᠦᠬᠦ᠌ᠡᠪᠡᠰᠦ ᠵᠢᠨ ᠡᠬᠢ᠎ᠶ᠋ᠢᠨ ᠠᠭᠤᠳᠠᠮ ᠲᠠᠯᠠᠪᠠᠢ᠎ᠳᠤ ᠢᠷᠡᠵᠥ᠍᠂ ᠪᠡᠶ᠎ᠡ᠎ᠪᠡᠷ᠎ᠢᠶᠡᠨ ᠨᠢᠭᠡ ᠮᠦᠬᠦ᠌ ᠡᠪᠡᠰᠦ ᠲᠠᠷᠢᠭ᠍ᠰᠠᠠ ᠪᠥᠭᠡᠳ ᠦᠭᠡ ᠦᠯᠡᠳᠡᠭᠡᠬᠦ᠌ ᠳᠡᠪᠲᠡᠷ ᠳᠡᠭᠡᠷ᠎ᠡ᠄ ᠮᠦᠬᠦ᠌ ᠡᠪᠡᠰᠦ ᠨᠢ ᠲᠤᠩᠭ᠎ᠠ ᠮᠡᠲᠦ᠍᠎ᠶ᠋ᠢᠨ ᠬᠥᠭ᠌ᠵᠢᠵᠦ᠍ ᠪᠠᠢᠭ᠎ᠠ ᠤᠯᠤᠰ᠎ᠲᠤ ᠯᠤᠲᠤ ᠶᠡᠬᠡ ᠲᠠᠯᠳᠠ ᠬᠦᠴᠦᠨ᠎ᠲᠡᠶ ᠶᠤᠮ ᠭᠡᠵᠦ᠍ ᠪᠢᠴᠢᠪᠡ᠃
ᠪᠡᠭᠡᠵᠢᠩ᠎ᠳᠦ ᠲᠦᠫᠦ᠋ ᠵᠢᠷᠭᠤᠳᠤᠭᠠᠷ᠎ᠲᠠᠶ ᠠᠭᠤᠯᠵᠠᠬᠤ᠎ᠳᠠᠭᠠᠨ᠂ ᠲᠡᠷᠢᠭᠦᠯᠡᠭ᠌ᠴᠢ ᠰᠢ ᠵᠢᠨ ᠫᠢᠩ᠂ ᠳᠤᠮᠳᠠᠳᠤ ᠤᠯᠤᠰ ᠴᠢᠨᠠᠷ ᠰᠠᠢᠲᠠᠢ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠥᠨᠳᠥᠷ ᠲᠦᠪᠱᠢᠨ᠎ᠪᠦᠬᠦᠢ ᠭᠠᠳᠠᠭᠠᠳᠤ ᠨᠡᠭᠡᠭᠡᠯᠳᠠ᠎ᠶ᠋ᠢ ᠥᠷᠭᠡᠳᠭᠡᠵᠦ᠍᠂ ᠳᠡᠯᠡᠬᠡᠢ᠎ᠶ᠋ᠢᠨ ᠡᠯ᠎ᠡ ᠤᠯᠤᠰ᠎ᠲᠠᠶ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠨ᠎ᠡ ᠭᠡᠵᠦ᠍ ᠢᠯᠡᠳᠭᠡᠪᠡ᠃
《ᠳᠤᠮᠳᠠᠳᠤ ᠤᠯᠤᠰ᠎ᠤᠨ ᠬᠦᠭᠡᠭᠡᠴᠡᠯᠳᠦᠵᠦ ᠪᠠᠢᠭ᠎ᠠ ᠨᠢ ᠵᠦᠪᠭᠡᠨ ᠬᠤᠪᠢ᠎ᠪᠠᠨ ᠪᠤᠳᠤᠭᠠᠳ ᠪᠤᠰᠤᠳ᠎ᠢ ᠬᠠᠢᠬᠤᠷᠬᠤ ᠦᠭᠡᠢ ᠣᠳᠣᠬᠢᠴᠢᠯᠠᠯᠲᠠ ᠪᠢᠰᠢ》᠃
ᠪᠦᠬᠦ᠌ ᠪᠥᠮᠪᠥᠷᠴᠡᠭ᠎ᠦᠨ ᠲᠦᠷᠪᠡᠨᠦ ᠭᠤᠷᠪᠠ᠎ᠡᠴᠡ ᠳᠡᠭᠡᠭ᠌ᠰᠢᠬᠢ ᠤᠯᠤᠰ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠦᠭᠡᠨ ᠪᠠᠢᠭᠤᠯᠬᠤ ᠶᠡᠬᠡ ᠭᠡᠷ ᠪᠦᠯᠢ᠎ᠳᠦ ᠣᠷᠣᠪᠠ;ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠨᠡᠢ᠌ᠳᠡ 12 ᠲᠦᠮᠡᠨ ᠴᠤᠪᠤᠭ᠎ᠠ ᠠᠶᠠᠯᠠᠪᠠ; ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠎ᠦᠨ ᠴᠤᠭ᠍ᠯᠠᠭᠠᠨ᠂ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠂ ᠬᠠᠨᠭᠭᠠᠯᠭ᠎ᠠ ᠵᠢᠨ ᠬᠡᠯᠬᠢᠶ᠎ᠡ᠎ᠶ᠋ᠢᠨ ᠦᠵᠡᠰᠭᠦᠯᠡᠩ᠎ᠦᠨ ᠴᠤᠭ᠍ᠯᠠᠭᠠᠨ᠂ ᠦᠶ᠋ᠯᠡᠴᠢᠯᠡᠭᠡᠨ᠎ᠦ ᠠᠷᠠᠯᠵᠢᠶᠠᠨ᠎ᠤ ᠴᠤᠭ᠍ᠯᠠᠭᠠᠨ᠂ ᠬᠡᠷᠡᠭ᠌ᠯᠡᠭ᠌ᠴᠢᠳ᠎ᠦᠨ ᠦᠵᠡᠰᠭᠦᠯᠡᠩ᠎ᠤᠨ ᠴᠤᠭᠯᠠᠭᠠᠨ ᠵᠡᠷᠭᠡ ᠣᠯᠠᠨ ᠤᠯᠤᠰ᠎ᠤᠨ ᠦᠵᠡᠰᠭᠦᠯᠡᠩ ᠨᠢ ᠳᠤᠮᠳᠠᠳᠤ ᠤᠯᠤᠰ᠎ᠤᠨ ᠬᠠᠮᠲᠤᠷᠠᠯᠴᠠᠭᠠᠨ᠎ᠤ 《ᠲᠠᠲᠠᠬᠤ ᠬᠦᠴᠦᠨ》 ᠢ᠋ ᠲᠠᠰᠤᠷᠠᠯᠲᠠ ᠥᠬᠡᠶ ᠢᠯᠡᠷᠡᠭᠦᠯᠪᠡ ᠁
ᠲᠦᠷᠦᠭᠦᠬᠡᠨ᠂ ᠣᠯᠠᠨ ᠤᠯᠤᠰ᠎ᠤᠨ ᠪᠠᠢᠭᠤᠯᠤᠮᠵᠢ ᠨᠤᠭᠤᠳ 2025 ᠣᠨ᠎ᠤ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢᠨ ᠲᠤᠬᠠᠢ ᠵᠢᠱ᠌ᠢᠯᠲᠡ᠎ᠪᠡᠨ ᠳᠡᠭᠡᠭ᠌ᠰᠢᠯᠡᠭᠦᠯᠪᠡ᠃ ᠤᠯᠠᠨ ᠵᠢᠯ᠎ᠦᠨ ᠲᠤᠷᠰᠢ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠳᠦ ᠦᠵᠡᠭᠦᠯᠬᠦ᠌ ᠵᠢᠯ ᠳᠤᠮᠳᠠᠴᠢ᠎ᠶ᠋ᠢᠨ ᠬᠤᠪᠢ ᠨᠡᠮᠡᠷᠢ᠎ᠶ᠋ᠢᠨ ᠨᠤᠷᠮ᠎ᠠ 30% ᠣᠷᠴᠢᠮ ᠪᠠᠢᠬᠤ᠎ᠶ᠋ᠢ ᠪᠠᠲᠤᠯᠠᠵᠤ᠂ ᠦᠷᠬᠦᠯᠵᠢᠯᠡᠨ ᠪᠦᠬᠦ᠌ ᠪᠥᠮᠪᠥᠷᠴᠡᠭ᠎ᠦᠨ ᠨᠡᠮᠡᠭ᠌ᠳᠡᠯ᠎ᠦᠨ ᠴᠢᠬᠤᠯᠠ ᠬᠥᠳᠡᠯᠭᠡᠭᠦᠷ ᠪᠤᠯᠪᠠ᠃
ᠳᠡᠯᠡᠬᠡᠢ ᠳ᠋ᠠᠬᠢᠨ ᠶᠠᠭ ᠱᠢᠨ᠎ᠡ ᠲᠣᠨᠣᠯᠵᠢᠨ ᠵᠠᠮ᠎ᠳᠤ ᠵᠣᠭ᠍ᠰᠣᠵᠤ ᠪᠤᠢ᠂ ᠬᠠᠮᠢᠭ᠎ᠠ ᠣᠴᠢᠬᠤ ᠨᠢ ᠬᠤᠯᠠ᠎ᠶ᠋ᠢᠨ ᠬᠠᠷᠠᠴᠠ ᠪᠣᠯᠤᠨ ᠬᠠᠷᠢᠭᠤᠴᠠᠯᠭ᠎ᠠ ᠡᠭᠦᠷᠭᠡᠯᠡᠯ᠎ᠢ ᠱᠢᠯᠭᠠᠭᠰᠠᠭᠠᠷ ᠶᠤᠮ᠃
ᠠᠷᠠᠳ ᠲᠦᠮᠡᠨ᠎ᠦ ᠪᠤᠳᠤᠯ ᠰᠡᠳᠭᠢᠯ᠎ᠢᠶᠡᠷ ᠦᠪᠡᠷ᠎ᠤᠨ ᠵᠢᠡᠨ ᠪᠤᠳᠤᠯ ᠰᠡᠳᠭᠢᠯ ᠪᠣᠯᠭᠠᠵᠤ᠂ ᠳᠡᠯᠡᠬᠡᠶ ᠳ᠋ᠠᠬᠢᠨ᠎ᠤ ᠠᠱᠢᠭ ᠲᠤᠰᠠ ᠪᠡᠷ ᠦᠪᠡᠷ᠎ᠤᠨ ᠵᠢᠡᠨ ᠠᠱᠢᠭ ᠲᠤᠰᠠ ᠪᠣᠯᠭᠠᠨ᠎ᠠ᠃ ᠲᠡᠷᠢᠭᠦᠯᠡᠭ᠌ᠴᠢ ᠰᠢ ᠵᠢᠨ ᠫᠢᠩ᠎ᠦᠨ ᠤᠷᠢᠶᠠᠯᠠᠭ᠎ᠠ ᠴᠢᠩᠭ᠎ᠠ ᠴᠤᠤᠷᠢᠶᠠᠲᠤᠯ᠎ᠢ ᠣᠯᠵᠤ᠂ 《ᠰᠠᠯᠬᠢ ᠶᠡᠬᠡ ᠳᠠᠪᠠᠯᠭᠠᠨ ᠱᠢᠷᠦᠭᠦᠨ ᠪᠣᠯᠬᠤ ᠲᠤᠳᠤᠮ᠂ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠬᠤ ᠬᠡᠷᠡᠭ᠌ᠲᠡᠢ》᠂ 《ᠬᠥᠭ᠌ᠵᠢᠯ ᠴᠡᠴᠡᠭ᠌ᠯᠡᠯ᠎ᠢ ᠬᠠᠮᠲᠤ᠎ᠪᠠᠷ ᠠᠬᠢᠭᠤᠯᠵᠤ᠂ ᠢᠷᠡᠭᠡᠳᠦᠢ᠎ᠳᠦ ᠬᠠᠮᠲᠤ᠎ᠪᠠᠷ ᠠᠱᠢᠭ ᠬᠦᠷᠳᠡᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠭᠠᠷ ᠬᠣᠯᠪᠣᠯᠴᠠᠨ ᠪᠠᠢᠭᠤᠯᠤᠶ᠎ᠠ》᠃
ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠲᠦᠷᠦᠭᠦᠴᠦᠳ᠎ᠦᠨ ᠬᠤᠷᠠᠯ᠎ᠳᠤ ᠣᠷᠣᠯᠴᠠᠵᠤ᠂ ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠦᠢᠯᠡᠰ᠎ᠦᠨ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠳᠡᠮᠵᠢᠬᠦ᠌ ᠠᠯᠢ ᠤᠯᠠᠨ ᠴᠢᠬᠤᠯᠠ ᠠᠷᠭ᠎ᠠ ᠬᠡᠮᠵᠢᠢ᠎ᠡ᠎ᠶ᠋ᠢ ᠳᠤᠷᠠᠳᠪᠠ; ᠪᠥᠬᠥ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠬᠥᠭ᠌ᠵᠢᠯᠲᠡ᠎ᠶ᠋ᠢ ᠳᠡᠮᠵᠢᠵᠦ᠍᠂ ᠯᠠᠲ᠋ᠢᠨ ᠠᠮᠧᠷᠢᠺᠠ ᠲᠢᠪ ᠪᠣᠯᠤᠨ ᠺᠠᠷᠢᠪᠸ᠎ᠶ᠋ᠢᠨ ᠤᠯᠤᠰ᠎ᠤᠳ᠎ᠲᠠᠶ ᠭᠠᠷ ᠬᠣᠯᠪᠣᠯᠴᠠᠨ ᠪᠦᠯᠬᠦᠮᠳᠡᠯ᠂ ᠬᠥᠭ᠌ᠵᠢᠯᠲᠡ᠂ ᠪᠣᠯᠪᠠᠰᠤᠨ᠂ ᠡᠩᠬᠡ ᠲᠠᠢᠪᠤᠩ᠂ ᠠᠷᠠᠳ᠎ᠤᠨ ᠰᠡᠳᠭᠢᠯ ᠭᠡᠬᠦ᠌ 《ᠲᠠᠪᠤᠨ ᠶᠡᠬᠡ ᠢᠨᠵᠧᠨᠧᠷᠢᠩ》 ᠢ᠋ ᠡᠬᠢᠯᠡᠭᠦᠯᠬᠦ᠌᠎ᠪᠡᠷ ᠨᠡᠢᠲᠡᠯᠡᠵᠦ᠍᠂ ᠠᠹᠷᠢᠺᠠ ᠲᠢᠪ᠎ᠦᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 53 ᠤᠯᠤᠰ᠎ᠲᠤ 100%᠎ᠶ᠋ᠢᠨ ᠭᠠᠢᠯᠢ᠎ᠶ᠋ᠢᠨ ᠲᠥᠷᠥᠯ᠎ᠦᠨ ᠦᠶ᠋ᠯᠡᠳᠬᠦᠨ᠎ᠡᠴᠡ ᠪᠣᠭᠣᠮᠲᠠ᠎ᠶ᠋ᠢᠨ ᠭᠠᠢᠯᠢ ᠥᠯᠥ᠍ ᠲᠠᠲᠠᠪᠤᠷᠢᠯᠠᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠪᠠ; 《ᠫᠠᠷᠢᠰ᠎ᠤᠨ ᠬᠡᠯᠡᠯᠴᠡᠭᠡᠷ》 ᠲᠣᠭ᠍ᠲᠠᠭ᠍ᠰᠠᠨ 10 ᠵᠢᠯ᠎ᠦᠨ ᠤᠢ᠎ᠶ᠋ᠢᠨ ᠲᠠᠱᠢᠷᠠᠮ᠎ᠳᠤ᠂ ᠳᠤᠮᠳᠠᠳᠤ ᠤᠯᠤᠰ᠎ᠤᠨ ᠱᠢᠨ᠎ᠡ ᠨᠢᠭᠡᠨ ᠡᠭᠡᠯᠵᠢ᠎ᠶ᠋ᠢᠨ ᠤᠯᠤᠰ᠎ᠤᠨ ᠪᠡᠶ᠎ᠡ᠎ᠪᠡᠨ ᠳᠠᠭᠠᠭᠠᠵᠤ ᠦᠵᠡᠬᠦᠯᠬᠦ ᠬᠤᠪᠢ ᠨᠡᠮᠡᠷᠢ ᠵᠢ ᠵᠠᠷᠯᠠᠪᠠ ᠁
ᠲᠦᠪ ᠶᠤᠰᠤᠨ᠎ᠤ ᠵᠠᠮ᠎ᠢᠶᠠᠷ ᠵᠠᠮᠨᠠᠵᠤ ᠪᠠᠢᠭ᠎ᠠ ᠳᠤᠮᠳᠠᠳᠤ ᠤᠯᠤᠰ ᠢᠮᠠᠭ᠍ᠲᠠ ᠠᠭᠤᠳᠠᠮᠴᠢ ᠪᠠᠭᠳᠠᠭᠠᠮᠵᠢ ᠪᠡᠷ ᠵᠥᠷᠢᠴᠡᠯ ᠮᠥᠷᠭᠥᠯᠳᠦᠭᠡᠨ᠎ᠢ ᠢᠯᠠᠨ ᠳᠠᠪᠠᠵᠤ᠂ ᠠᠭᠤᠳᠠᠮᠴᠢ ᠰᠡᠳᠭᠢᠯᠭᠡ᠎ᠪᠡᠷ ᠬᠥᠮᠦᠨ ᠲᠥᠷᠥᠯᠬᠢᠲᠡᠨ᠎ᠦ ᠬᠤᠪᠢ ᠵᠠᠶᠠᠭ᠎ᠠ᠎ᠶ᠋ᠢ ᠬᠠᠷᠠᠭᠠᠯᠵᠠᠭ᠍ᠰᠠᠭᠠᠷ ᠢᠷᠡᠵᠠᠢ᠃
ᠳᠡᠭᠡᠭᠦᠯᠡᠷ ᠳᠡᠯᠡᠬᠡᠶ ᠳ᠋ᠠᠬᠢᠨ᠎ᠢᠶᠠᠷ᠎ᠢᠶᠠᠨ ᠭᠠᠢᠬᠠᠰᠢᠷᠠᠨᠠ — 《ᠳᠤᠮᠳᠠᠳᠤ ᠤᠯᠤᠰ ᠶᠠᠭ 〈ᠲᠤᠷ᠎ᠠ ᠪᠤᠯᠢᠶᠠᠮ᠎ᠠ ᠤᠨᠴᠠᠭᠠᠢ ᠡᠳᠡᠭᠡᠳ〉 ᠪᠣᠯᠵᠣ ᠪᠠᠢᠨ᠎ᠠ》᠂ 《ᠬᠠᠮᠤᠭ᠎ᠤᠨ ᠨᠥᠯᠥᠭᠡᠯᠡᠬᠦ᠌ ᠬᠦᠴᠦᠨ᠎ᠲᠡᠶ ᠪᠥᠬᠥ᠌ ᠪᠥᠮᠪᠥᠷᠴᠡᠭ᠎ᠦᠨ ᠬᠡᠷᠡᠭ ᠶᠠᠪᠤᠳᠠᠯ᠎ᠤᠨ ᠣᠷᠣᠯᠴᠠᠭ᠍ᠴᠢ ᠮᠦᠨ》᠂ 《ᠨᠠᠢᠳᠠᠪᠤᠷᠢᠲᠠᠶ ᠬᠠᠨᠢᠲᠠᠨ ᠶᠤᠮ》;
