2026 ᠤᠨ ᠤ᠋ ᠳᠡᠯᠡᠬᠡᠢ᠎ᠶ᠋ᠢᠨ ᠠᠵᠤ ᠠᠬᠤᠢ᠎ᠶ᠋ᠢᠨ ᠲᠤᠬᠠᠢ ᠲᠠᠪᠤᠨ ᠠᠰᠠᠭᠤᠯᠲᠠ
2026-01-07 09:40:50
ᠵᠣᠬᠢᠶᠠᠭ᠍ᠴᠢ᠄
ᠡᠸᠦ ᠶᠠᠩ ᠸᠧᠢ ᠢᠦᠢ ᠮᠤᠤ ᠹᠸᠩ ᠴᠧᠨ ᠰᠧ ᠳ᠋ᠡ
ᠣᠩᠱᠢᠭ᠍ᠰᠠᠨ ᠣᠳᠠᠭ᠎ᠠ᠄
★★★☆☆

2026 ᠣᠨ᠎ᠳᠤ ᠤᠷᠤᠵᠤ᠂ ᠳᠡᠯᠡᠬᠡᠢ᠎ᠶ᠋ᠢᠨ ᠠᠵᠤ ᠠᠬᠤᠢ᠎ᠶ᠋ᠢᠨ ᠲᠤᠮᠤ ᠬᠥᠯᠭᠡ ᠣᠩᠭᠣᠴᠠ ᠱᠢᠨ᠎ᠡ ᠳᠠᠯᠠᠢ᠎ᠶ᠋ᠢᠨ ᠣᠷᠣᠨ ᠲᠡᠢᠰᠢ ᠠᠶᠠᠯᠠᠵᠤ ᠡᠬᠢᠯᠡᠪᠡ᠃ ᠭᠠᠵᠠᠷ ᠣᠷᠣᠨ᠎ᠤ ᠮᠥᠷᠭᠥᠯᠳᠦᠭᠡᠨ᠎ᠦ ᠪᠠᠷᠠᠭᠠᠨ ᠡᠭᠦᠯᠡ᠂ ᠭᠠᠭ᠍ᠴᠠ ᠲᠠᠯᠠᠲᠤ ᠦᠵᠡᠯ᠎ᠦᠨ ᠬᠠᠮᠠᠭᠠᠯᠠᠬᠤ ᠦᠵᠡᠯ᠎ᠦᠨ ᠪᠤᠢ ᠪᠣᠯᠭᠠᠭ᠍ᠰᠠᠨ ᠪᠡᠬᠢᠯᠡᠯᠲᠡ᠂ ᠬᠣᠷᠸ᠎ᠠ ᠠᠵᠤ ᠠᠬᠤᠢ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠵᠠᠳᠠᠷᠠᠯ᠂ ᠱᠢᠨ᠎ᠡ ᠮᠡᠷᠭᠡᠵᠢᠯ ᠎ᠦᠨ ᠬᠤᠪᠢᠰᠭᠠᠯ ᠎ᠤᠨ ᠲᠠᠭᠠᠷᠢᠯᠳᠠ ᠨᠢ ᠨᠠᠷᠢᠨ ᠪᠤᠳᠤᠯᠢᠶᠠᠨᠲᠠᠢ ᠪᠠᠢᠳᠠᠯ ᠎ᠢ ᠪᠤᠢ ᠪᠤᠯᠭᠠᠪᠠ᠃ ᠪᠦᠬᠦ᠌ ᠪᠥᠮᠪᠥᠷᠴᠡᠭ ᠎ᠦᠨ ᠶᠡᠬᠡ ᠬᠤᠪᠢᠰᠤᠯᠳᠠ᠂ ᠶᠡᠬᠡ ᠲᠤᠬᠢᠷᠠᠭᠤᠯᠤᠯᠳᠠ ᠳᠣᠣᠷ᠎ᠠ᠂ ᠳᠡᠯᠡᠬᠡᠢ ᠎ᠶ᠋ᠢᠨ ᠠᠵᠤ ᠠᠬᠤᠢ ᠡᠴᠦᠰ᠎ᠲᠡᠬᠡᠨ ᠲᠣᠭ᠍ᠲᠠᠭᠠᠯᠳᠤ ᠪᠤᠰᠤ ᠴᠢᠨᠠᠷ ᠤ᠋ᠨ ᠮᠠᠨᠠᠨ ᠬᠦᠳᠡᠩ ᠎ᠢ ᠲᠤᠭᠤᠯᠵᠤ ᠳᠡᠢᠯᠤᠨ᠎ᠠ ᠤ᠋ᠣ? ᠪᠦᠬᠦ᠌ ᠪᠥᠮᠪᠥᠷᠴᠡᠭ᠎ᠦᠨ ᠠᠵᠤ ᠠᠬᠤᠢ ᠵᠢᠨ ᠨᠡᠮᠡᠭ᠌ᠳᠡᠯ ᠎ᠳᠦ ᠶᠠᠮᠠᠷ ᠶᠠᠮᠠᠷ ᠥᠷᠢᠰᠥᠯᠳᠦᠭᠡᠨ ᠪᠠ ᠠᠵᠠ ᠲᠣᠬᠢᠶᠠᠯ ᠲᠤᠯᠭᠠᠷᠠᠵᠤ ᠪᠠᠢᠬᠤ ᠪᠤᠢ?

ᠠᠰᠠᠭᠤᠯᠲᠠ ᠨᠢᠭᠡ᠄ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠦᠨ ᠢᠷᠡᠭᠡᠳᠦᠢ ᠶᠠᠮᠠᠷ ᠪᠤᠢ ?

ᠤᠯᠠᠨ ᠤᠯᠤᠰ᠎ᠤᠨ ᠵᠣᠭᠣᠰᠣᠨ᠎ᠤ ᠰᠠᠭᠤᠷᠢ ᠮᠥᠩᠭᠥᠨ᠎ᠦ ᠵᠣᠬᠢᠶᠠᠨ ᠪᠠᠢᠭᠤᠯᠤᠯᠲᠠ(IMF)᠂ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠵᠡᠷᠭᠡ ᠭᠣᠣᠯ ᠪᠣᠯᠬᠤ ᠤᠯᠠᠨ ᠤᠯᠤᠰ ᠎ᠤᠨ ᠠᠵᠤ ᠠᠬᠤᠢ ᠎ᠶ᠋ᠢᠨ ᠪᠠᠢᠭᠤᠯᠤᠮᠵᠢ ᠪᠣᠯᠤᠨ ᠵᠣᠬᠢᠶᠠᠨ ᠪᠠᠢᠭᠤᠯᠤᠯᠲᠠ᠎ᠶ᠋ᠢᠨ ᠨᠡᠢᠳᠡᠮ ᠎ᠦᠨ ᠲᠥᠰᠦᠭᠡᠯᠡᠭ᠌ᠰᠡᠨ᠎ᠢᠶᠡᠷ᠂ 2026 ᠣᠨ᠎ᠤ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ ᠎ᠦᠨ ᠬᠤᠷᠳᠤᠴᠠ ᠤᠳᠠᠭᠠᠱᠢᠷᠠᠵᠤ᠂ ᠦᠷᠭᠦᠯᠵᠢᠯᠡᠬᠦ᠌ ᠲᠣᠭ᠍ᠲᠠᠭᠠᠯᠲᠤ ᠪᠤᠰᠤ ᠴᠢᠨᠠᠷ᠂ ᠬᠡᠰᠡᠭ ᠤᠯᠤᠰ ᠎ᠤᠨ ᠨᠡᠩ ᠤᠯᠠᠨ ᠬᠠᠮᠠᠭᠠᠯᠠᠬᠤ ᠦᠵᠡᠯ᠎ᠦᠨ ᠠᠷᠭ᠎ᠠ ᠬᠡᠮᠵᠢᠶ᠎ᠡ ᠪᠣᠯᠤᠨ ᠬᠥᠳᠡᠯᠮᠦᠷᠢ ᠬᠦᠴᠦᠨ ᠎ᠦ ᠬᠠᠩᠭᠠᠯᠭ᠎ᠠ ᠲᠡᠩᠴᠡᠭᠦᠷᠢ᠎ᠪᠡᠨ ᠠᠯᠳᠠᠬᠤ ᠨᠢ ᠨᠡᠮᠡᠭ᠌ᠳᠡᠯ᠎ᠢ ᠤᠳᠠᠭᠠᠱᠢᠷᠠᠭᠤᠯᠵᠤ ᠮᠡᠳᠡᠨ᠎ᠠ᠂ ᠵᠠᠷᠢᠮ ᠤᠯᠤᠰ᠎ᠤᠨ ᠡᠳ᠋᠎ᠦᠨ ᠵᠠᠰᠠᠭ᠎ᠤᠨ ᠬᠡᠪᠡᠷᠡᠭ ᠴᠢᠨᠠᠷ᠂ ᠮᠥᠩᠭᠥᠨ ᠭᠦᠢᠯᠭᠡᠭᠡᠨ᠎ᠦ ᠵᠠᠬ᠎ᠠ ᠳᠡᠯᠭᠡᠭᠦᠷ᠎ᠦᠨ ᠳᠠᠯᠳᠠ ᠠᠶᠤᠯ ᠲᠦᠭ᠌ᠰᠢᠭᠦᠷᠢ ᠵᠡᠷᠭᠡ ᠨᠢ ᠴᠦ᠍ ᠵᠠᠬ᠎ᠠ ᠳᠡᠯᠭᠡᠭᠦᠷ᠎ᠦᠨ ᠲᠣᠭ᠍ᠲᠠᠭᠤᠨ᠎ᠢ ᠰᠦᠷᠳᠡᠭᠦᠯᠵᠦ᠍ ᠮᠡᠳᠡᠨ᠎ᠠ᠃

ᠪᠠᠰᠠ ᠵᠠᠷᠢᠮ ᠦᠵᠡᠯᠲᠡ᠎ᠶ᠋ᠢᠨ ᠦᠵᠡᠬᠦ᠌᠎ᠪᠡᠷ᠂ 2026 ᠣᠨ᠎ᠳᠤ ᠪᠥᠬᠥ᠌ ᠳᠡᠯᠡᠬᠡᠶ᠎ᠶ᠋ᠢᠨ ᠠᠵᠤ ᠠᠬᠤᠶ ᠦᠷᠭᠦᠯᠵᠢᠯᠡᠨ ᠲᠣᠭ᠍ᠲᠠᠭᠤᠨ ᠪᠠᠢᠳᠠᠯ᠎ᠢᠶᠠᠨ ᠪᠠᠲᠤᠯᠠᠬᠤ ᠪᠣᠯᠤᠯᠴᠠᠭ᠎ᠠ ᠲᠠᠢ᠃ ᠨᠤᠮᠦ᠋ᠷᠠ ᠪᠦᠬᠦ᠌ ᠪᠥᠮᠪᠥᠷᠴᠡᠭ ᠎ᠦᠨ ᠬᠣᠷᠸ᠎ᠠ ᠰᠤᠳᠤᠯᠭᠠᠨ᠎ᠤ ᠪᠦᠯᠬᠦᠮ ᠎ᠦᠨ ᠲᠦᠷᠦᠭᠦᠬᠡᠨ ᠨᠡᠢᠲᠡᠯᠡᠭ᠌ᠰᠡᠨ ᠮᠡᠳᠡᠭᠦᠯᠦᠯᠲᠡ ᠵᠢᠨ ᠦᠵᠡᠬᠦ ᠪᠡᠷ᠂ ᠵᠣᠬᠢᠶᠠᠮᠠᠯ ᠤᠶᠤᠨ ᠴᠢᠳᠠᠪᠤᠷᠢ᠎ᠪᠠᠷ ᠬᠥᠳᠡᠯᠭᠡᠬᠦ᠌ ᠪᠡᠯᠡ ᠣᠷᠣᠭᠤᠯᠤᠯᠲᠠ᠎ᠶ᠋ᠢᠨ ᠬᠠᠯᠠᠮᠱᠢᠯ ᠵᠢᠴᠢ ᠨᠡᠩ ᠶᠡᠬᠡ ᠥᠷᠭᠡᠳᠭᠡᠬᠦ᠌ ᠴᠢᠨᠠᠷᠲᠠᠢ ᠵᠣᠭᠣᠰ ᠪᠣᠯᠤᠨ ᠡᠳ᠋᠎ᠦᠨ ᠵᠠᠰᠠᠭ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠳᠣᠣᠷ᠎ᠠ᠂ 2026 ᠣᠨ᠎ᠳᠤ ᠪᠦᠬᠦ᠌ ᠪᠥᠮᠪᠥᠷᠴᠡᠭ᠎ᠦᠨ ᠠᠵᠤ ᠠᠬᠤᠢ᠎ᠳᠤ ᠲᠣᠭ᠍ᠲᠠᠭᠤᠨ ᠴᠢᠨᠠᠭ᠍ᠰᠢᠯᠠᠪᠠᠯ ᠲᠦᠷᠬᠡᠨ ᠨᠡᠮᠡᠭ᠌ᠳᠡᠯ ᠎ᠤᠨ  ᠪᠠᠢᠳᠠᠯ ᠢᠯᠡᠷᠡᠬᠦ᠌ ᠪᠣᠯᠤᠨ᠎ᠠ᠂ ᠭᠡᠪᠡᠴᠦ᠍ ᠡᠯ᠎ᠡ ᠭᠠᠵᠠᠷ ᠣᠷᠣᠨ᠎ᠤ ᠨᠡᠮᠡᠭ᠌ᠳᠡᠯ᠎ᠳᠦ ᠮᠥᠨ ᠯᠡ ᠲᠡᠩᠴᠡᠭᠦᠷᠢ ᠦᠭᠡᠢ ᠪᠠᠢᠷᠢᠱᠢᠯ ᠢᠯᠡᠷᠡᠬᠦ᠌ ᠪᠣᠯᠤᠨ᠎ᠠ᠃

ᠠᠽᠢᠶ᠎ᠠ ᠲᠢᠪ᠎ᠲᠦ᠂ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠪᠠ ᠲᠣᠭᠠᠴᠢᠯᠠᠭ᠍ᠰᠠᠨ ᠬᠤᠪᠢᠰᠭᠠᠯ᠎ᠡᠴᠡ ᠪᠤᠢ ᠪᠣᠯᠤᠭ᠍ᠰᠠᠨ ᠯᠤᠲᠤ ᠶᠡᠬᠡ ᠪᠡᠯᠡ ᠣᠷᠣᠭᠤᠯᠤᠯᠲᠠ᠎ᠶ᠋ᠢᠨ ᠬᠡᠷᠡᠭ᠌ᠴᠡᠭᠡ ᠨᠢ ᠱᠢᠨ᠎ᠡ ᠨᠡᠮᠡᠭ᠌ᠳᠡᠯ᠎ᠦᠨ ᠬᠥᠳᠡᠯᠭᠡᠬᠦ᠌ ᠬᠦᠴᠦᠨ᠎ᠢ ᠠᠯᠬᠤᠮ ᠠᠯᠬᠤᠮ᠎ᠢᠶᠠᠷ ᠪᠦᠷᠢᠯᠳᠦᠭᠦᠯᠵᠦ᠍ ᠡᠬᠢᠯᠡᠪᠡ᠃ ᠱᠢᠩᠭᠠᠫᠣᠷ᠎ᠤᠨ《ᠬᠤᠳᠠᠯᠳᠤᠭᠠᠨ᠎ᠤ ᠴᠠᠭ᠎ᠤᠨ ᠰᠣᠨᠢᠨ》 ᠲᠦᠷᠦᠭᠦᠬᠡᠨ ᠵᠣᠬᠢᠶᠠᠯ ᠨᠡᠢᠲᠡᠯᠡᠵᠦ᠍᠂ ᠠᠽᠢᠶ᠎ᠠ ᠲᠢᠪ᠎ᠨᠢ ᠪᠥᠬᠥ᠌ ᠪᠥᠮᠪᠥᠷᠴᠡᠭ᠎ᠦᠨ ᠬᠠᠮᠤᠭ᠎ᠤᠨ ᠤᠶᠠᠨ ᠬᠠᠲᠠᠨ ᠴᠢᠨᠠᠷᠲᠠᠶ ᠨᠡᠮᠡᠭ᠌ᠳᠡᠯ᠎ᠦᠨ ᠬᠥᠳᠡᠯᠭᠡᠭᠦᠷ ᠪᠣᠯᠤᠭ᠍ᠰᠠᠨ᠎ᠤ ᠬᠤᠪᠢ᠎ᠳᠤ ᠲᠣᠪᠣᠢᠮ᠎ᠠ ᠳᠠᠪᠠᠭᠤᠯᠢᠭ᠎ᠲᠠᠶ ᠶᠤᠮ᠃ ᠲᠤᠰ ᠭᠠᠵᠠᠷ ᠣᠷᠣᠨ ᠲᠣᠭ᠍ᠲᠠᠭᠤᠨ ᠳᠣᠲᠣᠭᠠᠳᠤ ᠬᠡᠷᠡᠭ᠌ᠴᠡᠭᠡ᠂ ᠨᠠᠢᠳᠠᠪᠤᠷᠢᠲᠠᠢ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ ᠪᠣᠯᠤᠨ ᠮᠡᠷᠭᠡᠵᠢᠯ᠎ᠦᠨ ᠲᠦᠷᠬᠡᠨ ᠬᠤᠪᠢᠰᠤᠯᠲᠠ᠎ᠶ᠋ᠢᠨ ᠳᠡᠮᠵᠢᠯᠭᠡ ᠳᠣᠣᠷ᠎ᠠ᠂ ᠦᠷᠭᠦᠯᠵᠢᠯᠡᠨ ᠪᠤᠰᠤᠳ ᠭᠠᠵᠠᠷ ᠣᠷᠣᠨ᠎ᠡᠴᠡ ᠲᠦᠷᠦᠭᠦᠯᠡᠬᠦ᠌ ᠨᠡᠮᠡᠭ᠌ᠳᠡᠯ᠎ᠦᠨ ᠬᠤᠷᠳᠤᠴᠠ᠎ᠪᠠᠨ ᠪᠠᠲᠤᠯᠠᠬᠤ ᠪᠣᠯᠤᠨ᠎ᠠ ᠭᠡᠵᠤ ᠵᠢᠭᠠᠵᠤ ᠭᠠᠷᠭᠠᠪᠠ᠃

ᠠᠰᠠᠭᠤᠯᠲᠠ ᠬᠤᠶᠠᠷ᠄ ᠪᠦᠬᠦ᠌ ᠪᠥᠮᠪᠥᠷᠴᠡᠭ᠎ᠦᠨ ᠠᠷᠠᠯᠵᠢᠶ᠎ᠠ ᠪᠠ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠠᠢᠷᠢᠱᠢᠯ ᠬᠡᠷᠬᠢᠨ ᠬᠤᠪᠢᠷᠠᠬᠤ ᠪᠤᠢ?

ᠣᠢᠷ᠎ᠠ᠎ᠳᠤ᠂《2025 ᠮᠠᠯᠠᠢᠱᠢᠶ᠎ᠠ ᠵᠢᠨ ᠣᠨ᠎ᠤ ᠬᠢᠲᠠᠳ ᠥᠰᠥᠭ》 ᠢ᠋ ᠨᠡᠢᠲᠡᠯᠡᠬᠦ᠌ ᠶᠣᠰᠣᠯᠠᠯ ᠳᠡᠭᠡᠷ᠎ᠡ᠂ 《ᠭᠠᠢᠯᠢ》 ᠭᠡᠬᠦ᠌ ᠥᠰᠥᠭ ᠣᠯᠠᠨ ᠨᠡᠢᠲᠡ᠎ᠶ᠋ᠢᠨ ᠪᠢᠯᠧᠲ ᠥᠭ᠌ᠭᠦᠯᠲᠡ᠎ᠪᠡᠷ ᠰᠣᠩᠭᠣᠭ᠍ᠳᠠᠵᠤ᠂ ᠠᠮᠧᠷᠢᠺᠠ᠎ᠶ᠋ᠢᠨ ᠳᠤᠷ᠎ᠠ᠎ᠪᠠᠷ᠎ᠢᠶᠠᠨ ᠪᠣᠭᠣᠮᠲᠠ᠎ᠶ᠋ᠢᠨ ᠭᠠᠢᠯᠢ ᠬᠡᠷᠡᠭ᠌ᠵᠢᠭᠦᠯᠦᠭ᠌ᠰᠡᠨ᠎ᠦ ᠪᠥᠬᠥ᠌ ᠪᠥᠮᠪᠥᠷᠴᠡᠭ᠎ᠲᠦ ᠦᠵᠡᠭᠦᠯᠦᠭ᠌ᠰᠡᠨ ᠨᠥᠯᠥᠭᠡ᠎ᠶ᠋ᠢ ᠲᠤᠰᠭᠠᠪᠠ᠃ ᠠᠮᠧᠷᠢᠺᠠ᠎ᠶ᠋ᠢᠨ ᠪᠣᠭᠣᠮᠲᠠ᠎ᠶ᠋ᠢᠨ ᠥᠨᠳᠥᠷ ᠭᠠᠢᠯᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠨᠥᠯᠥᠭᠡ ᠠᠯᠬᠤᠮ ᠠᠯᠬᠤᠮ᠎ᠢᠶᠠᠷ ᠢᠯᠡᠷᠡᠬᠦ᠌᠎ᠶ᠋ᠢ ᠳᠠᠭᠠᠯᠳᠤᠨ᠂ ᠪᠥᠬᠥ᠌ ᠳᠡᠯᠡᠬᠡᠶ᠎ᠶ᠋ᠢᠨ ᠬᠡᠪᠴᠢᠶᠡᠨ᠎ᠳᠦ ᠱᠢᠨ᠎ᠡ ᠠᠷᠠᠯᠵᠢᠶᠠᠨ᠎ᠤ ᠮᠥᠷᠭᠥᠯᠳᠦᠭᠡᠨ ᠭᠠᠷᠴᠤ᠌ ᠮᠡᠳᠡᠨ᠎ᠡ᠂ ᠵᠢᠱ᠌ᠢᠯᠲᠡ᠎ᠪᠡᠷ 2026 ᠣᠨ᠎ᠤ ᠪᠥᠬᠥ᠌ ᠳᠡᠯᠡᠬᠡᠶ᠎ᠶ᠋ᠢᠨ ᠪᠠᠯᠠ ᠣᠷᠣᠭᠤᠯᠤᠯᠲᠠ ᠪᠠ ᠠᠷᠠᠯᠵᠢᠶᠠᠨ᠎ᠤ ᠢᠷᠡᠭᠡᠳᠦᠶ᠎ᠶ᠋ᠢ ᠨᠥᠯᠥᠭᠡᠯᠡᠬᠦ᠌ ᠪᠣᠯᠤᠨ᠎ᠠ᠃

ᠬᠠᠮᠠᠭᠠᠯᠠᠬᠤ ᠦᠵᠡᠯ ᠲᠣᠯᠣᠭᠠᠢ ᠥᠨᠳᠡᠢᠵᠦ᠍ ᠭᠠᠵᠠᠷ ᠣᠷᠣᠨ ᠎ᠤ ᠤᠯᠤᠰ ᠲᠦᠷᠦ᠍᠎ᠶ᠋ᠢᠨ ᠪᠠᠴᠢᠮ ᠪᠠᠢᠳᠠᠯ ᠬᠤᠷᠴᠠᠳᠴᠤ᠌᠂ ᠨᠡᠩ ᠤᠯᠠᠨ ᠠᠵᠤ ᠠᠬᠤᠢᠯᠠᠯ᠎ᠢ ᠪᠦᠬᠦ᠌ ᠪᠥᠮᠪᠥᠷᠴᠡᠭ᠎ᠦᠨ ᠬᠠᠩᠭᠠᠯᠭ᠎ᠠ᠎ᠶ᠋ᠢᠨ ᠬᠡᠯᠬᠢᠶ᠎ᠡ ᠪᠣᠯᠤᠨ ᠪᠡᠯᠡ ᠣᠷᠣᠭᠤᠯᠤᠯᠲᠠ᠎ᠶ᠋ᠢᠨ ᠪᠠᠢᠷᠢᠱᠢᠭᠤᠯᠤᠯᠲᠠ᠎ᠪᠠᠨ ᠲᠠᠬᠢᠨ ᠬᠢᠨᠠᠨ ᠦᠵᠡᠬᠦ᠌ ᠪᠣᠯᠭᠠᠪᠠ᠃ ᠵᠠᠷᠢᠮ ᠠᠵᠤ ᠠᠬᠤᠶ᠎ᠶ᠋ᠢᠨ ᠴᠣᠭ᠍ᠴᠠ ᠠᠵᠤ ᠦᠶ᠋ᠯᠡᠰ᠎ᠦᠨ ᠪᠠᠢᠷᠢᠰᠢᠭᠤᠯᠤᠯᠳᠠ ᠪᠠᠨ ᠪᠤᠴᠠᠭᠠᠨ ᠠᠪᠴᠢᠷᠠᠬᠤ᠎ᠪᠠᠨ ᠲᠦᠷᠭᠡᠳᠭᠡᠵᠦ᠍᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠣᠷᠣᠨ ᠨᠤᠲᠤᠭ᠍ᠴᠢᠯᠠᠬᠤ᠂ ᠣᠷᠣᠨ ᠪᠦᠰᠡᠴᠢᠯᠡᠬᠦ᠌ ᠬᠠᠨᠳᠤᠰᠢ ᠨᠠᠩ ᠲᠣᠪᠣᠢᠮ᠎ᠠ ᠪᠣᠯᠵᠣ ᠮᠡᠳᠡᠨ᠎ᠡ᠃

ᠠᠰᠠᠭᠤᠯᠲᠠ ᠭᠤᠷᠪᠡ᠄ ᠵᠣᠬᠢᠶᠠᠮᠠᠯ ᠣᠶᠤᠨ ᠴᠢᠳᠠᠪᠤᠷᠢ ᠨᠢ ᠠᠶᠤᠯ ᠲᠦᠭ᠌ᠰᠢᠭᠦᠷᠢ ᠶᠤᠮ ᠦᠦ ᠡᠰᠡᠬᠦᠯ᠎ᠡ ᠠᠵᠠ ᠲᠣᠬᠢᠶᠠᠯ ᠶᠤᠮ ᠦᠦ?

ᠠᠮᠧᠷᠢᠺᠠ᠎ᠶ᠋ᠢᠨ ᠭᠤᠤᠳ᠋ᠸᠨᠠ ᠵᠥᠪᠯᠡᠯᠭᠡ ᠥᠭ᠌ᠬᠦ ᠺᠣᠮᠫᠠᠨᠢ᠎ᠶ᠋ᠢᠨ ᠲᠣᠭ᠎ᠠ ᠪᠠᠷᠢᠮᠲᠠ᠎ᠶ᠋ᠢ ᠦᠨᠳᠦᠰᠦᠯᠡᠪᠡᠯ᠂ 2026 ᠣᠨ᠎ᠳᠤ ᠪᠥᠬᠥ᠌ ᠳᠡᠯᠡᠬᠡᠶ᠎ᠶ᠋ᠢᠨ ᠵᠣᠬᠢᠶᠠᠮᠠᠯ ᠣᠶᠤᠨ ᠴᠢᠳᠠᠪᠤᠷᠢ(AI) ᠵᠢᠨ ᠬᠣᠯᠪᠣᠭ᠍ᠳᠠᠯ ᠪᠥᠬᠥᠶ ᠣᠷᠣᠭᠤᠯᠤᠯᠲᠠ ᠵᠢᠱ᠌ᠢᠯᠲᠡ᠎ᠪᠡᠷ 2 ᠲᠦᠮᠡᠨ ᠳ᠋ᠦᠩᠱᠢᠭᠤᠷ ᠳ᠋ᠣᠯᠯᠠᠷ᠎ᠢ ᠳᠠᠪᠠᠬᠤ ᠪᠣᠯᠤᠨ᠎ᠠ᠃ AI ᠪᠡᠷ ᠲᠥᠯᠥᠭᠡᠯᠡᠭᠦᠯᠦᠭ᠌ᠰᠡᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠨᠢ ᠶᠠᠭ ᠪᠦᠬᠦ᠌ ᠪᠥᠮᠪᠥᠷᠴᠡᠭ᠎ᠦᠨ ᠠᠵᠤ ᠠᠬᠤᠢ᠎ᠶ᠋ᠢᠨ ᠬᠦᠭᠵᠢᠯᠳᠠ ᠵᠢᠨ ᠪᠠᠢᠳᠠᠯ᠎ᠢ ᠭᠦᠨᠵᠡᠭᠡᠢ ᠬᠤᠪᠢᠷᠠᠭᠤᠯᠵᠤ᠂ ᠨᠡᠮᠡᠭ᠌ᠳᠡᠯ᠎ᠳᠦ ᠱᠢᠨ᠎ᠡ ᠬᠥᠳᠡᠯᠭᠡᠭᠦ ᠡᠨᠧᠷᠭᠢ ᠬᠠᠩᠭᠠᠬᠤ᠎ᠶ᠋ᠢᠨ ᠵᠡᠷᠭᠡ ᠪᠡᠷ ᠪᠦᠲᠦᠴᠡ᠎ᠶ᠋ᠢᠨ ᠴᠢᠨᠠᠷᠲᠠᠢ ᠲᠤᠬᠢᠷᠠᠭᠤᠯᠤᠯᠲᠠ᠎ᠬᠢᠬᠦ ᠡᠴᠡ ᠪᠤᠯᠤᠬᠰᠠᠨ ᠱᠢᠯᠭᠠᠯᠲᠠ᠎ᠶ᠋ᠢ ᠴᠤ᠌ ᠠᠪᠴᠢᠷᠠᠭ᠍ᠰᠠᠨ ᠪᠠᠢᠨ᠎ᠠ᠃ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠪᠣᠯᠤᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠬᠡᠷᠬᠢᠨ ᠲᠡᠩᠴᠡᠭᠦᠷᠢᠱᠢᠭᠦᠯᠬᠦ᠌ ᠪᠣᠯ ᠡᠯ᠎ᠡ ᠤᠯᠤᠰ᠎ᠤᠨ ᠱᠢᠨ᠎ᠡ ᠨᠢᠭᠡ ᠵᠢᠯ᠎ᠦᠨ ᠲᠦᠷᠦ᠍᠎ᠶ᠋ᠢᠨ ᠪᠤᠳᠤᠯᠭ᠎ᠠ ᠲᠣᠭ᠍ᠲᠠᠭᠠᠭ᠍ᠴᠢᠳ᠎ᠤᠨ ᠱᠢᠢᠳᠪᠦᠷᠢᠯᠡᠬᠦ᠌ ᠴᠢᠬᠤᠯᠠᠲᠠᠢ ᠵᠠᠩᠭᠢᠯᠠᠭ᠎ᠠ᠎ᠶ᠋ᠢᠨ ᠠᠰᠠᠭᠤᠳᠠᠯ ᠪᠣᠯᠤᠨ᠎ᠠ᠃

ᠲᠤᠰᠭᠠᠶ ᠮᠡᠷᠭᠡᠵᠢᠯᠲᠡᠨ᠎ᠦ ᠦᠵᠡᠬᠦ᠌᠎ᠪᠡᠷ᠂ ᠤᠬᠤᠷᠬᠠᠨ ᠬᠤᠭᠤᠴᠠᠭᠠᠨ ᠳ᠋ᠤ᠂ AI ᠵᠢᠨ ᠬᠠᠯᠠᠭᠤᠨ ᠤᠷᠤᠰᠭᠠᠯ ᠨᠢ ᠪᠠᠯᠠ ᠣᠷᠣᠭᠤᠯᠤᠯᠲᠠ᠎ᠶ᠋ᠢᠨ ᠬᠥᠭᠡᠰᠦᠷᠡᠯ᠎ᠢ ᠡᠭᠦᠰᠭᠡᠵᠦ᠍᠂ ᠪᠥᠬᠥ᠌ ᠳᠡᠯᠡᠬᠡᠶ᠎ᠶ᠋ᠢᠨ ᠬᠡᠪᠴᠢᠶᠡᠨ᠎ᠳᠡᠬᠢ ᠣᠷᠣᠯᠭ᠎ᠠ᠎ᠶ᠋ᠢᠨ ᠲᠡᠭ᠌ᠰᠢ ᠪᠤᠰᠤ ᠠᠰᠠᠭᠤᠳᠠᠯ᠎ᠢ ᠬᠤᠷᠴᠠᠳᠭᠠᠵᠤ᠂ ᠶᠠᠳᠠᠭᠤ ᠪᠠᠶᠠᠨ᠎ᠤ ᠵᠥᠷᠢᠶ᠎ᠡ᠎ᠶ᠋ᠢ ᠶᠡᠬᠡᠰᠭᠡᠵᠦ᠍ ᠮᠡᠳᠡᠨ᠎ᠡ᠃

