ᠪᠤᠤ ᠭᠠᠩ ᠡᠯ᠎ᠡ ᠠᠷᠠᠳᠴᠢᠯᠠᠭᠰᠠᠨ ᠨᠠᠮ ᠪᠦᠯᠦᠭ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠨᠠᠮ ᠪᠦᠯᠦᠭ᠎ᠦᠨ ᠪᠤᠰᠤ ᠬᠥᠮᠥᠰ ᠵᠠᠰᠠᠭ᠎ᠤᠨ ᠣᠷᠳᠣᠨ᠎ᠤ ᠵᠥᠪᠯᠡᠭᠴᠢ ᠰᠣᠶᠣᠯ ᠲᠡᠦᠬᠡ᠎ᠶᠢᠨ ᠣᠷᠳᠣᠨ᠎ᠤ ᠰᠠᠨᠭᠴᠢ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠳ᠎ᠦᠨ ᠲᠥᠯᠥᠭᠡᠯᠡᠭᠴᠢᠳ᠎ᠦᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠦᠨ ᠲᠤᠬᠠᠢ ᠰᠠᠨᠠᠯ ᠰᠠᠨᠠᠭᠤᠯᠭ᠎ᠠ ᠬᠤᠷᠢᠶᠠᠪᠠ
2026-01-06 09:51:36
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 5᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠂ ᠨᠠᠮ ᠪᠦᠯᠦᠭ᠎ᠦᠨ ᠪᠤᠰᠤ ᠬᠥᠮᠥᠰ᠂ ᠵᠠᠰᠠᠭ᠎ᠤᠨ ᠣᠷᠳᠣᠨ᠎ᠤ ᠵᠥᠪᠯᠡᠭᠴᠢ᠂ ᠰᠣᠶᠣᠯ ᠲᠡᠦᠬᠡ᠎ᠶᠢᠨ ᠣᠷᠳᠣᠨ᠎ᠤ ᠰᠠᠨᠭᠴᠢ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠨ᠎ᠦ ᠲᠥᠯᠥᠭᠡᠯᠡᠭᠴᠢ᠎ᠶᠢᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ (ᠰᠠᠨᠠᠯ ᠬᠤᠷᠢᠶᠠᠬᠤ ᠨᠣᠣᠷᠠᠭ)》 ᠤ᠋ᠨ ᠲᠤᠬᠠᠢ ᠰᠠᠨᠠᠯ ᠰᠠᠨᠠᠭᠤᠯᠭ᠎ᠠ᠎ᠶᠢ ᠰᠣᠨᠣᠰᠪᠠ᠃

ᠬᠤᠷᠠᠯ ᠳᠡᠭᠡᠷ᠎ᠡ᠂ ᠤᠯᠠᠨ᠎ᠢᠶᠠᠷ᠎ᠢᠶᠠᠨ ᠢᠳᠡᠪᠬᠢᠲᠡᠢ ᠦᠭᠡ ᠬᠡᠯᠡᠵᠤ᠂ ᠰᠦᠨ ᠵᠢᠶᠦ᠋ᠨ ᠴᠢᠩ᠂ ᠠᠨ ᠷᠦᠨ ᠱᠧᠩ᠂ ᠼᠤᠤ ᠵᠢᠨ ᠱᠠᠨ᠂ ᠵᠤᠤ ᠵᠢᠢ᠂ ᠵᠢᠨ ᠵᠣᠸᠠᠩ᠂ ᠯᠢ ᠶᠠᠨ ᠷᠦ᠂ ᠢᠦᠢ ᠷᠧᠨ ᠵᠢᠶᠸ᠂ ᠷᠧᠨ ᠬᠤᠢ ᠴᠢᠩ᠂ ᠯᠢᠦ ᡁᠢ ᠢᠦᠢ᠂ ᠯᠢ ᠱᠥ᠍ ᠷᠦᠩ᠂ ᠵᠠᠩ ᠵᠢᠶᠸ᠂ ᠵᠠᠩ ᠹᠠᠨ ᠤᠷᠢᠳ ᠬᠤᠵᠢᠳ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠂ ᠰᠤᠷᠭᠠᠨ ᠬᠥᠮᠦᠵᠢᠯ᠎ᠦᠨ ᠦᠢᠯᠡᠰ᠎ᠢ ᠬᠥᠭᠵᠢᠭᠦᠯᠬᠦ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠭᠵᠢᠯᠲᠡ᠎ᠶᠢ ᠳᠡᠮᠵᠢᠬᠦ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠪᠤᠢ ᠪᠣᠯᠭᠠᠬᠤ᠂ ᠰᠣᠶᠣᠯ᠎ᠤᠨ ᠪᠠᠢᠭᠤᠯᠤᠯᠲᠠ ᠵᠡᠷᠭᠡ ᠠᠵᠢᠯ᠎ᠤᠨ ᠲᠣᠭᠣᠷᠢᠨ᠎ᠳᠤ ᠰᠠᠨᠠᠯ ᠰᠠᠨᠠᠭᠤᠯᠭ᠎ᠠ ᠳᠤᠷᠠᠳᠪᠠ᠃