ᠡᠭᠦᠨ᠎ᠦ ᠤᠯᠠᠮ᠎ᠢᠶᠠᠷ᠂ ᠡᠯ᠎ᠡ ᠲᠠᠯ᠎ᠠ᠎ᠶ᠋ᠢᠨ ᠬᠢᠨ ᠣᠢᠷᠠᠳᠴᠤ᠌᠂ ᠡᠷᠢᠯᠭᠢᠯᠡᠨ᠎ᠡ — ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠮᠵᠢᠯᠲᠠ ᠵᠢᠨ ᠨᠢᠭᠤᠴᠠ ᠨᠣᠮᠧᠷ᠎ᠢ ᠬᠠᠢᠨ ᠰᠦᠪᠡᠭ᠌ᠴᠢᠯᠡᠬᠦ ᠡᠯ᠎ᠡ ᠤᠯᠤᠰ᠎ᠤᠨ ᠤᠯᠤᠰ ᠲᠥᠷᠥ᠎ᠶ᠋ᠢᠨ ᠴᠢᠬᠤᠯᠠ ᠬᠥᠮᠦᠰ᠂ ᠳᠤᠮᠳᠠᠳᠤ ᠤᠯᠤᠰ᠎ᠤᠨ ᠭᠠᠳᠠᠭᠠᠳᠤ ᠪᠠᠯᠠ᠎ᠶ᠋ᠢᠨ ᠠᠵᠤ ᠠᠬᠤᠢᠯᠠᠯ᠎ᠤᠨ ᠳᠡᠭᠡᠳᠦ ᠲᠠᠰ᠎ᠤᠨ ᠬᠠᠮᠢᠶᠠᠷᠤᠭ᠍ᠴᠢ᠂ 《ᠳᠤᠮᠳᠠᠳᠤ ᠤᠯᠤᠰᠲᠡᠬᠢ ᠵᠢᠭᠤᠯᠴᠢᠯᠠᠯ》 ᠳ᠋ᠤ ᠪᠠᠬᠠᠳᠠᠢ ᠡᠯ᠎ᠡ ᠤᠯᠤᠰ᠎ᠤᠨ ᠠᠷᠠᠳ ᠲᠦᠮᠡᠨ ᠬᠣᠢᠨ᠎ᠠ ᠬᠣᠢᠨ᠎ᠠ᠎ᠡᠴᠡ᠎ᠪᠠᠨ ᠬᠦᠷᠦᠯᠴᠡᠨ ᠢᠷᠡᠵᠡᠭᠡᠨ᠎ᠡ ᠁
ᠡᠳᠦᠷ᠎ᠡᠴᠡ ᠡᠳᠦᠷ ᠱᠢᠨᠡᠳᠴᠦ᠍ ᠪᠠᠢᠭ᠎ᠠ ᠳᠤᠮᠳᠠᠳᠤ ᠤᠯᠤᠰ᠂ ᠢᠲᠡᠭᠡᠭᠦᠱᠢᠲᠡᠶ᠂ ᠬᠥᠭᠡᠷᠦᠬᠦᠨ᠂ ᠬᠦᠨᠳᠦᠳᠭᠡᠭᠦᠱᠢᠲᠡᠶ ᠳᠤᠮᠳᠠᠳᠤ ᠤᠯᠤᠰ ᠡ᠃
ᠲᠦᠮᠡᠨ ᠣᠯᠠᠨ᠎ᠢᠶᠠᠷ᠎ᠢᠶᠠᠨ ᠰᠡᠳᠭᠢᠯ ᠨᠢᠭᠡᠳᠦᠨ ᠡᠷᠡᠮᠡᠬᠡᠢᠯᠡᠨ ᠤᠷᠤᠭ᠍ᠰᠢᠯᠠᠪᠠ
— 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠨᠡᠩ ᠭᠣᠢᠳᠠ ᠰᠠᠢᠬᠠᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ》
2025 ᠣᠨ᠎ᠤ 9 ᠰᠠᠷ᠎ᠠ᠎ᠶ᠋ᠢᠨ 3᠎ᠤ᠋ ᠡᠳᠦᠷ᠂ ᠲᠢᠶᠠᠨ ᠠᠨ ᠮᠸᠨ ᠠᠭᠤᠳᠠᠮ ᠲᠠᠯᠠᠪᠠᠶ᠎ᠳᠤ ᠤᠯᠤᠰ᠎ᠤᠨ ᠶᠡᠬᠡ ᠶᠣᠰᠣᠯᠠᠯ ᠶᠠᠪᠤᠭ᠍ᠳᠠᠵᠤ᠂ ᠬᠥᠮᠦᠰ᠎ᠦᠨ ᠰᠡᠳᠭᠢᠯ᠎ᠢ ᠬᠥᠭ᠌ᠵᠢᠭᠡᠪᠡ᠃
ᠲᠢᠶᠠᠨ ᠠᠨ ᠮᠸᠨ ᠠᠰᠠᠷ᠎ᠤᠨ ᠶᠡᠬᠡ ᠬᠠᠷᠰᠢ᠎ᠳᠤ 《ᠲᠦᠮᠡᠨ ᠤᠯᠠᠨ ᠵᠢᠡᠷ ᠵᠢᠡᠨ ᠲᠡᠮᠦᠷ ᠭᠡᠷᠡᠮ ᠪᠤᠯᠤᠨ᠎ᠠ》 ᠭᠡᠰᠡᠨ ᠲᠤᠮᠤ ᠪᠢᠴᠢᠭᠡᠰᠦ ᠡᠯᠭᠦᠭᠡᠰᠦᠲᠡᠢ; ᠠᠭᠤᠳᠠᠮ ᠲᠠᠯᠠᠪᠠᠢ᠎ᠳᠤ᠂ ᠬᠢᠳᠠᠳ ᠦᠰᠦᠭ 《众》 ᠬᠡᠯᠪᠡᠷᠢ ᠵᠢᠨ ᠶᠣᠰᠣᠯᠠᠯ᠎ᠤᠨ ᠲᠠᠢ᠌ᠰᠠ ᠰᠦᠷᠯᠢᠭ ᠰᠠᠢᠬᠠᠨ ᠬᠠᠷᠠᠭ᠍ᠳᠠᠨ᠎ᠠ᠃
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠰᠦᠷ ᠳᠠᠯᠠᠢᠴᠠᠲᠠᠢ ᠲᠥᠪ ᠴᠢᠩᠭ᠎ᠠ᠎ᠪᠠᠷ ᠲᠤᠩᠬᠠᠭ᠍ᠯᠠᠵᠤ᠂ ᠤᠯᠤᠰ᠎ᠤᠨ ᠳᠤᠷᠠᠰᠤᠮᠵᠢ᠎ᠳᠤ ᠥᠨᠢᠳᠡ᠎ᠶ᠋ᠢᠨ ᠣᠷᠣᠨ ᠪᠠᠢᠷᠢ᠎ᠶ᠋ᠢ ᠲᠣᠭ᠍ᠲᠠᠭᠠᠵᠤ ᠥᠭ᠌ᠪᠡ᠄《ᠶᠠᠫᠣᠨ᠎ᠢ ᠡᠰᠡᠷᠭᠦᠴᠡᠬᠦ᠌ ᠠᠭᠤᠤ ᠶᠡᠬᠡ ᠲᠠᠢ᠌ᠨ᠎ᠦ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠡᠷᠴᠢ ᠵᠣᠷᠢᠭ᠎ᠢᠶᠠᠨ ᠬᠥᠪᠴᠢᠯᠡᠨ ᠡᠷᠡᠯᠬᠡᠭ᠌ᠯᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠬᠦ ᠭᠡᠷᠡᠭᠲᠡᠢ!》 ᠭᠡᠪᠡ᠃
ᠠᠭᠤᠤ ᠶᠡᠬᠡ ᠢᠯᠠᠯᠲᠠ᠎ᠡᠴᠡ ᠠᠭᠤᠤ ᠶᠡᠬᠡ ᠰᠡᠷᠭᠦᠨ ᠮᠠᠨᠳᠤᠯᠲᠠ ᠬᠦᠷᠲᠡᠯ᠎ᠡ᠂ ᠤᠯᠠᠭᠠᠨ ᠲᠤᠭ ᠨᠠᠮᠢᠷᠠᠵᠤ᠂ ᠲᠦᠮᠡᠨ ᠤᠯᠠᠨ ᠪᠠᠶᠠᠷᠯᠠᠨ ᠬᠥᠭᠡᠷᠦᠯᠳᠦᠵᠦ᠍᠂ ᠬᠥᠭ᠌ᠵᠢᠯ ᠪᠠᠳᠠᠷᠠᠯ᠎ᠲᠠᠶ ᠴᠠᠭ ᠦᠶ᠎ᠡ᠎ᠶ᠋ᠢ ᠭᠡᠢᠭᠦᠯᠪᠡ; ᠪᠠᠢᠯᠳᠤᠭᠠᠨ᠎ᠤ ᠲᠣᠭ ᠰᠠᠯᠬᠢᠨ᠎ᠠ ᠨᠠᠮᠢᠷᠠᠵᠤ ᠂ ᠬᠠᠳᠠᠨ ᠪᠠᠳᠤ ᠵᠤᠷᠢᠭ ᠰᠠᠨᠠᠭ᠎ᠠ ᠲᠠᠢ ᠴᠡᠷᠢᠭ ᠠᠷᠠᠳ ᠡᠷᠡᠮᠡᠬᠡᠢᠯᠡᠨ ᠤᠷᠤᠭᠰᠢᠯᠠᠵᠤ᠂ ᠴᠠᠭ ᠦᠶ᠎ᠡ᠎ᠶ᠋ᠢᠨ ᠬᠦᠴᠦᠷᠬᠡᠭ ᠳᠠᠭᠤᠨ ᠢ᠋ ᠬᠠᠩᠭᠢᠨᠠᠭᠤᠯᠪᠠ᠃
《ᠮᠠᠰᠢ ᠭᠦᠨ ᠰᠠᠭᠤᠭ᠍ᠳᠠᠯ ᠥᠭ᠌ᠭᠦᠭ᠌ᠰᠡᠨ ᠦᠵᠡᠭᠦᠯᠭᠡ ᠪᠤᠯᠵᠠᠢ!》᠃ ᠭᠠᠳᠠᠭᠠᠳᠤ᠎ᠶ᠋ᠢᠨ ᠵᠠᠭᠤᠴᠢᠯᠠᠭᠤᠷ᠎ᠤᠨ ᠬᠢᠨ᠄ 《ᠡᠨᠡ ᠪᠣᠯ ᠵᠢᠩᠬᠢᠨᠢ ᠬᠦᠴᠦᠨ ᠴᠢᠳᠠᠯ ᠪᠠ ᠢᠲᠡᠭᠡᠯ ᠮᠥᠨ!》 ᠭᠡᠵᠦ ᠢᠯᠡᠳᠬᠡᠵᠡᠭᠡᠪᠡ᠃
ᠥᠩᠭᠡᠷᠡᠭ᠌ᠰᠡᠨ᠎ᠳᠦ ᠶᠠᠳᠠᠭᠤ ᠪᠠᠭᠤᠷᠠᠢ᠂ ᠭᠤᠲᠤᠭᠠᠯ ᠲᠤᠷᠤᠮᠵᠢᠯᠠᠯ᠎ᠢ ᠬᠠᠱᠢᠷᠠᠲᠠᠯ᠎ᠠ ᠠᠮᠰᠠᠭ᠍ᠰᠠᠨ 《ᠨᠣᠢᠷᠰᠤᠭ᠍ᠰᠠᠨ ᠠᠷᠰᠯᠠᠨ》 ᠶᠠᠭᠠᠬᠢᠭᠠᠳ ᠪᠣᠰᠴᠤ᠌ ᠵᠣᠭ᠍ᠰᠣᠭ᠍ᠰᠠᠨ᠂ ᠪᠠᠶᠠᠵᠢᠭ᠍ᠰᠠᠨ᠎ᠡᠴᠡ᠎ᠪᠠᠨ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ᠎ᠶ᠋ᠢ ᠤᠭ᠍ᠲᠤᠨ ᠠᠪᠴᠢᠷᠠᠭ᠍ᠰᠠᠨ ᠪᠤᠢ?
