ᠦᠢᠷ᠎ᠠ᠎ᠳᠤ᠂ ᠥᠪᠥᠷ ᠮᠣᠩᠭᠣᠯ᠎ᠤᠨ ᠿᠢ ᠫᠸᠩ ᠤᠯᠠᠨ ᠤᠯᠤᠰ᠎ᠤᠨ ᠠᠷᠠᠯᠵᠢᠶᠠᠨ᠎ᠤ ᠬᠢᠵᠠᠭᠠᠷᠲᠤ ᠺᠣᠮᠫᠠᠨᠢ᠎ᠶ᠋ᠢᠨ 10 ᠲᠣᠨ ᠱᠢᠨ᠎ᠡ ᠰᠣᠷᠭᠣᠭ ᠢᠳᠡᠱᠢᠨ ᠨᠣᠭᠣᠭ᠎ᠠ ᠵᠢ ᠲᠡᠬᠡᠬᠡᠪᠦᠷᠢᠯᠡᠭᠰᠡᠨ ᠣᠯᠠᠨ ᠤᠯᠤᠰ᠎ᠤᠨ ᠬᠦᠶ᠋ᠲᠡᠨ ᠬᠡᠯᠬᠢᠶᠡᠲᠦ ᠲᠡᠭᠡᠭᠡᠪᠦᠷᠢ᠎ᠶ᠋ᠢᠨ ᠲᠡᠷᠭᠡ ᠡᠵᠡᠨ᠎ᠡ ᠬᠣᠱᠢᠭᠤᠡᠴᠠ ᠮᠣᠷᠳᠠᠵᠤ᠂ ᠴᠡᠬᠡ ᠬᠢᠯᠢ ᠵᠢᠨ ᠪᠣᠭᠣᠮᠲᠠ᠎ᠪᠠᠷ ᠳᠡᠮᠵᠢᠨ ᠮᠣᠩᠭᠣᠯ ᠤᠯᠤᠰ᠎ᠤᠨ ᠡᠮᠦᠨᠡᠲᠦ ᠭᠣᠪᠢ ᠠᠢᠮᠠᠭ ᠲᠸ᠋ ᠬᠦᠷᠪᠡ᠃ ᠡᠨᠡ ᠨᠢ ᠴᠡᠬᠡ ᠬᠢᠯᠢ ᠵᠢᠨ ᠪᠣᠭᠣᠮᠲᠠ ᠮᠣᠩᠭᠣᠯ ᠤᠯᠤᠰ᠎ᠲᠤ ᠭᠠᠷᠭᠠᠬᠤ ᠣᠯᠠᠨ ᠤᠯᠤᠰ᠎ᠤᠨ ᠵᠠᠮᠲᠡᠭᠡᠭᠡᠪᠦᠷᠢᠶ᠋ᠢᠨ ᠬᠦᠶ᠋ᠲᠡᠨ ᠬᠡᠯᠬᠢᠶᠡᠲᠦ ᠲᠡᠭᠡᠭᠡᠪᠦᠷᠢ᠎ᠶ᠋ᠢᠨ ᠲᠤᠬᠠᠢᠯᠠᠭ᠍ᠰᠠᠨ ᠠᠵᠢᠯ᠎ᠢ ᠠᠩᠬ᠎ᠠ ᠤᠳᠠᠭ᠎ᠠ ᠪᠡᠶᠡᠯᠡᠭᠦᠯᠵᠦ᠍᠂ 《ᠭᠠᠷᠤᠯᠲᠠ᠎ᠶ᠋ᠢᠨ ᠣᠷᠣᠨ᠎ᠠᠴᠠ ᠲᠡᠭᠡᠭᠡᠪᠦᠷᠢᠯᠡᠬᠦ᠌᠂ ᠬᠦᠶ᠋ᠲᠡᠨ ᠬᠡᠯᠬᠢᠶᠡᠲᠦ ᠪᠦᠲᠦᠭᠡᠭᠳᠡᠬᠦᠨ᠎ᠢ ᠱᠢᠭᠤᠳ ᠬᠥᠷᠭᠡᠬᠥ᠌᠂ ᠬᠢᠯᠢ ᠵᠢᠨ ᠪᠣᠭᠣᠮᠲᠠ᠎ᠠᠴᠠ ᠱᠢᠯᠭᠠᠨ ᠪᠠᠢᠴᠠᠭᠠᠵᠤ ᠶᠠᠪᠤᠭᠤᠯᠬᠤ》 ᠵᠢ ᠨᠢᠭᠡ ᠴᠤᠭ᠍ᠴᠠᠵᠢᠭᠤᠯᠤᠭ᠍ᠰᠠᠨ ᠪᠣᠭᠣᠮᠲᠠ᠎ᠪᠠᠷ ᠥᠩᠭᠡᠷᠡᠭᠦᠯᠬᠦ᠌ ᠵᠠᠭ᠍ᠪᠤᠷ᠎ᠢ ᠠᠮᠵᠢᠯᠲᠠ᠎ᠲᠠᠶ᠎ᠪᠠᠷ ᠨᠠᠢᠳᠠᠪᠤᠷᠢᠵᠢᠭᠤᠯᠤᠭ᠍ᠰᠠᠨᠢ ᠬᠠᠷᠠᠭᠤᠯᠵᠤ ᠪᠠᠢᠨ᠎ᠠ᠃
