1 ᠰᠠᠷ᠎ᠠ᠎ᠶ᠋ᠢᠨ 6᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ ᠴᠠᠬᠢᠯᠭᠠᠨ ᠮᠡᠳᠡᠭᠡ ᠶᠠᠪᠤᠭᠤᠯᠵᠤ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠠᠷᠪᠠᠨ ᠬᠣᠶᠠᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠬᠤᠷᠠᠯᠳᠤᠭ᠍ᠰᠠᠨ᠎ᠳᠤ ᠪᠠᠶᠠᠷ ᠬᠦᠷᠭᠡᠪᠡ᠃ ᠪᠠᠶᠠᠷ᠎ᠤᠨ ᠴᠠᠬᠢᠯᠭᠠᠨ ᠮᠡᠳᠡᠭᠡ᠎ᠳᠤ᠄
ᠯᠠᠤᠰ᠎ᠤᠨ ᠠᠷᠠᠳ᠎ᠤᠨ ᠬᠤᠪᠢᠰᠭᠠᠯᠲᠤ ᠨᠠᠮ ᠪᠣᠯ ᠯᠠᠤᠰ᠎ᠤᠨ ᠠᠷᠠᠳ ᠲᠦᠮᠡᠨ ᠪᠣᠯᠤᠨ ᠯᠠᠤᠰ᠎ᠤᠨ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠮᠥᠨ᠃ ᠯᠠᠤᠰ᠎ᠤᠨ ᠨᠠᠮ᠎ᠤᠨ ᠠᠷᠪᠠᠨ ᠨᠢᠭᠡᠳᠦᠭᠡᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠲᠦ᠋ᠩᠯᠦ᠋ᠨᠢᠶᠡᠷ ᠲᠦᠷᠦᠭᠦᠯᠡᠭᠦᠯᠦᠭ᠌ᠰᠡᠨ ᠯᠠᠤᠰ᠎ᠤᠨ ᠨᠠᠮ᠎ᠤᠨ ᠲᠥᠪ ᠬᠣᠷᠢᠢ᠎ᠠ ᠨᠠᠮ᠎ᠤᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠨᠠᠮ᠎ᠤᠨ ᠤᠳᠤᠷᠢᠳᠭᠤ ᠪᠠᠢᠷᠢ ᠰᠠᠭᠤᠷᠢ᠎ᠶ᠋ᠢ ᠪᠡᠬᠢᠵᠢᠭᠦᠯᠬᠦ ᠪᠡᠷ ᠴᠢᠷᠮᠠᠢᠵᠤ᠂ ᠯᠠᠤᠰ᠎ᠤᠨ ᠦᠨᠳᠦᠰᠦᠲᠡᠨ ᠨᠤᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭ᠌ᠰᠡᠨ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠵᠠᠮ᠎ᠢ ᠢᠳᠡᠪᠬᠢᠲᠡᠢ ᠰᠦᠪᠡᠭ᠌ᠴᠢᠯᠡᠵᠦ᠍᠂ ᠨᠠᠮ ᠪᠣᠯᠤᠨ ᠤᠯᠤᠰ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠠᠯᠢ ᠤᠯᠠᠨ ᠴᠢᠬᠤᠯᠠ ᠬᠥᠭ᠌ᠵᠢᠯᠲᠡ᠎ᠶ᠋ᠢᠨ ᠠᠮᠵᠢᠯᠲᠠ ᠤᠯᠬᠤ᠎ᠶ᠋ᠢ ᠠᠬᠢᠭᠤᠯᠪᠠ᠃ ᠪᠢᠳᠡ ᠡᠭᠦᠨ᠎ᠳᠦ ᠴᠢᠩ ᠰᠡᠳᠭᠢᠯ᠎ᠡᠴᠡ᠎ᠪᠡᠨ ᠪᠠᠶᠠᠷᠯᠠᠵᠤ ᠪᠠᠢᠬᠤ ᠪᠥᠭᠡᠳ ᠢᠳᠡᠪᠬᠢᠲᠡᠢ ᠦᠨᠡᠯᠡᠯᠲᠡ ᠥᠭ᠌ᠴᠦ ᠪᠠᠢᠨ᠎ᠠ᠃