ᠲᠤᠰᠭᠠᠶ ᠮᠡᠷᠭᠡᠵᠢᠯᠲᠡᠨ ᠎ᠦ ᠦᠵᠡᠬᠦ᠌᠎ᠪᠡᠷ᠂ ᠣᠷᠳᠣ ᠬᠤᠭᠤᠴᠠᠭᠠᠨ᠎ᠤ ᠲᠤᠷᠰᠢ᠂ ᠵᠣᠬᠢᠶᠠᠮᠠᠯ ᠣᠶᠤᠨ ᠴᠢᠳᠠᠪᠤᠷᠢ ᠎ᠪᠠᠷ ᠲᠥᠯᠥᠭᠡᠯᠡᠭᠦᠯᠦᠭ᠌ᠰᠡᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠬᠥᠳᠡᠯᠮᠦᠷᠢ ᠦᠶ᠋ᠯᠡᠳᠪᠦᠷᠢᠯᠡᠯ ᠎ᠦᠨ ᠨᠣᠷᠮ᠎ᠠ᠎ᠶ᠋ᠢ ᠳᠡᠭᠡᠭ᠌ᠰᠢᠯᠡᠭᠦᠯᠵᠦ᠍᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠪᠣᠶ ᠪᠣᠯᠭᠠᠬᠤ ᠵᠠᠩᠭᠢᠯᠠᠭ᠎ᠠ᠎ᠶ᠋ᠢᠨ ᠬᠦᠴᠦᠨ ᠮᠥᠨ᠃ ᠡᠳᠡᠭᠡᠷ ᠱᠢᠨ᠎ᠡ ᠡᠭᠦᠳᠦᠯᠲᠡ ᠨᠢ ᠦᠢᠯᠡᠳᠬᠦ᠌ ᠦᠢᠯᠡᠰ᠂ ᠦᠢᠯᠡᠴᠢᠯᠡᠭᠡᠨ᠎ᠦ ᠦᠢᠯᠡᠰ ᠪᠠ ᠬᠦᠳᠡᠭᠡ ᠠᠵᠤ ᠠᠬᠤᠢ ᠵᠡᠷᠭᠡ ᠬᠦᠷᠢᠶᠡᠨ᠎ᠳᠡᠬᠢ ᠦᠢᠯᠡᠳᠪᠦᠷᠢᠯᠡᠯ᠎ᠦᠨ ᠬᠦᠴᠦᠨ᠎ᠢ ᠢᠯᠡᠳᠲᠡ ᠳᠡᠭᠡᠭ᠌ᠰᠢᠯᠡᠭᠦᠯᠵᠦ᠍᠂ ᠠᠵᠤ ᠦᠢᠯᠡᠰ᠎ᠦᠨ ᠪᠦᠲᠦᠴᠡ᠎ᠶ᠋ᠢᠨ ᠬᠡᠯᠪᠡᠷᠢ᠎ᠪᠡᠨ ᠬᠤᠪᠢᠷᠠᠭᠤᠯᠬᠤ ᠪᠠ ᠲᠡᠰ ᠳᠡᠪᠱᠢᠬᠦ᠌᠎ᠶ᠋ᠢ ᠠᠬᠢᠭᠤᠯᠵᠤ᠂ ᠱᠢᠨ᠎ᠡ ᠠᠵᠢᠯ ᠲᠦᠷᠦᠯ ᠪᠠ ᠠᠵᠢᠯ ᠣᠯᠭᠣᠯᠲᠠ᠎ᠶ᠋ᠢᠨ ᠱᠢᠨ᠎ᠡ ᠲᠣᠬᠢᠶᠠᠯ᠎ᠢ ᠪᠤᠢ ᠪᠣᠯᠭᠠᠪᠠ᠃

ᠠᠰᠠᠭᠤᠯᠲᠠ ᠲᠦᠷᠪᠡ᠄ ᠬᠣᠷᠸ᠎ᠠ ᠠᠵᠤ ᠠᠬᠤᠶ᠎ᠶ᠋ᠢᠨ ᠲᠥᠷᠥ᠎ᠶ᠋ᠢᠨ ᠪᠣᠳᠣᠯᠭ᠎ᠠ ᠨᠢ ᠵᠠᠬ᠎ᠠ ᠳᠡᠯᠭᠡᠭᠦᠷ᠎ᠢ ᠬᠡᠷᠬᠢᠨ ᠨᠥᠯᠥᠭᠡᠯᠡᠬᠦ᠌ ᠪᠣᠶ?

ᠠᠮᠧᠷᠢᠺᠠ᠎ᠶ᠋ᠢᠨ ᠵᠣᠭᠣᠰᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠲᠣᠬᠢᠷᠠᠭᠤᠯᠤᠯᠲᠠ ᠨᠢ ᠶᠡᠷᠦ ᠨᠢ ᠪᠥᠬᠥ᠌ ᠪᠥᠮᠪᠥᠷᠴᠡᠭ᠎ᠦᠨ ᠬᠢᠯᠢ ᠠᠯᠤᠰᠯᠠᠭ᠍ᠰᠠᠨ ᠬᠥᠷᠥᠩᠭᠡ᠎ᠶ᠋ᠢᠨ ᠡᠷᠭᠢᠯᠲᠡ᠂ ᠡᠳ᠋ ᠬᠥᠷᠥᠩᠭᠡ ᠎ᠶ᠋ᠢᠨ ᠦᠨ᠎ᠡ ᠲᠣᠭ᠍ᠲᠠᠭᠠᠬᠤ ᠪᠠ ᠭᠤᠪᠢᠭᠤᠯᠭ᠎ᠠ᠎ᠶ᠋ᠢᠨ ᠨᠣᠷᠮ᠎ᠠ᠎ᠶ᠋ᠢᠨ ᠲᠣᠭ᠍ᠲᠠᠭᠤᠨ ᠪᠠᠢᠬᠤ ᠎ᠶ᠋ᠢ ᠢᠯᠡᠳᠲᠡ ᠨᠥᠯᠥᠭᠡᠯᠡᠳᠡᠭ᠃ ᠣᠳᠣᠬᠠᠨ ᠎ᠤ ᠭᠠᠵᠠᠷ ᠣᠷᠣᠨ᠎ᠤ ᠮᠥᠷᠭᠥᠯᠳᠦᠭᠡᠨ ᠬᠤᠷᠴᠠᠳᠴᠤ᠌᠂ ᠪᠦᠬᠦ᠌ ᠪᠥᠮᠪᠥᠷᠴᠡᠭ᠎ᠦᠨ ᠵᠣᠭᠣᠰ ᠮᠠᠭᠤᠳᠠᠬᠤ ᠳᠠᠷᠤᠯᠲᠠ ᠮᠥᠨ ᠬᠦ᠌ ᠣᠷᠣᠱᠢᠭ᠍ᠰᠠᠭᠠᠷ ᠪᠠᠢᠭ᠎ᠠ ᠠᠬᠤᠢ ᠪᠠᠢᠳᠠᠯ ᠳᠣᠣᠷ᠎ᠠ᠂ ᠠᠮᠧᠷᠢᠺᠠ᠎ᠶ᠋ᠢᠨ ᠬᠣᠯᠪᠣᠭᠠᠨ᠎ᠤ ᠬᠠᠳᠠᠭᠠᠯᠠᠮᠵᠢ᠎ᠶ᠋ᠢᠨ ᠰᠢᠰᠲᠧᠮ᠎ᠦᠨ ᠬᠦᠦ ᠮᠥᠩᠭᠥ᠎ᠶ᠋ᠢ ᠪᠠᠭᠤᠷᠠᠭᠤᠯᠬᠤ ᠪᠠ ᠪᠡᠯᠡ ᠬᠦᠷᠦᠨᠭ᠌ᠭᠡ᠎ᠶ᠋ᠢᠨ ᠥᠷᠢ ᠱᠢᠷᠢ᠎ᠶ᠋ᠢᠨ ᠬᠦᠰᠦᠨᠦᠭ᠌ᠲᠦ᠍᠎ᠳᠦ ᠲᠤᠬᠢᠷᠠᠭᠤᠯᠤᠯᠳᠠ ᠬᠢᠬᠦ᠌ ᠨᠢ ᠪᠦᠬᠦ᠌ ᠪᠥᠮᠪᠥᠷᠴᠡᠭ᠎ᠦᠨ ᠠᠵᠤ ᠠᠬᠤᠢ ᠪᠠ ᠮᠥᠩᠭᠥᠨ ᠭᠦᠢᠯᠭᠡᠭᠡᠨ᠎ᠦ ᠵᠠᠬ᠎ᠠ ᠳᠡᠯᠭᠡᠭᠦᠷ᠎ᠲᠦ ᠱᠢᠨ᠎ᠡ ᠲᠣᠭ᠍ᠲᠠᠪᠤᠷᠢ ᠦᠭᠡᠢ ᠴᠢᠨᠠᠷ᠎ᠢ ᠨᠡᠮᠡᠭ᠌ᠳᠡᠭᠦᠯᠵᠦ᠍᠂ ᠮᠥᠩᠭᠥᠨ ᠭᠦᠢᠯᠭᠡᠭᠡᠨ ᠎ᠦ ᠬᠡᠮ ᠰᠣᠭᠣᠭ᠎ᠢ ᠪᠤᠢ ᠪᠣᠯᠭᠠᠵᠤ ᠮᠡᠳᠡᠨ᠎ᠠ᠃ ᠱᠢᠨ᠎ᠡ᠎ᠪᠡᠷ ᠬᠥᠭ᠌ᠵᠢᠭ᠌ᠰᠡᠨ ᠠᠵᠤ ᠠᠬᠤᠶ᠎ᠶ᠋ᠢᠨ ᠴᠣᠭ᠍ᠴᠠ᠎ᠳᠤ ᠠᠪᠴᠤ᠌ ᠬᠡᠯᠡᠪᠡᠯ᠂ ᠡᠨᠡ ᠨᠢ ᠨᠠᠩ ᠨᠠᠷᠢᠨ ᠪᠤᠳᠤᠯᠢᠶᠠᠨᠲᠠᠶ ᠭᠠᠳᠠᠭᠠᠳᠤ ᠣᠷᠴᠢᠨ ᠨᠥᠬᠥᠴᠡᠯ ᠪᠣᠯᠬᠤ ᠪᠥᠭᠡᠳ ᠲᠥᠷᠥ᠎ᠶ᠋ᠢᠨ ᠪᠣᠳᠣᠯᠭ᠎ᠠ᠎ᠶ᠋ᠢᠨ ᠪᠣᠳᠣᠯᠬᠢᠯᠠᠯ ᠴᠤ᠌ ᠨᠠᠩ ᠶᠡᠬᠡ ᠱᠢᠯᠭᠠᠯᠲᠠ᠎ᠳᠤ ᠲᠤᠯᠭᠠᠷᠠᠵᠤ ᠪᠠᠢᠬᠤ᠎ᠶ᠋ᠢ ᠬᠠᠷᠠᠭᠤᠯᠵᠤ ᠪᠠᠢᠨ᠎ᠠ᠃

