ᠮᠠᠩᠬᠠᠲᠤ — ᠠᠯᠲᠠᠢ ᠬᠦᠷᠬᠦ 500 ᠺᠢᠯᠣᠸᠤᠯᠲ ᠤ᠋ᠨ ᠴᠠᠬᠢᠯᠭᠠᠨ ᠬᠦᠷᠬᠡᠬᠦ ᠱᠤᠭᠤᠮ ᠴᠠᠬᠢᠯᠭᠠᠨ ᠨᠡᠪᠲᠡᠷᠡᠪᠡ
2026-01-07 10:26:52
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠤᠷᠴᠢᠮᠬᠠᠨ ᠥᠪᠥᠷ ᠮᠣᠩᠭᠣᠯ ᠤ᠋ᠨ ᠤᠯᠤᠰ ᠤ᠋ᠨ ᠥᠮᠴᠢᠯᠡᠯᠳᠤ ᠠᠵᠤ ᠠᠬᠤᠢᠯᠠᠯ᠎ᠤᠨ ᠪᠡᠯᠡ ᠣᠷᠣᠭᠤᠯᠵᠤ ᠪᠠᠢᠭᠤᠯᠤᠭᠰᠠᠨ ᠤᠷᠳᠤᠰ ᠬᠤᠲᠠ ᠵᠢᠨ ᠤᠳᠤᠭ ᠤ᠋ᠨ ᠡᠮᠦᠨᠡᠳᠦ ᠬᠤᠰᠢᠭᠤ ᠡᠴᠡ ᠦᠦᠰᠢᠨ ᠬᠤᠰᠢᠭᠤ ᠬᠦᠷᠬᠦ ᠮᠠᠩᠬᠠᠲᠤ — ᠠᠯᠲᠠᠢ ᠬᠦᠷᠬᠦ 500 ᠺᠢᠯᠣᠸᠤᠯᠲ ᠤ᠋ᠨ ᠴᠠᠬᠢᠯᠭᠠᠨ ᠬᠦᠷᠬᠡᠬᠦ ᠱᠤᠭᠤᠮ ᠵᠢᠩᠬᠢᠨᠢ ᠪᠡᠷ ᠴᠠᠬᠢᠯᠭᠠᠨ ᠨᠡᠪᠲᠡᠷᠡᠵᠠᠢ᠃

ᠤᠢᠯᠠᠭᠠᠭᠰᠠᠨ ᠶ᠋ᠢᠡᠷ᠂ ᠲᠤᠰ ᠢᠨᠵᠧᠨᠧᠷᠢᠩ ᠨᠢ ᠮᠠᠩᠬᠠᠲᠤ ᠶ᠋ᠢᠨ 500 ᠺᠢᠯᠤᠸᠤᠯᠲ ᠤ᠋ᠨ ᠴᠠᠬᠢᠯᠭᠠᠨ ᠬᠦᠴᠦᠳᠡᠯ ᠬᠤᠪᠢᠰᠬᠠᠬᠤ ᠦᠷᠳᠡᠬᠡ ᠡᠴᠡ ᠠᠯᠲᠠᠢ ᠶ᠋ᠢᠨ 500 ᠺᠢᠯᠤᠸᠤᠯᠲ ᠤ᠋ᠨ ᠴᠠᠬᠢᠯᠭᠠᠨ ᠬᠤᠪᠢᠰᠬᠠᠬᠤ ᠦᠷᠳᠡᠬᠡᠨ ᠳ᠋ᠦ ᠬᠦᠷᠴᠦ᠂ ᠤᠳᠤᠭ ᠤ᠋ᠨ ᠡᠮᠦᠨᠡᠲᠦ ᠬᠣᠰᠢᠭᠤ᠂ ᠦᠦᠰᠢᠨ ᠬᠣᠰᠢᠭᠤ ᠪᠡᠷ ᠥᠩᠭᠡᠷᠡᠨ᠂ ᠪᠦᠬᠦ ᠤᠷᠳᠤ ᠨᠢ 380 ᠺᠢᠯᠦᠮᠧᠲᠷ ᠤᠷᠴᠢᠮ ᠪᠠᠢᠵᠤ᠂ ᠶᠡᠷᠦᠩᠬᠡᠢ ᠪᠡᠯᠡ ᠣᠷᠣᠭᠤᠯᠤᠯᠲᠠ ᠨᠢ 7.75 ᠳ᠋ᠦᠩᠰᠢᠭᠤᠷ ᠲᠥᠭᠥᠷᠢᠭ ᠲᠤ᠌ ᠬᠦᠷᠴᠦ᠂ ᠥᠪᠥᠷ ᠮᠣᠩᠭᠣᠯ ᠤ᠋ᠨ ᠪᠠᠷᠠᠭᠤᠨ ᠬᠡᠰᠡᠭ ᠤ᠋ᠨ ᠴᠠᠬᠢᠯᠭᠠᠨ ᠲᠣᠣᠷ ᠤ᠋ᠨ 《ᠪᠠᠷᠠᠭᠤᠨ ᠤᠷᠤᠨ ᠤ᠋ ᠴᠠᠬᠢᠯᠭᠠᠨ ᠢ᠋ ᠵᠡᠭᠦᠨᠰᠢ ᠬᠦᠷᠭᠡᠬᠦ》 ᠭᠤᠷᠪᠠᠳᠤᠭᠠᠷ ᠵᠠᠮ ᠤ᠋ᠨ ᠴᠢᠬᠤᠯᠠ ᠪᠦᠷᠢᠯᠳᠦᠭᠦᠨ ᠬᠡᠰᠡᠭ ᠪᠣᠯᠤᠨ᠎ᠠ᠃ ᠲᠤᠰ ᠢᠨᠵᠧᠨᠧᠷᠢᠩ ᠤ᠋ᠨ ᠪᠠᠷᠢᠯᠭ᠎ᠠ ᠶ᠋ᠢᠨ ᠣᠷᠴᠢᠨ ᠲᠣᠭᠣᠷᠢᠨ ᠨᠢ ᠪᠤᠳᠤᠯᠢᠶᠠᠨᠲᠠᠢ ᠪᠠᠢᠵᠤ᠂ ᠡᠯᠡᠰᠦ ᠮᠠᠩᠬ᠎ᠠ᠂ ᠳᠣᠪᠣᠷᠬᠠᠭ ᠭᠠᠵᠠᠷ ᠵᠢᠡᠷ ᠭᠣᠣᠯᠯᠠᠨ᠂ ᠪᠦᠬᠦ ᠪᠠᠷᠢᠯᠭ᠎ᠠ ᠨᠢ ᠳᠠᠪᠬᠤᠷ ᠳᠠᠪᠬᠤᠷ ᠬᠦᠴᠢᠷ ᠪᠡᠷᠬᠡᠰᠢᠶᠡᠯ ᠢ᠋ ᠢᠯᠠᠨ ᠳᠠᠪᠠᠭᠠᠳ᠂ ᠲᠣᠣᠷ ᠲᠤ᠌ ᠨᠡᠢᠯᠡᠭᠦᠯᠦᠨ ᠴᠠᠬᠢᠯᠭᠠᠨ ᠬᠦᠷᠭᠡᠬᠦ ᠵᠢ ᠪᠡᠶᠡᠯᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号