ᠯᠠᠤᠰ᠎ᠤᠨ ᠨᠠᠮ᠎ᠤᠨ ᠠᠷᠪᠠᠨ ᠬᠣᠶᠠᠳᠤᠭᠠᠷ ᠶᠡᠬᠡ ᠬᠤᠷᠠᠯ ᠪᠣᠯ ᠯᠠᠤᠰ᠎ᠤᠨ ᠨᠡᠢᠭᠡᠮ ᠵᠢᠷᠤᠮ᠎ᠤᠨ ᠦᠢᠯᠡᠰ᠎ᠦᠨ ᠬᠥᠭ᠌ᠵᠢᠯᠲᠡ᠎ᠶ᠋ᠢᠨ ᠶᠠᠪᠤᠴᠠ᠎ᠳᠠᠬᠢ ᠬᠥᠱᠢᠢ᠎ᠡ ᠲᠡᠮᠳᠡᠭᠪᠤᠯᠬᠤᠢᠴᠠ ᠠᠴᠢ ᠬᠣᠯᠪᠣᠭ᠍ᠳᠠᠯ᠎ᠲᠠᠶ ᠴᠢᠬᠤᠯᠠ ᠬᠤᠷᠠᠯ ᠪᠣᠯᠤᠨ᠎ᠠ᠃ ᠶᠡᠬᠡ ᠬᠤᠷᠠᠯ᠎ᠡᠴᠡ ᠨᠠᠮ᠎ᠤᠨ ᠭᠤᠷᠪᠠᠳᠤᠭᠠᠷ ᠤᠯᠤᠰ ᠲᠦᠷᠦ᠍᠎ᠶ᠋ᠢᠨ ᠬᠥᠲᠥᠯᠪᠦᠷᠢ ᠵᠡᠷᠭᠡ ᠴᠢᠬᠤᠯᠠ ᠤᠯᠤᠰ ᠲᠦᠷᠦ᠍᠎ᠶ᠋ᠢᠨ ᠪᠢᠴᠢᠭ ᠮᠠᠲ᠋ᠧᠷᠢᠶᠠᠯ᠎ᠢ ᠬᠢᠨᠠᠨ ᠵᠥᠪᠯᠡᠵᠦ᠍ ᠪᠠᠲᠤᠯᠠᠨ᠂ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠯᠠᠤᠰ᠎ᠤᠨ ᠨᠠᠮ ᠪᠣᠯᠤᠨ ᠤᠯᠤᠰ᠎ᠤᠨ ᠡᠯ᠎ᠡ ᠵᠦᠢᠯ᠎ᠦᠨ ᠦᠢᠯᠡᠰ᠎ᠦᠨ ᠬᠥᠭ᠌ᠵᠢᠯᠲᠡ᠎ᠳᠦ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ ᠪᠣᠯᠤᠨ ᠪᠣᠳᠠᠲᠠᠢ ᠪᠠᠢᠷᠢᠯᠠᠭᠤᠯᠤᠯᠲᠠ ᠬᠢᠬᠦ᠌ ᠪᠣᠯᠤᠨ᠎ᠠ᠃ ᠯᠠᠤᠰ᠎ᠤᠨ ᠠᠷᠠᠳ ᠲᠦᠮᠡᠨ ᠯᠠᠤᠰ᠎ᠤᠨ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠡᠬᠡ ᠬᠤᠷᠠᠯ᠎ᠡᠴᠡ ᠲᠣᠭ᠍ᠲᠠᠭᠠᠭ᠍ᠰᠠᠨ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠠᠮᠵᠢᠯᠲᠠ᠎ᠲᠠᠶ ᠪᠡᠶᠡᠯᠡᠭᠦᠯᠵᠦ᠍᠂ ᠯᠠᠤᠰ᠎ᠤᠨ ᠨᠡᠢᠭᠡᠮ ᠵᠢᠷᠤᠮ᠎ᠤᠨ ᠦᠢᠯᠡᠰ᠎ᠢ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠬᠦᠷᠲᠡᠯ᠎ᠡ ᠠᠬᠢᠭᠤᠯᠬᠤ᠎ᠶ᠋ᠢ ᠢᠲᠡᠭᠡᠵᠦ᠍ ᠪᠠᠢᠨ᠎ᠠ᠃
