2025 ᠤᠨ᠎ᠤ ᠲᠦᠷᠦᠭᠦᠦ 11 ᠰᠠᠷ᠎ᠠ᠎ᠳᠤ᠂ ᠮᠠᠨᠵᠤᠤᠷ᠎ᠤᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠠᠷᠠᠯᠵᠢᠶᠠᠨ᠎ᠤ ᠥᠷᠲᠡᠭ 1020.2 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 26.3% ᠪᠠᠷ ᠨᠡᠮᠡᠭ᠌ᠳᠡᠪᠡ᠃ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠶ᠋ᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠰᠠᠨ ᠲᠠᠸᠠᠷ᠎ᠤᠨ ᠲᠠᠯ᠎ᠠ᠎ᠪᠠᠷ᠂ ᠣᠷᠣᠰ ᠵᠡᠷᠭᠡ ᠤᠯᠤᠰ᠎ᠤᠨ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠲᠦ ᠬᠠᠨᠳᠤᠭᠤᠯᠵᠤ ᠮᠠᠨ᠎ᠦ ᠤᠯᠤᠰ ᠡᠴᠡ ᠵᠢᠮᠢᠰ ᠨᠣᠭᠣᠭ᠎ᠠ᠂ ᠭᠠᠷ ᠳᠠᠮᠵᠢᠭ᠍ᠰᠠᠨ ᠮᠠᠱᠢᠨ ᠲᠡᠷᠭᠡ ᠵᠢᠴᠢ 《ᠱᠢᠨ᠎ᠡ ᠭᠤᠷᠪᠠᠨ ᠵᠦᠶ᠋ᠯ》᠎ᠤ᠋ᠨ ᠦᠶ᠋ᠯᠡᠳᠬᠦᠨ ᠵᠡᠷᠬᠡ ᠲᠠᠸᠠᠷ ᠢ ᠭᠠᠳᠠᠭᠠᠳᠤ᠎ᠳᠤ ᠭᠠᠷᠭᠠᠭᠰᠠᠨ ᠪᠠᠢᠨ᠎ᠠ᠂ ᠣᠷᠣᠰ᠎ᠤᠨ ᠡᠯᠳᠡᠪ ᠠᠮᠤ ᠵᠡᠷᠭᠡ ᠲᠠᠷᠢᠶᠠᠯᠠᠩ᠎ᠤᠨ ᠪᠦᠲᠦᠭᠡᠭ᠌ᠳᠡᠬᠦᠨ ᠲᠣᠰ ᠬᠢᠯᠢ ᠵᠢᠨ ᠪᠣᠭᠣᠮᠲᠠ᠎ᠪᠠᠷ ᠳᠡᠮᠵᠢᠨ ᠮᠠᠨ᠎ᠤ ᠤᠯᠤᠰ᠎ᠤᠨ ᠵᠠᠬ᠎ᠠ ᠳᠡᠯᠭᠡᠭᠦᠷ᠎ᠲᠦ ᠣᠷᠣᠵᠤ ᠢᠷᠡᠭ᠌ᠰᠡᠨ ᠪᠠᠢᠨ᠎ᠠ᠃
ᠮᠠᠨᠵᠤᠤᠷ᠎ᠤᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠪᠣᠯ ᠳᠤᠮᠳᠠᠳᠤ ᠣᠷᠣᠰ᠎ᠤᠨ ᠠᠷᠠᠯᠵᠢᠶᠠᠨ᠎ᠤ ᠴᠢᠬᠤᠯᠠ ᠵᠠᠮ ᠪᠣᠯᠤᠨ᠎ᠠ᠃ 2025 ᠤᠨ᠎ᠤ ᠵᠢᠯ᠎ᠤᠨ ᠡᠬᠢᠨ ᠡᠴᠡ ᠨᠠᠭᠠᠰᠢ᠂ ᠮᠠᠨᠵᠤᠤᠷ ᠪᠣᠭᠣᠮᠲᠠ 《ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌᠂ ᠶᠡᠷᠦᠩᠬᠡᠢᠯᠡᠨ ᠵᠠᠳᠠᠯᠵᠤ ᠳᠡᠭᠡᠭ᠌ᠰᠢ ᠮᠡᠳᠡᠭᠦᠯᠬᠦ᠌》 ᠭᠤᠷᠪᠠᠨ ᠵᠦᠶ᠋ᠯ᠎ᠦᠨ ᠲᠣᠭ᠍ᠲᠠᠴᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ 《ᠤᠷᠢᠳᠴᠢᠯᠠᠨ ᠭᠤᠶᠤᠴᠢᠯᠠᠨ ᠮᠡᠳᠡᠭᠦᠯᠬᠦ᠌᠂ ᠤᠷᠢᠳ᠎ᠢᠶᠠᠷ ᠬᠠᠭᠤᠳᠠᠰᠤ ᠬᠢᠨᠠᠬᠤ᠂ ᠤᠷᠢᠳᠴᠢᠯᠠᠨ ᠪᠣᠯᠵᠣᠵᠤ ᠪᠠᠢᠴᠠᠭᠠᠨ ᠱᠢᠯᠭᠠᠬᠤ》 ᠳᠥᠭᠥᠮᠴᠢᠯᠡᠭ᠌ᠰᠡᠨ ᠦᠶ᠋ᠯᠡᠴᠢᠯᠡᠭᠡ᠎ᠶ᠋ᠢ ᠬᠡᠷᠡᠭ᠌ᠵᠢᠭᠦᠯᠵᠦ᠍᠂ 《ᠬᠡᠢᠰᠪᠦᠷᠢ ᠲᠡᠷᠭᠡᠨ ᠫᠠᠢᠰᠠ》 ᠶ᠋ᠢᠨ ᠱᠢᠰᠲ᠋ᠧᠮ᠎ᠢ ᠰᠤᠳᠤᠯᠤᠨ ᠨᠡᠭᠡᠭᠡᠵᠦ᠍ ᠬᠡᠷᠡᠭ᠌ᠯᠡᠨ᠂ ᠤᠶᠤᠨᠲᠤ ᠺᠠᠷᠲ ᠢ ᠲᠠᠰ ᠳᠡᠪᠱᠢᠭᠦᠯᠦᠨ ᠥᠭᠡᠷᠡᠴᠢᠯᠡᠵᠤ᠂ ᠨᠡᠢᠲᠡ 24 ᠲᠦᠮᠡᠨ ᠪᠠᠷᠠᠭᠠᠨ᠎ᠤ ᠲᠡᠷᠭᠡᠮᠠᠨᠵᠤᠤᠷᠤᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠪᠠᠷ ᠦᠡᠭᠭᠡᠷᠡᠵᠠᠢ᠃ ᠮᠠᠨᠵᠤᠤᠷ ᠪᠣᠭᠣᠮᠲᠠ᠎ᠶ᠋ᠢᠨ ᠬᠡᠷᠡᠭ᠌ᠵᠢᠭᠦᠯᠦᠭ᠌ᠰᠡᠨ 《ᠲᠦᠷᠢᠮ᠎ᠦᠨ ᠱᠢᠨ᠎ᠡ ᠡᠭᠦᠳᠦᠯᠲᠡ + ᠥᠨᠳᠥᠷ ᠪᠦᠲᠦᠮᠵᠢᠲᠡᠶ ᠦᠶ᠋ᠯᠡᠴᠢᠯᠡᠭᠡ + ᠤᠶᠤᠨᠲᠤ ᠬᠢᠨᠠᠯᠲᠠ ᠬᠠᠮᠢᠶᠠᠷᠤᠯᠲᠠ》᠎ᠶ᠋ᠢᠨ ᠣᠯᠠᠨ ᠬᠦᠷᠳᠦᠲᠦ ᠬᠥᠳᠡᠯᠭᠡᠭᠦᠷ ᠳᠤᠤᠷ᠎ᠠ᠂ ᠮᠠᠨᠵᠤᠤᠷ᠎ᠤᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠠᠷᠠᠯᠵᠢᠶᠠᠨ᠎ᠤ ᠶᠠᠰᠤ ᠴᠢᠨᠠᠷ᠎ᠤᠨ ᠳᠡᠭᠡᠭ᠌ᠰᠢᠯᠡᠯᠲᠡ ᠲᠣᠭ᠍ᠲᠠᠭᠤᠨ ᠪᠠᠢᠳᠠᠯ᠎ᠢ ᠪᠡᠶᠡᠯᠡᠭᠦᠯᠵᠦ᠍᠂ ᠥᠪᠥᠷ ᠮᠣᠩᠭᠣᠯ᠎ᠤᠨ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠤᠨ ᠨᠡᠮᠡᠷᠢᠯᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号