ᠭᠤᠤᠯ ᠪᠣᠯᠬᠤ ᠠᠵᠤ ᠠᠬᠤᠢ᠎ᠶ᠋ᠢᠨ ᠴᠣᠭ᠍ᠴᠠ᠎ᠶ᠋ᠢᠨ ᠡᠳ᠋᠎ᠦᠨ ᠵᠠᠰᠠᠭ ᠎ᠤ᠋ᠨ ᠲᠥᠷᠥ᠎ᠶ᠋ᠢᠨ ᠪᠣᠳᠣᠯᠭ᠎ᠠ ᠨᠢ ᠪᠠᠰᠠ ᠵᠠᠬ᠎ᠠ ᠳᠡᠯᠭᠡᠭᠦᠷ᠎ᠢ ᠨᠥᠯᠥᠭᠡᠯᠡᠵᠦ᠍ ᠪᠠᠢᠨ᠎ᠠ᠃ ᠣᠳᠣᠬᠠᠨ᠎ᠳᠤ ᠴᠥᠭᠡᠨ ᠪᠤᠰᠤ ᠬᠥᠭ᠌ᠵᠢᠭ᠌ᠰᠡᠨ ᠠᠵᠤ ᠠᠬᠤᠢ᠎ᠶ᠋ᠢᠨ ᠴᠣᠭ᠍ᠴᠠ᠎ᠶ᠋ᠢᠨ ᠤᠯᠠᠨ ᠨᠡᠢᠲᠡ᠎ᠶ᠋ᠢᠨ ᠥᠭ᠌ᠴᠡᠭᠡ ᠶᠡᠬᠡᠲᠡᠢ ᠠᠵᠤ ᠠᠬᠤᠢᠯᠠᠯ᠂ ᠤᠷᠳᠤ ᠬᠤᠭᠤᠴᠠᠭᠠᠨ᠎ᠤ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠠᠱᠢᠭ ᠣᠷᠣᠯᠭ᠎ᠠ᠎ᠶ᠋ᠢᠨ ᠨᠤᠷᠮ᠎ᠠ ᠶᠡᠬᠡ᠎ᠪᠡᠷ ᠳᠡᠭᠡᠭ᠌ᠰᠢᠯᠡᠵᠦ᠍᠂ ᠪᠡᠯᠡ ᠣᠷᠣᠭᠤᠯᠤᠭ᠍ᠴᠢᠳ᠎ᠤᠨ ᠡᠳ᠋᠎ᠦᠨ ᠵᠠᠰᠠᠭ᠎ᠤᠨ ᠠᠶᠤᠯ ᠲᠦᠭ᠌ᠰᠢᠭᠦᠷᠢ᠎ᠳᠦ ᠰᠠᠨᠠᠭᠠᠱᠢᠷᠠᠵᠤ ᠪᠠᠢᠬᠤ᠎ᠶ᠋ᠢ ᠲᠤᠰᠭᠠᠵᠤ ᠪᠠᠢᠨ᠎ᠠ᠃ ᠠᠨᠭ᠌ᠭ᠌ᠯᠢ᠎ᠶ᠋ᠢᠨ 《ᠠᠵᠤ ᠠᠬᠤᠶ᠎ᠶ᠋ᠢᠨ ᠤᠬᠠᠭᠠᠨᠲᠠᠨ》 ᠰᠡᠳᠬᠦᠯ ᠵᠣᠬᠢᠶᠠᠯ ᠨᠡᠢᠲᠡᠯᠡᠵᠦ᠍ ᠬᠡᠯᠡᠬᠦ᠌᠎ᠳᠡᠭᠡᠨ᠂ ᠵᠠᠷᠢᠮ ᠤᠯᠤᠰ᠎ᠤᠨ ᠵᠠᠰᠠᠭ᠎ᠤᠨ ᠣᠷᠳᠣᠨ ᠲᠥᠪ ᠪᠠᠩᠬᠢ᠎ᠳᠤ ᠲᠦᠱᠢᠭ᠌ᠯᠡᠨ ᠳᠤᠤᠷ᠎ᠠ ᠬᠦᠦ ᠮᠥᠩᠭᠥ᠎ᠶ᠋ᠢᠨ ᠨᠣᠷᠮ᠎ᠠ᠎ᠶ᠋ᠢ ᠪᠠᠲᠤᠯᠠᠵᠤ ᠥᠷᠢ ᠥᠭ᠌ᠴᠡᠭᠡ᠎ᠶ᠋ᠢᠨ ᠳᠠᠷᠤᠭᠠᠰᠤ᠎ᠶ᠋ᠢ ᠬᠥᠩᠭᠡᠷᠡᠭᠦᠯᠵᠦ᠍ ᠪᠠᠢᠨ᠎ᠠ᠂ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠵᠠᠬ᠎ᠠ ᠳᠡᠯᠭᠡᠭᠦᠷ᠎ᠲᠦ ᠬᠢᠮᠤᠷᠠᠯ ᠡᠭᠦᠰᠭᠦ ᠪᠣᠯᠤᠯᠴᠠᠭ᠎ᠠ ᠨᠡᠮᠡᠭ᠌ᠳᠡᠵᠦ᠍ ᠪᠠᠢᠨ᠎ᠠ ᠭᠡᠪᠡ᠃

ᠪᠦᠬᠦ᠌ ᠪᠥᠮᠪᠥᠷᠴᠡᠭ᠎ᠡᠴᠡ ᠠᠪᠴᠤ᠌ ᠦᠵᠡᠪᠡᠯ ᠂ ᠬᠡᠳᠦᠢᠪᠡᠷ ᠳ᠋ᠣᠯᠯᠠᠷ ᠨᠢ ᠮᠥᠨ ᠯᠡ ᠭᠣᠣᠯ ᠬᠠᠳᠠᠭᠠᠯᠠᠮᠵᠢ᠎ᠶ᠋ᠢᠨ ᠵᠣᠭᠣᠰ ᠪᠠ ᠠᠷᠠᠯᠵᠢᠶᠠᠨ᠎ᠤ ᠵᠠᠭᠤᠴᠢ ᠪᠤᠯᠵᠤ ᠪᠠᠢᠭ᠎ᠠ ᠪᠣᠯᠪᠠᠴᠤ᠌ ᠳᠡᠯᠡᠬᠡᠢ ᠨᠡᠢᠲᠡ᠎ᠶ᠋ᠢᠨ ᠳ᠋ᠣᠯᠯᠠᠷ᠎ᠤᠨ ᠱᠢᠰᠲ᠋ᠧᠮ᠎ᠦᠨ ᠲᠤᠬᠠᠢ ᠰᠠᠨᠠᠭᠠᠱᠢᠷᠠᠯ ᠤᠯᠠᠮ᠎ᠢᠶᠠᠷ ᠱᠢᠷᠦᠭᠦᠰᠴᠦ᠍᠂ ᠮᠠᠰᠢ ᠤᠯᠠᠨ ᠤᠯᠤᠰ ᠪᠠ ᠭᠠᠵᠠᠷ ᠣᠷᠣᠨ᠎ᠤ ᠬᠢᠨ ᠳ᠋ᠣᠯᠯᠠᠷ᠎ᠲᠤ ᠬᠡᠳᠦ ᠲᠦᠱᠢᠭ᠌ᠯᠡᠵᠤ ᠪᠠᠢᠭ᠎ᠠ᠎ᠲᠤᠬᠠᠢ ᠲᠠᠬᠢᠨ ᠪᠤᠳᠤᠯᠬᠢᠯᠡᠵᠤ ᠪᠤᠢ᠂ ᠢᠯᠠᠩᠭᠤᠶ᠎ᠠ ᠠᠮᠧᠷᠢᠺᠠ᠎ᠶ᠋ᠢᠨ ᠤᠯᠤᠰ ᠲᠦᠷᠦ᠍᠎ᠶ᠋ᠢᠨ ᠲᠤᠢᠯᠱᠢᠷᠠᠯ᠂ ᠡᠳ᠋᠎ᠦᠨ ᠵᠠᠰᠠᠭ᠎ᠤᠨ ᠤᠯᠠᠭᠠᠨ ᠲᠣᠭ᠎ᠠ ᠥᠷᠭᠡᠵᠢᠬᠦ᠌᠂ ᠥᠭ᠌ᠴᠡᠭᠡᠨ᠎ᠦ ᠲᠦᠪᠱᠢᠨ ᠳᠡᠭᠡᠭ᠌ᠰᠢᠯᠡᠬᠦ᠌ ᠠᠬᠤᠢ ᠪᠠᠢᠳᠠᠯ ᠳᠣᠣᠷ᠎ᠠ᠂ ᠵᠠᠷᠢᠮ ᠠᠵᠤ ᠠᠬᠤᠢ᠎ᠶ᠋ᠢᠨ ᠴᠣᠭ᠍ᠴᠠ ᠨᠢ 《ᠳ᠋ᠣᠯᠯᠠᠷ᠎ᠬᠡᠷᠡᠭᠯᠡᠬᠦ ᠵᠢ  ᠪᠠᠭᠠᠰᠭᠠᠬᠤ》 ᠠᠬᠢᠴᠠ᠎ᠪᠠᠨ ᠲᠦᠷᠭᠡᠳᠭᠡᠵᠦ᠍ ᠮᠡᠳᠡᠨ᠎ᠠ᠃

