ᠨᠠᠮ ᠤ᠋ᠨ ᠬᠤᠷᠢᠳᠤᠭᠠᠷ ᠬᠤᠭᠤᠴᠠᠭᠠᠨ ᠤ᠋ ᠲᠦᠪ ᠬᠤᠷᠢᠶ᠎ᠠ ᠵᠢᠨ ᠳᠦᠷᠪᠡᠳᠦᠭᠡᠷ ᠪᠦᠬᠦᠳᠡ ᠬᠤᠷᠠᠯ ᠡᠴᠨ ᠲᠤᠷᠠᠳᠤᠬᠰᠠᠨ 《ᠤᠯᠠᠨ ᠨᠡᠢᠳᠡ ᠶ᠋ᠢᠨ ᠠᠮᠦᠷ ᠲᠦᠪᠰᠢᠨ ᠤ᠋ ᠵᠠᠰᠠᠯᠳᠠ ᠶ᠋ᠢᠨ ᠵᠠᠭᠪᠤᠷ ᠢ᠋ ᠤᠷᠢᠳᠴᠢᠯᠡᠨ ᠰᠡᠷᠭᠡᠢᠯᠡᠬᠦ ᠳᠡᠢᠰᠢ ᠬᠤᠪᠢᠷᠠᠭᠤᠯᠬᠤ》 ᠱᠠᠭᠠᠷᠳᠠᠯᠭ᠎ᠠ ᠪᠡᠷ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠪᠦᠬᠦ ᠬᠡᠯᠬᠢᠶᠡᠨ ᠤ᠋ ᠰᠡᠷᠭᠡᠢᠯᠡᠯᠳᠡ ᠶ᠋ᠢᠨ ᠱᠤᠭᠤᠮ ᠢ᠋ ᠴᠤᠭᠴᠠᠯᠠᠵᠤ᠂ ᠡᠮ ᠤ᠋ᠨ ᠵᠦᠢᠯᠡᠰ ᠤ᠋ᠨ ᠠᠮᠦᠷ ᠲᠦᠪᠰᠢᠨ ᠢ᠋ ᠪᠠᠳᠤᠯᠠᠵᠤ ᠪᠠᠢᠨ᠎ᠠ᠃
ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠡᠯ᠎ᠠ ᠬᠤᠪᠢᠶᠠᠷᠢ ᠲᠤᠪᠴᠢᠶ᠎ᠠ ᠶ᠋ᠢᠨ ᠬᠢᠨ ᠤᠷᠢᠳᠴᠢᠯᠡᠨ ᠰᠡᠷᠭᠡᠢᠯᠡᠬᠦ ᠤᠢᠯᠠᠭᠠᠭᠳᠠᠬᠤᠨ ᠢ᠋ ᠬᠢᠨᠠᠯᠳᠠ ᠬᠠᠮᠢᠶᠠᠷᠤᠯᠳᠠ ᠶ᠋ᠢᠨ ᠪᠦᠬᠦ ᠶᠠᠪᠤᠴᠠ ᠳ᠋ᠤ ᠲᠤᠭᠤᠰᠢᠯᠠᠭᠤᠯᠵᠠᠢ᠃ ᠡᠭᠦᠨ ᠳ᠋ᠤ᠂ ᠨᠢᠭᠡᠳᠦᠭᠡᠷ ᠪᠠᠢᠴᠠᠭᠠᠬᠤ ᠲᠤᠪᠴᠢᠶ᠎ᠠ ᠶ᠋ᠢᠨ ᠬᠢᠨ ᠠᠵᠤ ᠠᠬᠤᠢᠯᠠᠯ ᠤ᠋ᠨ ᠵᠠᠩᠬᠢᠯᠠᠭ᠎ᠠ ᠶ᠋ᠢᠨ ᠠᠵᠢᠯ ᠤ᠋ᠨ ᠪᠠᠢᠷᠢ ᠶ᠋ᠢᠨ ᠠᠵᠢᠯᠳᠠᠨ ᠤ᠋ ᠬᠠᠮᠢᠶᠠᠷᠤᠯᠳᠠ ᠶ᠋ᠢ ᠴᠢᠩᠭᠠᠳᠬᠠᠨ᠂ ᠦᠢᠯᠡᠳᠪᠤᠷᠢᠯᠡᠯ ᠤ᠋ᠨ ᠭᠤᠭᠴᠤᠭ᠎ᠠ ᠶ᠋ᠢᠨ ᠲᠦᠬᠦᠭᠡᠢ ᠮᠠᠲᠧᠷᠢᠶᠠᠯ ᠢ᠋ ᠬᠤᠳᠠᠯᠳᠤᠨ ᠠᠪᠬᠤ᠂ ᠰᠢᠯᠭᠠᠨ ᠪᠠᠢᠴᠠᠭᠠᠬᠤ᠂ ᠬᠡᠷᠡᠭᠯᠡᠬᠦ ᠶᠠᠪᠤᠴᠠ ᠵᠢᠴᠢ ᠡᠵᠡᠩᠨᠡᠯᠳᠡ ᠶ᠋ᠢᠨ ᠭᠤᠭᠴᠤᠭ᠎ᠠ ᠶ᠋ᠢᠨ ᠠᠩᠬ᠎ᠠ ᠤᠳᠠᠭ᠎ᠠ ᠤᠷᠤᠭᠤᠯᠵᠤ ᠪᠠᠢᠭ᠎ᠠ ᠡᠮ ᠤ᠋ᠨ ᠵᠦᠢᠯᠡᠰ᠂ ᠠᠩᠬ᠎ᠠ ᠤᠳᠠᠭ᠎ᠠ ᠬᠤᠳᠠᠯᠳᠤᠨ ᠠᠪᠬᠤ ᠬᠠᠷᠢᠴᠠᠭ᠎ᠠ ᠪᠠᠢᠭᠤᠯᠵᠤ ᠪᠠᠢᠭ᠎ᠠ ᠠᠵᠤ ᠠᠬᠤᠢᠯᠠᠯ ᠢ᠋ ᠬᠢᠨᠠᠨ ᠬᠠᠷᠭᠤᠭᠤᠯᠬᠤ ᠵᠡᠷᠭᠡ ᠲᠦᠭᠰᠢᠭᠦᠷᠢ ᠶᠡᠬᠡᠳᠠᠢ ᠭᠤᠭᠴᠤᠭ᠎ᠠ ᠳ᠋ᠤ ᠠᠩᠬᠠᠷᠤᠯ ᠶ᠋ᠢᠡᠨ ᠬᠠᠨᠳᠤᠭᠤᠯᠤᠨ᠂ ᠬᠤᠳᠠᠯᠳᠤᠨ ᠠᠪᠬᠤ ᠪᠤᠭᠤᠮᠳᠠ ᠶ᠋ᠢ ᠴᠢᠩᠭ᠎ᠠ ᠰᠠᠬᠢᠬᠤ ᠵᠢᠨ ᠵᠡᠷᠭᠡ ᠪᠡᠷ ᠬᠠᠷᠢᠶ᠎ᠠ ᠤᠷᠤᠨ ᠤ᠋ ᠡᠮ ᠤ᠋ᠨ ᠵᠦᠢᠯᠡᠰ ᠦᠢᠯᠡᠳᠪᠤᠷᠢᠯᠡᠵᠦ ᠡᠵᠡᠩᠨᠡᠬᠦ ᠠᠵᠤ ᠠᠬᠤᠢᠯᠠᠯ ᠤ᠋ᠨ ᠪᠦᠬᠦ ᠶᠠᠪᠤᠴᠠ ᠪᠡᠷ ᠮᠦᠷᠳᠡᠬᠦ ᠰᠢᠰᠲ᠋ᠧᠮ ᠶ᠋ᠢᠡᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶ᠋ᠢ ᠱᠠᠯᠠᠪᠳᠠᠭᠤᠯᠵᠤ᠂ ᠳ᠋ᠠᠢᠲ᠋ᠠ ᠶ᠋ᠢᠨ ᠮᠡᠷᠭᠡᠵᠢᠯ ᠢ᠋ ᠠᠰᠢᠭᠯᠠᠨ ᠲᠦᠭᠰᠢᠭᠦᠷᠢ ᠶ᠋ᠢ ᠰᠡᠷᠡᠮᠵᠢᠯᠡᠭᠦᠯᠬᠦ ᠪᠠ ᠰᠡᠷᠭᠡᠢᠯᠡᠨ ᠡᠵᠡᠮᠳᠡᠬᠦ ᠳᠤᠭᠳᠠᠴᠠ ᠶ᠋ᠢ ᠪᠠᠢᠭᠤᠯᠪᠠ; ᠬᠤᠶᠠᠳᠤᠭᠠᠷ ᠪᠠᠢᠴᠠᠭᠠᠬᠤ ᠲᠤᠪᠴᠢᠶ᠎ᠠ ᠶ᠋ᠢᠨ ᠬᠢᠨ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠬᠢᠨᠠᠯᠳᠠ ᠬᠠᠮᠢᠶᠠᠷᠤᠯᠳᠠ ᠶ᠋ᠢᠨ ᠭᠤᠭᠴᠤᠭ᠎ᠠ ᠶ᠋ᠢᠨ ᠲᠦᠭᠰᠢᠭᠦᠷᠢ ᠶ᠋ᠢᠨ ᠴᠡᠭ ᠲᠤ᠌ ᠴᠢᠭᠯᠡᠭᠦᠯᠦᠨ᠂ ᠲᠤᠰᠬᠠᠢ ᠪᠠᠢᠷᠢᠯᠠᠭᠤᠯᠤᠯᠳᠠ ᠬᠢᠬᠦ᠂ ᠰᠦᠯᠵᠢᠶ᠎ᠠ ᠪᠡᠷ ᠰᠡᠷᠡᠮᠵᠢᠯᠡᠭᠦᠯᠬᠦ ᠪᠠ ᠪᠤᠳᠠᠳᠤ ᠲᠠᠯᠠᠪᠤᠷ ᠲᠤ᠌ ᠱᠠᠯᠠᠪᠳᠠᠭᠤᠯᠤᠨ ᠵᠢᠯᠤᠭᠤᠳᠬᠤ ᠵᠡᠷᠭᠡ ᠠᠷᠭ᠎ᠠ ᠪᠡᠷ 14 ᠡᠮ ᠤ᠋ᠨ ᠵᠦᠢᠯᠡᠰ ᠤ᠋ᠨ ᠠᠵᠤ ᠠᠬᠤᠢᠯᠠᠯ ᠳ᠋ᠤ ᠠᠮᠦᠷ ᠲᠦᠪᠰᠢᠨ ᠤ᠋ ᠪᠠᠢᠴᠠᠭᠠᠯᠳᠠ ᠬᠢᠵᠦ᠂ 35 ᠠᠰᠠᠭᠤᠳᠠᠯ ᠢ᠋ ᠴᠡᠭᠴᠡᠯᠡᠨ ᠵᠠᠰᠠᠪᠠ; ᠭᠤᠷᠪᠠᠳᠤᠭᠠᠷ ᠪᠠᠢᠴᠠᠭᠠᠬᠤ ᠲᠤᠪᠴᠢᠶ᠎ᠠ ᠪᠤᠯᠤᠨ ᠳᠦᠷᠪᠡᠳᠦᠭᠡᠷ ᠪᠠᠢᠴᠠᠭᠠᠬᠤ ᠲᠤᠪᠴᠢᠶ᠎ᠠ ᠶ᠋ᠢᠨ ᠬᠢᠨ ᠮᠡᠳᠡᠭᠡ ᠵᠠᠩᠬᠢ ᠶ᠋ᠢᠨ ᠮᠡᠷᠭᠡᠵᠢᠯ ᠢ᠋ ᠭᠦᠢᠴᠡᠳ ᠠᠰᠢᠭᠯᠠᠨ᠂ ᠤᠯᠤᠰ ᠤ᠋ᠨ ᠳᠠᠪᠬᠤᠷᠭ᠎ᠠ ᠪᠠ ᠪᠡᠭᠡᠵᠢᠩ ᠬᠤᠳᠠ ᠵᠡᠷᠭᠡ 17 ᠮᠤᠵᠢ ᠤᠷᠤᠨ ᠬᠤᠳᠠ ᠶ᠋ᠢᠨ 361 ᠪᠦᠯᠦᠭ ᠬᠢᠷᠢ ᠲᠡᠩᠴᠡᠬᠦ ᠦᠭᠡᠢ ᠡᠮ ᠤ᠋ᠨ ᠵᠦᠢᠯᠡᠰ ᠤ᠋ᠨ ᠮᠡᠳᠡᠭᠡ ᠵᠠᠩᠬᠢ ᠶ᠋ᠢ ᠳᠠᠮᠵᠢᠭᠤᠯᠵᠤ᠂ 7 ᠤᠳᠠᠭ᠎ᠠ ᠲᠦᠭᠰᠢᠭᠦᠷᠢ ᠶ᠋ᠢ ᠰᠡᠷᠡᠮᠵᠢᠯᠡᠭᠦᠯᠬᠦ ᠰᠠᠨᠠᠭᠤᠯᠤᠮᠵᠢ ᠨᠡᠢᠳᠡᠯᠡᠪᠡ; ᠳᠠᠪᠤᠳᠤᠭᠠᠷ ᠪᠠᠢᠴᠠᠭᠠᠬᠤ ᠲᠤᠪᠴᠢᠶ᠎ᠠ ᠶ᠋ᠢᠨ ᠬᠢᠨ 《ᠪᠦᠬᠦ ᠤᠯᠤᠰ ᠤ᠋ᠨ ᠡᠯ᠎ᠠ ᠮᠤᠵᠢ ᠶ᠋ᠢᠨ ᠬᠢᠲᠠᠳ ᠡᠮᠨᠡᠯᠭᠡ ᠶ᠋ᠢᠨ ᠴᠢᠨᠠᠬᠤ ᠡᠮ ᠤ᠋ᠨ ᠰᠤᠭᠤᠴᠢᠨ ᠪᠠᠢᠴᠠᠭᠠᠯᠳᠠ ᠳ᠋ᠤ ᠬᠢᠷᠢ ᠲᠡᠩᠴᠡᠭᠰᠡᠨ ᠦᠭᠡᠢ ᠡᠮ ᠤ᠋ᠳ》 ᠤ᠋ᠨ ᠮᠡᠳᠡᠭᠡ ᠵᠠᠩᠬᠢ ᠶ᠋ᠢᠨ ᠬᠦᠮᠦᠷᠭᠡ ᠶ᠋ᠢ ᠪᠠᠢᠭᠤᠯᠵᠤ᠂ 725 ᠵᠤᠷᠪᠤᠰ ᠬᠢᠷᠢ ᠲᠡᠩᠴᠡᠬᠦ ᠦᠭᠡᠢ ᠡᠮ ᠤ᠋ᠨ ᠮᠡᠳᠡᠭᠡ ᠵᠠᠩᠬᠢ ᠶ᠋ᠢ ᠡᠮᠬᠢᠯᠡᠨ᠂ ᠠᠵᠤ ᠠᠬᠤᠢᠯᠠᠯ ᠤ᠋ᠨ ᠬᠤᠳᠠᠯᠳᠤᠨ ᠠᠪᠬᠤ ᠠᠵᠢᠯᠯᠠᠭ᠎ᠠ ᠳ᠋ᠤ ᠨᠠᠷᠢᠯᠢᠭ ᠤᠨᠤᠴᠠᠳᠠᠢ ᠳ᠋ᠠᠢᠲ᠋ᠠ ᠶ᠋ᠢᠨ ᠲᠤᠯᠭᠠᠭᠤᠷᠢᠯᠠᠯ ᠬᠠᠩᠭᠠᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号