ᠪᠤᠤ ᠭᠠᠩ ᠤᠯᠠᠨ᠎ᠤ ᠠᠭᠤᠵᠢᠷᠠᠲᠠᠯ᠎ᠠ ᠶᠠᠷᠢᠵᠤ᠂ ᠦᠨᠡᠨ ᠮᠡᠳᠡᠯᠭᠡ ᠨᠡᠪᠳᠡᠷᠭᠡᠢ ᠦᠵᠡᠯᠳᠡ ᠲᠤᠷᠠᠳᠤᠭᠰᠠᠨ᠎ᠳᠦ ᠲᠠᠯᠠᠷᠬᠠᠯ ᠢᠯᠡᠳᠬᠡᠵᠦ᠂ ᠢᠯᠡᠳᠭᠡᠯ᠎ᠢ ᠲᠤᠭᠤᠷᠪᠢᠨ ᠪᠢᠴᠢᠬᠦ ᠳᠤᠭᠤᠢᠯᠠᠩ᠎ᠢ ᠵᠤᠷᠪᠤᠰ ᠳᠠᠷᠠᠭᠠᠯᠠᠨ ᠡᠮᠬᠢᠯᠡᠵᠦ᠂ ᠨᠠᠷᠢᠨ ᠬᠢᠨᠠᠮᠠᠭᠠᠢ ᠬᠦᠯᠢᠶᠡᠨ ᠠᠪᠬᠤ ᠬᠡᠷᠡᠭᠲᠡᠢ ᠭᠡᠵᠦ ᠱᠠᠭᠠᠷᠳᠠᠪᠠ᠃ ᠲᠡᠷᠡ᠂ ᠮᠠᠨ᠎ᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭ᠎ᠠ ᠲᠡᠭᠦᠰ ᠠᠮᠵᠢᠯᠲᠠ᠎ᠲᠠᠢ ᠥᠨᠳᠥᠷᠯᠡᠪᠡ᠂ 2025 ᠣᠨ᠎ᠳᠤ ᠡᠯ᠎ᠡ ᠵᠦᠢᠯ᠎ᠦᠨ ᠠᠮᠵᠢᠯᠲᠠ ᠪᠦᠲᠦᠮᠵᠢ ᠣᠯᠤᠭᠰᠠᠨ᠎ᠤ ᠦᠨᠳᠦᠰᠦ ᠨᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠤᠭᠤᠳᠤᠨ ᠵᠠᠯᠠᠭᠤᠷ᠎ᠢ ᠡᠵᠡᠮᠳᠡᠭᠰᠡᠨ᠎ᠳᠤ ᠪᠠᠢᠵᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ ᠨᠠᠢᠳᠠᠪᠤᠷᠢᠵᠢᠭᠤᠯᠤᠨ᠂ ᠣᠷᠣᠨ᠎ᠲᠠᠶᠠᠭᠠᠷ᠎ᠢ ᠳᠠᠭᠠᠭᠤᠯᠤᠨ ᠬᠠᠮᠲᠤ ᠪᠠᠷ ᠪᠦᠯᠬᠦᠮᠳᠡᠨ ᠲᠡᠮᠡᠴᠡᠭᠰᠡᠨ᠎ᠦ ᠦᠷ᠎ᠡ ᠳ᠋ᠦᠩ ᠪᠣᠯᠣᠨ᠎ᠠ᠃ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ ᠪᠣᠯᠣᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠡᠳᠬᠢᠯ ᠨᠢᠭᠡᠳᠤᠨ ᠬᠦᠴᠦ᠎ᠪᠡᠨ ᠬᠠᠮᠲᠤᠳᠬᠠᠵᠤ᠂ ᠤᠯᠠᠨ᠎ᠤ ᠤᠬᠠᠭᠠᠨ ᠬᠠᠮᠲᠤ᠎ᠶᠢᠨ ᠬᠦᠴᠦ ᠪᠡᠷ ᠡᠯ᠎ᠡ ᠵᠦᠢᠯ᠎ᠦᠨ ᠠᠵᠢᠯ᠎ᠤᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠬᠤ᠎ᠶᠢ ᠬᠦᠰᠡᠵᠦ ᠪᠠᠢᠨ᠎ᠠ ᠭᠡᠵᠤ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号