ᠬᠢᠨᠭᠭᠠᠨ ᠳᠤᠳᠤᠷᠭ᠎ᠠ ᠵᠢᠨ ᠠᠮᠳᠠ ᠴᠢᠨᠡᠷ ᠬᠤᠳᠠᠯᠠ᠎ᠳᠠᠶᠠᠭᠠᠷ ᠳᠠᠭᠤᠷᠢᠰᠤᠨ᠎ᠠ
2026-01-07 11:25:30
ᠵᠣᠬᠢᠶᠠᠭ᠍ᠴᠢ᠄
ᠲᠤᠯᠭᠠᠭᠤᠷᠢ ᠯᠢᠦ ᠶᠸ
ᠣᠩᠱᠢᠭ᠍ᠰᠠᠨ ᠣᠳᠠᠭ᠎ᠠ᠄
★★★☆☆

2025ᠤᠨ᠎ᠤ 12 ᠰᠠᠷ᠎ᠠ ᠵᠢᠨ 16 ᠤ᠋ ᠡᠳᠦᠷ᠂ ᠬᠤᠶᠠᠷ ᠡᠳᠦᠷ ᠤ᠋ᠨ ᠬᠤᠭᠤᠴᠠᠭ᠎ᠠ ᠲᠠᠢ ᠶᠠᠪᠤᠭᠳᠠᠭᠰᠠᠨ 《ᠬᠢᠩᠭᠠᠨ ᠬᠤᠠᠳᠠᠭᠠᠳᠦ》 ᠵᠢᠷᠭᠤᠳᠤᠭᠠᠷ ᠬᠤᠭᠤᠴᠠᠭᠠᠨ ᠤ᠋ ᠤᠯᠠᠨ ᠤᠯᠤᠰ ᠤ᠋ᠨ ᠠᠮᠦ ᠪᠤᠳᠠᠭᠠᠨ ᠤ᠋ ᠠᠮᠳᠠ ᠴᠢᠨᠡᠷ  ᠢ᠋  ᠰᠢᠯᠭᠠᠷᠠᠭᠤᠯᠬᠤ ᠶᠡᠭᠡ ᠬᠤᠷᠠᠯ ᠤ᠋ᠨ ᠲᠤᠮᠳᠠᠳᠦ ᠤᠯᠤᠰ ᠲᠡᠬᠢ ᠱᠢᠢᠳᠪᠦᠷᠢᠲᠦ ᠤᠷᠤᠯᠳᠤᠭᠠᠨ ᠵᠢᠴᠢ ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠰᠣᠶᠣᠯ᠎ᠤᠨ ᠭᠠᠷᠠᠭ᠎ᠤᠨ ᠠᠵᠢᠯᠯᠠᠭ᠎ᠠ ᠠᠮᠵᠢᠯᠲᠠ᠎ᠲᠠᠶ ᠥᠨᠳᠥᠷᠯᠡᠪᠡ᠃ ᠥᠪᠥᠷ ᠮᠣᠩᠭᠣᠯ᠎ᠳᠤ ᠠᠩᠬ᠎ᠠ ᠤᠳᠠᠭ᠎ᠠ ᠶᠠᠪᠤᠭᠳᠠᠭᠰᠠᠨ ᠡᠨᠡ ᠬᠦ᠌ ᠲᠡᠬᠡᠳᠦ ᠲᠡᠰ᠎ᠤᠨ ᠤᠷᠤᠯᠳᠤᠭᠠᠨ ᠨᠢ ᠪᠦᠬᠦ᠌ ᠤᠯᠤᠰ᠎ᠤᠨ 25 ᠮᠤᠵᠢ ᠤᠷᠤᠨ ᠬᠤᠳᠠ ᠵᠢᠨ 169 ᠭᠠᠷᠤᠯᠲᠠ᠎ᠶ᠋ᠢᠨ ᠣᠷᠣᠨ᠎ᠤ 2378 ᠲᠦᠷᠤᠯ ᠎ᠤᠨ ᠲᠤᠲᠤᠷᠭ᠎ᠠ ᠵᠢ ᠪᠠᠭᠳᠠᠭᠠᠵᠤ᠂ ᠳᠤᠮᠳᠠᠳᠤ ᠤᠯᠤᠰ᠎ᠤᠨ ᠱᠢᠯᠢᠳᠡᠭ ᠲᠤᠲᠤᠷᠭ᠎ᠠ᠎ᠪᠤᠯᠬᠤ ᠣᠨ᠎ᠤ ᠬᠡᠪ ᠳᠠᠭᠤᠷᠢᠶᠠᠯ᠎ᠢ ᠲᠣᠭ᠍ᠲᠠᠭᠠᠭ᠍ᠰᠠᠨ᠎ᠢᠶᠠᠷ ᠪᠠᠷᠠᠬᠤ ᠦᠭᠡᠢ᠂ ᠬᠢᠩᠭᠠᠨ ᠠᠢᠮᠠᠭ᠎ᠤᠨ ᠲᠤᠲᠤᠷᠭ᠎ᠠ ᠨᠢ ᠰᠢᠨ᠎ᠠ ᠠᠮᠵᠢᠯᠳᠡ ᠵᠢ ᠡᠬᠦᠳᠦᠭᠰᠡᠨ ᠪᠠᠢᠨ᠎ᠠ᠃

