ᠤᠢᠷ᠎ᠠ᠎ᠳᠤ᠂ ᠬᠢᠩᠭᠠᠨ ᠠᠢᠮᠠᠭ᠎ᠤᠨ ᠵᠠᠯᠠᠢᠳ ᠬᠤᠰᠢᠭᠤᠨ᠎ᠤ ᠲᠡᠮᠡᠭᠡᠴᠢ ᠪᠠᠯᠭᠠᠰᠤ ᠵᠢᠨ ᠱᠤᠸᠠᠩ ᠾᠸ ᠭᠠᠴᠠᠭᠠᠨ᠎ᠤ ᠨᠠᠷᠠᠲᠤ ᠲᠡᠮᠳᠡᠭ᠌ᠲᠦ 《ᠱᠤᠸᠠᠩ ᠾᠧ ᠨᠠᠷᠢᠮᠤ》 ᠪᠣᠭᠤᠳᠠᠯᠯᠠᠬᠤ ᠲᠠᠰᠤᠭ᠎ᠲᠤ᠌᠂ ᠠᠵᠢᠯᠳᠠᠳ ᠪᠤᠭᠤᠳᠠᠯᠯᠠᠭᠰᠡᠨ ᠬᠠᠢᠷᠴᠠᠭ᠍ᠲᠤ ᠨᠠᠷᠠᠲᠤ ᠲᠡᠮᠳᠡᠭ᠌ᠲᠦ 《ᠱᠤᠸᠠᠩ ᠾᠧ ᠨᠠᠷᠢᠮᠤ》 ᠪᠠᠨ ᠤᠳᠠᠯ ᠥᠬᠡᠶ ᠪᠡᠭᠡᠵᠢᠩ ᠬᠤᠲᠠ᠎ᠶ᠋ᠢᠨ ᠹᠧᠩᠲ᠋ᠠᠢ ᠲᠣᠭᠤᠷᠢᠭ ᠲᠤ᠌ ᠭᠦᠷᠭᠡᠭᠦ ᠪᠡᠷ ᠶᠠᠭᠠᠷᠠᠯᠳᠠᠢ ᠠᠵᠢᠯᠯᠠᠵᠤ ᠪᠠᠢᠯ᠎ᠠ᠃
《ᠪᠢᠳᠡ 4 ᠲᠦᠮᠡᠨ ᠵᠢᠩ ᠨᠠᠷᠢᠮᠤ ᠪᠤᠯᠪᠠᠰᠤᠷᠠᠭᠤᠯᠵᠤ᠂ ᠪᠡᠭᠡᠵᠢᠩ ᠬᠤᠳᠠ ᠵᠢᠨ ᠹᠧᠩᠲ᠋ᠠᠢ ᠲᠣᠭᠤᠷᠢᠭ᠎ᠲᠤ ᠭᠦᠷᠭᠡᠭᠦ᠎ᠪᠠᠷ ᠪᠡᠯᠡᠳᠭᠡᠵᠦ᠍ ᠪᠠᠢᠨ᠎ᠠ᠃ ᠡᠨᠡ ᠬᠡᠳᠦᠨ ᠵᠢᠯ᠎ᠳᠤ ᠪᠢᠳᠡ ᠲᠣᠰᠭᠤᠨ᠎ᠤ ᠠᠷᠠᠳ᠎ᠢ ᠲᠠᠢᠴᠢᠯᠠᠨ ᠤᠳᠤᠬᠠᠨ ᠪᠤᠯᠳᠠᠯ᠎ᠠ ᠲᠠᠯ᠎ᠠ ᠨᠠᠶᠠᠨ ᠡᠷᠤᠭᠡ ᠲᠠᠷᠢᠶᠠᠴᠢᠳ᠎ᠢ ᠲᠠᠭᠠᠭᠤᠯᠤᠨ ᠨᠠᠷᠢᠮᠤ ᠲᠠᠷᠢᠭᠤᠯᠵᠠᠢ᠃ ᠬᠠᠪᠰᠤᠷᠤᠨ ᠲᠡᠳᠬᠦᠬᠦ᠌ ᠪᠠᠢᠭᠤᠯᠭ᠎ᠠ ᠨᠢᠭᠡᠴᠢ᠎ᠶ᠋ᠢᠨ ᠬᠠᠪᠰᠤᠷᠤᠯᠭ᠎ᠠ ᠳᠣᠤᠷ᠎ᠠ᠂ ᠮᠠᠨ᠎ᠤ ᠪᠣᠷᠣᠯᠠᠭᠤᠯᠬᠤ ᠬᠡᠮᠵᠢᠶ᠎ᠡ ᠤᠯᠠᠮ᠎ᠠᠴᠠ ᠤᠯᠠᠮ ᠨᠡᠮᠡᠭᠳᠡᠵᠤ ᠪᠤᠢ》 ᠭᠡᠵᠤ ᠵᠠᠯᠠᠢᠳ ᠬᠤᠱᠢᠭᠤᠨ᠎ᠤ ᠲᠡᠮᠡᠭᠡᠴᠢ ᠪᠠᠯᠭᠠᠰᠤᠨ᠎ᠤ ᠱᠤᠸᠠᠩ ᠾᠧ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠯᠢᠦ ᠭᠠᠩ ᠬᠡᠯᠡᠪᠡ᠃
ᠱᠤᠸᠠᠡᠭ ᠡᡁᠸ ᠭᠠᠴᠠᠭ᠎ᠠ ᠨᠢ ᠨᠠᠷᠠᠲᠤ ᠲᠡᠮᠳᠡᠭ᠌ᠲᠦ 《ᠱᠤᠸᠠᠩ ᠾᠧ ᠨᠠᠷᠢᠮᠤ》ᠵᠢ 2022 ᠣᠨ᠎ᠠᠴᠠ ᠡᠬᠢᠯᠡᠨ ᠤᠢᠯᠡᠳᠪᠤᠷᠢᠯᠡᠵᠠᠢ᠂ ᠲᠤᠬᠠᠶ᠎ᠶ᠋ᠢᠨ ᠦᠶ᠎ᠡ᠎ᠳᠤ᠂ ᠱᠤᠸᠠᠩ ᠾᠧ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠯᠢᠦ ᠭᠠᠩ ᠤᠯᠠᠭᠠᠨᠬᠠᠳᠠ᠎ᠳᠤ ᠬᠦᠷᠴᠦ᠍ ᠨᠠᠷᠢᠮᠤ ᠳᠠᠷᠢᠬᠤ ᠲᠡᠷᠢᠭᠦᠨ᠎ᠤ ᠮᠡᠷᠭᠡᠵᠢᠯ᠎ᠢ ᠰᠤᠷᠤᠯᠴᠠᠭ᠍ᠰᠠᠨ᠎ᠤ ᠳᠠᠷᠠᠭ᠎ᠠ᠂ 《ᠨᠢᠭᠡ ᠲᠣᠰᠭᠤᠨ ᠨᠢᠭᠡ ᠪᠦᠲᠦᠭᠡᠭ᠌ᠳᠡᠬᠦᠨ ᠭᠠᠷᠭᠠᠬᠤ》 ᠵᠢᠯᠤᠭᠤᠳᠤᠯᠭ᠎ᠠ ᠪᠠᠷ ᠤᠨᠴᠠᠯᠢᠬ᠍ᠳᠤ ᠨᠠᠷᠢᠮᠤ ᠲᠠᠷᠢᠬᠤ ᠪᠠᠷ ᠲᠠᠭᠠᠭᠤᠯᠤᠬᠴᠢ ᠠᠵᠤ ᠦᠢᠯᠡᠰ ᠪᠣᠯᠭᠠᠵᠤ᠂ ᠪᠣᠬᠢᠷᠲᠤᠯ ᠦᠭᠡᠢ ᠲᠠᠷᠢᠮᠠᠯ᠎ᠤᠨ ᠪᠠᠷᠢᠮᠵᠢᠶ᠎ᠠ᠎ᠶ᠋ᠢ ᠨᠢᠭᠡᠳᠦᠯᠲᠡᠢ ᠪᠣᠯᠭᠠᠨ ᠲᠠᠷᠢᠶᠠᠴᠢᠳ᠎ᠢ ᠳᠠᠭᠠᠭᠤᠯᠵᠤ᠂ 《ᠱᠤᠸᠠᠩ ᠾᠧ ᠨᠠᠷᠢᠮᠤ》᠎ᠶ᠋ᠢᠨ ᠲᠦᠷᠦᠯ ᠲᠡᠮᠳᠡᠭ᠎ᠢ ᠭᠠᠷᠭᠠᠵᠠᠢ᠃ ᠲᠠᠷᠠᠭ᠎ᠠ ᠳᠤᠨᠢ᠂ ᠪᠡᠭᠡᠵᠢᠩ᠎ᠤᠨ ᠹᠧᠩᠲ᠋ᠠᠢ ᠲᠣᠭᠤᠷᠢᠭ ᠵᠡᠷᠭᠡ ᠬᠠᠪᠰᠤᠷᠤᠨ ᠲᠡᠳᠬᠦᠬᠦ᠌ ᠪᠠᠢᠭᠤᠯᠭ᠎ᠠ ᠨᠢᠭᠡᠴᠢ ᠪᠠᠷ ᠬᠥᠭᠦᠷᠭᠡ ᠬᠤᠯᠪᠣᠭᠠᠰᠤ ᠪᠤᠯᠭᠠᠵᠤ᠂ ᠨᠠᠷᠠᠲᠤ ᠲᠡᠮᠳᠡᠭ᠌ᠲᠦ 《ᠱᠤᠸᠠᠩ ᠾᠧ ᠨᠠᠷᠢᠮᠤ》 ᠵᠢ ᠨᠡᠢᠰᠯᠡᠯ ᠪᠠᠬᠡᠵᠢᠡᠭᠳᠤ ᠱᠢᠭᠤᠳ ᠬᠦᠷᠭᠡᠨ ᠪᠣᠷᠣᠯᠠᠭᠤᠯᠭ᠎ᠠ᠎ᠶ᠋ᠢᠨ ᠵᠠᠮ᠎ᠢ ᠨᠡᠪᠲᠡᠷᠡᠭᠦᠯᠵᠦ᠍᠂ ᠲᠠᠷᠢᠶᠠᠴᠢᠳ᠎ᠢ ᠲᠠᠭᠠᠭᠤᠯᠤᠨ ᠪᠠᠶᠠᠵᠢᠯ᠎ᠤᠨ ᠵᠠᠮ ᠵᠢᠨᠷ ᠵᠠᠮᠨᠠᠭᠤᠯᠵᠠᠢ᠃ ᠣᠬᠤᠷᠬᠠᠨ ᠬᠡᠳᠦᠨ ᠵᠢᠯ᠎ᠤᠨ ᠬᠤᠭᠤᠴᠠᠭᠠᠨ᠎ᠳᠤ᠂ ᠱᠤᠸᠠᠩ ᠾᠧ ᠭᠠᠴᠠᠭᠠᠨ᠎ᠤ ᠨᠠᠷᠢᠮᠤ ᠳᠠᠷᠢᠬᠤ ᠲᠠᠯᠠᠪᠠᠶ ᠬᠠᠮᠤᠭ᠎ᠤᠨ ᠠᠩᠬᠠᠨ᠎ᠤ ᠮᠢᠩᠭ᠎ᠠ ᠭᠠᠷᠤᠶ ᠮᠥ᠍ ᠪᠠᠢᠭ᠍ᠰᠠᠨ᠎ᠠᠴᠠ᠎ᠪᠠᠨ ᠣᠲᠣ᠎ᠶ᠋ᠢᠨ ᠨᠠᠢ᠍ᠮᠠᠨ ᠮᠢᠩᠭ᠎ᠠ ᠭᠠᠷᠤᠶ ᠮᠥ᠍ ᠪᠣᠯᠵᠣ ᠥᠷᠭᠡᠳᠴᠡᠶ᠃
《ᠡᠨᠡ ᠵᠢᠯ ᠪᠢ 100 ᠭᠠᠷᠤᠶ ᠮᠦ᠍ ᠲᠠᠷᠢᠶ᠎ᠠ ᠲᠠᠷᠢᠵᠤ᠂ ᠲᠠᠷᠢᠮᠠᠯ ᠵᠢᠠᠨ ᠬᠤᠷᠱᠢᠶ᠎ᠠ᠎ᠪᠡᠷ ᠳᠠᠮᠵᠢᠨ ᠪᠤᠷᠤᠯᠠᠭᠤᠯᠵᠤ᠂ ᠪᠢᠳᠡᠨ᠎ᠤ ᠤᠷᠤᠯᠭ᠎ᠠ ᠵᠢᠯ ᠡᠴᠨ ᠵᠢᠯ ᠨᠡᠮᠡᠭᠳᠡᠵᠠᠢ᠃ ᠢᠷᠡᠬᠦ᠌ ᠵᠢᠯ᠎ᠳᠤ ᠪᠢ ᠪᠠᠰᠠ ᠲᠠᠷᠢᠮᠠᠯ ᠤᠨ ᠭᠦᠷᠢᠶ᠎ᠠ ᠭᠡᠪᠴᠢᠶ᠎ᠠ ᠪᠠᠨ ᠤᠯᠠᠮ ᠨᠢᠭᠡ ᠠᠯᠬᠤᠮ ᠦᠷᠭᠡᠳᠭᠡᠵᠤ᠂ ᠣᠷᠣᠯᠭ᠎ᠠ᠎ᠪᠠᠨ ᠲᠠᠬᠢᠨᠳᠠ ᠨᠡᠮᠡᠭ᠌ᠳᠡᠭᠦᠯᠭᠦ ᠪᠡᠷ ᠪᠠᠢᠨ᠎ᠠ》 ᠭᠡᠵᠦ᠍ ᠵᠠᠯᠠᠢᠳ ᠬᠤᠱᠢᠭᠤᠨ᠎ᠤ ᠲᠡᠮᠡᠭᠡᠴᠢ ᠪᠠᠯᠭᠠᠰᠤᠨ᠎ᠤ ᠱᠤᠸᠠᠩ ᠾᠧ ᠭᠠᠴᠠᠭᠠᠨ᠎ᠤ ᠠᠷᠠᠳ ᠰᠦᠨ ᠱᠤ᠌ ᠨᠠᠨ ᠪᠠᠶᠠᠷᠳᠠᠢ ᠬᠡᠯᠡᠪᠠ᠃
ᠤᠳᠤᠬᠠᠨ ᠳᠤ᠂ 《ᠨᠢᠭᠡ ᠠᠶᠠᠭ᠎ᠠ》 ᠨᠠᠷᠢᠮᠤ ᠪᠤᠳᠠᠭ᠎ᠠ᠎ᠪᠠᠷ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭᠠᠨ᠎ᠤ ᠰᠡᠳᠭᠢᠯᠭᠡ᠎ᠶ᠋ᠢ ᠢᠯᠡᠳᠭᠡᠵᠦ᠍᠂ ᠤᠯᠠᠨ ᠲᠦᠮᠡᠨ ᠬᠠᠮᠲᠤ ᠪᠠᠷ ᠲᠠᠷᠢᠵᠤ ᠬᠠᠮᠲᠤ᠎ᠪᠠᠷ ᠪᠣᠷᠣᠯᠠᠭᠤᠯᠬᠤ᠂ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠬᠦ᠌ ᠠᠵᠤ ᠦᠢᠯᠡᠰ᠎ᠤᠨ ᠬᠡᠯᠬᠢᠶ᠎ᠡ ᠪᠡᠷ ᠲᠠᠮᠵᠢᠨ᠂ ᠠᠮᠤ ᠪᠤᠳᠠᠭ᠎ᠠ᠎ᠪᠠᠷ ᠵᠠᠭᠤᠴᠢ ᠪᠣᠯᠭᠠᠨ ᠰᠡᠳᠭᠢᠯ᠎ᠢᠶᠠᠨ ᠨᠢᠭᠡᠳᠭᠡᠨ ᠬᠦᠴᠦ ᠪᠠᠨ ᠬᠠᠮᠳᠤᠳᠬᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠵᠢᠷᠤᠭ᠎ᠢ ᠬᠠᠮᠲᠤ ᠪᠠᠷ ᠵᠢᠷᠤᠭ᠍ᠯᠠᠪᠠ᠃
《ᠬᠤᠢᠰᠢᠳᠠ ᠪᠢᠳᠡ 〈ᠰᠠᠢᠨ ᠪᠠᠷᠠᠭ᠎ᠠ ᠵᠢ ᠪᠡᠭᠡᠵᠢᠩ᠎ᠳᠤ ᠭᠦᠷᠭᠡᠭᠦ〉 ᠪᠠᠷ ᠡᠬᠢᠯᠡᠯᠲᠡ ᠪᠣᠯᠭᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠵᠢᠯᠴᠠᠬᠤ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠨ᠂ ᠲᠡᠷᠢᠭᠦᠨ᠎ᠤ ᠠᠮᠤ ᠪᠤᠳᠠᠭ᠎ᠠ ᠪᠤᠯᠪᠠᠰᠤᠷᠠᠭᠤᠯᠬᠤ ᠲᠥᠬᠦᠭᠡᠷᠦᠮᠵᠢ᠎ᠶ᠋ᠢ ᠣᠷᠣᠭᠤᠯᠤᠨ ᠠᠪᠴᠢᠷᠠᠵᠤ ᠨᠠᠷᠢᠮᠤ᠎ᠶ᠋ᠢ ᠨᠠᠷᠢᠯᠢᠭ ᠭᠦᠨᠵᠡᠭᠡᠶ ᠪᠤᠯᠪᠠᠰᠤᠷᠠᠭᠤᠯᠵᠤ᠂ ᠦᠢᠯᠡᠳᠬᠦᠨ᠎ᠤ ᠨᠡᠮᠡᠯᠲᠡ ᠥᠷᠲᠡᠭ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠂ ᠲᠡᠮᠡᠭᠡᠴᠢ ᠪᠠᠯᠭᠠᠰᠤ ᠵᠢᠨ 〈ᠱᠤᠸᠠᠩ ᠾᠧ ᠨᠠᠷᠢᠮᠤ〉 ᠶ᠋ᠢ ᠪᠡᠭᠡᠵᠢᠩ᠎ᠤᠨ ᠵᠠᠬ᠎ᠠ ᠳᠡᠯᠭᠡᠭᠦᠷ᠎ᠲᠤ ᠭᠦᠷᠭᠡᠭᠦ᠎ᠪᠠᠷ ᠪᠠᠷᠠᠬᠤ ᠥᠬᠡᠶ᠂ ᠨᠠᠩ ᠴᠢᠨᠠᠬᠰᠢᠯᠠᠨ ᠪᠥᠬᠦ᠌ ᠤᠯᠤᠰ᠎ᠲᠤ ᠭᠦᠷᠭᠡᠨ᠎ᠠ》 ᠭᠡᠵᠤ ᠵᠠᠯᠠᠢᠳ ᠬᠤᠱᠢᠭᠤᠨ᠎ᠤ ᠲᠡᠮᠡᠭᠡᠴᠢ ᠪᠠᠯᠭᠠᠰᠤᠨ᠎ᠤ ᠨᠢᠭᠡᠳᠦᠮᠡᠯ ᠹᠷᠣᠨᠲ᠎ᠤᠨ ᠭᠡᠱᠢᠭᠦᠨ ᠱᠢᠶᠤᠤ ᠱᠢᠤᠸᠠᠢ ᠬᠡᠯᠡᠪᠡ᠃