ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠤᠯᠤᠰ ᠲᠥᠷᠥ᠎ᠶᠢᠨ ᠲᠣᠪᠴᠢᠶ᠎ᠡ ᠵᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠳᠡᠳ᠋ ᠶᠡᠷᠦᠩᠬᠡᠢ ᠰᠠᠢᠳ ᠵᠠᠩ ᠭᠦᠸᠧ ᠴᠢᠩ 4 ᠡᠴᠡ 6 ᠤ᠋ ᠡᠳᠦᠷ ᠪᠣᠯᠲᠠᠯ᠎ᠠ ᠥᠪᠥᠷ ᠮᠣᠩᠭᠣᠯ᠎ᠳᠤ ᠠᠵᠤ ᠦᠢᠯᠡᠰ᠎ᠦᠨ ᠰᠢᠨ᠎ᠡ᠎ᠶᠢ ᠡᠭᠦᠳᠬᠦ ᠬᠥᠭᠵᠢᠯᠲᠡ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠳᠠ ᠵᠡᠷᠭᠡ ᠠᠵᠢᠯ᠎ᠢ ᠪᠠᠢᠴᠠᠭᠠᠨ ᠰᠤᠳᠤᠯᠪᠠ᠃ ᠲᠡᠷᠡ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠯᠠᠪᠳᠠᠭᠤᠨ ᠪᠠᠲᠤᠲᠠᠢ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢ ᠦᠷᠭᠦᠯᠵᠢᠯᠡᠨ ᠴᠢᠩᠭᠠᠳᠬᠠᠵᠤ᠂ ᠴᠢᠨᠠᠷ ᠰᠠᠢᠲᠠᠢ ᠬᠥᠭᠵᠢᠯᠲᠡ ᠪᠣᠯᠣᠨ ᠴᠢᠨᠠᠷ ᠰᠠᠢᠲᠠᠢ ᠠᠮᠢᠳᠤᠷᠠᠯ᠎ᠳᠤ ᠨᠡᠩ ᠰᠠᠢᠲᠤᠷ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠥᠬᠡᠬᠣᠲᠠ ᠪᠣᠯᠣᠨ ᠪᠤᠭᠤᠲᠤ ᠬᠤᠲᠠ᠎ᠳᠤ᠂ ᠵᠠᠩ ᠭᠦᠸᠧ ᠴᠢᠩ ᠤᠷᠢᠳ ᠬᠣᠵᠢᠳ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠦᠨ ᠳᠠᠯᠠᠨ ᠬᠠᠷ᠎ᠠ᠎ᠶᠢᠨ ᠲᠤᠷᠰᠢᠯᠲᠠ᠎ᠶᠢᠨ ᠲᠠᠰᠤᠭ᠂ ᠳ᠋ᠦᠩ ᠪᠦᠦ ᠠᠮᠢᠳᠤ ᠪᠣᠳᠠᠰ᠎ᠤᠨ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ ᠬᠦᠷᠴᠦ᠂ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠎ᠦᠨ ᠰᠤᠳᠤᠯᠤᠨ ᠨᠡᠭᠡᠭᠡᠬᠦ ᠪᠣᠭᠣᠮᠲᠠ ᠰᠢᠪᠲᠤᠯᠬᠤ᠂ ᠠᠮᠢᠳᠤ ᠪᠣᠳᠠᠰ᠎ᠤᠨ ᠮᠡᠷᠭᠡᠵᠢᠯ᠎ᠦᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠵᠡᠷᠭᠡ ᠪᠠᠢᠳᠠᠯ᠎ᠢ ᠪᠠᠢᠴᠠᠭᠠᠨ ᠰᠤᠳᠤᠯᠪᠠ᠃ ᠲᠡᠷᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠠᠵᠤ ᠦᠢᠯᠡᠰ᠎ᠦᠨ ᠲᠡᠰ ᠳᠡᠪᠰᠢᠭᠦ᠎ᠶᠢ ᠬᠥᠲᠥᠯᠥᠨ ᠳᠠᠭᠠᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠳᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ᠃ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠴᠢᠩᠭᠠᠳᠬᠠᠵᠤ᠂ ᠵᠥᠪ ᠴᠢᠭᠯᠡᠯ᠎ᠢᠶᠡᠷ ᠵᠢᠷᠤᠵᠤ ᠲᠥᠯᠥᠪᠯᠡᠬᠦ᠂ ᠵᠥᠪ ᠴᠢᠭᠯᠡᠯ᠎ᠢᠶᠡᠷ ᠰᠢᠪᠲᠤᠯᠤᠯᠲᠠ ᠬᠢᠬᠦ᠎ᠶᠢ ᠪᠠᠷᠢᠮᠲᠠᠯᠠᠵᠤ᠂ ᠠᠵᠤ ᠦᠢᠯᠡᠰ᠎ᠦᠨ ᠬᠡᠷᠡᠭᠴᠡᠭᠡ᠎ᠳᠦ ᠬᠠᠨᠳᠤᠭᠤᠯᠤᠨ ᠬᠡᠷᠡᠭᠯᠡᠭᠡᠨ᠎ᠦ ᠰᠠᠭᠤᠷᠢ ᠰᠤᠳᠤᠯᠭᠠᠨ ᠪᠠ ᠬᠤᠰᠢᠭᠤᠷᠠᠯ ᠰᠤᠳᠤᠯᠭᠠᠨ᠎ᠢ ᠴᠢᠩᠭᠠᠳᠬᠠᠵᠤ᠂ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠢᠯᠠᠩᠭᠤᠶ᠎ᠠ ᠤᠤᠭᠠᠯ ᠰᠢᠨ᠎ᠡ᠎ᠶᠢ ᠡᠭᠦᠳᠬᠦ ᠴᠢᠳᠠᠪᠤᠷᠢ᠎ᠶᠢ ᠳᠡᠭᠡᠭᠰᠢᠯᠡᠭᠦᠯᠬᠦ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠮᠡᠷᠭᠡᠵᠢᠯ᠎ᠦᠨ ᠰᠠᠭᠤᠷᠢ᠎ᠶᠢ ᠪᠡᠬᠢᠵᠢᠭᠦᠯᠬᠦ ᠬᠡᠷᠡᠭᠲᠡᠢ᠃ ᠱᠢᠨ᠎ᠡ᠎ᠶ᠋ᠢ ᠡᠭᠦᠳᠬᠦ᠌ ᠬᠡᠯᠬᠢᠶ᠎ᠡ ᠪᠣᠯᠤᠨ ᠠᠵᠤ ᠦᠶ᠋ᠯᠡᠰ᠎ᠦᠨ ᠬᠡᠯᠬᠢᠶ᠎ᠡ᠎ᠶ᠋ᠢ ᠵᠠᠪᠰᠠᠷ ᠥᠬᠡᠶ ᠵᠣᠯᠭᠠᠭᠤᠯᠬᠤ᠎ᠶ᠋ᠢ ᠠᠬᠢᠭᠤᠯᠵᠤ᠂ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠬᠤ᠂ ᠠᠬᠤᠢ ᠦᠵᠡᠭᠳᠡᠯ ᠵᠢᠡᠷ ᠬᠥᠲᠥᠯᠥᠨ ᠳᠠᠭᠠᠭᠤᠯᠬᠤ᠎ᠶ᠋ᠢ ᠳᠣᠪᠣᠢᠯᠭᠠᠵᠤ᠂ ᠳᠤᠮᠳᠠ ᠲᠡᠰ᠎ᠤᠨ ᠲᠤᠷᠱᠢᠯᠲᠠ᠎ᠪᠠᠷ ᠰᠢᠯᠭᠠᠨ ᠪᠠᠲᠤᠯᠠᠬᠤ᠂ ᠳᠡᠯᠭᠡᠷᠡᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠨᠠᠩ ᠣᠯᠠᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠠᠵᠤ ᠦᠶ᠋ᠯᠡᠰ᠎ᠦᠨ ᠬᠡᠯᠬᠢᠶ᠎ᠡ᠎ᠳᠦ ᠬᠡᠷᠡᠭ᠌ᠯᠡᠵᠦ᠍᠂ ᠮᠡᠷᠭᠡᠵᠢᠯ᠎ᠢ ᠰᠤᠳᠤᠯᠤᠨ ᠨᠡᠭᠡᠭᠡᠬᠦ᠌᠂ ᠠᠬᠤᠢ ᠦᠵᠡᠭᠳᠡᠯ᠎ᠢ ᠱᠢᠯᠭᠠᠨ ᠪᠠᠲᠤᠯᠠᠬᠤ᠂ ᠠᠵᠤ ᠦᠶ᠋ᠯᠡᠰ᠎ᠢ ᠬᠤᠪᠢᠷᠠᠭᠤᠯᠬᠤ᠂ ᠲᠠᠪᠳᠠᠨ ᠤᠷᠤᠯᠠᠭᠤᠯᠵᠤ ᠲᠠᠰ ᠳᠡᠪᠱᠢᠭᠦᠯᠬᠦ᠌ ᠰᠠᠢᠨ ᠣᠷᠴᠢᠯ᠎ᠢ ᠪᠦᠷᠢᠯᠳᠦᠭᠦᠯᠬᠦ᠌ ᠬᠡᠷᠡᠭ᠌ᠲᠡᠶ᠃ ᠲᠤᠮᠤ ᠬᠡᠪᠴᠢᠶᠡᠨ᠎ᠦ ᠲᠤᠨᠤᠭ ᠲᠥᠬᠥᠭᠡᠷᠦᠮᠵᠢ᠎ᠶ᠋ᠢ ᠱᠢᠨᠡᠳᠭᠡᠬᠦ᠌ ᠪᠠ ᠦᠢᠯᠡᠳᠬᠦ᠌ ᠦᠢᠯᠡᠰ᠎ᠦᠨ ᠴᠢᠬᠤᠯᠠ ᠶᠡᠬᠡ ᠮᠡᠷᠭᠡᠵᠢᠯ᠎ᠦᠨ ᠥᠭᠡᠷᠡᠴᠢᠯᠡᠯᠲᠡ ᠬᠢᠵᠦ᠍ ᠲᠡᠰ ᠳᠡᠪᠱᠢᠭᠦᠯᠬᠦ᠌ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢ ᠰᠠᠢᠲᠤᠷ ᠠᠱᠢᠭ᠍ᠯᠠᠵᠤ᠂ ᠤᠶᠤᠨᠴᠢᠯᠠᠬᠤ᠂ ᠪᠣᠬᠢᠷᠲᠤᠯ ᠦᠭᠡᠢ ᠪᠣᠯᠭᠠᠬᠤ᠂ ᠠᠭᠤᠰᠤᠯᠴᠠᠭᠤᠯᠬᠤ ᠴᠢᠭ᠌ᠯᠡᠯ᠎ᠢ ᠪᠠᠷᠢᠮᠲᠠᠯᠠᠵᠤ᠂ ᠠᠵᠤ ᠠᠬᠤᠢᠯᠠᠯ᠎ᠤᠨ ᠲᠤᠨᠤᠭ ᠲᠥᠬᠥᠭᠡᠷᠦᠮᠵᠢ᠎ᠪᠡᠨ ᠱᠢᠨᠡᠳᠭᠡᠬᠦ᠌᠂ ᠤᠷ᠎ᠠ ᠮᠡᠷᠭᠡᠱᠢᠯ᠎ᠢᠶᠡᠨ ᠲᠡᠰ ᠳᠡᠪᠱᠢᠭᠦᠯᠬᠦ᠌ ᠪᠠ ᠲᠣᠭᠠᠴᠢᠯᠠᠭ᠍ᠰᠠᠨ ᠡᠨᠧᠷᠭᠢ ᠣᠯᠭᠣᠬᠤ᠎ᠶ᠋ᠢ ᠲᠦᠷᠭᠡᠳᠭᠡᠬᠦ᠌᠎ᠶ᠋ᠢ ᠳᠡᠮᠵᠢᠬᠦ᠌ ᠬᠡᠷᠡᠭ᠌ᠲᠡᠢ᠃ ᠬᠠᠲᠠᠭᠤ ᠲᠤᠨᠤᠭ᠂ ᠵᠥᠭᠡᠯᠡᠨ ᠲᠤᠨᠤᠭ ᠪᠣᠯᠤᠨ ᠪᠠᠷᠢᠮᠵᠢᠶ᠎ᠠ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠵᠡᠷᠭᠡ᠎ᠳᠦᠨᠢ ᠠᠬᠢᠭᠤᠯᠵᠤ᠂ ᠬᠠᠲᠠᠭᠤ ᠲᠤᠨᠤᠭ ᠭᠠᠷᠭᠠᠬᠤ᠎ᠶ᠋ᠢᠨ ᠬᠠᠮᠲᠤ ᠵᠥᠭᠡᠯᠡᠨ ᠲᠤᠨᠤᠭ ᠭᠠᠷᠭᠠᠵᠤ᠂ ᠪᠠᠷᠢᠮᠵᠢᠶ᠎ᠠ ᠲᠤᠭᠳᠠᠭᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠵᠠᠩ ᠭᠦᠸᠧ ᠴᠢᠩ ᠥᠪᠥᠷ ᠮᠣᠩᠭᠣᠯ᠎ᠤᠨ ᠱᠢᠷᠬᠡᠭᠯᠢᠭᠦᠨ ᠶᠠᠰᠤ ᠴᠢᠨᠠᠷ᠎ᠢ ᠬᠢᠨᠠᠨ ᠬᠡᠮᠵᠢᠬᠦ᠌ ᠲᠥᠪ᠎ᠲᠦ ᠬᠦᠷᠴᠦ᠍᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠂ ᠪᠠᠢᠴᠠᠭᠠᠨ ᠰᠢᠯᠭᠠᠵᠤ ᠭᠡᠷᠡᠴᠢᠯᠡᠬᠦ᠌ ᠵᠡᠷᠭᠡ ᠠᠵᠢᠯ᠎ᠢ ᠪᠠᠢᠴᠠᠭᠠᠨ ᠰᠤᠳᠤᠯᠪᠠ᠃ ᠲᠡᠷᠡ᠂ ᠶᠠᠰᠤ ᠴᠢᠨᠠᠷ᠎ᠢ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠴᠢᠩᠭᠠᠳᠭᠠᠵᠤ᠂ ᠦᠶ᠋ᠯᠡᠳᠬᠦᠨ᠎ᠦ ᠠᠯᠪᠠᠳᠠᠯᠭ᠎ᠠ᠎ᠶ᠋ᠢᠨ ᠴᠢᠨᠠᠷᠲᠠᠶ ᠭᠡᠷᠡᠴᠢᠯᠡᠯ᠂ ᠤᠯᠤᠰ᠎ᠤᠨ ᠠᠯᠪᠠᠳᠠᠯᠭ᠎ᠠ᠎ᠶ᠋ᠢᠨ ᠴᠢᠨᠠᠷᠲᠠᠶ ᠪᠠᠷᠢᠮᠵᠢᠶ᠎ᠠ ᠵᠡᠷᠭᠡ ᠠᠷᠭ᠎ᠠ ᠬᠡᠮᠵᠢᠶ᠎ᠡ᠎ᠶ᠋ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠡᠷᠡᠭ᠌ᠯᠡᠵᠦ᠍᠂ ᠪᠠᠷᠢᠮᠵᠢᠶ᠎ᠠ᠎ᠶ᠋ᠢᠨ ᠲᠠᠰ ᠳᠠᠪᠱᠢᠯᠲᠠ᠎ᠪᠠᠷ ᠶᠠᠰᠤ ᠴᠢᠨᠠᠷ᠎ᠤᠨ ᠳᠡᠭᠡᠭ᠌ᠰᠢᠯᠡᠯᠲᠡ᠎ᠶ᠋ᠢ ᠳᠠᠢᠴᠢᠯᠠᠬᠤ ᠬᠡᠷᠡᠭ᠌ᠲᠡᠶ᠃ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠪᠣᠯᠤᠨ ᠣᠯᠠᠨ ᠨᠡᠢᠲᠡ᠎ᠶ᠋ᠢᠨ ᠠᠮᠤᠷ ᠲᠦᠪᠱᠢᠨ᠎ᠳᠦ ᠬᠣᠯᠪᠣᠭ᠍ᠳᠠᠬᠤ ᠦᠢᠯᠡᠳᠬᠦᠨ᠎ᠢ ᠦᠢᠯᠡᠳᠪᠦᠷᠢᠯᠡᠯ᠎ᠦᠨ ᠵᠥᠪᠱᠢᠶᠡᠷᠡᠯ᠎ᠦᠨ ᠦᠨᠡᠮᠯᠡᠯ᠎ᠦᠨ ᠬᠠᠮᠢᠶᠠᠷᠤᠯᠲᠠ᠎ᠳᠤ ᠴᠠᠭ ᠲᠤᠬᠠᠶ᠎ᠳᠤᠨᠢ ᠣᠷᠣᠭᠤᠯᠬᠤ ᠬᠡᠷᠡᠭ᠌ᠲᠡᠶ᠃ ᠡᠳᠦᠷ ᠲᠤᠲᠤᠮ᠎ᠤᠨ ᠠᠵᠢᠯ᠎ᠢ ᠠᠳᠭᠤᠬᠤ᠂ ᠡᠩ᠎ᠦᠨ ᠦᠶ᠎ᠡ᠎ᠳᠦ ᠴᠢᠩᠭ᠎ᠠ ᠠᠳᠭᠤᠬᠤ᠎ᠶ᠋ᠢ ᠪᠠᠷᠢᠮᠲᠠᠯᠠᠵᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠌᠂ ᠤᠨᠳᠤᠤ ᠭᠠᠵᠠᠷ ᠬᠠᠮᠵᠢᠯᠴᠠᠬᠤ᠂ ᠴᠠᠭ ᠲᠤᠬᠠᠶ᠎ᠳᠤᠨᠢ ᠬᠥᠳᠡᠯᠦᠩᠭᠦᠶ ᠪᠠᠢᠬᠤ᠂ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ ᠵᠢᠨ ᠨᠢᠭᠡ ᠴᠣᠭ᠍ᠴᠠᠵᠢᠭᠤᠯᠤᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠠᠶᠤᠯ ᠲᠦᠭ᠌ᠰᠢᠭᠦᠷᠢ᠎ᠶ᠋ᠢ ᠬᠢᠨᠠᠨ ᠡᠵᠡᠮᠳᠡᠬᠦ᠌᠂ ᠬᠢᠨᠠᠯᠲᠠ ᠲᠠᠯᠪᠢᠵᠤ ᠰᠤᠭᠤᠴᠢᠨ ᠪᠠᠢᠴᠠᠭᠠᠬᠤ᠂ ᠬᠡᠮ ᠰᠣᠭᠣᠭ ᠲᠠᠢ ᠦᠢᠯᠡᠳᠭᠦᠨ᠎ᠢ ᠡᠭᠡᠭᠦᠯᠦᠨ ᠠᠪᠴᠢᠷᠠᠬᠤ᠂ ᠦᠶ᠋ᠯᠡᠳᠬᠦᠨ᠎ᠢ ᠮᠥᠷᠳᠡᠬᠦ᠎ᠶ᠋ᠢ ᠴᠢᠩᠭᠠᠳᠭᠠᠵᠤ᠂ ᠶᠠᠰᠤ ᠴᠢᠨᠠᠷ᠎ᠤᠨ ᠠᠮᠤᠷ ᠲᠦᠪᠱᠢᠨ᠎ᠦ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠬᠦ ᠬᠡᠷᠡᠭ᠌ᠲᠡᠶ᠃ ᠪᠠᠢᠴᠠᠭᠠᠨ ᠰᠢᠯᠭᠠᠵᠤ ᠭᠡᠷᠡᠴᠢᠯᠡᠬᠦ᠌ ᠪᠠᠢᠭᠤᠯᠤᠮᠵᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠱᠠᠯᠠᠪᠳᠠᠭᠤᠯᠤᠨ ᠨᠠᠢᠳᠠᠪᠤᠷᠢᠵᠢᠭᠤᠯᠵᠤ᠂ ᠪᠠᠢᠴᠠᠭᠠᠨ ᠰᠢᠯᠭᠠᠵᠤ ᠭᠡᠷᠡᠴᠢᠯᠡᠬᠦ᠌ ᠬᠢᠨᠠᠭᠴᠢ ᠶ᠋ᠢᠨ ᠦᠶ᠋ᠯᠡᠳᠦᠯ᠎ᠢ ᠰᠠᠢᠲᠤᠷ ᠪᠠᠳᠠᠷᠠᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠥᠪᠥᠷ ᠮᠣᠩᠭᠣᠯ᠎ᠳᠤ ᠪᠠᠢᠬᠤ ᠬᠤᠭᠤᠴᠠᠭᠠᠨ᠎ᠳᠤ᠂ ᠵᠠᠩ ᠭᠦᠸᠧ ᠴᠢᠩ ᠪᠠᠰᠠ ᠢᠳᠡᠭᠡᠨ᠎ᠦ ᠠᠮᠤᠷ ᠲᠦᠪᠱᠢᠨ᠎ᠦ ᠠᠵᠢᠯ᠎ᠤᠨ ᠲᠤᠬᠠᠶ ᠪᠠᠢᠴᠠᠭᠠᠨ ᠰᠤᠳᠤᠯᠤᠯᠲᠠ ᠥᠷᠨᠢᠭᠦᠯᠪᠡ᠃ ᠲᠡᠷᠡ᠂ 《ᠳᠦᠷᠪᠡᠨ ᠬᠠᠮᠤᠭ᠎ᠤᠨ ᠴᠢᠩᠭ᠎ᠠ》 ᠪᠠᠢᠬᠤ᠎ᠶ᠋ᠢ ᠢᠮᠠᠭ᠍ᠲᠠ ᠪᠠᠷᠢᠮᠲᠠᠯᠠᠵᠤ᠂ ᠢᠳᠡᠭᠡᠨ᠎ᠦ ᠠᠮᠤᠷ ᠲᠦᠪᠱᠢᠨ᠎ᠦ ᠪᠦᠬᠦ᠌ ᠬᠡᠯᠬᠢᠶᠡᠨ᠎ᠦ ᠬᠢᠨᠠᠯᠲᠠ ᠬᠠᠮᠢᠶᠠᠷᠤᠯᠲᠠ᠎ᠶ᠋ᠢ ᠤᠯᠠᠮ ᠴᠢᠩᠭᠠᠳᠭᠠᠵᠤ᠂ ᠠᠷᠠᠳ ᠤᠯᠠᠨ᠎ᠤ 《ᠢᠳᠡᠭᠡᠨ ᠤᠮᠳᠠᠭᠠᠨ᠎ᠤ ᠠᠮᠤᠷ ᠲᠦᠪᠱᠢᠨ》 ᠢ᠋ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
(ᠰᠢᠨᠬᠤᠸᠠ ᠬᠣᠷᠢᠶ᠎ᠡ ᠵᠢᠨ ᠬᠥᠬᠡᠬᠣᠲᠠ᠎ᠶᠢᠨ 1 ᠰᠠᠷ᠎ᠠ᠎ᠶᠢᠨ 6᠎ᠤ᠋ ᠴᠠᠬᠢᠯᠭᠠᠨ ᠮᠡᠳᠡᠭᠡ)