ᠠᠷᠤ ᠬᠤᠷᠴᠢᠨ ᠨᠤᠲᠤᠭ᠎ᠲᠤ ᠮᠥᠩᠭᠥᠨ ᠡᠪᠦᠯ ᠰᠠᠭᠠᠲᠠᠵᠤ᠂ ᠨᠣᠶᠠᠨ ᠰᠠᠷᠢᠳᠠᠭ ᠠᠭᠤᠯᠠ ᠬᠠᠢᠷᠠᠬᠳ ᠪᠤᠭᠤᠷᠤᠯ ᠰᠠᠭᠤᠵᠤ ᠰᠡᠬᠦᠢᠯᠡ ᠃ ᠬᠥᠭᠡᠭᠡ ᠡᠪᠦᠯ᠎ᠦᠨ ᠬᠦᠢᠲᠡᠨ ᠦ ᠡᠷᠴᠢ ᠴᠢᠩᠭᠠᠷᠠᠵᠤ ᠪᠠᠢᠭ᠎ᠠ ᠮᠥᠴᠡ᠎ᠶᠢ ᠲᠣᠬᠢᠶᠠᠯᠳᠤᠭᠤᠯᠤᠨ᠂ ᠬᠡᠦᠬᠡᠳ ᠪᠠᠭᠠᠴᠤᠤᠯᠤᠨᠢᠶᠡᠨ ᠪᠡᠶ᠎ᠡ ᠮᠠᠬᠠᠪᠤᠳ᠎ᠢ ᠳᠠᠪᠲᠠᠨ ᠪᠣᠯᠪᠠᠰᠤᠷᠠᠭᠤᠯᠬᠤ ᠶᠢᠨ ᠤᠯᠠᠮ ᠢᠶᠠᠷ ᠡᠷᠴᠢ ᠵᠣᠷᠢᠭ᠋ ᠢ ᠨᠢ ᠬᠥᠪᠴᠢᠯᠡᠨ᠂ ᠪᠥᠬᠡ ᠪᠠᠷᠢᠯᠳᠤᠬᠤ ᠤᠷᠮ᠎ᠠ ᠪᠠᠬ᠎ᠠ᠎ᠶᠢ ᠨᠢ ᠳᠡᠭᠡᠭᠰᠢᠯᠡᠭᠦᠯᠬᠦ ᠵᠣᠷᠢᠯᠭ᠎ᠠ ᠪᠠᠷ 2025᠎ᠤᠨ᠎ᠤ 12 ᠰᠠᠷ᠎ᠠ ᠶᠢᠨ 13᠎ᠤ ᠡᠳᠦᠷ᠂ ᠠᠷᠤ ᠬᠣᠷᠴᠢᠨ ᠬᠣᠰᠢᠭᠤᠨ᠎ᠤ 《ᠡᠷᠡᠬᠡᠢ ᠪᠡᠶ᠎ᠡ ᠲᠠᠮᠢᠷ᠎ᠤᠨ ᠺᠯᠦ᠋ᠪ》᠎ᠡᠴᠡ ᠵᠣᠬᠢᠶᠠᠨ ᠪᠠᠢᠭᠤᠯᠤᠨ ᠶᠠᠪᠤᠭᠳᠠᠭᠤᠯᠤᠭᠰᠠᠨ ᠠᠩᠬᠠᠳᠤᠭᠠᠷ ᠤᠳᠠᠭᠠᠨ᠎ᠤ 《ᠡᠷᠡᠬᠡᠢ》 ᠬᠤᠨᠳᠠᠭᠠᠲᠤ ᠬᠡᠦᠬᠡᠳ ᠪᠠᠭᠠᠴᠤᠳ᠎ᠤᠨ ᠪᠥᠬᠡ ᠶᠢᠨ ᠪᠠᠷᠢᠯᠳᠤᠭᠠᠨ ᠬᠣᠰᠢᠭᠤᠨ ᠲᠥᠪ ᠴᠢᠪᠠᠭ᠎ᠠ ᠪᠠᠯᠭᠠᠰᠤᠨ᠎ᠳᠤ ᠦᠪᠡᠳᠡᠭᠰᠢ ᠶᠠᠪᠤᠭᠳᠠᠯ᠎ᠠ᠃