ᠠᠰᠠᠭᠤᠯᠲᠠ ᠲᠠᠪᠤ᠄ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠠᠯᠤᠰ ᠢᠷᠡᠭᠡᠳᠦᠢ᠎ᠶ᠋ᠢ ᠬᠡᠷᠬᠢᠨ ᠦᠵᠡᠵᠦ ᠪᠠᠢᠬᠤ ᠪᠤᠢ?

ᠱᠢᠨ᠎ᠡ ᠨᠢᠭᠡ ᠵᠢᠯ᠎ᠳᠦ᠂ ᠳᠤᠮᠳᠠᠳᠤ ᠤᠯᠤᠰ᠎ᠤᠨ ᠠᠵᠤ ᠠᠬᠤᠢ ᠭᠠᠳᠠᠭᠠᠳᠤ ᠣᠷᠴᠢᠨ᠎ᠤ ᠬᠤᠪᠢᠷᠠᠯᠲᠠ᠎ᠡᠴᠡ ᠪᠣᠯᠤᠭ᠍ᠰᠠᠨ ᠳᠠᠷᠤᠯᠲᠠ᠎ᠶ᠋ᠢ ᠬᠡᠷᠬᠢᠨ ᠲᠤᠯᠵᠤ᠂ ᠲᠣᠭ᠍ᠲᠠᠭ᠍ᠰᠠᠨ ᠨᠡᠮᠡᠭ᠌ᠳᠡᠯ᠎ᠦᠨ ᠬᠠᠷᠠᠯᠲᠠ᠎ᠪᠠᠨ ᠬᠡᠷᠬᠢᠨ ᠪᠡᠶᠡᠯᠡᠭᠦᠯᠬᠦ᠌ ᠨᠢ ᠳᠡᠯᠡᠬᠡᠢ ᠨᠡᠢᠭᠡᠮ ᠎ᠦᠨ ᠠᠩᠬᠠᠷᠤᠯ᠎ᠢ ᠶᠡᠬᠡᠳᠡ ᠲᠠᠲᠠᠵᠤ ᠪᠠᠢᠨ᠎ᠠ᠃ ᠭᠠᠳᠠᠭᠠᠳᠤ᠎ᠶ᠋ᠢᠨ ᠬᠥᠮᠦᠰ᠎ᠦᠨ ᠦᠵᠡᠬᠦ᠌ ᠎ᠪᠡᠷ᠂ ᠳᠤᠮᠳᠠᠳᠤ ᠤᠯᠤᠰ ᠎ᠤᠨ ᠠᠵᠤ ᠠᠬᠤᠶ ᠪᠠᠢᠭᠤᠯᠤᠯ᠎ᠤᠨ ᠳᠠᠪᠠᠭᠤᠯᠢᠭ᠎ᠲᠤ ᠲᠦᠱᠢᠭ᠌ᠯᠡᠨ᠂ ᠬᠡᠲᠦ ᠶᠡᠬᠡ ᠬᠡᠪᠴᠢᠶᠡᠨ ᠎ᠦ ᠵᠠᠬ᠎ᠠ ᠳᠡᠯᠭᠡᠭᠦᠷ᠂ ᠪᠦᠷᠢᠨ ᠲᠡᠭᠦᠯᠳᠡᠷ ᠠᠵᠤ ᠦᠶ᠋ᠯᠡᠰ᠎ᠦᠨ ᠱᠢᠰᠲ᠋ᠧᠮ ᠪᠣᠯᠤᠨ ᠥᠷᠨᠢᠭᠦᠨ ᠪᠠᠳᠠᠷᠠᠩᠭᠤᠶ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢᠶᠡᠷ ᠲᠣᠰ ᠪᠡᠶ᠎ᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠪᠠᠲᠤ ᠴᠢᠩᠭ᠎ᠠ ᠲᠤᠯᠭᠠᠭᠤᠷᠢᠯᠠᠯ ᠬᠠᠩᠭᠠᠭ᠍ᠰᠠᠨ᠎ᠢᠶᠠᠷ ᠪᠠᠷᠠᠬᠤ ᠥᠬᠡᠶ᠂ ᠳᠡᠯᠡᠬᠡᠶ᠎ᠶ᠋ᠢᠨ ᠠᠵᠤ ᠠᠬᠤᠶ᠎ᠳᠤ ᠦᠷᠭᠦᠯᠵᠢᠯᠡᠨ ᠲᠣᠭ᠍ᠲᠠᠭᠠᠯᠲᠤ ᠴᠢᠨᠠᠷ ᠪᠠ ᠲᠣᠭ᠍ᠲᠠᠪᠤᠷᠢᠲᠤ ᠴᠢᠨᠠᠷ᠎ᠢ ᠨᠡᠮᠡᠷᠢᠯᠡᠵᠦ᠍᠂ ᠪᠥᠬᠥ᠌ ᠪᠥᠮᠪᠥᠷᠴᠡᠭ᠎ᠦᠨ ᠨᠡᠮᠡᠭ᠌ᠳᠡᠯ᠎ᠦᠨ ᠴᠢᠬᠤᠯᠠ ᠬᠥᠳᠡᠯᠭᠡᠭᠦᠷ ᠪᠣᠯᠬᠤ ᠪᠣᠯᠤᠨ᠎ᠠ᠃

ᠡᠧᠦᠢ᠍ᠷᠤᠫᠠ ᠵᠢᠨ 《ᠤᠳᠤ ᠦᠶ᠎ᠡ ᠵᠢᠨ ᠭᠠᠳᠠᠭᠠᠳᠤ ᠬᠠᠷᠢᠯᠴᠠᠭ᠎ᠠ》 ᠰᠦᠯᠵᠢᠶᠡᠨ᠎ᠳᠦ᠂ 2026 ᠣᠨ ᠪᠣᠯ ᠳᠤᠮᠳᠠᠳᠤ ᠤᠯᠤᠰ ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠃ ᠭᠠᠳᠠᠭᠠᠳᠤ᠎ᠶ᠋ᠢᠨ ᠠᠶᠤᠯ ᠲᠦᠭ᠌ᠰᠢᠭᠦᠷᠢ ᠥᠷᠢᠰᠥᠯᠳᠦᠭᠡᠨ᠎ᠦ ᠡᠮᠦᠨ᠎ᠡ᠂ ᠳᠤᠮᠳᠠᠳᠤ ᠤᠯᠤᠰ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠪᠠᠢᠭᠤᠯᠬᠤ ᠎ᠶ᠋ᠢ ᠠᠵᠤ ᠠᠬᠤᠢ ᠎ᠶ᠋ᠢᠨ ᠠᠵᠢᠯ᠎ᠤᠨ ᠭᠣᠣᠯᠳᠠᠯᠭ᠎ᠠ᠎ᠲᠠᠶ ᠡᠭᠦᠷᠭᠡ ᠪᠣᠯᠭᠠᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠤ ᠦᠢᠯᠡᠰ ᠲᠡᠬᠢ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠥᠭᠡᠷᠡᠴᠢᠯᠡᠯᠲᠡ ᠎ᠶ᠋ᠢ ᠭᠦᠨᠵᠡᠭᠡᠢᠷᠡᠭᠦᠯᠵᠦ᠍ ᠳᠣᠲᠣᠭᠠᠳᠤ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠭ᠍ᠰᠠᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠵᠤ ᠪᠠᠢᠨ᠎ᠠ ᠭᠡᠪᠡ᠃

