ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ᠎ᠢ ᠡᠭᠦᠳᠦᠨ ᠪᠠᠢᠭᠤᠯᠬᠤ ᠪᠡᠷ ᠴᠢᠷᠮᠠᠢᠵᠤ ᠰᠢᠯᠢ ᠵᠢᠨ ᠭᠤᠤᠯ ᠠᠢᠮᠠᠭ ᠢᠯᠡᠳᠲᠡ ᠦᠷ᠎ᠡ ᠪᠦᠲᠦᠮᠵᠢ ᠤᠯᠪᠠ
2026-01-07 10:50:40
ᠵᠣᠬᠢᠶᠠᠭ᠍ᠴᠢ᠄
ᠪᠢᠯᠢᠭᠪᠡᠭᠠᠲᠤᠷ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠱᠢᠯᠢ᠎ᠶ᠋ᠢᠨ ᠭᠤᠤᠯ ᠠᠢᠮᠠᠭ᠎ᠤᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ᠎ᠢ ᠡᠭᠦᠳᠦᠨ ᠪᠠᠢᠭᠤᠯᠬᠤ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ ᠲᠣᠰ ᠠᠢᠮᠠᠭ 2022 ᠣᠨ᠎ᠤ 5 ᠰᠠᠷ᠎ᠠ᠎ᠳᠤ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ᠎ᠢ ᠡᠭᠦᠳᠦᠨ ᠪᠠᠢᠭᠤᠯᠬᠤ ᠠᠵᠢᠯ᠎ᠢ ᠡᠬᠢᠯᠡᠭᠦᠯᠦᠭ᠌ᠰᠡᠨ᠎ᠡᠴᠡ ᠨᠠᠭᠠᠰᠢᠬᠢ 3 ᠵᠢᠯ ᠭᠠᠷᠤᠢ ᠵᠢᠨ ᠴᠢᠷᠮᠠᠢᠯᠭ᠎ᠠ᠎ᠪᠠᠷ 2025 ᠣᠨ᠎ᠤ 10 ᠰᠠᠷ᠎ᠠ᠎ᠳᠤ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠲᠤᠬᠠᠶ᠎ᠶ᠋ᠢᠨ ᠭᠠᠵᠠᠷ᠎ᠤᠨ ᠱᠢᠯᠭᠠᠨ ᠪᠠᠢᠴᠠᠭᠠᠯᠲᠠ᠎ᠳᠤ ᠬᠢᠷᠢ ᠲᠡᠩᠴᠡᠵᠦ᠍᠂ ᠡᠯ᠎ᠡ ᠲᠠᠯ᠎ᠠ ᠵᠢᠨ ᠠᠵᠢᠯ ᠢᠯᠡᠳᠳᠡ ᠦᠷ᠎ᠡ ᠪᠦᠲᠦᠮᠵᠢ ᠤᠯᠵᠠᠢ᠃