ᠥᠴᠥᠭᠡᠳᠦᠷ ᠨᠢ ᠥᠨᠥᠳᠦᠷ ᠢ᠋ ᠰᠡᠩᠭᠡᠷᠡᠬᠦᠯᠵᠦ᠂ ᠲᠡᠦᠬᠡ ᠨᠢ ᠢᠷᠡᠭᠡᠳᠦᠶ᠎ᠶ᠋ᠢ ᠭᠡᠷᠡᠯᠲᠦᠭᠦᠯᠦᠨ᠎ᠡ᠃
ᠱᠠᠨ ᠰᠢ ᠮᠤᠵᠢ᠎ᠶ᠋ᠢᠨ ᠶᠠᠩᠴᠢᠤᠸᠠᠨᠤ ᠱ᠌ᠢ ᠨᠤᠤ ᠱᠠᠨ ᠠᠭᠤᠯᠠ᠎ᠶ᠋ᠢᠨ ᠭᠣᠣᠯ ᠣᠷᠭᠢᠯ ᠳᠡᠭᠡᠷ᠎ᠡ᠂ ᠵᠠᠭᠤᠨ ᠬᠤᠷᠢᠶ᠎ᠠ ᠴᠡᠷᠢᠭ ᠤ᠋ᠨ ᠳᠠᠢᠯᠠᠯᠳᠤᠭᠠᠨ᠎ᠤ ᠳᠤᠷᠠᠰᠭᠠᠯ᠎ᠤᠨ ᠬᠥᠱᠢᠢ᠎ᠡ ᠨᠢ ᠶᠠᠭ ᠯᠠ ᠬᠠᠳᠭᠤᠭᠠᠳ ᠲᠠᠯᠪᠢᠭᠰᠠᠨ ᠵᠢᠳᠡ ᠮᠡᠲᠦ ᠬᠠᠷᠠᠭ᠍ᠳᠠᠨ᠎ᠠ᠃
2025 ᠣᠨ᠎ᠤ 7 ᠰᠠᠷ᠎ᠠ᠎ᠶ᠋ᠢᠨ 7 ᠤ᠋ ᠡᠳᠦᠷ᠂ ᠪᠥᠬᠥ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠲᠡᠢᠨ ᠡᠭᠦᠰᠦᠭ᠌ᠰᠡᠨ 88 ᠵᠢᠯ᠎ᠦᠨ ᠣᠶ᠎ᠶ᠋ᠢᠨ ᠲᠠᠱᠢᠷᠠᠮ᠎ᠢᠶᠠᠷ᠂ ᠶᠡᠷᠦᠩᠬᠡᠶ ᠱᠦᠵᠢ ᠰᠢ ᠵᠢᠨ ᠫᠢᠩ ᠡᠨᠳᠡ ᠢᠷᠡᠵᠦ᠍᠂ ᠨᠠᠶ᠋ᠮᠠᠳᠤᠭᠠᠷ ᠵᠠᠮ᠎ᠤᠨ ᠴᠡᠷᠢᠭ᠎ᠦᠨ ᠦᠷᠡᠭ᠌ᠳᠡᠭ᠌ᠰᠡᠨ ᠪᠠᠭᠠᠲᠤᠷᠴᠤᠳ᠎ᠲᠤ ᠰᠠᠭ᠍ᠰᠤ᠎ᠳᠤ ᠴᠡᠴᠡᠭ ᠬᠦᠷᠭᠡᠭ᠌ᠰᠡᠨ ᠪᠥᠭᠡᠳ ᠵᠠᠭᠤᠨ ᠬᠤᠷᠢᠶ᠎ᠠ ᠴᠡᠷᠢᠭ ᠤ᠋ᠨ ᠳᠠᠢᠯᠠᠯᠳᠤᠭᠠᠨ᠎ᠤ ᠳᠤᠷᠠᠰᠭᠠᠯ᠎ᠤᠨ ᠣᠷᠳᠣᠨ᠎ᠤ ᠦᠵᠡᠭᠦᠯᠭᠡ᠎ᠶ᠋ᠢ ᠲᠣᠭᠣᠷᠢᠨ ᠦᠵᠡᠪᠡ᠃
ᠠᠯᠬᠤᠬᠤ ᠪᠡᠨ ᠵᠤᠬᠰᠤᠵᠤ᠂ ᠨᠢᠭᠳᠠᠯᠠᠨ ᠦᠵᠡᠵᠦ᠂ ᠬᠦᠨ ᠪᠤᠳᠤᠯᠬᠢᠯᠠᠨ᠎ᠠ᠂ ᠡᠨᠡ ᠬᠡᠰᠡᠭ ᠲᠡᠤᠬᠡ ᠵᠢ ᠲᠠᠬᠢᠨ ᠡᠷᠭᠢᠴᠡᠭᠦᠯᠦᠭᠡᠳ᠂ ᠶᠡᠷᠦᠩᠬᠡᠢ ᠱᠦᠵᠢ ᠰᠢ ᠵᠢᠨ ᠫᠢᠩ᠄ 《ᠵᠠᠭᠤᠨ ᠬᠤᠷᠢᠶ᠎ᠠ ᠴᠡᠷᠢᠭ ᠤ᠋ᠨ ᠳᠠᠢᠯᠠᠯᠳᠤᠭᠠᠨ᠎ᠦ ᠲᠡᠦᠬᠡᠨ ᠠᠤᠭ᠎ᠠ ᠠᠵᠢᠯᠯᠠᠭ᠎ᠠ ᠨᠢ ᠮᠠᠨ᠎ᠤ ᠨᠠᠮ᠎ᠤᠨ ᠪᠦᠬᠦ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠳᠡᠬᠢ ᠲᠤᠯᠭᠠᠭᠤᠷᠢ ᠬᠦᠴᠦᠨ ᠪᠣᠯᠬᠤ ᠦᠢᠯᠡᠳᠦᠯ᠎ᠢ ᠭᠦᠢᠴᠡᠳ ᠬᠠᠷᠠᠭᠤᠯᠵᠤ᠂ ᠨᠠᠮ᠎ᠤᠨ ᠤᠳᠤᠷᠢᠳᠤᠭ᠍ᠰᠠᠨ ᠠᠷᠠᠳ᠎ᠤᠨ ᠳᠠᠢ᠌ᠨ᠎ᠦ ᠠᠤᠭ᠎ᠠ ᠬᠦᠴᠦᠨ᠎ᠢ ᠭᠦᠢᠴᠡᠳ ᠬᠠᠷᠠᠭᠤᠯᠵᠠᠢ》 ᠭᠡᠵᠦ ᠢᠳᠡ ᠬᠦᠴᠦᠳᠡᠢ ᠬᠡᠯᠡᠪᠡ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠷᠤᠰᠬᠠᠯ ᠳᠤᠮᠳᠠᠬᠢ ᠤᠷᠭᠤᠭ᠎ᠠ ᠬᠠᠳᠠ ᠪᠤᠯᠤᠭᠰᠠᠨ ᠬᠦᠳᠦᠯᠤᠨ ᠲᠠᠭᠠᠭᠤᠯᠤᠯᠳᠠ᠂ ᠪᠦᠬᠦ᠌ ᠠᠷᠠᠳ ᠲᠦᠮᠡᠨ᠎ᠦ ᠪᠦᠯᠬᠦᠮᠳᠡᠨ ᠲᠡᠮᠡᠴᠡᠭᠰᠡᠨ ᠠᠤᠭ᠎ᠠ ᠶᠡᠬᠡ ᠬᠦᠴᠦᠨ — 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠢᠳᠡᠨ᠎ᠦ 〈ᠨᠣᠢᠷᠰᠤᠭ᠍ᠰᠠᠨ ᠠᠷᠰᠯᠠᠨ〉 ᠢ᠋ ᠬᠡᠷᠬᠢᠨ ᠰᠡᠷᠡᠭᠡᠬᠦ᠌᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠡᠨᠡ ᠬᠦ᠌ ᠴᠢᠬᠤᠯᠠ ᠶᠡᠬᠡ ᠲᠡᠦᠬᠡ᠎ᠶ᠋ᠢᠨ ᠰᠡᠳᠦᠪᠲᠦ ᠥᠭ᠌ᠭᠦᠭ᠌ᠰᠡᠨ ᠬᠠᠷᠢᠭᠤᠯᠲᠠ ᠪᠣᠯᠤᠨ᠎ᠠ》᠃
ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠨᠡᠢᠭᠡᠮ ᠵᠢᠷᠤᠮ᠎ᠤᠨ ᠣᠳᠣᠬᠢᠴᠢᠯᠠᠯᠲᠠ ᠮᠥᠨ᠂ ᠨᠠᠮ᠎ᠤᠨ ᠤᠳᠤᠷᠢᠳᠤᠯᠭ᠎ᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠦᠨᠳᠦᠰᠦᠨ ᠴᠢᠭ᠌ᠯᠡᠯ᠂ ᠢᠷᠡᠭᠡᠳᠦᠢ ᠬᠤᠪᠢ ᠵᠠᠶᠠᠭ᠎ᠠ᠂ ᠡᠴᠦᠰ᠎ᠲᠡᠬᠡᠨ ᠢᠯᠠᠵᠤ ᠢᠯᠠᠭ᠍ᠳᠠᠬᠤ ᠲᠠᠢ ᠱᠢᠭᠤᠳ ᠬᠣᠯᠪᠣᠭ᠍ᠳᠠᠨ᠎ᠠ᠃
2025 ᠣᠨ᠎ᠤ 3 ᠰᠠᠷ᠎ᠠ᠎ᠳᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠰᠠᠶᠢᠬᠠᠨ ᠡᠬᠢᠯᠡᠵᠦ᠍᠂ ᠶᠡᠷᠦᠩᠬᠡᠢ ᠱᠦᠵᠢ ᠰᠢ ᠵᠢᠨ ᠫᠢᠩ ᠭᠦᠢᠵᠧᠦ᠂ ᠶᠦᠨᠨᠠᠨ᠎ᠳᠤ ᠬᠦᠷᠴᠦ᠍ ᠱᠢᠨᠵᠢᠯᠡᠨ ᠪᠠᠢᠴᠠᠭᠠᠪᠠ᠃
90 ᠵᠢᠯ᠎ᠦᠨ ᠡᠮᠦᠨ᠎ᠡ᠂ ᠪᠠᠷᠠᠭᠤᠨ ᠡᠮᠦᠨᠡᠲᠦ ᠣᠷᠣᠨ᠎ᠤ ᠠᠭᠤᠯᠠ ᠤᠰᠤᠨ᠎ᠤ ᠬᠣᠭᠣᠷᠣᠨᠳᠣ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠠᠭᠠᠨ ᠴᠡᠷᠢᠭ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠦᠬᠦᠵᠦ᠍ ᠰᠡᠭᠡᠬᠦ᠌᠎ᠳᠦ ᠬᠣᠯᠪᠣᠭ᠍ᠳᠠᠬᠤ ᠡᠷᠭᠢᠯᠲᠡ᠎ᠶ᠋ᠢ ᠪᠡᠶᠡᠯᠡᠭᠦᠯᠪᠡ᠃
ᠤᠯᠤᠰ᠎ᠢ ᠵᠠᠰᠠᠬᠤ᠎ᠳᠤ ᠡᠷᠬᠡᠪᠰᠢ ᠤᠷᠢᠳ ᠵᠢᠡᠷ ᠨᠠᠮ᠎ᠢ ᠵᠠᠰᠠᠬᠤ ᠬᠡᠷᠡᠭ᠌ᠲᠡᠢ᠂ ᠨᠠᠮ ᠮᠠᠨᠳᠤᠪᠠᠯ ᠰᠠᠶᠢ ᠤᠯᠤᠰ ᠬᠦᠴᠦᠷᠬᠡᠭ᠌ᠵᠢᠵᠦ᠍ ᠴᠢᠳᠠᠨ᠎ᠠ᠃ 《ᠪᠠᠢᠳᠠᠯ ᠬᠡᠳᠦᠢ ᠪᠤᠳᠤᠯᠢᠶᠠᠨᠲᠠᠢ ᠬᠤᠪᠢᠷᠠᠯᠲᠠ ᠶᠡᠬᠡᠲᠡᠢ᠂ ᠡᠭᠦᠷᠭᠡ ᠬᠡᠳᠦᠢ ᠪᠡᠷᠬᠡ ᠬᠠᠲᠠᠭᠤᠵᠢᠯᠲᠠᠢ ᠪᠤᠯᠬᠤ ᠳᠤᠳᠤᠮ ᠨᠡᠮ᠎ᠤᠨ ᠤᠳᠤᠷᠢᠳᠤᠯᠭ᠎ᠠ ᠭᠡᠬᠦ ᠡᠨᠡ ᠬᠦ᠌ ᠬᠠᠮᠤᠭ᠎ᠤᠨ ᠶᠡᠬᠡ ᠳᠠᠪᠠᠭᠤᠯᠢᠭ ᠢ᠋ ᠲᠡᠳᠦᠢ ᠰᠠᠢᠲᠤᠷ ᠪᠠᠷᠢᠮᠲᠠᠯᠠᠵᠤ᠂ ᠰᠠᠢᠲᠤᠷ ᠬᠡᠷᠡᠭ᠌ᠯᠡᠵᠦ᠍᠂ ᠰᠠᠢᠲᠤᠷ ᠬᠥᠭ᠌ᠵᠢᠭᠦᠯᠬᠦ᠌ ᠬᠡᠷᠡᠭᠳᠡᠢ》 ᠭᠡᠳᠡᠭ ᠢ᠋ ᠦᠢᠯᠡᠳᠦᠯᠭᠡ ᠳᠠᠬᠢᠨᠲᠠ ᠭᠡᠷᠡᠴᠢᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠤᠳᠠᠯ ᠥᠬᠡᠶ ᠰᠡᠬᠦᠯ ᠬᠤᠷᠢᠶᠠᠬᠤ ᠪᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠨᠢ ᠶᠠᠭ ᠲᠥᠯᠥᠪᠵᠢᠭᠦᠯᠵᠦ᠍ ᠪᠠᠢᠭ᠎ᠠ ᠵᠠᠩᠭᠢᠯᠠᠭ᠎ᠠ᠎ᠶ᠋ᠢᠨ ᠦᠶ᠎ᠡ᠎ᠳᠦ ᠤᠷᠤᠰᠢᠵᠤ᠂ ᠦᠵᠡᠯ ᠰᠠᠨᠠᠭᠠᠨ᠎ᠤ ᠬᠥᠪᠴᠢ᠎ᠪᠡᠨ ᠳᠠᠬᠢᠨ ᠴᠢᠩᠭᠠᠯᠠᠵᠤ᠂ ᠣᠭ ᠰᠠᠨᠠᠭᠠᠨ᠎ᠤ ᠡᠷᠴᠢ ᠪᠡᠨ ᠳᠠᠬᠢᠨ ᠴᠢᠩᠭᠠᠯᠠᠬᠤ᠎ᠨᠢ ᠨᠠᠮ᠎ᠤᠨ ᠲᠥᠷᠥ᠍ ᠪᠠᠷᠢᠬᠤ ᠰᠠᠭᠤᠷᠢ᠎ᠲᠠᠶ ᠬᠣᠯᠪᠣᠭ᠍ᠳᠠᠵᠤ᠂ ᠳᠤᠮᠳᠠᠳᠤ ᠤᠯᠤᠰ᠎ᠤᠨ ᠮᠠᠶᠢᠭ ᠤ᠋ᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠥᠬᠥ᠌ ᠲᠠᠯ᠎ᠠ᠎ᠲᠠᠶ ᠬᠣᠯᠪᠣᠭ᠍ᠳᠠᠨ᠎ᠠ᠃
ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠪᠡᠶ᠎ᠡ᠎ᠪᠡᠷ᠎ᠢᠶᠡᠨ ᠲᠥᠯᠥᠪᠯᠡᠭ᠌ᠰᠡᠨ 2025 ᠣᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠭᠣᠣᠯᠳᠠᠯᠭ᠎ᠠ᠎ᠲᠠᠶ ᠡᠭᠦᠷᠭᠡ ᠮᠥᠨ᠃
《ᠡᠳᠡᠭᠡᠷ ᠵᠢᠯ᠎ᠦᠳ᠎ᠲᠦ᠂ ᠨᠠᠢ᠍ᠮᠠᠨ ᠲᠣᠭ᠍ᠲᠠᠭᠠᠯ ᠨᠢ ᠦᠨᠡᠬᠡᠷ ᠦᠨᠳᠦᠰᠦᠨ ᠴᠢᠨᠠᠷᠲᠠᠶ ᠬᠤᠪᠢᠷᠠᠯᠲᠠ᠎ᠶ᠋ᠢ ᠠᠬᠢᠭᠤᠯᠵᠤ᠂ ᠬᠡᠪ ᠰᠤᠷᠲᠠᠯ ᠱᠢᠨᠡᠳᠴᠦ᠍᠂ ᠥᠩᠭᠡᠷᠡᠭ᠌ᠰᠡᠨ᠎ᠦ ᠬᠦᠨᠳᠦ ᠳᠠᠷᠤᠭᠠᠰᠤ᠎ᠡᠴᠡ ᠮᠤᠯᠲᠤᠷᠠᠬᠤᠶᠠ ᠪᠡᠷᠬᠡ ᠦᠵᠡᠭ᠌ᠳᠡᠯ᠎ᠦᠨ ᠣᠯᠠᠩᠬᠢ ᠨᠢ ᠦᠭᠡᠢ ᠪᠣᠯᠵᠠᠶ᠃ ᠡᠭᠦᠨ᠎ᠦ ᠬᠠᠮᠳᠤ᠂ ᠵᠠᠷᠢᠮ ᠭᠠᠵᠠᠷ᠎ᠲᠤ ᠰᠤᠯᠠᠷᠠᠭ᠍ᠰᠠᠨ ᠪᠠᠢᠳᠠᠯ ᠭᠠᠷᠴᠤ᠌᠂ ᠵᠠᠷᠢᠮ ᠲᠠᠯ᠎ᠠ᠎ᠪᠠᠷ ᠪᠠᠰᠠ ᠪᠠᠯᠠᠢ ᠣᠷᠣᠨ ᠪᠤᠯᠤᠩ ᠪᠠᠢᠵᠤ᠂ ᠵᠠᠷᠢᠮ ᠮᠠᠭᠤ ᠬᠡᠪ ᠰᠤᠷᠲᠠᠯ᠎ᠳᠤ ᠲᠠᠬᠢᠨ ᠢᠯᠡᠷᠡᠬᠦ᠌ ᠭᠡᠳᠡᠷᠬᠦ᠌ ᠤᠷᠤᠰᠭᠠᠯ ᠭᠠᠷᠤᠭ᠍ᠰᠠᠨᠢ ᠣᠯᠵᠤ ᠬᠠᠷᠠᠬᠤ ᠬᠡᠷᠡᠭ᠌ᠲᠡᠢ》᠃ ᠶᠡᠷᠦᠩᠬᠡᠶ ᠱᠦᠵᠢ ᠰᠢ ᠵᠢᠨ ᠫᠢᠩ ᠨᠠᠮ᠎ᠤᠨ ᠲᠥᠪ ᠬᠣᠷᠢᠶ᠎ᠠ᠎ᠡᠴᠡ ᠡᠨᠡ ᠤᠳᠠᠭᠠᠨ᠎ᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠲᠤᠬᠠᠶ ᠠᠯᠤᠰ ᠬᠡᠲᠦ᠍᠎ᠶ᠋ᠢᠨ ᠪᠣᠳᠣᠯᠬᠢᠯᠠᠯ᠎ᠢ ᠳᠤᠷᠠᠳᠤᠨ ᠭᠠᠷᠭᠠᠵᠤ᠂ 《ᠬᠠᠳᠠᠭᠠᠰᠤ ᠬᠠᠳᠠᠬᠤ ᠶᠤᠮ ᠴᠢᠨᠢ ᠢᠯᠡᠭᠦᠦ ᠬᠡᠲᠦ ᠤᠳᠠᠭ᠎ᠠ ᠲᠠᠪᠳᠠᠨ ᠬᠠᠳᠠᠵᠤ᠂ ᠤᠳᠠᠭᠠᠨ ᠳᠠᠭᠠᠭᠠᠮᠠᠭᠠᠶ ᠪᠠᠷᠢᠮᠲᠠᠯᠠᠵᠤ᠂ ᠬᠡᠪ ᠵᠠᠩᠱᠢᠯ ᠪᠣᠯᠭᠠᠨ ᠬᠤᠪᠢᠷᠠᠭᠤᠯᠬᠤ ᠬᠡᠷᠡᠭ᠌ᠲᠡᠶ》 ᠭᠡᠵᠦ ᠬᠡᠯᠡᠪᠡ᠃
2025 ᠣᠨ᠎ᠤ 6 ᠰᠠᠷ᠎ᠠ᠎ᠶ᠋ᠢᠨ 30᠎ᠤ᠋ ᠡᠳᠦᠷ᠂ 《ᠲᠤᠯᠤᠭᠠᠨ ᠰᠠᠷ᠎ᠠ᠎ᠶ᠋ᠢᠨ ᠨᠢᠭᠡᠨ》 ᠡᠴᠡ ᠡᠮᠦᠨᠡᠬᠡᠨ᠂ ᠪᠡᠭᠡᠵᠢᠩ᠎ᠦᠨ ᠵᠥᠩ ᠨᠠᠨ ᠬᠠᠶ᠎ᠳᠤ᠃ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶ᠋ᠢᠨ ᠲᠣᠪᠴᠢᠶ᠎ᠠ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠪᠦᠷᠢᠨᠱᠢᠭᠦᠯᠦᠨ ᠨᠠᠢᠳᠠᠪᠤᠷᠢᠵᠢᠭᠤᠯᠬᠤ᠂ 《ᠳᠥᠷᠪᠡᠨ ᠰᠤᠷᠲᠠᠯ》 ᠢ᠋ ᠵᠠᠯᠠᠷᠠᠭᠤᠯᠤᠨ ᠵᠠᠰᠠᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢᠨ ᠲᠤᠬᠠᠶ ᠬᠣᠷᠢᠨ ᠨᠢᠭᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠪᠠ᠃