ᠳᠤᠮᠳᠠᠳᠤ ᠯᠠᠤᠰ ᠬᠣᠶᠠᠷ ᠤᠯᠤᠰ ᠪᠣᠯ ᠴᠥᠮ ᠡᠪ ᠬᠠᠮᠲᠤ ᠨᠠᠮ᠎ᠤᠨ ᠤᠳᠤᠷᠢᠳᠤᠭ᠍ᠰᠠᠨ ᠨᠡᠢᠭᠡᠮ ᠵᠢᠷᠤᠮᠲᠤ ᠤᠯᠤᠰ ᠮᠥᠨ᠃ ᠳᠤᠮᠳᠠᠳᠤ ᠤᠯᠤᠰ᠎ᠤᠨ ᠨᠠᠮ ᠪᠣᠯᠤᠨ ᠵᠠᠰᠠᠭ᠎ᠤᠨ ᠣᠷᠳᠣᠨ ᠢᠮᠠᠭ᠍ᠲᠠ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠪᠣᠯᠤᠨ ᠠᠯᠤᠰ ᠬᠡᠳᠤ᠎ᠶ᠋ᠢᠨ ᠬᠠᠷᠠᠭᠠᠰᠤ ᠡᠴᠡ ᠳᠤᠮᠳᠠᠳᠤ ᠯᠠᠤᠰ᠎ᠤᠨ ᠬᠣᠶᠠᠷ ᠨᠠᠮ ᠬᠣᠶᠠᠷ ᠤᠯᠤᠰ᠎ᠤᠨ ᠬᠠᠷᠢᠯᠴᠠᠭ᠎ᠠ᠎ᠳᠤ ᠬᠠᠨᠳᠤᠵᠤ ᠲᠡᠭᠦᠨ᠎ᠢ ᠡᠵᠡᠮᠳᠡᠭ᠌ᠰᠡᠭᠡᠷ ᠢᠷᠡᠪᠡ᠃ ᠱᠢᠨ᠎ᠡ ᠪᠠᠢᠳᠠᠯ ᠳᠣᠣᠷ᠎ᠠ᠂ ᠳᠤᠮᠳᠠᠳᠤ ᠤᠯᠤᠰ ᠳᠤᠷᠠᠲᠠᠶ᠎ᠠ ᠯᠠᠤᠰ᠎ᠲᠠᠶ ᠬᠠᠮᠲᠤ ᠬᠣᠶᠠᠷ ᠨᠠᠮ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠭᠤ ᠬᠥᠮᠦᠨ᠎ᠦ ᠴᠢᠬᠤᠯᠠ ᠬᠠᠮᠲᠤ᠎ᠶ᠋ᠢᠨ ᠲᠠᠨᠢᠯᠲᠠ᠎ᠪᠠᠷ ᠦᠨᠳᠦᠰᠦᠨ ᠵᠢᠷᠤᠮᠯᠠᠯ ᠪᠣᠯᠭᠠᠵᠤ᠂ ᠪᠠᠢᠯᠳᠤᠬᠤ ᠪᠤᠳᠤᠯᠭ᠎ᠠ᠎ᠶ᠋ᠢᠨ ᠤᠯᠤᠯᠴᠠᠭ᠎ᠠ᠎ᠪᠠᠨ ᠴᠢᠩᠭᠠᠳᠭᠠᠵᠤ᠂ ᠶᠠᠪᠤᠯᠴᠠᠭ᠎ᠠ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠳᠤᠮᠳᠠᠳᠤ ᠯᠠᠤᠰ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠯᠠᠤᠰ᠎ᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢᠨ ᠦᠷᠭᠦᠯᠵᠢᠯᠡᠨ ᠡᠷᠡᠭᠦᠯ ᠲᠣᠭ᠍ᠲᠠᠭᠤᠨ ᠬᠥᠭ᠌ᠵᠢᠬᠦ᠌᠎ᠶ᠋ᠢ ᠠᠬᠢᠭᠤᠯᠵᠤ᠂ ᠬᠣᠶᠠᠷ ᠤᠯᠤᠰ ᠪᠣᠯᠤᠨ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠴᠦ᠍᠂ ᠳᠡᠯᠡᠬᠡᠢ᠎ᠶ᠋ᠢᠨ ᠡᠩᠬᠡ ᠲᠠᠢᠪᠤᠩ᠂ ᠬᠥᠭ᠌ᠵᠢᠯᠲᠡ ᠪᠣᠯᠤᠨ ᠳᠠᠪᠱᠢᠯᠳᠠ᠎ᠶ᠋ᠢᠨ ᠦᠢᠯᠡᠰ᠎ᠢ ᠠᠬᠢᠭᠤᠯᠬᠤ᠎ᠳᠤ ᠱᠢᠨ᠎ᠡ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃
(ᠰᠢᠨᠬᠤᠸᠠ ᠬᠤᠷᠢᠶ᠎ᠠ ᠵᠢᠨ ᠪᠡᠭᠡᠵᠢᠩ᠎ᠤᠨ 1 ᠰᠠᠷ᠎ᠠ᠎ᠶ᠋ᠢᠨ 6᠎ᠤ᠋ ᠴᠠᠬᠢᠯᠭᠠᠨ ᠮᠡᠳᠡᠭᠡ)