ᠬᠢᠩᠭᠠᠨ ᠠᠢᠮᠠᠭ ᠤ᠋ᠨ ᠬᠠᠷ᠎ᠠ ᠬᠦᠷᠦᠰᠦᠨ ᠳ᠋ᠦ ᠦᠨᠳᠦᠰᠦᠯᠡᠨ ᠤᠷᠭᠤᠭᠰᠠᠨ ᠲᠤᠳᠤᠷᠭ᠎ᠠ ᠨᠢ ᠠᠩᠬᠢᠯᠤᠮ᠎ᠠ᠂ ᠵᠦᠭᠡᠯᠡᠨ᠂ ᠠᠮᠳᠠᠯᠢᠭ ᠵᠢᠡᠷ ᠵᠢᠡᠨ ᠲᠤᠰ ᠬᠤᠭᠤᠴᠠᠭᠠᠨ᠎ᠤ ᠤᠷᠤᠯᠳᠤᠭᠠᠨ᠎ᠤ 《ᠪᠦᠬᠦ᠌ ᠤᠯᠤᠰ᠎ᠤᠨ ᠠᠷᠪᠠᠨ ᠱᠢᠯᠢᠳᠡᠭ ᠢᠳᠡᠭᠡᠨ᠎ᠦ ᠭᠠᠷᠤᠯᠲᠠ᠎ᠶ᠋ᠢᠨ ᠣᠷᠣᠨ》 ᠬᠡᠮᠡᠬᠦ ᠲᠡᠷᠢᠭᠦᠨ ᠳᠡᠰ᠎ᠤᠨ ᠢᠷᠠᠭᠤ ᠠᠯᠳᠠᠷ᠎ᠤᠨ ᠴᠣᠯᠠ  ᠬᠦᠷᠳᠡᠭᠰᠡᠨ ᠪᠠᠢᠨ᠎ᠠ᠃ ᠨᠡᠩ ᠪᠠᠶᠠᠷᠯᠠᠭᠤᠱᠢᠲᠠᠶ ᠨᠢ᠂ ᠠᠯᠲᠠᠨ ᠮᠧᠳᠠᠯ ᠣᠯᠤᠭ᠍ᠰᠠᠨ ᠪᠤᠶ ᠪᠦᠬᠦᠢ ᠲᠤᠳᠤᠷᠭ᠎ᠠ ᠵᠢᠨ ᠦᠯᠢᠭᠡᠷ ᠶᠠᠩᠵᠤ ᠵᠢ ᠣᠯᠠᠨ ᠤᠯᠤᠰ᠎ᠤᠨ ᠠᠮᠤ ᠪᠤᠳᠠᠭᠠᠨ᠎ᠤ ᠠᠮᠳᠠ ᠴᠢᠨᠡᠷ ᠢ᠋ ᠰᠢᠯᠭᠠᠷᠠᠭᠤᠯᠬᠤ ᠶᠡᠬᠡ ᠬᠤᠷᠠᠯ᠎ᠤᠨ ᠪᠦᠬᠦ᠌ ᠪᠥᠮᠪᠥᠷᠴᠡᠭ᠎ᠦᠨ ᠱᠢᠶ᠋ᠳᠪᠦᠷᠢᠲᠦ ᠤᠷᠤᠯᠳᠤᠭᠠᠨ᠎ᠳᠤ ᠱᠢᠭᠤᠳ ᠳᠡᠪᠱᠢᠭᠦᠯᠬᠦ᠌ ᠪᠣᠯᠤᠨ᠎ᠠ᠃ ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠬᠥᠭ᠌ᠵᠢᠯᠲᠡ᠎ᠶ᠋ᠢᠨ ᠵᠠᠮ ᠨᠢ ᠶᠡᠷᠦ᠍᠎ᠡᠴᠡ ᠱᠠᠩᠨᠠᠯ᠎ᠤᠨ ᠮᠧᠳᠠᠯ ᠪᠠ ᠲᠣᠭ᠎ᠠ ᠪᠠᠷᠢᠮᠲᠠ ᠪᠢᠰᠢ ᠶᠤᠮ᠃ ᠡᠳᠡᠭᠡᠷ ᠢᠷᠠᠭᠤ ᠠᠯᠳᠠᠷ᠎ᠤᠨ ᠠᠷᠤ᠎ᠳᠤ ᠬᠢᠩᠭᠠᠨ ᠠᠢᠮᠠᠭ᠎ᠤᠨ ᠬᠡᠳᠦᠨ ᠠᠷᠪᠠᠨ ᠵᠢᠯ᠎ᠦᠨ ᠴᠢᠷᠮᠠᠢᠯᠭ᠎ᠠ᠂ ᠪᠠᠷᠢᠮᠲᠠᠯᠠᠯ ᠪᠠ ᠱᠢᠨ᠎ᠡ᠎ᠶ᠋ᠢ ᠡᠭᠦᠳᠦᠭ᠌ᠰᠡᠨ ᠶᠠᠪᠤᠳᠠᠯ᠎ᠳᠤ ᠤᠷᠤᠰᠢᠨ᠎ᠠ᠃