ᠨᠢᠳᠤᠨᠤᠨ᠎ᠤ 12 ᠰᠠᠷ᠎ᠠ᠎ᠳᠤ᠂ ᠬᠠᠢᠨᠠᠨ᠎ᠤ ᠴᠢᠯᠥᠭᠡᠲᠦ ᠠᠷᠠᠯᠵᠢᠶᠠᠨ ᠎ᠤ ᠭᠠᠷᠠᠮ ᠪᠦᠬᠦ᠌ ᠠᠷᠠᠯ᠎ᠢᠶᠠᠷ᠎ᠢᠶᠠᠨ ᠪᠣᠭᠣᠮᠲᠠ ᠬᠠᠭᠠᠬᠤ ᠠᠵᠢᠯᠯᠠᠭ᠎ᠠ ᠪᠠᠨ ᠡᠬᠢᠯᠡᠭᠦᠯᠪᠡ᠃ ᠡᠨᠡ ᠪᠣᠯ ᠳᠤᠮᠳᠠᠳᠤ ᠤᠯᠤᠰ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ ᠎ᠪᠡᠨ ᠡᠷᠡᠰ ᠭᠤᠢᠪᠢᠰᠢ ᠦᠭᠡᠢ ᠥᠷᠭᠡᠳᠭᠡᠵᠦ᠍᠂ ᠨᠡᠭᠡᠭᠡᠯᠲᠡᠲᠦ ᠮᠠᠶᠢᠭ ᠎ᠤᠨ ᠳᠡᠯᠡᠬᠡᠢ ᠎ᠶ᠋ᠢᠨ ᠠᠵᠤ ᠠᠬᠤᠢ ᠎ᠶ᠋ᠢ ᠪᠠᠢᠭᠤᠯᠬᠤ᠎ᠶ᠋ᠢ ᠠᠬᠢᠭᠤᠯᠬᠤ ᠪᠡᠯᠭᠡ ᠲᠡᠮᠳᠡᠭ ᠎ᠦᠨ ᠴᠢᠨᠠᠷᠲᠠᠢ ᠠᠷᠭ᠎ᠠ ᠬᠡᠮᠵᠢᠢ᠎ᠡ ᠪᠣᠯᠤᠨ᠎ᠠ᠃ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠎ᠶ᠋ᠢᠨ ᠠᠷᠠᠯᠵᠢᠶ᠎ᠠ ᠪᠠ ᠬᠥᠭ᠌ᠵᠢᠯᠲᠡ ᠎ᠶ᠋ᠢᠨ ᠬᠤᠷᠠᠯ ᠎ᠤᠨ ᠤᠯᠠᠨ ᠤᠯᠤᠰ᠎ᠤᠨ ᠠᠷᠠᠯᠵᠢᠶ᠎ᠠ ᠪᠠ ᠲᠠᠸᠠᠷ ᠎ᠤᠨ ᠵᠤᠷᠭᠠᠨ᠎ᠤ ᠳᠠᠷᠤᠭ᠎ᠠ ᠳ᠋ᠸᠯᠠᠮᠦᠯᠠ᠂ ᠳᠤᠮᠳᠠᠳᠤ ᠤᠯᠤᠰ ᠪᠦᠬᠦ᠌ ᠪᠥᠮᠪᠥᠷᠴᠡᠭ᠎ᠦᠨ ᠬᠠᠩᠭᠠᠯᠭ᠎ᠠ᠎ᠶ᠋ᠢᠨ ᠬᠡᠯᠬᠢᠶ᠎ᠡ ᠪᠠ ᠦᠷᠳᠡᠭ᠎ᠦᠨ ᠬᠡᠯᠬᠢᠶ᠎ᠡ᠎ᠳᠦ ᠭᠦᠨᠵᠡᠭᠡᠢ ᠣᠷᠣᠯᠴᠠᠵᠤ᠂ ᠳᠡᠯᠡᠬᠡᠢ ᠳ᠋ᠠᠬᠢᠨ᠎ᠲᠠᠶ ᠨᠢᠭ᠍ᠲᠠ ᠬᠣᠯᠪᠣᠯᠳᠤᠵᠤ᠂ ᠪᠦᠬᠦ᠌ ᠪᠥᠮᠪᠥᠷᠴᠡᠭ ᠎ᠦᠨ ᠠᠷᠠᠯᠵᠢᠶ᠎ᠠ ᠪᠠ ᠠᠵᠤ ᠠᠬᠤᠢ ᠎ᠶ᠋ᠢᠨ ᠨᠡᠮᠡᠭ᠌ᠳᠡᠯ ᠎ᠦᠨ ᠵᠠᠩᠭᠢᠯᠠᠭ᠎ᠠ᠎ᠶ᠋ᠢᠨ ᠬᠥᠳᠡᠯᠭᠡᠭᠦᠷ ᠎ᠢ ᠦᠷᠭᠦᠯᠵᠢᠯᠡᠨ ᠡᠭᠦᠷᠭᠡᠯᠡᠵᠦ ᠪᠠᠢᠨ᠎ᠠ ᠭᠡᠵᠦ᠍ ᠦᠵᠡᠪᠡ᠃

ᠤᠢ᠍ᠢᠷ᠎ᠠ᠎ᠶ᠋ᠢᠨ ᠬᠤᠭᠤᠴᠠᠭᠠᠨ᠎ᠳᠤ᠂ IMF᠂ ᠳᠡᠯᠡᠬᠡᠢ᠎ᠶ᠋ᠢᠨ ᠪᠠᠩᠬᠢ᠂ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠂ ᠠᠽᠢᠶ᠎ᠠ ᠲᠢᠪ᠎ᠦᠨ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ ᠵᠡᠷᠭᠡ ᠨᠢ ᠳᠤᠮᠳᠠᠳᠤ ᠤᠯᠤᠰ ᠎ᠤᠨ ᠠᠵᠤ ᠠᠬᠤᠢ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢᠨ ᠵᠢᠱ᠌ᠢᠯᠲᠡ᠎ᠪᠡᠨ ᠳᠡᠭᠡᠭ᠌ᠰᠢᠯᠡᠭᠦᠯᠪᠡ᠃ IMF ᠵᠢᠨ ᠶᠡᠷᠦᠩᠬᠡᠢ ᠵᠠᠬᠢᠷᠤᠯ ᠭᠸᠤᠷᠵᠢᠶ᠍ᠸᠸᠠ᠂ ᠳᠤᠮᠳᠠᠳᠤ ᠤᠯᠤᠰ᠎ᠤᠨ ᠠᠵᠤ ᠠᠬᠤᠢ ᠢᠷᠡᠭᠡᠳᠦᠢ᠎ᠳᠦ ᠨᠡᠩ ᠬᠦᠴᠦᠲᠡᠢ ᠨᠡᠮᠡᠭ᠌ᠳᠡᠯ᠎ᠢ ᠪᠡᠶᠡᠯᠡᠭᠦᠯᠵᠦ᠍ ᠳᠡᠢᠯᠬᠦ᠌ ᠎ᠶ᠋ᠢ ᠢᠲᠡᠭᠡᠵᠦ᠍ ᠪᠠᠢᠨ᠎ᠠ᠂ 《ᠵᠢᠱ᠌ᠢᠯᠲᠡ ᠎ᠪᠡᠷ ᠢᠷᠡᠭᠡᠳᠦᠢ᠎ᠶ᠋ᠢᠨ ᠬᠡᠳᠦᠨ ᠵᠢᠯ᠎ᠳᠦ ᠳᠤᠮᠳᠠᠳᠤ ᠤᠯᠤᠰ᠎ᠤᠨ ᠪᠦᠬᠦ᠌ ᠪᠥᠮᠪᠥᠷᠴᠡᠭ᠎ᠦᠨ ᠠᠵᠤ ᠠᠬᠤᠢ᠎ᠶ᠋ᠢᠨ ᠨᠡᠮᠡᠭ᠌ᠳᠡᠯ᠎ᠳᠦ ᠦᠵᠡᠭᠦᠯᠬᠦ᠌ ᠬᠤᠪᠢ ᠨᠡᠮᠡᠷᠢ 30% ᠣᠷᠴᠢᠮ᠎ᠢ ᠪᠠᠲᠤᠯᠠᠬᠤ ᠪᠣᠯᠤᠮᠵᠢ᠎ᠲᠠᠶ》  ᠭᠡᠪᠡ᠃

     (ᠱᠢᠨᠬᠤᠸᠠ ᠬᠣᠷᠢᠶ᠎ᠠ ᠵᠢᠨ ᠪᠡᠭᠡᠵᠢᠩ᠎ᠦᠨ 1 ᠰᠠᠷ᠎ᠠ᠎ᠶ᠋ᠢᠨ 3 ᠎ᠤ᠋ ᠴᠠᠬᠢᠯᠭᠠᠨ ᠮᠡᠳᠡᠭᠡ ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号