ᠲᠤᠰ ᠤᠳᠠᠭᠠᠨ᠎ᠤ ᠨᠠᠢᠷ᠎ᠲᠤ᠂ ᠬᠥᠷᠰᠢ ᠵᠡᠷᠭᠡᠯᠡᠳᠡᠭᠡ 3 ᠠᠢᠮᠠᠭ ᠬᠣᠲᠠ ᠬᠢᠭᠡᠳ 9 ᠬᠣᠰᠢᠭᠤᠨ᠎ᠤ 200 ᠭᠠᠷᠦᠢ ᠪᠠᠭᠠᠴᠤᠳ ᠣᠷᠣᠯᠴᠠᠵᠤ᠂ ᠪᠠᠭ᠎ᠠ ᠰᠤᠷᠭᠠᠭᠤᠯᠢ ᠶᠢᠨ ᠳᠤᠭᠤᠢᠯᠠᠩ ᠪᠠ ᠠᠩᠬ᠎ᠠ ᠳᠤᠮᠳᠠᠳᠤ᠎ᠶᠢᠨ ᠳᠤᠭᠤᠢᠯᠠᠩ ᠬᠤᠪᠢᠶᠠᠨ ᠵᠣᠬᠢᠶᠠᠨ ᠪᠠᠢᠭᠤᠯᠤᠭᠰᠠᠨ ᠪᠥᠭᠡᠳ ᠨᠠᠰᠤᠨ᠎ᠤ ᠶᠡᠬᠡ ᠪᠠᠭ᠎ᠠ᠎ᠪᠡᠷ ᠳᠤᠭᠤᠢᠯᠠᠩ ᠪᠦᠷᠢᠳᠦ ᠬᠣᠶᠠᠷ ᠳᠡᠰ ᠬᠤᠪᠢᠶᠠᠨ᠂ ᠨᠤᠭᠤᠯᠤᠭ᠎ᠠ ᠪᠦᠷᠢ ᠰᠢᠪᠠᠭ᠎ᠠ ᠲᠡᠳᠡᠨ ᠪᠠᠷᠢᠯᠳᠤᠭᠤᠯᠤᠭᠰᠠᠨ ᠪᠠᠢᠨ᠎ᠠ᠃ ᠤᠷ᠎ᠠ ᠤᠬᠠᠭᠠᠨ ᠤᠷᠤᠯᠳᠤᠭᠤᠯᠤᠨ᠂ ᠬᠦᠴᠦ ᠪᠢᠷ᠎ᠠ᠎ᠪᠠᠨ ᠦᠵᠡᠯᠴᠡᠭᠰᠡᠨᠦ ᠡᠴᠦᠰ᠎ᠲᠦ ᠪᠠᠭ᠎ᠠ ᠰᠤᠷᠭᠠᠭᠤᠯᠢ᠎ᠶᠢᠨ ᠳᠤᠭᠤᠢᠯᠠᠩ᠎ᠳᠤ ᠠᠷᠤ ᠬᠣᠷᠴᠢᠨ ᠬᠣᠰᠢᠭᠤᠨ᠎ᠤ ᠬᠣᠨᠳᠣ᠌ ᠪᠠᠯᠭᠠᠰᠤ᠎ᠶᠢᠨ ᠬᠦᠰᠡᠯᠡᠩ ᠲᠡᠷᠢᠭᠦᠯᠡᠨ᠂ ᠬᠡᠰᠢᠭᠲᠡᠨ ᠬᠣᠰᠢᠭᠤᠨ᠎ᠦ ᠲᠡᠨᠢᠭᠦᠨ ᠳᠡᠳ᠋ᠯᠡᠵᠦ᠂ ᠠᠩᠬ᠎ᠠ ᠳᠤᠮᠳᠠᠳᠤ᠎ᠶᠢᠨ ᠳᠤᠭᠤᠢᠯᠠᠩ᠎ᠳᠤ ᠲᠦᠩᠯᠢᠶᠣᠣ ᠬᠣᠲᠠ᠎ᠶᠢᠨ ᠴᠣᠯᠭᠣᠷᠠ ᠲᠡᠷᠢᠭᠦᠯᠡᠨ᠂ ᠵᠠᠷᠤᠳ ᠬᠣᠰᠢᠭᠤᠨ᠎ᠤ ᠴᠠᠬᠢᠯᠭᠠᠨ ᠳᠡᠳ᠋ᠯᠡᠵᠡᠢ᠃