ᠡᠭᠦᠳᠦᠨ ᠪᠠᠢᠭᠤᠯᠬᠤ ᠠᠵᠢᠯ᠎ᠤᠨ ᠳᠤᠮᠳᠠ᠂ ᠱᠢᠯᠢ᠎ᠶ᠋ᠢᠨ ᠭᠤᠤᠯ ᠠᠢᠮᠠᠭ 《1 + 13 + N》 ᠵᠢᠱ᠌ᠢᠶ᠎ᠡ ᠦᠵᠡᠭᠦᠯᠬᠦ᠌ ᠱᠢᠰᠲ᠋ᠧᠮ᠎ᠢ ᠡᠭᠦᠳᠦᠨ ᠪᠠᠢᠭᠤᠯᠵᠤ᠂ 79 ᠰᠤᠮᠤ ᠱᠢᠶᠠᠩ ᠪᠠᠯᠭᠠᠰᠤ᠂ 1026 ᠭᠠᠴᠠᠭ᠎ᠠ ᠲᠣᠰᠭᠣᠨ (ᠨᠡᠢᠭᠡᠮ ᠲᠣᠭᠣᠷᠢᠭ) ᠤ᠋ ᠦᠨᠳᠦᠰᠦᠲᠡᠨ᠎ᠦ ᠠᠵᠢᠯ᠎ᠤᠨ ᠬᠣᠯᠪᠣᠭᠠᠴᠢᠨ᠎ᠤ ᠲᠤᠤᠷ ᠵᠢᠡᠷ ᠳᠠᠮᠵᠢᠭᠤᠯᠤᠨ᠂ ᠪᠥᠬᠥ᠌ ᠣᠷᠣᠨ ᠪᠦᠰᠡ᠎ᠪᠡᠷ᠎ᠢᠶᠡᠨ ᠬᠣᠯᠪᠣᠭᠠᠯᠠᠭᠰᠠᠨ ᠡᠭᠦᠳᠦᠨ ᠪᠠᠢᠭᠤᠯᠬᠤ ᠠᠵᠢᠯ᠎ᠤᠨ ᠪᠠᠢᠷᠢᠱᠢᠯ᠎ᠢ ᠪᠣᠶ ᠪᠣᠯᠭᠠᠪᠠ᠃ 《ᠨᠢᠭᠡ ᠬᠣᠩᠭᠢᠯ ᠨᠢᠭᠡ ᠪᠦᠰᠡ ᠳᠥᠷᠪᠡᠨ ᠰᠠᠭᠤᠷᠢᠨ》 ᠵᠢᠡᠷ ᠠᠴᠢᠶᠠᠯᠠᠪᠤᠷᠢ ᠪᠣᠯᠭᠠᠵᠤ᠂ ᠬᠢᠯᠢ ᠳᠠᠭᠠᠤ 5 ᠬᠣᠱᠢᠭᠤ ᠬᠣᠲᠠ ᠵᠢᠨ ᠬᠢᠯᠢ᠎ᠶ᠋ᠢᠨ ᠵᠢᠱ᠌ᠢᠶᠡᠴᠢ ᠬᠣᠩᠭᠢᠯ᠎ᠢ ᠪᠠᠢᠭᠤᠯᠵᠤ᠂ 《ᠤᠯᠤᠰ᠎ᠤᠨ ᠲᠣᠭ ᠬᠢᠯᠢ ᠬᠢᠵᠠᠭᠠᠷ ᠤᠷᠤᠨ᠎ᠳᠤ》 ᠭᠡᠬᠦ ᠵᠤᠷᠢᠭ ᠰᠠᠨᠠᠭ᠎ᠠ ᠵᠢ ᠱᠤᠭᠤᠬᠤ ᠢᠨᠵᠧᠨᠧᠷᠢᠩ᠎ᠢ ᠬᠡᠷᠡᠭ᠌ᠵᠢᠭᠦᠯᠵᠦ᠍᠂ 3700 ᠭᠠᠷᠤᠶ ᠲᠠᠯᠠᠪᠠᠶ ᠠᠵᠢᠯᠯᠠᠭ᠎ᠠ ᠥᠷᠨᠢᠭᠦᠯᠦᠨ᠂ 47.9 ᠲᠦᠮᠡ ᠭᠠᠷᠤᠶ ᠬᠥᠮᠦᠨ᠎ᠢ ᠬᠠᠮᠤᠷᠪᠠ᠃ 《ᠮᠣᠷᠢᠳᠤ ᠴᠠᠭ᠍ᠳᠠᠭᠠᠨ᠎ᠤ ᠠᠩᠭᠢ》᠂ 《ᠪᠣᠯᠪᠠᠰᠤᠨ ᠪᠦᠯᠬᠦᠮᠳᠡᠯ᠎ᠦᠨ ᠬᠠᠮ ᠳᠡᠯᠭᠡᠭᠦᠷ》 ᠵᠡᠷᠭᠡ ᠲᠦᠷᠦᠯ ᠲᠡᠮᠳᠡᠭ ᠨᠢ ᠬᠢᠯᠢ ᠬᠢᠵᠠᠭᠠᠷ᠎ᠢ ᠰᠠᠬᠢᠵᠤ ᠬᠢᠯᠢ ᠬᠢᠵᠠᠭᠠᠷ᠎ᠢ ᠪᠡᠬᠢᠵᠢᠭᠦᠯᠬᠦ᠌ ᠪᠠ ᠦᠨᠳᠦᠰᠦᠲᠡᠨ᠎ᠦ ᠪᠦᠯᠬᠦᠮᠳᠡᠯ᠎ᠢ ᠭᠦᠨᠵᠡᠭᠡᠶ ᠠᠭᠤᠰᠤᠯᠴᠠᠭᠤᠯᠪᠠ᠃ ᠲᠤᠳᠤᠷ᠎ᠠ ᠭᠠᠵᠠᠷ ᠤᠷᠤᠨ᠎ᠤ ᠬᠣᠱᠢᠭᠤ ᠱᠢᠶᠠᠨ ᠬᠠᠮᠲᠤ᠎ᠪᠠᠷ ᠡᠳ᠋ᠯᠡᠬᠦ᠌ ᠵᠢᠱ᠌ᠢᠶ᠎ᠡ ᠦᠵᠡᠭᠦᠯᠬᠦ᠌ ᠪᠦᠰᠡ᠎ᠶ᠋ᠢ ᠪᠠᠢᠭᠤᠯᠵᠤ᠂ 38 ᠭᠣᠣᠯ ᠰᠡᠳᠦᠪᠲᠦ ᠦᠵᠡᠭᠦᠯᠭᠡ᠎ᠶ᠋ᠢᠨ ᠣᠷᠳᠣᠨ ᠪᠣᠯᠤᠨ 21 ᠵᠤᠷᠪᠤᠰ ᠰᠣᠶᠣᠯ ᠵᠢᠭᠤᠯᠴᠢᠯᠠᠯ᠎ᠤᠨ ᠵᠠᠮ᠎ᠢ ᠬᠣᠯᠪᠣᠪᠠ᠃ ᠬᠥᠮᠦᠵᠢᠯ ᠦᠢᠯᠡᠳᠦᠯᠭᠡ᠎ᠶ᠋ᠢᠨ 4 ᠰᠠᠭᠤᠷᠢᠨ ᠨᠢ ᠪᠦᠬᠦ᠌ ᠵᠢᠯ᠎ᠳᠦ ᠡᠯ᠎ᠡ ᠦᠨᠳᠦᠰᠦᠲᠡᠨ᠎ᠦ ᠣᠯᠠᠨ ᠲᠦᠮᠡᠨ᠎ᠢ 10 ᠲᠦᠮᠡ ᠭᠠᠷᠤᠢ ᠬᠥᠮᠦᠨ ᠤᠳᠠᠭ᠎ᠠ ᠬᠦᠯᠢᠶᠡᠨ ᠠᠪᠴᠤ᠌ ᠵᠣᠴᠢᠯᠠᠪᠠ᠃

ᠰᠢᠯᠢ ᠵᠢᠨ ᠭᠤᠤᠯ ᠠᠢᠮᠠᠭ ᠲᠥᠪ᠎ᠦᠨ ᠦᠨᠳᠦᠰᠦᠲᠡᠨ᠎ᠦ ᠺᠠᠳ᠋ᠷ᠎ᠤᠨ ᠳᠡᠭᠡᠳᠦ ᠰᠤᠷᠭᠠᠭᠤᠯᠢ ᠵᠡᠷᠭᠡ ᠲᠠᠢ ᠬᠠᠮᠲᠤᠷᠠᠯᠴᠠᠭᠠᠨ᠎ᠤ ᠲᠣᠭ᠍ᠲᠠᠴᠠ ᠪᠠᠢᠭᠤᠯᠵᠤ᠂ ᠲᠤᠰᠭᠠᠢ ᠰᠡᠳᠦᠪᠲᠦ ᠰᠤᠷᠤᠯᠴᠠᠯᠭ᠎ᠠ᠎ᠶ᠋ᠢ 5887 ᠤᠳᠠᠭ᠎ᠠ ᠥᠷᠨᠢᠭᠦᠯᠵᠦ᠍᠂ 20 ᠭᠠᠷᠤᠢ ᠲᠦᠮᠡᠨ ᠬᠥᠮᠦᠨ ᠤᠳᠠᠭ᠎ᠠ ᠤᠬᠠᠭᠤᠯᠤᠨ ᠲᠠᠢᠯᠪᠤᠷᠢᠯᠠᠪᠠ᠃ 《ᠱᠢᠯᠢ᠎ᠶ᠋ᠢᠨ ᠭᠣᠣᠯ᠎ᠤᠨ ᠠᠮᠠᠨ ᠶᠠᠷᠢᠶᠠᠨ᠎ᠤ ᠲᠡᠦᠬᠡ》 ᠵᠢ ᠨᠠᠢᠷᠠᠭᠤᠯᠤᠨ ᠪᠢᠴᠢᠵᠦ᠍᠂ 2000 ᠭᠠᠷᠤᠢ ᠤᠳᠭ᠎ᠠ ᠤᠷᠠᠯᠢᠭ᠎ᠤᠨ ᠪᠦᠲᠦᠭᠡᠯ᠂ 3670 ᠭᠠᠷᠤᠢ ᠬᠤᠪᠢ ᠬᠠᠮ ᠵᠠᠭᠤᠴᠢᠯᠠᠭᠤᠷ᠎ᠤᠨ ᠮᠡᠳᠡᠭᠡᠯᠡᠯ᠎ᠢ ᠵᠤᠬᠢᠶᠠᠨ ᠪᠦᠲᠦᠭᠡᠵᠦ᠂ 2024 ᠣᠨ᠎ᠳᠤ ᠱᠢᠯᠢ᠎ᠶ᠋ᠢᠨ ᠭᠣᠣᠯ ᠠᠢᠮᠠᠭ᠎ᠤᠨ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠮᠡᠳᠡᠭᠡ ᠵᠠᠩᠭᠢ᠎ᠶ᠋ᠢᠨ ᠠᠵᠢᠯ ᠪᠦᠬᠦ᠌ ᠤᠯᠤᠰ᠎ᠤᠨ ᠵᠢᠭᠰᠠᠭᠠᠯᠳᠠ᠎ᠳᠤ ᠬᠣᠶᠠᠳᠤᠭᠠᠷ᠎ᠲᠤ ᠣᠷᠣᠪᠠ᠃

《ᠱᠢᠯᠢ᠎ᠶ᠋ᠢᠨ ᠭᠤᠤᠯ ᠬᠣᠨᠢ》᠂ 《ᠱᠢᠯᠢ᠎ᠶ᠋ᠢᠨ ᠭᠤᠤᠯ ᠴᠠᠭᠠᠨ ᠢᠳᠡᠭᠡᠨ》 ᠤᠯᠤᠰ᠎ᠤᠨ ᠲᠠᠰ᠎ᠤᠨ ᠲᠦᠷᠦᠯ ᠲᠡᠮᠳᠡᠭ᠌ ᠲᠦ᠍ ᠰᠣᠩᠭᠣᠭ᠍ᠳᠠᠨ᠂ ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶ᠎ᠠ ᠪᠥᠬᠥ᠌ ᠤᠯᠤᠰ᠎ᠲᠤ ᠲᠦᠷᠦᠭᠦᠯᠡᠵᠦ᠍᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠵᠠᠰᠠᠭ᠍ᠰᠠᠨ ᠦᠷ᠎ᠡ ᠪᠦᠲᠦᠮᠵᠢ ᠢᠯᠡᠷᠬᠡᠢ ᠪᠣᠯᠪᠠ᠃ 2025 ᠣᠨ᠎ᠳᠤ ᠲᠣᠰ ᠠᠢᠮᠠᠭ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠯᠲᠡ᠎ᠶ᠋ᠢᠨ ᠪᠠᠯᠠ ᠮᠥᠩᠭᠥ᠎ᠶ᠋ᠢ 7928 ᠲᠦᠮᠡᠨ ᠲᠥᠭᠥᠷᠢᠭ ᠡᠷᠡᠮᠡᠯᠵᠡᠨ ᠣᠯᠵᠤ᠂ ᠠᠷᠠᠳ᠎ᠤᠨ ᠠᠮᠢᠳᠤᠷᠠᠯ᠎ᠤᠨ 57 ᠲᠥᠷᠥᠯ ᠵᠦᠶ᠋ᠯ᠎ᠢ ᠬᠡᠷᠡᠭ᠌ᠵᠢᠭᠦᠯᠦᠨ᠂ ᠡᠮ ᠡᠮᠨᠡᠯᠭᠡ᠎ᠶ᠋ᠢᠨ ᠳᠠᠭᠠᠳᠭᠠᠯ᠎ᠤᠨ ᠦᠶ᠋ᠯᠡᠴᠢᠯᠡᠭᠡ᠎ᠶ᠋ᠢ ᠨᠡᠢᠳᠡᠮ ᠪᠥᠷᠬᠥᠭᠦᠯᠵᠦ᠍᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠠᠨᠤᠮᠵᠢ᠎ᠶ᠋ᠢᠨ ᠬᠡᠮᠵᠢᠶ᠎ᠡ ᠨᠢ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠥᠨᠳᠥᠷ ᠪᠣᠯᠪᠠ᠃ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ 2000 ᠭᠠᠷᠤᠢ ᠲᠠᠯᠠᠪᠠᠢ ᠰᠤᠳᠤᠯᠤᠨ ᠰᠤᠷᠤᠯᠴᠠᠬᠤ ᠠᠵᠢᠯᠯᠠᠭ᠎ᠠ᠎ᠪᠠᠷ ᠳᠠᠮᠵᠢᠨ ᠨᠥᠬᠥᠷᠯᠡᠯ᠎ᠢᠶᠡᠨ ᠵᠤᠵᠠᠭᠠᠳᠭᠠᠵᠤ᠂ 2025 ᠣᠨ᠎ᠤ ᠵᠢᠭᠤᠯᠴᠢᠯᠠᠯ᠎ᠤᠨ ᠣᠷᠣᠯᠭ᠎ᠠ 250 ᠭᠠᠷᠤᠢ ᠳ᠋ᠦᠩᠱᠢᠭᠤᠷ ᠲᠥᠭᠥᠷᠢᠭ᠎ᠲᠦ ᠬᠦᠷᠴᠦ᠍᠂ ᠬᠠᠷᠢᠯᠴᠠᠨ ᠨᠦᠬᠦᠪᠦᠷᠢᠯᠡᠬᠦ ᠮᠠᠶᠢᠭ᠎ᠵᠢᠡᠷ ᠬᠥᠭ᠌ᠵᠢᠨ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号