ᠲᠦᠷᠦᠬᠦᠭᠡᠨ ᠬᠥᠬᠡᠬᠣᠲᠠ᠎ᠠᠴᠠ ᠦᠷᠦᠮᠴᠢ ᠬᠥᠷᠬᠥ᠌ ᠨᠢᠭᠡᠳᠦᠭᠡᠷ ᠳᠡᠰ᠎ᠤᠨ ᠭᠤᠤᠯ ᠱᠤᠭᠤᠮ᠎ᠤᠨ ᠭᠠᠯᠲᠤ ᠲᠡᠷᠭᠡᠨ᠎ᠦ ᠱᠢᠤᠳᠠᠨ᠎ᠤ ᠨᠡᠪᠳᠡᠷᠡᠯ ᠵᠠᠮᠵᠢᠩᠬᠢᠨᠢᠪᠡᠷ ᠨᠡᠪᠲᠡᠷᠡᠵᠠᠢ᠃ ᠲᠤᠰ ᠤᠳᠠᠭ᠎ᠠ᠎ᠶ᠋ᠢᠨ ᠱᠢᠭᠤᠳ ᠬᠦᠷᠬᠦ᠌ ᠱᠢᠦᠳᠠᠨ᠎ᠤ ᠵᠠᠮ ᠨᠡᠪᠲᠡᠷᠡᠭ᠌ᠰᠡᠨ ᠨᠢ ᠥᠪᠥᠷ ᠮᠣᠩᠭᠣᠯ ᠪᠣᠯᠤᠨ ᠱᠢᠨᠵᠢᠶᠠᠩ᠎ᠤᠨ ᠬᠣᠭᠣᠷᠣᠨᠳᠣ ᠱᠢᠭᠤᠳ ᠬᠦᠷᠬᠦ᠌ ᠱᠢᠦᠳᠠᠨ᠎ᠤ ᠨᠡᠪᠳᠡᠷᠡᠯ ᠵᠠᠮ ᠪᠦᠬᠦ᠌ ᠲᠠᠯ᠎ᠠ᠎ᠪᠠᠷ ᠨᠡᠪᠲᠡᠷᠡᠭ᠌ᠰᠡᠨ᠎ᠢ ᠬᠠᠷᠠᠭᠤᠯᠵᠤ᠂ ᠳᠤᠮᠳᠠᠳᠤ ᠤᠯᠤᠰ᠎ᠤᠨ ᠱᠢᠦᠳᠠᠨ᠎ᠤ ᠪᠣᠰᠣᠭ᠎ᠠ ᠴᠣᠭ᠍ᠴᠠᠲᠤ ᠪᠠᠷᠠᠭᠠᠨ᠎ᠤ ᠭᠦᠢᠯᠭᠡᠭᠡ᠎ᠶᠢᠨ ᠲᠣᠣᠷ᠎ᠤᠨ ᠪᠠᠢᠷᠢᠱᠢᠭᠤᠯᠤᠯᠲᠠ᠎ᠶ᠋ᠢ ᠤᠯᠠᠮ ᠴᠢᠨᠠᠭ᠍ᠰᠢᠳᠠ ᠲᠡᠭᠦᠯᠳᠡᠷᠵᠢᠭᠦᠯᠵᠦ᠍᠂ ᠲᠡᠭᠡᠭᠡᠪᠦᠷᠢ᠎ᠶ᠋ᠢᠨ ᠴᠠᠭ᠎ᠢ ᠪᠣᠭᠣᠨᠢᠰᠭᠠᠬᠤ᠂ ᠪᠠᠷᠠᠭᠠᠨ᠎ᠤ ᠭᠦᠢᠯᠭᠡᠭᠡ᠎ᠶᠢᠨ ᠥᠪᠡᠷ᠎ᠦᠨ ᠦᠷᠳᠡᠭ᠎ᠢ ᠪᠠᠭᠤᠷᠠᠭᠤᠯᠬᠤ ᠪᠡᠷ ᠳᠠᠮᠵᠢᠭᠤᠯᠵᠦ᠂ ᠠᠷᠠᠳ᠎ᠤᠨ ᠠᠮᠢᠳᠤᠷᠠᠯ᠎ᠳᠤ ᠪᠤᠶᠠᠨ ᠦᠢᠯᠡᠳᠴᠦ᠂ ᠤᠮᠠᠷᠠᠲᠤ ᠣᠷᠣᠨ ᠪᠣᠯᠤᠨ ᠱᠢᠨᠵᠢᠶᠠᠩ ᠣᠷᠣᠨ᠎ᠳᠤ ᠥᠨᠳᠥᠷ ᠪᠦᠲᠦᠮᠵᠢᠲᠡᠢ ᠳᠥᠭᠥᠮ ᠳᠥᠲᠡ ᠪᠠᠷᠠᠭᠠᠨ᠎ᠤ ᠭᠦᠢᠯᠭᠡᠭᠡ᠎ᠶᠢᠨ ᠬᠥᠭᠥᠷᠭᠡ᠎ᠶ᠋ᠢ ᠪᠠᠢᠭᠤᠯᠵᠤ ᠥᠭ᠌ᠴᠠᠢ᠃
ᠲᠣᠰ ᠱᠢᠤᠳᠠᠨ᠎ᠤ ᠨᠡᠪᠳᠡᠷᠡᠯ ᠵᠠᠮ᠎ᠤᠨ ᠪᠥᠬᠥ᠌ ᠣᠷᠳᠣ ᠨᠢ 2350 ᠺᠢᠯᠣᠮᠧᠲ᠋ᠷ᠂ ᠨᠢᠭᠡ ᠭᠠᠷᠠᠭ᠎ᠤᠨ ᠲᠤᠷᠱᠢᠨ ᠠᠵᠢᠯᠯᠠᠭᠤᠯᠬᠤ ᠬᠤᠭᠤᠴᠠᠭ᠎ᠠ᠎ᠶ᠋ᠢ ᠥᠩᠭᠡᠷᠡᠭᠡᠭᠡᠳ᠂ ᠣᠲᠣ ᠨᠢᠭᠡᠨᠲᠡ ᠡᠳᠦᠷ ᠪᠦᠷᠢ ᠨᠢᠭᠡ ᠡᠭᠡᠯᠵᠢ ᠬᠡᠪ᠎ᠦᠨ ᠡᠵᠡᠩᠨᠡᠯᠲᠡ᠎ᠶ᠋ᠢ ᠬᠡᠷᠡᠭ᠌ᠵᠢᠭᠦᠯᠵᠦ ᠪᠤᠢ᠃ ᠡᠳᠦᠷ ᠪᠦᠷᠢ ᠵᠢᠨ 11 ᠴᠠᠭ 13 ᠮᠢᠨᠦ᠋ᠲ᠎ᠲᠦ ᠬᠥᠬᠡᠬᠣᠲᠠ ᠵᠡᠭᠦᠨ ᠥᠷᠲᠡᠭᠡ᠎ᠡᠴᠡ ᠮᠣᠷᠳᠠᠵᠤ᠂ ᠳᠠᠷᠠᠭ᠎ᠠ ᠡᠳᠦᠷ᠎ᠦᠨ ᠬᠢᠨᠢ 19 ᠴᠠᠭ 31 ᠮᠢᠨᠦ᠋ᠲ᠎ᠲᠦ ᠦᠷᠦᠮᠴᠢ ᠥᠷᠲᠡᠭᠡ᠎ᠳᠦ ᠬᠦᠷᠴᠦ᠍᠂ 21 ᠴᠠᠭ 30 ᠮᠢᠨᠦ᠋ᠲ᠎ᠲᠦ ᠦᠷᠦᠮᠴᠢ᠎ᠶ᠋ᠢᠨ ᠱᠢᠤᠳᠠᠨ᠎ᠤ ᠲᠣᠭᠣᠷᠢᠭ᠎ᠲᠦ ᠰᠢᠥᠳᠠᠨ᠎ᠤ ᠵᠦᠢᠯᠡᠰ᠎ᠢ ᠲᠤᠱᠢᠶᠠᠬᠤ ᠪᠠ ᠭᠥᠯᠢᠶᠡᠨ ᠠᠪᠬᠤ ᠠᠵᠢᠯ᠎ᠢ ᠳᠠᠭᠤᠰᠭᠠᠨ᠎ᠠ᠃ ᠲᠣᠰ ᠨᠡᠪᠳᠡᠷᠡᠯ ᠵᠠᠮ᠎ᠨᠢ ᠠᠷᠠᠳ᠎ᠤᠨ ᠬᠡᠷᠡᠭ᠌ᠯᠡᠭᠡᠨ᠎ᠦ ᠪᠣᠭᠣᠳᠠᠯ᠂ ᠬᠤᠳᠠᠯᠳᠤᠭᠠᠨ᠎ᠤ ᠶᠠᠪᠤᠳᠠᠯ᠎ᠤᠨ ᠵᠠᠬᠢᠳᠠᠯ ᠵᠡᠷᠭᠡ ᠡᠯ᠎ᠡ ᠲᠥᠷᠥᠯ᠎ᠦᠨ ᠱᠢᠤᠳᠠᠨ᠎ᠤ ᠵᠦᠶ᠋ᠯᠡᠰ᠎ᠢ ᠡᠳᠦᠷ ᠪᠦᠷᠢ ᠪᠠᠷᠤᠭ 280 ᠤᠭᠤᠲᠠ ᠭᠤᠪᠢᠭᠤᠯᠵᠦ ᠪᠣᠯᠤᠨ᠎ᠠ᠂ ᠡᠭᠦᠨ᠎ᠡᠴᠡ ᠡᠮᠦᠨᠡᠬᠢ ᠰᠢ ᠠᠨᠢᠶᠠᠷ ᠳᠡᠮᠵᠢᠨ ᠳᠠᠮᠵᠢᠭᠤᠯᠵᠤ ᠪᠠᠢᠭ᠍ᠰᠠᠨ ᠲᠡᠭᠡᠭᠡᠪᠦᠷᠢ᠎ᠶ᠋ᠢᠨ ᠵᠠᠭ᠍ᠪᠤᠷ᠎ᠲᠠᠶ ᠬᠠᠷᠢᠴᠠᠭᠤᠯᠪᠠᠯ᠂ ᠱᠢᠤᠳᠠᠨ᠎ᠤ ᠵᠦᠶ᠋ᠯᠡᠰ᠎ᠦᠨ ᠭᠤᠪᠢᠭᠤᠯᠬᠤ ᠴᠠᠭ᠎ᠤᠨ ᠬᠢᠵᠠᠭᠠᠷ᠎ᠢ ᠨᠠᠭᠠᠳᠤ ᠵᠠᠬ᠎ᠠ᠎ᠳᠠᠭᠠᠨ ᠬᠣᠶᠠᠷ ᠡᠳᠦᠷ ᠪᠣᠭᠣᠨᠢᠰᠭᠠᠵᠤ᠂ ᠥᠪᠥᠷ ᠮᠣᠩᠭᠣᠯ᠎ᠤᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ ᠬᠢᠭᠡᠳ ᠱᠢᠨᠵᠢᠶᠠᠩ ᠣᠷᠣᠨ᠎ᠤ ᠱᠢᠤᠳᠠᠨ᠎ᠤ ᠭᠦᠶ᠋ᠯᠭᠡᠭᠡᠶᠢᠨᠬᠦᠴᠦᠨᠲᠡᠶ ᠬᠤᠭᠤᠴᠠᠭ᠎ᠠ᠎ᠶ᠋ᠢ ᠦᠨᠡᠨ ᠬᠦ᠌ ᠳᠡᠭᠡᠭ᠌ᠰᠢᠯᠡᠭᠦᠯᠵᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠱᠢᠤᠳᠠᠨ᠎ᠤ ᠲᠦᠭᠡᠮᠡᠯ ᠦᠶ᠋ᠯᠡᠴᠢᠯᠡᠭᠡ᠎ᠶ᠋ᠢᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠭᠠᠵᠤ᠂ ᠱᠢᠤᠳᠠᠨ᠎ᠤ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠪᠡᠨ ᠨᠠᠷᠢᠯᠢᠬ᠍ᠵᠢᠭᠤᠯᠬᠤ᠎ᠶ᠋ᠢ ᠱᠠᠯᠠᠪᠳᠠᠭᠤᠯᠤᠨ ᠱᠠᠭᠠᠷᠳᠠᠵᠤ᠂ ᠭᠤᠪᠢᠭᠤᠯᠤᠨ ᠬᠦᠷᠭᠡᠬᠦ᠌ ᠬᠦᠴᠦᠨ᠎ᠲᠡᠶ ᠬᠤᠭᠤᠴᠠᠭ᠎ᠠ ᠪᠣᠯᠤᠨ ᠦᠶ᠋ᠯᠡᠴᠢᠯᠡᠭᠡᠨ᠎ᠦ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠱᠢᠤᠳᠠᠨ᠎ᠤ ᠠᠵᠤ ᠠᠬᠤᠢᠯᠠᠯ᠎ᠤᠨ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢ ᠱᠢᠯᠤᠭᠤᠳᠭᠠᠬᠤ ᠳᠤᠮᠳᠠᠬᠢ ᠰᠠᠭᠤᠷᠢ ᠴᠢᠨᠠᠷᠲᠠᠶ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠥᠪᠥᠷ ᠮᠣᠩᠭᠣᠯ᠎ᠤᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ ᠪᠣᠯᠤᠨ ᠱᠢᠨᠵᠢᠶᠠᠩ ᠣᠷᠣᠨ᠎ᠤ ᠡᠯ᠎ᠡ ᠲᠥᠷᠥᠯ᠎ᠦᠨ ᠡᠳ᠋ ᠪᠣᠳᠠᠰ᠎ᠤᠨ ᠥᠨᠳᠥᠷ ᠪᠦᠲᠦᠮᠵᠢᠲᠡᠶ ᠭᠦᠶ᠋ᠯᠭᠡᠭᠡ᠎ᠳᠦ ᠬᠦᠴᠦᠨ ᠨᠡᠮᠡᠷᠢᠯᠡᠵᠦ᠍᠂ ᠣᠷᠣᠨ ᠪᠦᠰᠡ᠎ᠶ᠋ᠢᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠪᠠᠲᠤ ᠪᠠᠬᠢ ᠱᠢᠤᠳᠠᠨ᠎ᠤ ᠦᠶ᠋ᠯᠡᠴᠢᠯᠡᠭᠡᠨ᠎ᠦ ᠲᠤᠯᠭᠠᠭᠤᠷᠢᠯᠠᠯ ᠬᠠᠩᠭᠠᠵᠦ ᠪᠤᠢ᠃