《ᠮᠠᠨ᠎ᠤ ᠨᠠᠮ᠎ᠤᠨ ᠡᠭᠦᠷᠭᠡᠯᠡᠵᠦ᠍ ᠪᠠᠢᠭ᠎ᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠡᠭᠦᠷᠭᠡ ᠲᠤᠢᠯ᠎ᠤᠨ ᠬᠦᠨᠳᠦ᠂ ᠲᠤᠯᠭᠠᠷᠠᠵᠤ ᠪᠠᠢᠭ᠎ᠠ ᠲᠦᠷᠦ᠍ ᠪᠠᠷᠢᠬᠤ ᠣᠷᠴᠢᠨ ᠲᠣᠭᠣᠷᠢᠨ ᠲᠤᠢᠯ᠎ᠤᠨ ᠪᠤᠳᠤᠯᠢᠶᠠᠨᠲᠠᠢ᠂ ᠥᠪᠡᠷ ᠪᠡᠶ᠎ᠡ᠎ᠵᠢᠨ ᠬᠤᠪᠢᠰᠭᠠᠯ ᠬᠢᠬᠦ ᠡᠨᠡ ᠬᠦ᠌ ᠬᠥᠪᠴᠢ᠎ᠶ᠋ᠢ ᠡᠷᠬᠡᠪᠰᠢ ᠨᠡᠩ ᠴᠢᠩᠭᠠᠯᠠᠬᠤ ᠬᠡᠷᠡᠭ᠌ᠲᠡᠢ》᠃ ᠶᠡᠷᠦᠩᠬᠡᠢ ᠱᠦᠵᠢ ᠰᠢ ᠵᠢᠨ ᠫᠢᠩ ᠰᠤᠷᠲᠠᠯ᠎ᠤᠨ ᠪᠠᠢᠭᠤᠯᠤᠯᠲᠠ᠎ᠡᠴᠡ ᠨᠠᠮ᠎ᠤᠨ ᠥᠪᠡᠷ ᠪᠡᠶ᠎ᠡ᠎ᠵᠢᠨ ᠬᠤᠪᠢᠰᠭᠠᠯ ᠬᠢᠬᠦ ᠲᠤᠬᠠᠢ ᠶᠠᠷᠢᠵᠤ᠂ ᠨᠠᠮ᠎ᠤᠨ ᠥᠪᠡᠷ ᠪᠡᠶ᠎ᠡ᠎ᠵᠢᠨ ᠬᠤᠪᠢᠰᠭᠠᠯ ᠬᠢᠬᠦ ᠶ᠋ᠢ ᠡᠴᠦᠰ᠎ᠲᠦᠨᠢ ᠲᠤᠯᠲᠠᠯ᠎ᠠ ᠬᠢᠬᠦ᠌ ᠢᠯᠡ ᠲᠣᠳᠣ ᠲᠤᠬᠢᠶ᠎ᠠ᠎ᠶ᠋ᠢ ᠳᠠᠮᠵᠢᠭᠤᠯᠪᠠ᠃
ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠨᠠᠮ᠎ᠤᠨ ᠥᠪᠡᠷ ᠪᠡᠶ᠎ᠡ᠎ᠵᠢᠨ ᠬᠤᠪᠢᠰᠭᠠᠯ ᠬᠢᠬᠦ ᠪᠡᠷ ᠨᠡᠢᠭᠡᠮ᠎ᠦᠨ ᠬᠤᠪᠢᠰᠭᠠᠯ᠎ᠢ ᠬᠦᠳᠦᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠪᠦᠲᠦᠭᠡᠯᠴᠢ ᠬᠦᠴᠦᠨ᠂ ᠨᠢᠭ᠍ᠲᠠᠷᠠᠯ᠎ᠤᠨ ᠬᠦᠴᠦᠨ᠂ ᠲᠠᠢ᠌ᠴᠢᠨ ᠬᠦᠴᠦᠨ ᠦᠷᠭᠦᠯᠵᠢᠯᠡᠨ ᠴᠢᠩᠭᠠᠷᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠱᠢᠨ᠎ᠡ ᠡᠭᠦᠳᠦᠯᠲᠡ᠎ᠶ᠋ᠢᠨ ᠴᠢᠨᠠᠷᠲᠠᠢ ᠠᠬᠢᠴᠠ᠂ ᠱᠢᠪᠲᠤᠯᠤᠯᠲᠠ᠎ᠶ᠋ᠢᠨ ᠴᠢᠨᠠᠷᠲᠠᠢ ᠬᠤᠪᠢᠰᠤᠯᠲᠠ᠂ ᠲᠡᠦᠬᠡᠲᠦ ᠴᠢᠨᠠᠷᠲᠠᠢ ᠠᠮᠵᠢᠯᠲᠠ ᠤᠯᠬᠤ᠎ᠶ᠋ᠢ ᠠᠬᠢᠭᠤᠯᠪᠠ᠃
ᠡᠨᠡ ᠪᠣᠯ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠴᠢᠷᠮᠠᠢᠨ ᠵᠤᠷᠢᠬᠰᠠᠨ ᠣᠳᠣᠬᠢᠴᠢᠯᠠᠯᠲᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠪᠣᠯ ᠮᠠᠨ᠎ᠤ ᠤᠯᠤᠰ᠎ᠤᠨ 56 ᠦᠨᠳᠦᠰᠦᠲᠡᠨ᠎ᠦ ᠬᠠᠮᠲᠤ᠎ᠶ᠋ᠢᠨ ᠦᠢᠯᠡᠰ ᠮᠥᠨ᠂ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠬᠠᠮᠲᠤ᠎ᠶ᠋ᠢᠨ ᠬᠦᠰᠡᠯ ᠡᠷᠡᠮᠡᠯᠵᠡᠯ ᠮᠥᠨ᠃
ᠳᠠᠪᠠᠯᠭᠠᠯᠠᠨ ᠤᠷᠤᠰᠭᠤ ᠶᠠᠯᠦᠰᠠᠩᠪᠦ᠌ ᠮᠥᠷᠡᠨ ᠴᠠᠰᠤᠲᠤ ᠥᠨᠳᠥᠷᠯᠢᠭ᠎ᠦᠨ ᠯᠤᠲᠤ ᠶᠡᠬᠡ ᠬᠤᠪᠢᠷᠠᠯᠲᠠ᠎ᠶ᠋ᠢ ᠲᠤᠰᠭᠠᠨ᠎ᠠ; ᠤᠷᠲᠤ ᠤᠳᠠᠭᠠᠨ ᠡᠷᠲᠡᠨ᠎ᠦ ᠲᠤᠷᠭᠠᠨ ᠵᠠᠮ᠂ ᠲᠩᠷᠢ ᠠᠭᠤᠯᠠ᠎ᠶ᠋ᠢᠨ ᠡᠮᠦᠨ᠎ᠡ ᠤᠮᠠᠷ᠎ᠠ᠎ᠶ᠋ᠢᠨ ᠡᠳᠦᠷᠢᠷᠡᠬᠦᠶᠡ ᠱᠢᠨᠡᠳᠦᠨ ᠬᠤᠪᠢᠷᠠᠵᠤ ᠪᠠᠢᠬᠤ᠎ᠶ᠋ᠢ ᠭᠡᠷᠡᠴᠢᠯᠡᠨ᠎ᠡ᠃
2025 ᠣᠨ᠎ᠤ 8 ᠰᠠᠷ᠎ᠠ᠂ 9 ᠰᠠᠷ᠎ᠠ᠎ᠳᠤ᠂ ᠰᠢ ᠵᠢᠨ ᠫᠢᠩ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠲᠡᠷᠢᠭᠦᠯᠡᠭ᠌ᠴᠢ᠎ᠶ᠋ᠢᠨ ᠬᠤᠪᠢ᠎ᠪᠠᠷ ᠲᠥᠪ᠎ᠦᠨ ᠲᠥᠯᠥᠭᠡᠯᠡᠭ᠌ᠴᠢᠳ᠎ᠦᠨ ᠪᠦᠯᠬᠦᠮ᠎ᠢ ᠳᠠᠭᠠᠭᠤᠯᠤᠨ ᠲᠥᠪᠡᠳ᠎ᠦᠨ ᠥᠪᠡᠷᠲᠡᠭᠡᠨ ᠵᠠᠰᠠᠬᠤ ᠣᠷᠣᠨ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ᠎ᠢ ᠪᠡᠯᠭᠡᠯᠡᠬᠦ᠌ ᠠᠵᠢᠯᠯᠠᠭ᠎ᠠ᠎ᠳᠤ ᠣᠷᠣᠯᠴᠠᠪᠠ᠂ ᠡᠳᠡᠭᠡᠷ ᠨᠢ ᠨᠠᠮ ᠪᠣᠯᠤᠨ ᠤᠯᠤᠰ᠎ᠤᠨ ᠲᠡᠦᠬᠡᠨ ᠳᠡᠭᠡᠷ᠎ᠡ ᠴᠦᠮ ᠠᠩᠬ᠎ᠠ ᠤᠳᠠᠭ᠎ᠠ ᠶᠤᠮ᠃
ᠶᠡᠷᠦᠩᠬᠡᠢ ᠱᠦᠵᠢ ᠰᠢ ᠵᠢᠨ ᠫᠢᠩ᠎ᠦᠨ ᠬᠦᠷᠦᠭ᠌ᠰᠡᠨ ᠭᠠᠵᠠᠷ ᠪᠣᠯᠭᠠᠨ᠎ᠳᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠳᠠᠭᠤᠯᠠᠨ ᠪᠥᠵᠢᠭ᠌ᠯᠡᠵᠦ᠍᠂ ᠥᠨᠳᠥᠷ ᠲᠠᠭᠤᠨ᠎ᠢᠶᠠᠷ ᠪᠠᠶᠠᠷᠯᠠᠨ ᠤᠷᠠᠢᠯᠠᠵᠤ᠂ ᠶᠡᠷᠦᠩᠬᠡᠢ ᠱᠦᠵᠢ᠎ᠶ᠋ᠢᠨ ᠬᠦᠷᠴᠦ᠍ ᠢᠷᠡᠭ᠌ᠰᠡᠨ᠎ᠢ ᠪᠠᠶᠠᠷᠯᠠᠨ ᠤᠭ᠍ᠲᠤᠵᠤ᠂ ᠶᠡᠷᠦᠩᠬᠡᠢ ᠱᠦᠵᠢ᠎ᠳᠦ ᠴᠢᠩ ᠰᠡᠳᠭᠢᠯ᠎ᠦᠨ ᠵᠥᠩᠨᠡᠯ ᠳᠡᠪᠱᠢᠭᠦᠯᠵᠦ᠍ ᠪᠠᠢᠬᠤ᠎ᠪᠠᠨ ᠢᠯᠡᠳᠭᠡᠭ᠌ᠰᠡᠨ ᠪᠥᠭᠡᠳ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠵᠦ᠍᠂ ᠰᠡᠳᠭᠢᠯ ᠨᠢᠭᠡᠳᠦᠨ ᠭᠠᠷ ᠬᠣᠯᠪᠣᠯᠴᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠦᠰᠡᠯ ᠡᠷᠡᠮᠡᠯᠵᠡᠯ ᠪᠣᠯᠤᠨ ᠡᠷᠴᠢ ᠵᠣᠷᠢᠭ᠎ᠢᠶᠠᠨ ᠢᠯᠡᠳᠭᠡᠪᠡ᠃
