ᠲᠦᠩᠯᠢᠶᠤᠤ ᠬᠤᠲᠠ ᠵᠢᠨ ᠬᠤᠷᠴᠢᠨ ᠵᠡᠭᠦᠨ ᠭᠠᠷᠤᠨ ᠬᠤᠢᠲᠤ ᠬᠤᠰᠢᠭᠤᠨ᠎ᠤ ᠠᠳᠤᠭᠤᠴᠢᠨ ᠰᠤᠮᠤ ᠤᠢᠷ᠎ᠠ ᠳ᠋ᠤ 《ᠦᠵᠡᠯ ᠰᠠᠨᠠᠭ᠎ᠠ ᠵᠢ ᠰᠤᠷᠤᠯᠴᠠᠨ᠂ ᠡᠷᠳᠡᠮ ᠴᠢᠳᠠᠪᠤᠷᠢ᠎ᠪᠠᠨ ᠳᠡᠭᠡᠭᠰᠢᠯᠡᠭᠦᠯᠵᠦ᠂ ᠬᠥᠭᠵᠢᠯᠲᠡ᠎ᠶᠢ ᠠᠬᠢᠭᠤᠯᠤᠨ᠂ ᠰᠢᠨ᠎ᠡ ᠭᠠᠪᠢᠶ᠎ᠠ ᠪᠠᠢᠭᠤᠯᠤᠶ᠎ᠠ》 ᠭᠡᠬᠦ ᠭᠤᠤᠯ ᠰᠡᠳᠦᠪᠲᠦ ᠪᠤᠯᠪᠠᠰᠤᠷᠠᠯ ᠡᠷᠬᠢᠯᠡᠵᠦ᠂ ᠮᠠᠯᠴᠢᠨ ᠲᠠᠷᠢᠶᠠᠴᠢᠨ ᠨᠠᠮ᠎ᠤᠨ ᠭᠡᠰᠢᠭᠦᠨᠵᠢᠡᠨ ᠡᠭᠡᠯᠵᠢᠯᠡᠨ ᠪᠤᠯᠪᠠᠰᠤᠷᠠᠭᠤᠯᠵᠠᠢ᠂ ᠪᠤᠯᠪᠠᠰᠤᠷᠠᠯ 2 ᠡᠳᠦᠷᠶᠠᠪᠤᠭᠳᠠᠵᠤ᠂ 260 ᠭᠠᠷᠤᠢ ᠮᠠᠯᠴᠢᠨ ᠲᠠᠷᠢᠶᠠᠴᠢᠨ ᠨᠠᠮ᠎ᠤᠨ ᠭᠡᠰᠢᠭᠦᠨ ᠤᠷᠤᠯᠴᠠᠪᠠ᠃
ᠪᠤᠯᠪᠠᠰᠤᠷᠠᠯ ᠳᠡᠭᠡᠷ᠎ᠡ ᠰᠤᠮᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠤᠳᠤᠷᠢᠳᠬᠤ ᠪᠠᠭ ᠦᠨᠳᠦᠰᠦᠨ ᠱᠠᠲᠤᠨ᠎ᠤ ᠵᠥᠷᠢᠴᠡᠯ ᠵᠠᠭᠤᠷᠠᠯᠳᠤᠭᠠᠨ᠎ᠢ ᠵᠢᠭ᠍ᠰᠠᠭᠠᠨ ᠪᠠᠢᠴᠠᠭᠠᠵᠤ ᠰᠢᠢᠳᠪᠦᠷᠢᠯᠡᠬᠦ᠂ ᠰᠠᠬᠢᠯᠭ᠎ᠠ ᠪᠠᠲᠤ᠎ᠶᠢᠨ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠬᠦ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠰᠠᠢᠲᠤᠷ ᠬᠠᠮᠢᠶᠠᠷᠤᠨ ᠡᠵᠡᠮᠳᠡᠬᠦ᠂ ᠨᠠᠮ᠎ᠤᠨ ᠪᠠᠢᠭᠤᠯᠤᠯᠲᠠ᠎ᠪᠠᠷ ᠬᠥᠳᠡᠭᠡ ᠲᠣᠰᠬᠣᠨ᠎ᠤ ᠴᠢᠳᠠᠪᠤᠷᠢᠲᠠᠨ᠎ᠢ ᠬᠥᠮᠥᠵᠢᠭᠦᠯᠬᠦ᠎ᠶᠢ ᠬᠥᠲᠥᠯᠥᠨ ᠳᠠᠭᠠᠭᠤᠯᠬᠤ ᠵᠡᠷᠭᠡ ᠲᠠᠯ᠎ᠠ ᠪᠡᠷ ᠠᠷᠭ᠎ᠠ ᠬᠡᠮᠵᠢᠶ᠎ᠠ ᠪᠠᠨ ᠬᠤᠪᠢᠶᠠᠯᠴᠠᠵᠤ᠂ ᠪᠤᠳᠠᠲᠠᠢ ᠰᠠᠨᠠᠯ ᠰᠠᠨᠠᠭᠤᠯᠭ᠎ᠠ ᠳᠤᠷᠠᠳᠤᠭᠰᠠᠨ ᠪᠠᠢᠨ᠎ᠠ᠃ ᠪᠣᠯᠪᠠᠰᠤᠷᠠᠯ ᠳᠡᠭᠡᠷ᠎ᠡ ᠪᠠᠰᠠ ᠮᠠᠯᠴᠢᠨ ᠲᠠᠷᠢᠶᠠᠴᠢᠨ ᠨᠠᠮ᠎ᠤᠨ ᠭᠡᠰᠢᠭᠦᠨ᠎ᠦ ᠬᠦᠰᠡᠯ ᠬᠡᠷᠡᠭᠴᠡᠭᠡ ᠳ᠋ᠤ ᠠᠩᠬᠠᠷᠤᠯ ᠵᠢᠡᠨ ᠲᠦᠪᠯᠡᠷᠡᠭᠦᠯᠦᠨ᠂ ᠬᠤᠷᠴᠢᠨ ᠵᠡᠭᠦᠨ ᠭᠠᠷᠤᠨ ᠬᠤᠢᠲᠤ ᠬᠣᠰᠢᠭᠤᠨ᠎ᠤ ᠨᠠᠮ᠎ᠤᠨ ᠬᠤᠷᠢᠶ᠎ᠠ ᠵᠢᠨ ᠨᠠᠮ᠎ᠤᠨ ᠰᠤᠷᠭᠠᠭᠤᠯᠢ᠎ᠶᠢᠨ ᠪᠠᠭᠰᠢ ᠨᠠᠷ᠎ᠢ ᠤᠷᠢᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠠᠢᠯᠪᠤᠷᠢᠯᠠᠨ᠂ ᠣᠢ ᠰᠢᠭᠤᠢ ᠨᠤᠲᠤᠭ ᠪᠡᠯᠴᠢᠭᠡᠷ᠎ᠢ ᠡᠪᠳᠡᠵᠦ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠡᠭᠴᠡᠯᠡᠨ ᠵᠠᠰᠠᠬᠤ ᠠᠵᠢᠯ᠎ᠤᠨ ᠲᠤᠬᠠᠢ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠰᠢᠰᠲᠧᠮ᠎ᠲᠠᠢ ᠲᠠᠢᠯᠪᠤᠷᠢᠯᠠᠪᠠ᠃
ᠲᠤᠰ ᠪᠤᠯᠪᠠᠰᠤᠷᠠᠯ ᠣᠨᠣᠯ᠎ᠤᠨ ᠬᠢᠴᠢᠶᠡᠯᠯᠡᠭᠡ ᠪᠠ ᠲᠤᠬᠠᠢ᠎ᠶᠢᠨ ᠲᠠᠯᠠᠪᠠᠶ᠎ᠶᠢᠨ ᠵᠢᠭᠠᠨ ᠰᠤᠷᠭᠠᠯᠲᠠ ᠵᠢ ᠤᠶᠠᠯᠳᠤᠭᠤᠯᠤᠨ᠂ ᠲᠥᠪᠯᠡᠷᠡᠭᠦᠯᠦᠨ ᠬᠢᠴᠢᠶᠡᠯᠯᠡᠭᠰᠡᠨᠦ ᠳᠠᠷᠠᠭ᠎ᠠ ᠪᠤᠯᠪᠠᠰᠤᠷᠠᠯ᠎ᠳᠤ ᠤᠷᠤᠯᠴᠠᠭᠰᠠᠳ᠎ᠢ ᠵᠣᠬᠢᠶᠠᠨ ᠪᠠᠢᠭᠤᠯᠤᠭᠠᠳ᠂ ᠲᠦᠩᠯᠢᠶᠣᠣ ᠬᠣᠲᠠ᠎ᠶᠢᠨ ᠬᠣᠷᠴᠢᠨ ᠵᠠᠩ ᠦᠶ᠋ᠯᠡ ᠲᠡᠦᠬᠡ ᠰᠣᠶᠣᠯ᠎ᠤᠨ ᠬᠦᠷᠢᠶᠡᠯᠡᠩ᠎ᠳᠤ ᠭᠦᠷᠴᠦ ᠵᠢᠭᠠᠨ ᠰᠤᠷᠭᠠᠯᠳᠠ ᠵᠢᠨ ᠠᠵᠢᠯᠯᠠᠭ᠎ᠠ ᠦᠷᠨᠢᠭᠦᠯᠦᠭᠰᠡᠨ ᠪᠠᠢᠨ᠎ᠠ᠃