《ᠡᠷᠡᠬᠡᠢ ᠪᠡᠶ᠎ᠡ ᠲᠠᠮᠢᠷ᠎ᠤᠨ ᠺᠯᠦᠪ》 ᠨᠢ ᠬᠡᠦᠬᠡᠳ ᠪᠠᠭᠠᠴᠤᠳ᠎ᠤᠨ ᠪᠥᠬᠡ᠎ᠶᠢᠨ ᠰᠣᠶᠣᠯ᠎ᠢᠶᠠᠨ ᠳᠡᠭᠡᠳᠦᠯᠡᠵᠦ᠂ ᠪᠡᠶ᠎ᠡ ᠮᠠᠬᠠᠪᠤᠳ᠎ᠢᠶᠠᠨ ᠳᠠᠪᠲᠠᠨ ᠪᠣᠯᠪᠠᠰᠤᠷᠠᠭᠤᠯᠤᠨ᠂ ᠠᠮᠠᠷᠠᠯᠲᠠ᠎ᠶᠢᠨ ᠬᠤᠭᠤᠴᠠᠭᠠᠨ᠎ᠳᠤ ᠴᠠᠬᠢᠮ ᠶᠢᠷᠲᠢᠨᠴᠦ᠎ᠡᠴᠡ ᠵᠠᠢᠳᠠᠨ᠂ ᠪᠡᠶ᠎ᠡ ᠲᠠᠮᠢᠷ᠎ᠤᠨ ᠬᠥᠳᠡᠯᠭᠡᠭᠡᠨ᠎ᠳᠦ ᠢᠯᠡᠭᠦᠬᠡᠨ ᠣᠷᠣᠯᠴᠠᠵᠤ᠂ ᠡᠷᠡᠭᠦᠯ ᠪᠡᠶ᠎ᠡ ᠰᠠᠷᠠᠭᠤᠯ ᠤᠬᠠᠭᠠᠨ᠎ᠲᠠᠢ ᠬᠥᠮᠥᠵᠢᠭᠦᠯᠬᠦ᠎ᠳᠦ ᠲᠠᠪᠴᠠᠩ ᠬᠠᠩᠭᠠᠬᠤ ᠶᠢ ᠵᠣᠷᠢᠭ᠍ᠰᠠᠨ ᠵᠣᠷᠢᠯᠭ᠎ᠠ ᠨᠢᠭᠡᠲᠡᠢ ᠬᠠᠰᠮᠥ᠋ᠷᠡᠨ᠂ ᠮᠥᠩᠭᠡᠳᠤᠭᠲᠤᠬᠤ᠂ ᠴᠣᠪᠣᠭᠣ᠌ ᠭᠤᠷᠪᠠᠭᠤᠯᠠ᠎ᠶᠢᠨ ᠪᠠᠢᠭᠤᠯᠤᠭᠰᠠᠨ ᠪᠡᠶ᠎ᠡ ᠵᠢᠨ ᠲᠠᠮᠢᠷ᠎ᠤᠨ ᠺᠯᠦ᠋ᠪ ᠪᠣᠯᠣᠨ᠎ᠠ ᠃ᠲᠤᠰ ᠤᠳᠠᠭᠠᠨ᠎ᠤ ᠪᠠᠭᠠᠴᠤᠳ᠎ᠤᠨ ᠪᠥᠬᠡ᠎ᠶᠢᠨ ᠪᠠᠷᠢᠯᠳᠤᠭᠠᠨ᠎ᠢ ᠵᠣᠬᠢᠶᠠᠨ ᠪᠠᠢᠭᠤᠯᠤᠭᠰᠠᠨ ᠨᠢ ᠡᠯ᠎ᠡ ᠭᠠᠵᠠᠷ᠎ᠤᠨ ᠬᠡᠦᠬᠡᠳ ᠪᠠᠭᠠᠴᠤᠳ᠎ᠲᠤ ᠤᠷᠮ᠎ᠠ ᠪᠠᠭ᠎ᠠ᠂ ᠤᠷ᠎ᠠ ᠠᠪᠢᠶᠠᠰ᠂ ᠪᠡᠶ᠎ᠡ ᠮᠠᠬᠠᠪᠤᠳ᠎ᠢᠶᠠᠨ ᠳᠠᠪᠲᠠᠨ ᠪᠣᠯᠪᠠᠰᠤᠷᠠᠭᠤᠯᠬᠤ᠎ᠳᠤ ᠨᠢᠭᠡᠨ ᠣᠯᠳᠠᠰᠢ ᠦᠭᠡᠢ ᠵᠠᠪᠰᠢᠶᠠᠨ ᠣᠯᠭᠣᠨ ᠲᠠᠪᠴᠠᠩ ᠬᠠᠩᠭᠠᠭᠰᠠᠨ ᠪᠠᠢᠨ᠎ᠠ᠃