ᠤᠯᠠᠨ ᠤᠯᠤᠰ᠎ᠤᠨ ᠠᠮᠤ ᠪᠤᠳᠠᠭᠠᠨ᠎ᠤ ᠠᠮᠳᠠ ᠴᠢᠨᠡᠷ᠎ᠢ ᠰᠢᠯᠭᠠᠷᠠᠭᠤᠯᠬᠤ ᠶᠡᠬᠡ ᠬᠤᠷᠠᠯ᠎ᠤᠨ ᠠᠬᠤᠢ ᠳᠠᠯᠠᠪᠠᠢ᠎ᠳᠤ ᠱᠢᠯᠢᠳᠡᠭ ᠲᠤᠲᠤᠷᠭ᠎ᠠ᠎ᠶ᠋ᠢ ᠱᠢᠯᠭᠠᠨ ᠪᠠᠢᠴᠠᠭᠠᠬᠤ ᠤᠷᠤᠯᠳᠤᠭᠠᠨ ᠵᠤᠬᠢᠶᠡᠨ ᠪᠠᠢᠭᠤᠯᠤᠭᠳᠠᠪᠠ᠃ ᠱᠢᠢᠳᠪᠦᠷᠢᠲᠦ ᠤᠷᠤᠯᠳᠤᠭᠠᠨ ᠨᠢ ᠪᠦᠬᠦ᠌ ᠶᠠᠪᠤᠴᠠ ᠪᠡᠷ ᠵᠢᠡᠨ ᠤᠯᠠᠨ ᠤᠯᠤᠰ᠎ᠤᠨ ᠨᠢᠭᠡᠳᠦᠯᠲᠡᠢ ᠢᠳᠡᠭᠡᠨ᠎ᠦ ᠠᠮᠳᠠ ᠴᠢᠨᠡᠷ᠎ᠢ ᠰᠢᠯᠭᠠᠷᠠᠭᠤᠯᠬᠤ ᠱᠢᠰᠲᠸᠮ᠎ᠢ ᠵᠢᠷᠤᠮᠯᠠᠵᠤ᠂ ᠠᠮᠤ ᠪᠤᠳᠠᠭᠠᠨ᠎ᠤ ᠦᠯᠢᠭᠡᠷ᠎ᠢ ᠬᠦᠯᠢᠶᠡᠨ ᠠᠪᠬᠤ᠂ ᠳ᠋ᠤᠭᠠᠷᠯᠠᠬᠤ᠂ ᠬᠣᠭᠣᠯᠠ ᠵᠠᠭᠤᠰᠢ ᠬᠢᠬᠦ᠌ ᠬᠦᠷᠲᠡᠯ᠎ᠡ ᠪᠦᠬᠦ᠌ ᠭᠣᠭ᠍ᠴᠣᠭ᠎ᠠ᠎ᠪᠡᠷ ᠪᠠᠷᠢᠮᠵᠢᠶᠠᠵᠢᠭᠤᠯᠤᠭ᠍ᠰᠠᠨ᠂ ᠪᠦᠬᠦ᠌ ᠦᠷ᠎ᠡ ᠳ᠋ᠦᠩ᠎ᠢ ᠮᠥᠷᠳᠡᠵᠦ᠍ ᠪᠣᠯᠬᠤ ᠪᠦᠬᠦ ᠬᠡᠯᠬᠢᠶᠡᠨ᠎ᠤ ᠬᠠᠮᠢᠶᠠᠷᠤᠯᠲᠠ᠎ᠶ᠋ᠢ ᠪᠡᠶᠡᠯᠡᠭᠦᠯᠪᠡ᠃ ᠤᠷᠤᠯᠳᠤᠭᠠᠨ᠎ᠳᠤ ᠣᠷᠣᠯᠴᠠᠭ᠍ᠰᠠᠨ ᠠᠮᠤ ᠪᠤᠳᠠᠭᠠᠨ᠎ᠤ ᠳᠦᠷᠦᠯ ᠶᠠᠩᠵᠤ ᠪᠦᠷᠢ᠎ᠳᠦ ᠴᠥᠮ ᠪᠣᠭᠣᠳᠠᠯ ᠪᠠᠭ᠍ᠯᠠᠭ᠎ᠠ᠎ᠶ᠋ᠢ ᠨᠢ ᠠᠪᠴᠤ᠌ ᠬᠠᠶᠠᠭᠠᠳ᠂ ᠵᠥᠪᠬᠡᠨ ᠨᠢᠭᠡᠳᠦᠯᠲᠡᠶ ᠳ᠋ᠤᠭᠠᠷᠯᠠᠨ ᠲᠡᠮᠳᠡᠭᠯᠡᠵᠦ᠂ ᠬᠣᠭᠣᠯᠠ ᠵᠠᠭᠤᠰᠢ ᠬᠢᠬᠦ᠌ ᠨᠥᠬᠥᠴᠡᠯ ᠨᠢ ᠪᠦᠷᠢᠮᠦᠰᠦᠨ ᠠᠳᠠᠯᠢ ᠠᠵᠢ᠃ ᠤᠯᠠᠭᠠᠨᠬᠣᠲᠠ ᠪᠥᠬᠥ᠌ ᠤᠯᠤᠰ᠎ᠤᠨ ᠬᠣᠶᠠᠳᠤᠭᠠᠷ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ ᠪᠥᠬᠥ᠌ ᠤᠯᠤᠰ᠎ᠤᠨ ᠠᠷᠪᠠᠳᠤᠭᠠᠷ ᠪᠡᠢᠷᠢ ᠵᠢᠨ ᠱᠢᠯᠢᠳᠡᠭ ᠬᠢᠷᠢ ᠪᠦᠲᠦᠮᠵᠢ᠎ᠪᠡᠷ 《ᠪᠥᠬᠥ᠌ ᠤᠯᠤᠰ᠎ᠤᠨ ᠠᠷᠪᠠᠨ ᠰᠢᠯᠢᠳᠡᠭ ᠢᠳᠡᠭᠡᠨ ᠤ᠋ ᠭᠠᠷᠤᠯᠳᠠ ᠵᠢᠨ ᠤᠷᠤᠨ》ᠳ᠋ᠦ ᠰᠤᠩᠭᠤᠭᠳᠠᠵᠦ᠂ ᠬᠢᠩᠭᠠᠨ ᠠᠢᠮᠠᠭ ᠨᠢ ᠪᠥᠬᠥ᠌ ᠤᠯᠤᠰ᠎ᠤᠨ ᠠᠷᠪᠠᠨ ᠰᠢᠯᠢᠳᠡᠭ ᠢᠳᠡᠭᠡᠨ᠎ᠦ ᠭᠠᠷᠤᠯᠲᠠ᠎ᠶ᠋ᠢᠨ ᠣᠷᠣᠨ᠎ᠤ ᠳᠣᠲᠣᠷᠠᠬᠢ ᠴᠣᠷ᠎ᠤᠨ ᠭᠠᠭ᠍ᠴᠠ ᠨᠢᠭᠡ ᠭᠠᠵᠠᠷ ᠡᠴᠡ ᠬᠣᠶᠠᠷ ᠵᠢᠵᠢᠭ ᠭᠠᠷᠤᠯᠲᠠ᠎ᠶ᠋ᠢᠨ ᠣᠷᠣᠨ ᠳᠤᠳᠤᠷᠠᠭᠰᠠᠨ ᠭᠠᠵᠠᠷ ᠣᠷᠣᠨ ᠪᠤᠯᠵᠠᠢ᠃《ᠪᠢᠳᠡ ᠳᠥᠷᠪᠡᠳᠡᠬᠢ ᠤᠳᠠᠭ᠎ᠠ ᠪᠡᠨ ᠤᠷᠤᠯᠳᠤᠭᠠᠨ᠎ᠳᠤ ᠣᠷᠣᠯᠴᠠᠵᠤ ᠪᠠᠢᠨ᠎ᠠ᠂ ᠡᠭᠦᠨ᠎ᠡᠴᠡ ᠡᠮᠦᠨ᠎ᠡ ᠭᠤᠷᠪᠠᠨ ᠤᠳᠠᠭ᠎ᠠ ᠠᠯᠲᠠᠨ ᠮᠧᠳᠠᠯ ᠣᠯᠵᠤ ᠥᠩᠭᠡᠷᠡᠭᠰᠡᠨ ᠪᠦᠬᠡᠳ ᠡᠨᠡ ᠵᠢᠯ ᠳᠠᠬᠢᠭᠠᠳ ᠠᠯᠲᠠᠨ ᠮᠧᠳᠠᠯ ᠤᠯᠪᠠ᠃ ᠮᠠᠨ᠎ᠤ ᠺᠣᠮᠫᠠᠨᠢ〈ᠬᠢᠩᠭᠠᠨ ᠠᠢᠮᠠᠭ᠎ᠤᠨ ᠲᠤᠲᠤᠷᠭ᠎ᠠ〉ᠵᠢᠨ ᠪᠠᠷᠢᠮᠵᠢᠶ᠎ᠠ᠎ᠶ᠋ᠢ ᠴᠢᠩᠭ᠎ᠠ ᠵᠢᠷᠤᠮᠯᠠᠵᠤ᠂ ᠲᠤᠰ ᠤᠳᠠᠭ᠎ᠠ᠎ᠶ᠋ᠢᠨ ᠤᠷᠤᠯᠳᠤᠭᠠᠨ᠎ᠳᠤ ᠣᠷᠣᠯᠴᠠᠭ᠍ᠰᠠᠨ ᠱᠢᠨ᠎ᠡ ᠲᠤᠲᠤᠷᠭ᠎ᠠ᠎ᠶ᠋ᠢ ᠨᠡᠩ ᠴᠤ᠌ ᠤᠯᠠᠨ ᠡᠭᠡᠯᠵᠢ᠎ᠶ᠋ᠢᠨ ᠰᠢᠯᠭᠠᠷᠠᠭᠤᠯᠬᠤ ᠲᠤᠮᠳᠠ ᠤᠮᠠᠷᠠᠲᠤ ᠥᠷᠭᠡᠷᠢᠭ᠎ᠦᠨ 46 ᠭᠷᠠᠳ᠋ᠦ᠋ᠰ ᠎ᠤᠨ ᠱᠢᠵᠢᠷ ᠠᠯᠳᠠᠨ ᠭᠠᠷᠤᠯᠲᠠ᠎ᠶ᠋ᠢᠨ ᠣᠷᠣᠨ᠎ᠤ ᠳᠠᠪᠠᠭᠤᠯᠢᠭ᠎ᠢᠶᠠᠷ ᠵᠢᠡᠨ ᠤᠯᠠᠨ ᠤ᠋ ᠬᠦᠷᠢᠶᠡᠯᠡᠯ ᠢ᠋ ᠤᠯᠵᠠᠢ》 ᠭᠡᠵᠦ ᠬᠢᠩᠭᠠᠨ ᠠᠢᠮᠠᠭ᠎ᠤᠨ ᠵᠢᠶᠠ ᠡᡁᠸ ᠠᠮᠤ ᠪᠤᠳᠠᠭᠠᠨ᠎ᠤ ᠦᠢᠯᠡᠰ᠎ᠦᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠱᠢᠤᠢ ᠳ᠋ᠠ ᠸᠧᠢ ᠬᠡᠯᠡᠪᠡ᠃

ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠱᠢᠯᠢᠳᠡᠭ ᠠᠮᠵᠢᠯᠳᠠ ᠨᠢ ᠭᠡᠨᠡᠳᠲᠡ᠎ᠶ᠋ᠢᠨ ᠶᠠᠪᠤᠳᠠᠯ ᠤᠭ᠍ᠳᠤ ᠪᠢᠰᠢ᠂ ᠬᠠᠷᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷᠭᠦᠯᠵᠢᠯᠡᠭ᠌ᠰᠡᠨ ᠪᠡᠯᠡ  ᠣᠷᠣᠭᠤᠯᠤᠯᠲᠠ ᠪᠣᠯᠤᠨ ᠪᠦᠷᠢᠨ ᠲᠡᠭᠦᠯᠳᠡᠷ ᠪᠠᠷᠢᠮᠵᠢᠶᠠᠵᠢᠭ᠍ᠰᠠᠨ ᠱᠢᠰᠲ᠋ᠧᠮ᠎ᠦᠨ ᠬᠠᠮᠲᠤ᠎ᠶ᠋ᠢᠨ ᠦᠢᠯᠡᠳᠦᠯ ᠲᠤᠤᠷᠠᠬᠢ ᠬᠡᠳᠦᠨ ᠠᠷᠪᠠᠨ ᠵᠢᠯ ᠤ᠋ᠨ ᠴᠢᠷᠮᠠᠢᠯᠭ᠎ᠠ ᠪᠤᠯᠤᠨ᠎ᠠ᠃

《ᠡᠲᠡᠭᠡᠷ ᠪᠣᠯ ᠴᠥᠮ ᠪᠢᠳᠡᠨ᠎ᠦ ᠨᠠᠷᠢᠨ ᠨᠢᠮᠪᠠᠶ ᠰᠣᠩᠭᠣᠨ ᠪᠣᠢᠵᠢᠭᠤᠯᠤᠭ᠍ᠰᠠᠨ ᠰᠤᠳᠤᠨ ᠲᠦᠷᠦᠯ ᠪᠤᠯᠤᠨ᠎ᠠ᠃ ᠡᠳᠡᠭᠡᠷ ᠲᠤᠲᠤᠷᠭ᠎ᠠ᠎ᠨᠢ ᠮᠥᠬᠥᠯᠢᠭ ᠳᠦᠭᠦᠷᠡᠩ᠂ ᠠᠩᠬᠢᠯᠤᠮ᠎ᠠ ᠦᠨᠦᠷ ᠬᠠᠩᠬᠤᠯᠵᠤ ᠪᠠᠢᠬᠤ᠎ᠪᠠᠷ ᠪᠠᠷᠠᠬᠤ ᠥᠬᠡᠶ ᠂ ᠨᠠᠩ ᠴᠤ᠌ ᠴᠢᠨᠠᠷ ᠰᠠᠢᠲᠠᠶ᠂ ᠠᠮᠤᠷ ᠲᠦᠪᠱᠢᠨ᠂ ᠺᠠᠯᠼ ᠥᠨᠳᠥᠷ ᠠᠭᠤᠯᠤᠭᠳᠠᠳᠠᠭ ᠣᠨᠴᠠᠯᠢᠭ᠎ᠲᠠᠶ》 ᠭᠡᠵᠦ ᠬᠢᠩᠭᠠᠨ᠎ᠤ ᠲᠤᠲᠤᠷᠭ᠎ᠠ ᠠᠮᠦ᠎ᠶ᠋ᠢᠨ ᠰᠢᠯᠢᠳᠡᠭ ᠲᠦᠷᠦᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠭᠠᠨ᠎ᠤ ᠭᠠᠵᠠᠷ᠎ᠤᠨ ᠳᠠᠷᠤᠭ᠎ᠠ ᠯᠢᠦ ᠢᠦᠶ ᠱᠠᠨ ᠰᠢᠯᠭᠠᠷᠠᠭᠤᠯᠬᠤ ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠮᠦᠬᠦᠯᠢᠭ ᠲᠤᠲᠤᠷᠭ᠎ᠠ ᠵᠢ ᠵᠢᠭᠠᠵᠦ ᠬᠡᠯᠡᠨ᠎ᠡ᠃ ᠦᠵᠡᠭᠦᠯᠭᠡ᠎ᠶ᠋ᠢᠨ ᠲᠠᠢᠰᠠᠨ ᠳᠡᠭᠡᠷ᠎ᠡ᠂ 《GA10》᠂ 《GA07》 ᠵᠡᠷᠭᠡ 