ᠲᠤᠰ ᠤᠳᠠᠭᠠᠨ᠎ᠤ ᠲᠤᠬᠠᠢᠯᠠᠬᠰᠠᠨ ᠠᠵᠢᠯ ᠢ ᠤᠷᠤᠬᠰᠢᠳᠠᠢ ᠶᠠᠪᠤᠬᠳᠠᠭᠤᠯᠬᠤ ᠵᠢᠨ ᠲᠤᠰᠠᠳᠠ ᠠᠯᠠᠱᠠ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ᠎ᠶ᠋ᠢᠨ ᠨᠠᠶ᠋ᠮᠠᠳᠤᠭᠠᠷ ᠶᠡᠬᠡ ᠠᠩᠭᠢ᠎ᠡᠴᠡ ᠤᠷᠢᠳᠴᠢᠯᠠᠨ ᠬᠢᠨᠠᠨ ᠪᠠᠢᠴᠠᠭᠠᠬᠤ ᠲᠤᠰᠬᠠᠢ ᠬᠦᠮᠤᠨ ᠲᠤᠮᠢᠯᠠᠨ ᠲᠡᠭᠡᠭᠡᠪᠦᠷᠢ᠎ᠶ᠋ᠢᠨ ᠠᠵᠤ ᠠᠬᠤᠢᠯᠠᠯ᠎ᠤᠨ ᠳᠠᠩᠰᠠᠯᠠᠭᠤᠯᠤᠭ᠍ᠰᠠᠨ ᠲᠡᠷᠭᠡ ᠬᠦᠰᠭᠡ ᠵᠢᠨ ᠮᠡᠳᠡᠭᠡ ᠵᠠᠩᠭᠢ᠂ ᠵᠢᠯᠣᠭᠣᠴᠢ᠎ᠶ᠋ᠢᠨ ᠬᠢᠷᠢ ᠬᠡᠮ᠎ᠦᠨ ᠮᠠᠲ᠋ᠧᠷᠢᠶᠠᠯ᠂ ᠡᠳ᠋ ᠪᠠᠷᠠᠭ᠎ᠠ ᠲᠡᠭᠡᠭᠡᠪᠦᠷᠢᠯᠡᠬᠦ᠌ ᠲᠥᠰᠦᠯ ᠢ ᠪᠥᠬᠥ᠌ ᠲᠠᠯ᠎ᠠ᠎ᠪᠠᠷ ᠬᠢᠨᠠᠨ ᠬᠠᠷᠭᠤᠭᠤᠯᠵᠤ᠂ ᠲᠡᠷᠭᠡᠨ᠎ᠦ ᠪᠠᠢᠳᠠᠯ ᠵᠢᠴᠢ ᠬᠦᠶ᠋ᠲᠡᠨ ᠬᠡᠯᠬᠢᠶᠡᠲᠦ ᠲᠥᠬᠥᠭᠡᠷᠦᠮᠵᠢ᠎ᠶ᠋ᠢᠨ ᠠᠵᠢᠯᠯᠠᠭᠠᠨ᠎ᠤ ᠪᠣᠯᠵᠣᠯᠲᠤ ᠲᠣᠭ᠎ᠠ᠎ᠶ᠋ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠱᠢᠯᠭᠠᠯᠳᠠ ᠬᠢᠵᠠᠢ᠃ ᠡᠭᠦᠨ᠎ᠦ ᠬᠠᠮᠲᠤ ᠱᠢᠨ᠎ᠡ᠎ᠶ᠋ᠢ ᠡᠭᠦᠳᠬᠦ᠌ ᠴᠢᠨᠠᠷᠲᠠᠶ᠎ᠪᠠᠷ ᠪᠠᠢᠴᠠᠭᠠᠨ ᠱᠢᠯᠭᠠᠬᠤ ᠠᠵᠢᠯ᠎ᠢ ᠳᠣᠬᠢᠭᠤᠷ ᠲᠤᠯᠤᠭᠠᠨ ᠣᠲᠣ ᠣᠯᠠᠨ ᠤᠯᠤᠰ᠎ᠤᠨ ᠵᠠᠮ ᠲᠡᠭᠡᠭᠡᠪᠦᠷᠢ᠎ᠶ᠋ᠢᠨ ᠱᠢᠰᠲ᠋ᠧᠮ᠎ᠲᠡᠶ ᠢᠵᠢᠯ ᠠᠯᠬᠤᠮ᠎ᠢᠶᠠᠷ ᠵᠣᠯᠭᠠᠭᠤᠯᠵᠤ᠂ ᠠᠬᠤᠢ ᠪᠠᠢᠷᠢ ᠲᠣᠭ᠍ᠲᠠᠭᠠᠯᠳᠠ ᠬᠢᠬᠦ᠂ ᠲᠣᠭ᠎ᠠ ᠪᠠᠷᠢᠮᠲᠠ᠎ᠶ᠋ᠢ ᠬᠢᠨᠠᠨ ᠬᠡᠮᠵᠢᠬᠦ᠌ ᠵᠡᠷᠭᠡ ᠣᠶᠤᠨᠴᠢ ᠠᠷᠭ᠎ᠠ ᠪᠠᠷᠢᠯ᠎ᠢᠶᠠᠷ ᠲᠡᠷᠭᠡᠨ᠎ᠦ ᠠᠵᠢᠯᠯᠠᠭᠠᠨ᠎ᠤ ᠪᠠᠢᠳᠠᠯ ᠢ ᠪᠥᠬᠥ᠌ ᠶᠠᠪᠤᠴᠠ᠎ᠳᠤ ᠮᠥᠷᠳᠡᠵᠦ᠍᠂ ᠮᠡᠳᠡᠭᠡ ᠵᠠᠩᠭᠢ᠂ ᠵᠠᠮ ᠱᠤᠭᠤᠮ ᠬᠢᠭᠡᠳ ᠭᠤᠶᠤᠴᠢᠯᠠᠨ ᠮᠡᠳᠡᠭᠦᠯᠦᠭᠰᠡᠨ ᠠᠭᠤᠯᠭ᠎ᠠ᠎ᠶ᠋ᠢᠨ ᠨᠢᠭᠡᠳᠦᠯᠲᠡᠶ ᠪᠠᠢᠬᠤ᠎ᠶ᠋ᠢ ᠦᠨᠡᠨ ᠬᠦ᠌ ᠪᠠᠲᠤᠯᠠᠵᠤ᠂ ᠲᠡᠭᠡᠭᠡᠪᠦᠷᠢ᠎ᠶ᠋ᠢᠨ ᠪᠥᠬᠥ᠌ ᠬᠡᠯᠬᠢᠶ᠎ᠡ᠎ᠶ᠋ᠢᠨ ᠬᠠᠤᠯᠢ ᠲᠣᠭ᠍ᠲᠠᠭᠠᠯ᠎ᠳᠤ ᠨᠡᠢᠴᠡᠬᠦ᠌᠎ᠶ᠋ᠢ ᠪᠠᠳᠤᠯᠠᠬᠰᠠᠨ ᠪᠠᠢᠨ᠎ᠠ᠃
ᠱᠢᠨ᠎ᠡ ᠰᠣᠷᠭᠣᠭ ᠲᠠᠷᠢᠶᠠᠯᠠᠩ᠎ᠤᠨ ᠪᠦᠲᠦᠭᠡᠭ᠌ᠳᠡᠬᠦᠨ᠎ᠦ 《ᠠᠮᠠᠷᠬᠠᠨ ᠢᠯᠵᠢᠷᠡᠬᠦ᠌᠂ ᠴᠠᠭ ᠬᠤᠭᠤᠴᠠᠭ᠎ᠠ ᠪᠠᠴᠢᠮ》 ᠪᠠᠢᠬᠤ ᠣᠨᠴᠠᠯᠢᠭ ᠱᠢᠨᠵᠢ᠎ᠳᠦ ᠴᠢᠭ᠌ᠯᠡᠭᠦᠯᠦᠨ᠂ ᠡᠵᠡᠨ᠎ᠡ ᠪᠣᠭᠣᠮᠲᠠ ᠰᠠᠨᠠᠭᠠᠴᠢᠯᠠᠭ᠎ᠠ᠎ᠠᠴᠠ᠎ᠪᠠᠨ ᠠᠵᠤ ᠠᠬᠤᠢᠯᠠᠯ᠎ᠳᠤ ᠪᠥᠬᠥ᠌ ᠶᠠᠪᠤᠴᠠ᠎ᠶ᠋ᠢᠨ ᠵᠢᠯᠣᠭᠣᠳᠣᠯᠭ᠎ᠠ ᠬᠠᠩᠭᠠᠵᠤ᠂ ᠬᠢᠯᠢ ᠠᠯᠤᠰᠯᠠᠭ᠍ᠰᠠᠨ ᠬᠦᠶ᠋ᠲᠡᠨ᠎ᠢᠶᠡᠷ ᠬᠠᠳᠠᠭᠠᠯᠠᠬᠤ ᠲᠡᠭᠡᠭᠡᠪᠦᠷᠢ᠎ᠶ᠋ᠢᠨ ᠲᠡᠷᠭᠡ᠎ᠶ᠋ᠢᠨ ᠪᠣᠭᠣᠮᠲᠠ᠎ᠶ᠋ᠢᠨ ᠬᠢᠷᠢ ᠬᠡᠮ᠎ᠦᠨ ᠳᠠᠩᠰᠠᠯᠠᠭᠤᠯᠤᠯᠲᠠ᠎ᠶ᠋ᠢ ᠬᠠᠪᠰᠤᠷᠤᠨ ᠪᠡᠶᠡᠯᠡᠭᠦᠯᠵᠦ᠂ ᠮᠣᠩᠭᠣᠯ ᠤᠯᠤᠰ᠎ᠤᠨ ᠵᠠᠬ᠎ᠠ ᠳᠡᠯᠭᠡᠭᠦᠷ᠎ᠲᠦ ᠣᠷᠣᠬᠤ᠎ᠶ᠋ᠢ ᠵᠥᠪᠱᠢᠶᠡᠷᠡᠬᠦ᠌ ᠲᠥᠷᠥ᠎ᠶ᠋ᠢᠨ ᠪᠣᠳᠣᠯᠭ᠎ᠠ᠎ᠳᠤ ᠲᠠᠢᠯᠤᠮᠵᠢ ᠬᠢᠵᠦ᠍᠂ 《ᠤᠷᠢᠳᠴᠢᠯᠠᠨ ᠭᠤᠶᠤᠴᠢᠯᠠᠨ ᠮᠡᠳᠡᠭᠦᠯᠬᠦ᠌᠂ ᠪᠣᠯᠵᠣᠵᠤ ᠪᠠᠢᠴᠠᠭᠠᠨ ᠱᠢᠯᠭᠠᠬᠤ》 ᠲᠥᠬᠥᠮ ᠦᠵᠡᠭᠦᠯᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ ᠰᠠᠭᠠᠳ ᠥᠬᠡᠶ ᠨᠡᠪᠲᠡᠷᠡᠬᠦ᠌ ᠵᠠᠮ ᠨᠡᠭᠡᠭᠡᠭ᠌ᠰᠡᠨ ᠪᠥᠭᠡᠳ 24 ᠴᠠᠭ ᠵᠢᠡᠷ ᠪᠣᠭᠣᠮᠲᠠ᠎ᠪᠠᠷ ᠥᠩᠭᠡᠷᠡᠬᠦ᠌ ᠦᠶ᠋ᠯᠡᠴᠢᠯᠡᠭᠡ ᠬᠠᠩᠭᠠᠵᠤ᠂ ᠥᠩᠭᠡᠷᠡᠭ᠌ᠰᠡᠨ᠎ᠤ ᠣᠯᠠᠨ ᠤᠳᠠᠭ᠎ᠠ ᠠᠴᠢᠶᠠᠯᠠᠵᠤ ᠪᠠᠭᠤᠯᠭᠠᠬᠤ ᠶᠠᠪᠤᠴᠠ ᠵᠢ ᠦᠭᠡᠢᠰᠭᠡᠵᠤ᠂ ᠭᠠᠳᠠᠭᠠᠳᠤ᠎ᠳᠤ ᠭᠠᠷᠭᠠᠬᠤ ᠪᠠᠷᠠᠭ᠎ᠠ ᠵᠢᠨ ᠰᠠᠭᠠᠳ ᠦᠬᠡᠢ ᠦᠡᠭᠭᠡᠷᠡᠬᠦᠯᠬᠦ ᠶ᠋ᠢ ᠪᠡᠶᠡᠯᠡᠭᠦᠯᠵᠦ᠍᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠱᠢᠨ᠎ᠡ ᠰᠣᠷᠭᠣᠭ᠎ᠤᠨ ᠬᠡᠮᠵᠢᠶ᠎ᠡ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠲᠤᠯᠠᠪᠠ᠃