ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ ᠢ᠋ᠢᠨ ᠶᠠᠮᠤᠨ᠂ ᠤᠰᠤᠨ ᠠᠱᠢᠭ᠍ᠯᠠᠯᠲᠠ ᠢ᠋ᠢᠨ ᠶᠠᠮᠤᠨ ᠤ᠋ ᠲᠦᠷᠦᠭᠦᠬᠡᠨ ᠨᠡᠢᠳᠡᠯᠡᠭᠰᠡᠨ《ᠤᠯᠤᠰ ᠡᠴᠡ ᠵᠣᠷᠢᠭ᠍ᠵᠢᠭᠤᠯᠵᠤ ᠪᠦᠬᠦᠢ ᠠᠵᠤ ᠦᠶ᠋ᠯᠡᠳᠪᠦᠷᠢ ᠢ᠋ᠢᠨ ᠤᠰᠤ ᠠᠷᠪᠢᠯᠠᠬᠤ ᠤᠷᠠᠯᠠᠯ᠂ ᠮᠡᠷᠭᠡᠵᠢᠯ ᠪᠠ ᠲᠣᠨᠣᠭ᠍ᠯᠠᠯ ᠤ᠋ᠨ ᠭᠠᠷᠴᠠᠭ (2025 ᠣᠨ ᠤ᠋ ᠬᠡᠪᠯᠡᠯ)》 ᠲᠦ᠍ ᠥᠪᠥᠷ ᠮᠣᠩᠭᠣᠯ ᠤ᠋ᠨ 9 ᠵᠦᠶ᠋ᠯ ᠤ᠋ᠨ ᠮᠡᠷᠭᠡᠵᠢᠯ ᠤ᠋ᠨ ᠦᠷ᠎ᠡ ᠪᠦᠲᠦᠭᠡᠯ ᠰᠣᠩᠭᠣᠭ᠍ᠳᠠᠪᠠ᠃
ᠤᠯᠤᠰ ᠤ᠋ᠨ ᠵᠤᠷᠢᠭᠵᠢᠭᠤᠯᠤᠯ ᠢ᠋ ᠤᠯᠤᠭᠰᠠᠨ ᠮᠠᠨ ᠤ᠋ ᠤᠷᠤᠨ ᠤ᠋ 9 ᠵᠦᠶ᠋ᠯ ᠤ᠋ᠨ ᠤᠰᠤ ᠠᠷᠪᠢᠯᠠᠬᠤ ᠮᠡᠷᠭᠡᠵᠢᠯ ᠤ᠋ᠨ ᠦᠷ᠎ᠡ ᠪᠦᠲᠦᠭᠡᠯ ᠳ᠋ᠤ ᠥᠪᠥᠷ ᠮᠣᠩᠭᠣᠯ ᠤ᠋ᠨ ᠠᠵᠤ ᠠᠬᠤᠢᠯᠠᠯ ᠤ᠋ᠨ ᠪᠡᠶ᠎ᠡ ᠪᠡᠨ ᠳᠠᠭᠠᠭᠠᠵᠤ ᠰᠤᠳᠤᠯᠤᠨ ᠨᠡᠭᠡᠭᠡᠵᠤ ᠬᠡᠷᠡᠭ᠌ᠯᠡᠭ᠌ᠰᠡᠨ ᠲᠡᠷᠢᠭᠦᠨ ᠤ᠋ ᠮᠡᠷᠭᠡᠵᠢᠯ ᠪᠠᠭ᠍ᠲᠠᠬᠤ ᠪᠥᠭᠡᠳ ᠥᠪᠥᠷ ᠮᠣᠩᠭᠣᠯ ᠤ᠋ᠨ ᠤᠰᠤ ᠠᠷᠪᠢᠯᠠᠬᠤ ᠠᠵᠤ ᠦᠶ᠋ᠯᠡᠰ ᠤ᠋ᠨ ᠬᠣᠯᠪᠣᠭ᠎ᠠ ᠢ᠋ᠢᠨ ᠮᠤᠵᠢ ᠢ᠋ᠢᠨ ᠭᠠᠳᠠᠨᠠᠬᠢ ᠪᠦᠷᠢᠯᠳᠦᠬᠦᠨ ᠨᠢᠭᠡᠴᠢ ᠢ᠋ᠢᠨ ᠰᠤᠳᠤᠯᠤᠨ ᠨᠡᠭᠡᠭᠡᠭ᠌ᠰᠡᠨ ᠦᠷ᠎ᠡ ᠪᠦᠲᠦᠭᠡᠯ ᠪᠠᠭ᠍ᠲᠠᠵᠤ᠂ ᠣᠷᠴᠢᠯ ᠤᠰᠤ ᠢ᠋ᠢ ᠬᠥᠷᠥᠭᠡᠬᠦ᠌ ᠵᠢᠴᠢ ᠡᠭᠡᠭᠦᠯᠦᠨ ᠠᠱᠢᠭ᠍ᠯᠠᠬᠤ ᠮᠡᠷᠭᠡᠵᠢᠯ᠂ ᠬᠡᠪ ᠤ᠋ᠨ ᠪᠤᠰᠤ ᠤᠰᠤ ᠢ᠋ᠢ ᠠᠱᠢᠭ᠍ᠯᠠᠬᠤ ᠮᠡᠷᠭᠡᠵᠢᠯ ᠵᠡᠷᠭᠡ ᠠᠵᠤ ᠦᠶ᠋ᠯᠡᠳᠪᠦᠷᠢ ᠢ᠋ᠢᠨ ᠤᠰᠤ ᠠᠷᠪᠢᠯᠠᠬᠤ ᠵᠠᠩᠭᠢᠯᠠᠭ᠎ᠠ ᠢ᠋ᠢᠨ ᠭᠣᠭ᠍ᠴᠣᠭᠠ ᠳ᠋ᠤ ᠬᠣᠯᠪᠣᠭ᠍ᠳᠠᠨ᠂ ᠥᠪᠥᠷ ᠮᠣᠩᠭᠣᠯ ᠤ᠋ᠨ ᠠᠵᠤ ᠦᠶ᠋ᠯᠡᠳᠪᠦᠷᠢ ᠢ᠋ᠢᠨ ᠤᠰᠤ ᠠᠷᠪᠢᠯᠠᠬᠤ ᠬᠦᠷᠢᠶᠡᠨ ᠳ᠋ᠡᠬᠢ ᠬᠠᠮᠤᠭ ᠤ᠋ᠨ ᠱᠢᠨ᠎ᠡ ᠦᠷ᠎ᠡ ᠪᠦᠲᠦᠭᠡᠯ ᠢ᠋ ᠳᠡᠯᠭᠡᠨ ᠦᠵᠡᠭᠦᠯᠦᠭ᠌ᠰᠡᠨ ᠢ᠋ᠢᠡᠷ ᠪᠠᠷᠠᠬᠤ ᠥᠬᠡᠶ ᠤᠰᠤ ᠶᠡᠬᠡ ᠬᠣᠷᠣᠭ᠍ᠳᠠᠭᠤᠯᠬᠤ ᠠᠵᠢᠯ ᠲᠥᠷᠥᠯ ᠤ᠋ᠨ ᠤᠰᠤ ᠠᠷᠪᠢᠯᠠᠬᠤ ᠥᠭᠡᠷᠡᠴᠢᠯᠡᠯᠲᠡ ᠳ᠋ᠤ ᠬᠠᠭᠤᠯᠪᠤᠷᠢᠯᠠᠵᠤ ᠪᠤᠯᠬᠤᠢᠴᠠ᠂ ᠳᠡᠯᠭᠡᠷᠡᠭᠦᠯᠵᠦ᠍ ᠪᠣᠯᠬᠤᠢᠴᠠ ᠠᠷᠭ᠎ᠠ ᠲᠤᠷᠱᠢᠯᠭ᠎ᠠ ᠬᠠᠩᠭᠠᠪᠠ᠃
2025 ᠣᠨ ᠳ᠋ᠤ᠂ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠤᠰᠤ ᠠᠷᠪᠢᠯᠠᠬᠤ ᠠᠵᠤ ᠦᠶ᠋ᠯᠡᠰ ᠤ᠋ᠨ ᠬᠣᠯᠪᠣᠭ᠎ᠠ ᠢ᠋ᠢ ᠲᠦᠷᠦᠭᠦᠯᠡᠨ ᠵᠣᠬᠢᠶᠠᠨ ᠪᠠᠢᠭᠤᠯᠵᠤ᠂ ᠠᠵᠢᠯ ᠲᠥᠷᠥᠯ ᠤ᠋ᠨ ᠰᠠᠯᠠᠭ᠎ᠠ ᠮᠥᠴᠢᠷ᠂ ᠮᠥᠩᠭᠥᠨ ᠭᠦᠶ᠋ᠯᠭᠡᠭᠡᠨ᠂ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ ᠵᠡᠷᠭᠡ ᠡᠯ᠎ᠡ ᠲᠠᠯ᠎ᠠ ᠢ᠋ᠢᠨ ᠬᠦᠴᠦᠨ ᠢ᠋ ᠵᠣᠬᠢᠴᠠᠭᠤᠯᠤᠨ ᠬᠠᠮᠲᠤᠷᠠᠯ ᠬᠦᠴᠦᠨ ᠢ᠋ ᠪᠦᠷᠢᠯᠳᠦᠭᠦᠯᠵᠦ᠍᠂ ᠤᠰᠤ ᠠᠷᠪᠢᠯᠠᠬᠤ ᠲᠡᠷᠢᠭᠦᠨ ᠤ᠋ ᠬᠡᠷᠡᠭ᠌ᠯᠡᠭᠡᠨ ᠤ᠋ ᠮᠡᠷᠭᠡᠵᠢᠯ ᠲᠣᠨᠣᠭ᠍ᠯᠠᠯ ᠢ᠋ ᠳᠡᠯᠭᠡᠷᠡᠭᠦᠯᠦᠨ ᠬᠡᠷᠡᠭ᠌ᠯᠡᠵᠤ᠂ ᠠᠵᠤ ᠦᠶ᠋ᠯᠡᠳᠪᠦᠷᠢ ᠢ᠋ᠢᠨ ᠬᠦᠷᠢᠶᠡᠨ ᠳ᠋ᠡᠬᠢ ᠤᠰᠤ ᠠᠷᠪᠢᠯᠠᠬᠤ ᠨᠢᠭᠡ ᠪᠦᠯᠦᠭ ᠭᠤᠤᠯᠳᠠᠯᠭ᠎ᠠ ᠲᠠᠶ ᠲᠥᠷᠥᠯ ᠵᠦᠶ᠋ᠯ ᠢ᠋ ᠡᠬᠢᠯᠡᠭᠦᠯᠵᠦ᠍᠂ ᠤᠰᠤ ᠠᠷᠪᠢᠯᠠᠬᠤ ᠠᠵᠤ ᠦᠶ᠋ᠯᠡᠰ ᠤ᠋ᠨ ᠬᠥᠭ᠌ᠵᠢᠯᠲᠡ ᠢ᠋ᠢᠨ ᠳᠣᠲᠣᠭᠠᠳᠤ ᠬᠥᠳᠡᠯᠭᠡᠬᠦ᠌ ᠬᠦᠴᠦᠨ ᠪᠠ ᠤᠰᠤ ᠠᠷᠪᠢᠯᠠᠬᠤ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠢ᠋ ᠬᠥᠭ᠌ᠵᠢᠭᠡᠭᠰᠡᠨ ᠪᠠᠢᠨ᠎ᠠ᠃