2024 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠪᠣᠯᠬᠤ ᠤᠰᠤᠨ ᠲᠤᠲᠤᠷᠭ᠎ᠠ᠎ᠶ᠋ᠢᠨ ᠲᠦᠷᠦᠯ ᠵᠦᠢᠯ ᠎ᠢ ᠲᠡᠷᠢ ᠲᠡᠭ᠌ᠰᠢ ᠵᠢᠭ᠍ᠰᠠᠭᠠᠪᠠ᠃ ᠠᠵᠢᠯᠲᠠᠳ ᠡᠴᠡ ᠡᠯ᠎ᠡ ᠲᠤᠳᠤᠷᠭ᠎ᠠ ᠵᠢᠨ ᠲᠥᠷᠥᠯ᠎ᠦᠨ ᠣᠨᠴᠠᠯᠢᠭ᠂ ᠲᠠᠷᠢᠬᠤ ᠳ᠋ᠦ ᠲᠣᠬᠢᠷᠠᠮᠵᠢᠲᠠᠶ ᠣᠷᠣᠨ ᠪᠦᠰᠡ ᠪᠣᠯᠤᠨ ᠶᠠᠰᠤ ᠴᠢᠨᠠᠷ᠎ᠤᠨ ᠳᠠᠪᠠᠭᠤᠯᠢᠭ ᠎ᠢ ᠨᠠᠷᠢᠨ ᠲᠠᠢᠯᠪᠤᠷᠢᠯᠠᠨ᠎ᠠ᠃ ᠬᠠᠷᠢᠨ ᠪᠠᠷᠢᠮᠵᠢᠶᠠᠵᠢᠭᠤᠯᠤᠭ᠍ᠰᠠᠨ ᠦᠢᠯᠡᠳᠪᠦᠷᠢᠯᠡᠯ ᠨᠢ ᠡᠨᠡ ᠬᠦ᠌ ᠶᠠᠰᠤ ᠴᠢᠨᠠᠷ᠎ᠤᠨ ᠳᠠᠪᠠᠭᠤᠯᠢᠭ ᠎ᠢ ᠲᠣᠭ᠍ᠲᠠᠭᠤᠨ᠎ᠢᠶᠠᠷ ᠲᠡᠭᠡᠭᠰᠢᠯᠡᠬᠦᠯᠪᠡ᠃ ᠤᠢ᠍ᠢᠷ᠎ᠠ᠎ᠶ᠋ᠢᠨ ᠵᠢᠯ᠎ᠡᠴᠡ ᠨᠠᠭᠠᠰᠢ᠂ ᠵᠠᠬ᠎ᠠ ᠳᠡᠯᠭᠡᠭᠦᠷ ᠎ᠤᠨ ᠪᠠᠢᠳᠠᠯ᠎ᠢ ᠬᠤᠪᠢᠷᠠᠭᠤᠯᠬᠤ᠎ᠶ᠋ᠢᠨ ᠲᠥᠯᠥᠭᠡ᠂ ᠬᠢᠩᠭᠠᠨ ᠠᠢᠮᠠᠭ ᠎ᠤᠨ ᠲᠤᠲᠤᠷᠭ᠎ᠠ᠎ᠶ᠋ᠢᠨ ᠨᠡᠢᠭᠡᠮᠯᠢᠭ᠎ᠢ ᠪᠠᠢᠭᠤᠯᠵᠤ᠂ ᠪᠦᠷᠢᠨ ᠲᠦᠬᠦᠷ ᠲᠦᠷᠦᠯ ᠲᠡᠮᠳᠡᠭ᠎ᠦᠨ ᠲᠦᠷᠢᠮ᠎ᠦᠨ ᠱᠢᠰᠲᠸᠮ ᠎ᠢ ᠪᠠᠢᠭᠤᠯᠪᠠ᠄ ᠭᠠᠷᠤᠯᠲᠠ᠎ᠶ᠋ᠢᠨ ᠣᠷᠣᠨ᠎ᠤ ᠣᠷᠴᠢᠨ ᠲᠣᠭᠣᠷᠢᠨ᠂ ᠬᠠᠳᠠᠭᠠᠯᠠᠵᠤ ᠵᠥᠭᠡᠭᠡᠪᠦᠷᠢᠯᠡᠬᠦ᠌ ᠪᠣᠷᠣᠯᠠᠭᠤᠯᠬᠤ᠂ ᠡᠳ᠋ᠱᠢᠭᠦᠯᠬᠦ᠌ ᠲᠦᠷᠢᠮ ᠵᠡᠷᠭᠡ 9 ᠵᠦᠢᠯ ᠎ᠦᠨ 《ᠬᠢᠩᠭᠠᠨ ᠠᠢᠮᠠᠭ᠎ᠤᠨ ᠲᠤᠲᠤᠷᠭ᠎ᠠ》 ᠵᠢᠨ ᠪᠠᠷᠢᠮᠵᠢᠶ᠎ᠠ᠎ᠶ᠋ᠢ ᠨᠡᠢᠲᠡᠯᠡᠨ ᠬᠡᠷᠡᠭ᠌ᠵᠢᠭᠦᠯᠪᠡ;ᠪᠣᠬᠢᠷᠲᠤᠯ ᠥᠬᠡᠶ᠂ ᠣᠷᠭᠠᠨᠢᠭ ᠰᠠᠭᠤᠷᠢᠨ ᠭᠠᠵᠠᠷ᠎ᠤᠨ ᠭᠡᠷᠡᠴᠢᠯᠡᠭᠡ᠎ᠶ᠋ᠢ ᠲᠡᠮᠵᠢᠪᠡ; ᠲᠦᠭᠦᠬᠡᠶ ᠡᠳ᠋᠎ᠢ ᠬᠤᠳᠠᠯᠳᠤᠨ ᠠᠪᠬᠤ ᠳᠠᠭᠠᠭᠠᠴᠢᠯᠡᠯᠲᠠ᠎ᠶ᠋ᠢᠨ ᠰᠠᠭᠤᠷᠢ ᠮᠥᠩᠭᠥ᠎ᠶ᠋ᠢ ᠪᠠᠢᠭᠤᠯᠪᠠ; ᠲᠤᠰᠭᠠᠢ ᠡᠵᠡᠩᠨᠡᠯᠲᠡ᠎ᠶ᠋ᠢᠨ ᠳᠡᠯᠭᠡᠭᠦᠷ ᠪᠣᠯᠤᠨ ᠳᠠᠮᠵᠢᠭᠤᠯᠬᠤ ᠬᠥᠮᠥᠷᠭᠡ᠎ᠶ᠋ᠢᠨ ᠬᠥᠮᠥᠷᠭᠡ᠎ᠶ᠋ᠢ ᠪᠠᠢᠭᠤᠯᠪᠠ ᠁ 

ᠲᠣᠰ ᠤᠳᠠᠭᠠᠨ᠎ᠤ ᠰᠢᠯᠭᠠᠷᠠᠭᠤᠯᠬᠤ ᠶᠡᠭᠡ ᠬᠤᠷᠠᠯ ᠲᠠᠢ ᠬᠠᠮᠳᠤ ᠪᠡᠷ ᠶᠠᠪᠤᠭᠳᠠᠭᠰᠠᠨ ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠰᠣᠶᠣᠯ᠎ᠤᠨ ᠭᠠᠷᠠᠭ ᠤ᠋ᠨ ᠠᠵᠢᠯᠯᠠᠭ᠎ᠠ ᠨᠢ 《ᠨᠢᠳᠦᠨ᠎ᠳᠦ ᠦᠵᠡᠭ᠌ᠳᠡᠬᠦ᠂ ᠠᠮᠲᠠᠯᠠᠵᠤ ᠲᠡᠢᠯᠬᠦ᠂ ᠡᠬᠢ ᠡᠬᠦᠰᠦᠯ ᠢ᠋ ᠨᠢ ᠮᠥᠷᠳᠡᠵᠦ᠍ ᠪᠣᠯᠬᠤ》 ᠪᠡᠶᠡᠲᠦ ᠦᠵᠡᠬᠦᠯᠬᠡ᠎ᠪᠡᠷ ᠠᠵᠤ ᠦᠶ᠋ᠯᠡᠰ ᠬᠢᠭᠡᠳ ᠵᠠᠬ᠎ᠠ ᠳᠡᠯᠭᠡᠭᠦᠷ᠎ᠦᠨ ᠬᠥᠭᠥᠷᠭᠡ᠎ᠶ᠋ᠢ ᠬᠤᠯᠪᠤᠬᠰᠠᠨ ᠵᠢᠨᠷ ᠪᠠᠷᠠᠬᠤ ᠥᠬᠡᠶ ᠪᠠᠰᠠ 《ᠲᠤᠲᠤᠷᠭ᠎ᠠ +》 ᠵᠢᠨ ᠣᠯᠠᠨ ᠵᠦᠶ᠋ᠯ᠎ᠦᠨ ᠭᠦᠨᠵᠡᠭᠡᠶ ᠠᠭᠤᠰᠤᠯᠴᠠᠯ᠎ᠢ ᠠᠮᠵᠢᠯᠲᠠ᠎ᠲᠠᠶ ᠠᠬᠢᠭᠤᠯᠵᠤ᠂ 《ᠬᠢᠩᠭᠠᠨ ᠠᠢᠮᠠᠭ᠎ᠤᠨ ᠲᠤᠲᠤᠷᠭ᠎ᠠ》 ᠵᠢᠨ ᠲᠥᠷᠥᠯ ᠲᠡᠮᠳᠡᠭ ᠤ᠋ᠨ ᠠᠯᠳᠠᠷᠱᠢᠯ ᠪᠠ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠭ᠌ᠰᠡᠨ ᠪᠠᠢᠨ᠎ᠠ᠃《ᠬᠥᠮᠦᠰ ᠡ᠂ ᠡᠨᠡ ᠲᠤᠲᠤᠷᠭ᠎ᠠ᠎ᠶ᠋ᠢ ᠦᠵᠡ᠂ ᠠᠪᠬᠤ ᠭᠡᠰᠡᠨ ᠶᠠᠭᠤᠮ᠎ᠠ᠎ᠪᠠᠨ ᠱᠢᠭᠤᠳ ᠵᠠᠬᠢᠶᠠᠯᠠᠭᠠᠷᠠᠢ!》 ᠬᠡᠰᠡᠨ ᠬᠢᠩᠭᠠᠨ ᠠᠢᠮᠠᠭ᠎ᠤᠨ ᠰᠦᠯᠵᠢᠶᠡᠨ᠎ᠦ ᠤᠳᠤᠨ ᠵᠠᠩ ᠱᠢᠶᠤᠤ ᠢᠦᠢ᠎ᠶ᠋ᠢᠨ ᠱᠢᠭᠤᠳ ᠨᠡᠪᠲᠡᠷᠡᠭᠦᠯᠭᠡ ᠎ᠶ᠋ᠢᠨ ᠲᠠᠰᠤᠭ ᠲᠤ᠌᠂ ᠮᠢᠩᠭ᠎ᠠ ᠭᠠᠷᠤᠢ ᠰᠦᠯᠵᠢᠶᠡᠨ ᠠᠨᠳᠠ᠎ᠨᠠᠷ ᠰᠢᠭᠤᠳ ᠨᠡᠪᠳᠡᠷᠡᠬᠦᠯᠭᠡ ᠵᠢ ᠦᠵᠡᠵᠦ᠍ ᠵᠠᠬᠢᠶᠠᠯᠠᠵᠦ ᠪᠠᠢᠯ᠎ᠠ᠃ ᠦᠵᠡᠬᠦᠯᠬᠡ᠎ᠶ᠋ᠢᠨ ᠲᠢᠩᠬᠢᠮ᠎ᠳᠦ ᠪᠠᠰᠠ᠂ ᠡᠯ᠎ᠡ ᠦᠵᠡᠬᠦᠯᠬᠡ᠎ᠶ᠋ᠢᠨ ᠤᠷᠤᠨ ᠨᠢ ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠠᠵᠤ ᠦᠢᠯᠡᠰ᠎ᠦᠨ ᠥᠪᠡᠷᠮᠢᠴᠡ ᠷᠢᠳᠢ ᠱᠢᠳᠢ᠎ᠶ᠋ᠢ ᠪᠦᠬᠦ᠌ ᠲᠠᠯ᠎ᠠ᠎ᠪᠠᠷ ᠢᠯᠡᠷᠡᠭᠦᠯᠪᠡ᠃

《ᠲᠤᠰ ᠤᠳᠠᠭ᠎ᠠ᠎ᠶ᠋ᠢᠨ ᠠᠵᠢᠯᠯᠠᠭ᠎ᠠ ᠪᠡᠷ ᠠᠵᠠ ᠲᠣᠬᠢᠶᠠᠯ ᠪᠣᠯᠭᠠᠵᠤ᠂ ᠲᠤᠲᠤᠷᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠲᠤᠲᠤᠷᠭ᠎ᠠ᠎ᠶ᠋ᠢ ᠨᠠᠷᠢᠯᠢᠭ ᠡᠳ᠋ᠱᠢᠭᠦᠯᠬᠦ᠂ ᠲᠠᠷᠢᠶᠠᠯᠠᠩ ᠰᠣᠶᠣᠯ ᠵᠢᠭᠤᠯᠴᠢᠯᠠᠯ ᠵᠡᠷᠭᠡ ᠬᠣᠯᠪᠣᠭ᠍ᠳᠠᠯ ᠪᠦᠬᠦᠢ ᠠᠵᠤ ᠦᠢᠯᠡᠰ᠎ᠢ᠋ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠨᠡᠮᠡᠷᠢᠯᠡᠨ᠂ ᠬᠢᠩᠭᠠᠨ ᠠᠢᠮᠠᠭ᠎ᠤᠨ ᠲᠤᠲᠤᠷᠭ᠎ᠠ ᠵᠢᠨ ᠠᠩᠬᠢᠯᠤᠮ᠎ᠠ ᠦᠨᠦᠷ᠎ᠢ ᠲᠡᠯᠡᠭᠡᠢ  ᠳ᠋ᠦ ᠬᠠᠩᠬᠤᠯᠠᠭᠤᠯᠬᠤ ᠪᠤᠯᠤᠨ᠎ᠠ》 ᠭᠡᠵᠦ᠍ ᠬᠢᠩᠭᠠᠨ ᠠᠢᠮᠠᠭ᠎ᠤᠨ ᠲᠠᠷᠢᠶᠠᠯᠠᠩ ᠮᠠᠯ ᠠᠵᠤ ᠠᠬᠤᠢ᠎ᠶ᠋ᠢᠨ ᠲᠣᠪᠴᠢᠢ᠎ᠠ᠎ᠶ᠋ᠢᠨ ᠳᠡᠳ᠋ ᠳᠠᠷᠤᠭ᠎ᠠ ᠹᠦ᠋ ᠱᠢᠶᠤᠤ ᠴᠢᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号