《ᠳᠤᠮᠳᠠᠳᠤ᠎ᠶ᠋ᠢᠨ ᠦᠨᠳᠦᠰᠦᠲᠡᠨ ᠪᠣᠯ ᠨᠢᠭᠡᠨ ᠲᠤᠮᠤ ᠬᠡᠷ ᠪᠦᠯᠢ ᠮᠥᠨ᠂ ᠨᠢᠭᠡ ᠬᠡᠷ᠎ᠢᠶᠡᠷ᠎ᠢᠶᠡᠨ ᠴᠥᠮ ᠰᠠᠢᠨ ᠠᠮᠢᠳᠤᠷᠠᠯ᠎ᠢ ᠡᠳ᠋ᠯᠡᠬᠦ ᠬᠡᠷᠡᠭ᠌ᠲᠡᠶ》᠃
ᠨᠠᠮ᠎ᠤᠨ ᠲᠥᠪ ᠬᠤᠷᠢᠶ᠎ᠠ᠎ᠵᠢᠨ ᠤᠯᠤᠰ ᠲᠥᠷᠥ᠎ᠶ᠋ᠢᠨ ᠲᠣᠪᠴᠢᠶ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠢ ᠰᠤᠳᠤᠯᠵᠤ᠂ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ ᠣᠯᠠᠨ ᠲᠦᠮᠡᠨ᠎ᠳᠦ ᠬᠠᠷᠢᠭᠤ ᠵᠠᠬᠢᠳᠠᠯ ᠢᠯᠡᠭᠡᠨ ᠵᠤᠷᠢᠭᠵᠢᠭᠤᠯᠵᠤ᠂ ᠣᠯᠠᠨ ᠤᠳᠠᠭ᠎ᠠ ᠣᠷᠣᠨ ᠨᠤᠲᠤᠭ᠎ᠲᠤ ᠱᠢᠨᠵᠢᠯᠡᠨ ᠪᠠᠢᠴᠠᠭᠠᠬᠤ᠎ᠳᠠᠭᠠᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠩᠬᠠᠷᠪᠠ ᠁ ᠶᠡᠷᠦᠩᠬᠡᠶ ᠱᠦᠵᠢ ᠰᠢ ᠵᠢᠨ ᠫᠢᠩ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠵᠢ ᠪᠡᠶ᠎ᠡ ᠪᠡᠷ᠎ᠵᠢᠡᠨ ᠠᠳᠬᠤᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠦᠵᠡᠯ ᠰᠠᠨᠠᠭ᠎ᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ᠎ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠠᠯᠬᠤᠮ ᠨᠢᠭᠡᠲᠡᠶ ᠤᠷᠤᠭ᠍ᠰᠢᠯᠠᠪᠠ᠃
ᠭᠤᠸᠠᠩᠳᠦ᠋ᠩ ᠱᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠤᠷᠲᠤ ᠬᠤᠭᠤᠴᠠᠭ᠎ᠠ᠎ᠪᠠᠷ ᠬᠦᠴᠦᠯᠡᠨ ᠠᠬᠢᠭᠤᠯᠵᠤ᠂ ᠱᠢᠶᠠᠩᠭᠠᠩ ᠣᠣᠮᠧᠨ᠎ᠦ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠡᠩ ᠰᠠᠢᠲᠤᠷ ᠠᠭᠤᠰᠤᠯᠴᠠᠬᠤ ᠪᠠ ᠦᠢᠯᠡᠴᠢᠯᠡᠬᠦ᠌᠎ᠶ᠋ᠢ ᠠᠬᠢᠭᠤᠯᠵᠤ᠂ ᠲᠠᠢᠸᠠᠨ᠎ᠢ ᠡᠭᠡᠬᠦᠯᠦᠨ ᠠᠪᠤᠬᠰᠠᠨ 80 ᠵᠢᠯ᠎ᠦᠨ ᠤᠢ᠎ᠶ᠋ᠢᠨ ᠲᠠᠱᠢᠷᠠᠮ᠎ᠢᠶᠠᠷ ᠤᠯᠤᠰ᠎ᠤᠨ ᠨᠡᠷ᠎ᠡ᠎ᠪᠡᠷ ᠲᠠᠢᠸᠠᠨ᠎ᠢ ᠡᠭᠡᠬᠦᠯᠦᠨ ᠠᠪᠤᠬᠰᠠᠨ ᠳᠤᠷᠠᠰᠭᠠᠯ᠎ᠤᠨ ᠡᠳᠦᠷ ᠭᠠᠷᠭᠠᠪᠠ ᠁ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ ᠴᠢᠰᠤ ᠮᠢᠬᠠᠨ᠎ᠤ ᠪᠠᠷᠢᠯᠳᠤᠯᠭ᠎ᠠ ᠲᠠᠶ᠂ ᠬᠤᠪᠢ ᠵᠠᠶᠠᠭ᠎ᠠ ᠨᠢᠭᠡᠲᠡᠢ ᠶᠤᠮ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ ᠪᠣᠯ ᠠᠯᠤᠰ ᠬᠡᠲᠦ᠍᠎ᠶ᠋ᠢᠨ ᠬᠥᠭ᠌ᠵᠢᠯᠲᠡ᠎ᠳᠦ ᠬᠣᠯᠪᠣᠭ᠍ᠳᠠᠬᠤ ᠠᠸ᠋ᠭ᠎ᠠ ᠶᠡᠬᠡ ᠠᠶᠠᠨ ᠮᠥᠨ᠂ ᠢᠯᠭᠤᠮ ᠤᠷᠤᠭ᠍ᠰᠢᠲᠠᠶ ᠪᠠᠢᠵᠤ ᠴᠢᠳᠠᠬᠤ ᠥᠬᠡᠶ᠂ ᠴᠢᠨᠠᠭ᠍ᠰᠢᠯᠠᠪᠠᠯ ᠰᠡᠳᠭᠢᠭ᠌ᠳᠡᠰᠢ ᠥᠬᠡᠶ ᠳᠣᠭ᠍ᠰᠢᠨ ᠳᠠᠪᠠᠯᠭᠠᠨ ᠱᠢᠷᠦᠭᠦᠨ ᠳᠠᠪᠠᠯᠭᠠᠨ᠎ᠳᠤ ᠤᠴᠠᠷᠠᠵᠤ ᠮᠡᠳᠡᠨ᠎ᠡ᠃
《ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠣᠯ ᠤᠷᠢᠳᠤ ᠡᠮᠦᠨ᠎ᠡ ᠪᠠᠢᠭ᠎ᠠ ᠦᠭᠡᠢ ᠠᠭᠤᠤ ᠶᠡᠬᠡ ᠦᠢᠯᠡᠰ ᠮᠥᠨ᠃ ᠬᠦᠰᠡᠯ ᠡᠷᠡᠮᠡᠯᠵᠡᠯ ᠪᠠ ᠥᠷᠢᠰᠥᠯᠳᠦᠭᠡᠨ ᠨᠢ ᠴᠥᠮ ᠪᠢᠳᠡᠨ ᠦ ᠥᠷᠯᠥᠭᠡ ᠦᠳᠡᠰᠢ ᠶ᠋ᠢ ᠲᠡᠮᠡᠴᠡᠨ᠂ ᠡᠭᠦᠷᠢᠳᠡ ᠬᠣᠢᠷᠭᠣᠱᠢᠬᠤ ᠦᠭᠡᠢ ᠲᠡᠮᠡᠴᠡᠯ ᠦᠨ ᠵᠣᠷᠢᠭ ᠰᠠᠨᠠᠭ᠎ᠠ ᠶ᠋ᠢ ᠬᠥᠭ᠌ᠵᠢᠭᠡᠵᠦ᠍ ᠪᠠᠢᠳᠠᠭ》᠃ 2025 ᠣᠨ ᠤ ᠤᠯᠤᠰ ᠤᠨ ᠪᠠᠶᠠᠷ ᠤᠨ ᠳᠠᠢᠯᠠᠯᠭ᠎ᠠ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠦᠨ ᠦᠭᠡ ᠨᠢ ᠬᠦᠴᠦᠨ ᠲᠡᠭᠦᠯᠳᠡᠷ ᠪᠠᠢᠯ᠎ᠠ᠃
ᠬᠤᠪᠢᠯᠭᠠᠨ ᠤᠷᠤᠨ᠎ᠤ ᠡᠬᠡ ᠭᠠᠵᠠᠷ ᠳᠡᠭᠡᠷ᠎ᠡ᠂ ᠭᠠᠵᠠᠷ ᠪᠣᠯᠭᠠᠨ᠎ᠳᠤ ᠠᠮᠢᠵᠢᠷᠠᠯ᠎ᠤᠨ ᠬᠦᠴᠦᠨ ᠪᠢᠯᠬᠠᠨ᠎ᠠ᠄
ᠵᠡᠭᠦᠨ ᠬᠣᠢᠲᠤ᠎ᠶ᠋ᠢᠨ ᠮᠥᠰᠥ᠍ ᠴᠠᠰᠤᠨ᠎ᠤ ᠶᠢᠷᠲᠢᠨᠴᠦ᠍᠎ᠳᠦ᠂ ᠬᠠᠷᠪᠢᠨ᠎ᠤ ᠠᠽᠢᠶ᠎ᠠ ᠲᠢᠪ᠎ᠦᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠨᠢ ᠪᠡᠶ᠎ᠡ᠎ᠶ᠋ᠢᠨ ᠲᠠᠮᠢᠷ᠎ᠤᠨ ᠣᠷᠭᠢᠯᠤᠮ᠎ᠠ ᠬᠠᠯᠠᠭᠤᠨ ᠰᠡᠳᠭᠢᠯᠭᠡ᠎ᠶ᠋ᠢ ᠬᠥᠭ᠌ᠵᠢᠭᠡᠵᠦ᠍᠂ ᠤᠷᠤᠯᠳᠤᠭᠠᠨ᠎ᠤ ᠠᠵᠤ ᠠᠬᠤᠶ᠎ᠨᠢ ᠬᠡᠷᠡᠭ᠌ᠯᠡᠭᠡᠨ᠎ᠦ ᠳᠠᠯᠳᠠ ᠬᠦᠴᠦᠨ᠎ᠢ ᠦᠷᠭᠦᠯᠵᠢᠯᠡᠨ ᠪᠠᠳᠠᠷᠠᠭᠤᠯᠪᠠ;
ᠲᠠᠩᠰᠤᠭ ᠰᠠᠢᠬᠠᠨ ᠪᠠᠷᠠᠭᠤᠨ ᠡᠮᠦᠨᠡᠲᠦ᠍᠎ᠶ᠋ᠢᠨ ᠡᠬᠡ ᠭᠠᠵᠠᠷ᠎ᠲᠤ᠂ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠭᠦᠨᠵᠡᠭᠡᠢ ᠠᠭᠤᠰᠤᠯᠴᠠᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ;
ᠡᠮᠦᠨᠡᠲᠦ ᠲᠠᠩᠭᠢᠰ᠎ᠤᠨ ᠨᠣᠮᠢᠨ ᠳᠣᠯᠭᠢᠶᠠᠨ ᠳᠡᠭᠡᠷ᠎ᠡ᠂ ᠮᠠᠨ᠎ᠤ ᠤᠯᠤᠰ᠎ᠤᠨ ᠠᠩᠬᠠᠳᠠᠭ᠍ᠴᠢ ᠴᠠᠬᠢᠯᠭᠠᠨ ᠰᠣᠷᠢᠨᠵᠢᠨ ᠬᠠᠷᠪᠤᠨ ᠨᠢᠰᠬᠦ ᠬᠡᠯᠪᠡᠷᠢ᠎ᠶ᠋ᠢᠨ ᠨᠢᠰᠭᠡᠯ᠎ᠦᠨ ᠰᠠᠭᠤᠷᠢ ᠣᠩᠭᠣᠴᠠ ᠳᠠᠯᠠᠢ᠎ᠵᠢᠨ ᠴᠡᠷᠢᠭ᠎ᠤᠨ ᠹᠦᠵᠢᠶᠠᠨ ᠨᠡᠷᠡᠮᠵᠢᠲᠦ ᠠᠰᠢᠬᠯᠠᠯᠲᠠ ᠳ᠋ᠦ ᠤᠷᠤᠭ᠍ᠰᠠᠨ᠎ᠤ ᠳᠠᠷᠠᠭ᠎ᠠ ᠠᠩᠬ᠎ᠠ ᠤᠳᠠᠭ᠎ᠠ ᠲᠡᠯᠡᠶ ᠳᠡᠭᠡᠷᠡᠬᠢ ᠪᠤᠳᠠᠳᠤ ᠴᠡᠷᠢᠭ᠎ᠦᠨ ᠪᠤᠯᠪᠠᠰᠤᠷᠠᠯ ᠬᠢᠪᠠ;
᠁
ᠠᠯᠢᠪᠠ ᠠᠭᠤᠤ ᠶᠡᠬᠡ ᠠᠮᠵᠢᠯᠲᠠ ᠪᠦᠲᠦᠮᠵᠢ ᠪᠣᠯ ᠴᠥᠮ ᠦᠷᠭᠦᠯᠵᠢᠯᠡᠨ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠠᠯᠢᠪᠠ ᠠᠭᠤᠤ ᠶᠡᠬᠡ ᠦᠢᠯᠡᠰ᠎ᠢ ᠴᠥᠮ ᠤᠷᠢᠳᠤᠬᠢ᠎ᠶ᠋ᠢ ᠵᠠᠯᠭᠠᠮᠵᠢᠯᠠᠨ ᠬᠣᠢᠳᠤᠬᠢᠳᠤ ᠵᠠᠮ ᠨᠡᠭᠡᠭᠡᠬᠦ᠌ ᠳᠤᠮᠳᠠ ᠠᠬᠢᠭᠤᠯᠬᠤ ᠴᠢᠬᠤᠯᠠᠲᠠᠢ᠃
2025 ᠣᠨ᠎ᠤ 11 ᠰᠠᠷ᠎ᠠ᠎ᠶ᠋ᠢᠨ 9 ᠤ᠋ ᠤᠷᠤᠢ᠂ ᠭᠤᠸᠠᠩᠳᠦ᠋ᠩ ᠦᠨ ᠣᠯᠢᠮᠫᠢᠺ ᠤᠨ ᠲᠠᠮᠢᠷ ᠤᠨ ᠴᠤᠭ᠍ᠯᠠᠭᠠᠨ ᠤ ᠲᠥᠪ ᠲᠦ᠂ ᠶᠡᠷᠦᠩᠬᠡᠢ ᠱᠦᠵᠢ ᠰᠢ ᠵᠢᠨ ᠫᠢᠩ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ ᠡᠬᠢᠯᠡᠭ᠌ᠰᠡᠨ᠎ᠢ ᠵᠠᠷᠯᠠᠪᠠ᠃ 《ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠢᠷᠡᠭᠡᠳᠦᠢ》 ᠪᠡᠷ ᠭᠣᠣᠯ ᠰᠡᠳᠦᠪ ᠪᠣᠯᠭᠠᠭ᠍ᠰᠠᠨ ᠰᠣᠶᠣᠯ ᠪᠡᠶ᠎ᠡ᠎ᠶ᠋ᠢᠨ ᠲᠠᠮᠢᠷ᠎ᠤᠨ ᠦᠵᠡᠭᠦᠯᠭᠡᠳᠤᠮᠳᠠ᠂ ᠵᠠᠭᠤ ᠭᠠᠷᠤᠢ ᠠᠷᠰᠯᠠᠨ VR ᠮᠡᠷᠭᠡᠵᠢᠯ ᠲᠠᠢ ᠤᠶᠠᠯᠳᠤᠭᠤᠯᠤᠨ ᠲᠠᠢᠰᠠᠨ᠎ᠳᠤ ᠭᠠᠷᠬᠤ᠎ᠶ᠋ᠢ ᠳᠠᠭᠠᠯᠳᠤᠨ᠂ ᠡᠬᠡ ᠣᠷᠣᠨᠴᠢ ᠰᠡᠳᠬᠢᠯᠭᠡ᠎ᠵᠢᠨ ᠪᠡᠶ᠎ᠡ᠎ᠵᠢᠨ ᠭᠠᠷᠤᠯ᠎ᠤᠨ ᠬᠠᠮᠲᠤ᠎ᠵᠢᠨ ᠲᠠᠨᠢᠯᠲᠠ᠂ ᠦᠨᠳᠦᠰᠦᠲᠡᠨ᠎ᠢᠶᠡᠨ ᠬᠥᠭ᠌ᠵᠢᠭᠦᠯᠦᠨ ᠮᠠᠨᠳᠤᠭᠤᠯᠬᠤ ᠬᠠᠢᠷ᠎ᠠ ᠰᠡᠳᠭᠢᠯᠭᠡ᠎ᠵᠢᠨ ᠬᠠᠮᠲᠤ᠎ᠵᠢᠨ ᠲᠠᠨᠢᠯᠲᠠ᠂ ᠲᠦᠭ ᠲᠦᠮᠡᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠰᠡᠳᠭᠢᠯ᠎ᠢ ᠲᠤᠭᠳᠤᠯᠤᠭᠤᠯᠤᠨᠠ᠃
《ᠨᠢᠭᠡᠨᠲᠡ ᠰᠡᠷᠡᠭ᠌ᠰᠡᠨ ᠠᠷᠰᠯᠠᠨ》 ᠱᠢᠭ᠋ᠵᠢᠡᠷ᠂ ᠳᠤᠮᠳᠠᠳᠤ᠎ᠶ᠋ᠢᠨ ᠦᠨᠳᠦᠰᠦᠲᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠠᠷᠠᠭᠤᠯ ᠳᠠᠷᠳᠠᠩ ᠵᠠᠮ᠎ᠢᠶᠠᠷ ᠡᠷᠡᠯᠬᠡᠭ᠌ᠯᠡᠨ ᠤᠷᠤᠭ᠍ᠰᠢᠯᠠᠵᠤ ᠪᠠᠢᠨ᠎ᠠ᠃
ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠠᠶᠠᠨ ᠵᠠᠮ ᠦᠷᠭᠦᠯᠵᠢᠯᠡᠭᠰᠡᠭᠡᠷ᠃
《ᠲᠤᠢᠯ᠎ᠤᠨ ᠶᠡᠷᠦ᠍ ᠪᠤᠰᠤ᠎ᠶ᠋ᠢᠨ᠂ ᠲᠤᠢᠯ᠎ᠤᠨ ᠵᠢᠷ᠎ᠤᠨ ᠪᠤᠰᠤ᠎ᠶ᠋ᠢᠨ》 ᠭᠡᠮᠡᠭᠳᠡᠭᠰᠡᠨ 《ᠠᠷᠪᠠᠨ ᠳᠥᠷᠪᠡᠳᠦᠭᠡᠷ ᠲᠠᠪᠤᠨ ᠵᠢᠯ》 ᠢ᠋ ᠥᠩᠭᠡᠷᠡᠭᠦᠯᠵᠦ᠍᠂ 《ᠰᠠᠭᠤᠷᠢ᠎ᠪᠠᠨ ᠪᠡᠬᠢᠵᠢᠭᠦᠯᠵᠦ᠍᠂ ᠪᠥᠬᠥ᠌ ᠲᠠᠯ᠎ᠠ᠎ᠪᠠᠷ ᠬᠦᠴᠦᠯᠡᠬᠦ᠌》《ᠠᠷᠪᠠᠨ ᠲᠠᠪᠤᠳᠤᠭᠠᠷ ᠲᠠᠪᠤᠨ ᠵᠢᠯ》 ᠢ᠋ ᠤᠭ᠍ᠲᠤᠨ ᠠᠪᠴᠢᠷᠠᠵᠤ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠬᠡᠷᠡᠯ ᠰᠠᠴᠤᠷᠠᠩᠭᠤᠶ ᠲᠡᠷᠲᠡᠭᠡ ᠡᠷᠭᠢ ᠵᠦᠭ ᠡᠷᠡᠯᠬᠡᠭ᠌ᠯᠡᠨ ᠤᠷᠤᠭ᠍ᠰᠢᠯᠠᠬᠤ᠎ᠳᠤ ᠪᠢᠳᠡ ᠢᠲᠡᠭᠡᠯ ᠲᠡᠭᠦᠯᠳᠡᠷ᠂ ᠵᠤᠷᠢᠭ ᠲᠡᠭᠦᠯᠳᠡᠷ᠂ ᠬᠦᠴᠦᠨ ᠲᠡᠭᠦᠯᠳᠡᠷ ᠪᠠᠢᠨ᠎ᠠ!
(ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 1 ᠰᠠᠷ᠎ᠠ᠎ᠶ᠋ᠢᠨ 1 ᠤ᠋ ᠴᠠᠬᠢᠯᠭᠠᠨ ᠮᠡᠳᠡᠭᠡ)