ᠤᠯᠠᠭᠠᠨᠴᠠᠪ ᠬᠤᠲᠠ ᠵᠢᠨ ᠱᠢᠩ ᠡᡁᠸ ᠱᠢᠶᠠᠨ᠎ᠤ ᠳ᠋ᠢᠶᠠᠨ ᠽᠢ ᠪᠠᠯᠭᠠᠰᠤᠨ᠎ᠤ ᠸᠠᠩ ᠢᠦᠢ ᠹᠸᠢ ᠤᠢᠷ᠎ᠠ ᠳ᠋ᠤ 《ᠥᠩᠭᠡᠷᠡᠭ᠌ᠰᠡᠨ᠎ᠳᠦ ᠶᠡᠷᠦ᠍ ᠨᠢ ᠭᠠᠳᠠᠭ᠍ᠰᠢ ᠭᠠᠷᠴᠤ᠌ ᠬᠥᠯᠥᠰᠥᠨ ᠠᠵᠢᠯ ᠬᠢᠬᠡᠳ ᠭᠡᠷ ᠪᠦᠯᠢ᠎ᠪᠡᠨ ᠴᠦ᠍ ᠬᠠᠷᠠᠭᠠᠯᠵᠠᠬᠤ ᠴᠢᠯᠦᠭᠡ ᠦᠭᠡᠢ ᠶᠠᠭᠠᠷᠠᠳᠠᠭ᠂ ᠵᠠᠷᠤᠯᠭ᠎ᠠ᠎ᠪᠠᠨ ᠭᠠᠷᠭᠠᠪᠠᠯ ᠵᠣᠭᠣᠰ ᠴᠤ᠌ ᠳᠡᠮᠡᠢ ᠦᠯᠡᠳᠡᠬᠦ᠌ ᠦᠭᠡᠢ᠃ ᠤᠳᠤ ᠭᠡᠷ᠎ᠦᠨ ᠡᠭᠦᠳᠡᠨ ᠳ᠋ᠡᠭᠡᠨ ᠮᠡᠷᠭᠡᠵᠢᠯ ᠰᠤᠷᠤᠭᠠᠳ ᠲᠣᠭ᠍ᠲᠠᠪᠤᠷᠢᠲᠠᠶ ᠠᠵᠢᠯ ᠲᠠᠢ ᠪᠤᠯᠵᠤ ᠠᠮᠢᠳᠤᠷᠠᠯ ᠰᠠᠢᠵᠢᠷᠠᠵᠠᠢ︾ ᠭᠡᠵᠦ ᠰᠤᠷᠪᠤᠯᠵᠢᠯᠠᠭᠴᠢ᠎ᠳᠤ ᠶᠠᠷᠢᠵᠤ ᠪᠠᠢᠬᠰᠠᠨ ᠪᠢᠯᠡ᠃ ᠡᠳᠦᠭᠡ ᠱᠢᠩ ᠡᡁᠸ ᠱᠢᠶᠠᠨ᠎ᠳᠤ ᠸᠠᠩ ᠢᠦᠢ ᠹᠸᠢ ᠱᠢᠭ 《ᠭᠡᠷ᠎ᠦᠨ ᠵᠢᠡᠨ ᠡᠭᠦᠳᠡᠨ》 ᠳ᠋ᠡᠭᠡᠨ ᠠᠵᠢᠯ ᠤᠯᠤᠭᠰᠠᠨ ᠬᠦᠮᠦᠨ ᠡᠳᠤᠷ ᠢᠷᠡᠬᠦᠶ᠎ᠠ ᠣᠯᠠᠱᠢᠷᠠᠵᠤ᠂ ᠣᠷᠣᠯᠭ᠎ᠠ᠎ᠪᠠᠨ ᠨᠡᠮᠡᠭ᠌ᠳᠡᠭᠦᠯᠦᠨ᠂ ᠠᠮᠢᠳᠤᠷᠠᠯ ᠵᠢᠡᠨ ᠦᠭᠡᠳᠡ ᠲᠠᠲᠠᠵᠤ ᠪᠤᠢ᠃
ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ᠂ ᠮᠡᠷᠭᠡᠵᠢᠯ ᠴᠢᠳᠠᠪᠤᠷᠢ ᠪᠣᠯ ᠠᠵᠢᠯ ᠣᠯᠭᠣᠯᠲᠠ᠎ᠶ᠋ᠢᠨ ᠰᠠᠭᠤᠷᠢ ᠮᠥᠨ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠳᠦ ᠨᠠᠰᠤᠨ ᠲᠤᠷᠱᠢᠬᠢ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ᠎ᠤᠨ ᠲᠦᠷᠢᠮ᠎ᠢ ᠲᠡᠭᠦᠯᠳᠡᠷᠵᠢᠭᠦᠯᠵᠤ᠂ ᠪᠦᠲᠦᠴᠡ᠎ᠶ᠋ᠢᠨ ᠴᠢᠨᠠᠷᠲᠠᠢ ᠠᠵᠢᠯ ᠣᠯᠭᠣᠯᠲᠠ᠎ᠶ᠋ᠢᠨ ᠵᠥᠷᠢᠴᠡᠯ᠎ᠢ ᠬᠦᠴᠦᠯᠡᠨ ᠱᠢᠢᠳᠪᠦᠷᠢᠯᠡᠨ᠎ᠠ ᠬᠡᠵᠤ ᠵᠢᠭᠠᠵᠤ ᠭᠠᠷᠭᠠᠵᠠᠢ᠃ ᠱᠢᠩ ᠾᠧ ᠱᠢᠶᠠᠨ᠎ᠤ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠲᠥᠪ ᠰᠠᠨᠠᠭᠠᠴᠢᠯᠠᠭ᠎ᠠ᠎ᠠᠴᠠ᠎ᠪᠠᠨ ᠤᠢᠯᠠᠴᠢᠯᠡᠭᠡ ᠵᠢ ᠦᠨᠳᠦᠰᠦᠨ ᠱᠠᠲᠤᠨ᠎ᠳᠤ ᠭᠦᠨᠵᠡᠭᠡᠢᠷᠡᠭᠦᠯᠦᠨ᠂ 《ᠪᠣᠯᠪᠠᠰᠤᠷᠠᠯ + ᠠᠵᠢᠯᠳᠠᠨ ᠡᠯᠰᠡᠬᠦ᠌》 ᠬᠣᠣᠰ ᠬᠥᠳᠡᠯᠭᠡᠭᠦᠷ᠎ᠢᠶᠡᠷ ᠠᠵᠢᠯ ᠣᠯᠭᠣᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠤ ᠪᠤᠢ᠃ ᠲᠤᠰ ᠲᠦᠪ᠎ᠤᠨ ᠠᠵᠢᠯᠲᠠᠨ ᠱᠢᠶᠠᠩ ᠪᠠᠯᠭᠠᠰᠤ ᠭᠠᠴᠠᠭ᠎ᠠ ᠲᠣᠰᠭᠣᠨ᠎ᠳᠤ ᠭᠦᠨᠵᠡᠭᠡᠢᠷᠡᠨ᠂ ᠮᠠᠯᠴᠢᠨ ᠲᠠᠷᠢᠶᠠᠴᠢᠨ ᠬᠦᠯᠦᠰᠤᠨ ᠠᠵᠢᠯ ᠬᠢᠭᠰᠡᠳ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠬᠦᠮᠦᠰ ᠤ᠋ᠨ ᠮᠡᠷᠭᠡᠵᠢᠯ ᠴᠢᠳᠠᠪᠤᠷᠢ᠎ᠶ᠋ᠢᠨ ᠬᠦᠰᠡᠯ ᠬᠡᠷᠡᠭ᠌ᠴᠡᠭᠡ᠎ᠶ᠋ᠢ ᠲᠣᠳᠣᠷᠬᠠᠶ ᠣᠢᠯᠠᠭᠠᠵᠤ᠂ ᠺᠣᠮᠫᠢᠦ᠋ᠲᠧᠷ ᠬᠡᠷᠡᠭᠯᠡᠭᠡ᠂ ᠡᠬᠡ ᠨᠢᠯᠬᠠᠰ᠎ᠤᠨ ᠰᠤᠪᠢᠯᠠᠯᠳᠠ᠂ ᠡᠷᠡᠭᠦᠯ ᠮᠡᠨᠳᠦ᠍᠎ᠶ᠋ᠢ ᠬᠠᠮᠠᠭᠠᠯᠠᠬᠤ ᠢᠯᠢᠯᠭᠡ ᠨᠤᠬᠤᠯᠠᠭ᠎ᠠ ᠵᠡᠷᠭᠡ ᠬᠡᠷᠡᠭ᠌ᠴᠡᠭᠡ᠎ᠳᠤ ᠴᠢᠨᠠᠷ ᠵᠢᠡᠷ ᠴᠢᠡᠭᠭ᠎ᠠ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ ᠢ᠋ ᠣᠯᠠᠨ ᠲᠦᠮᠡᠨ᠎ᠦ 《ᠭᠡᠷ᠎ᠦᠨ ᠡᠭᠦᠳᠡᠨ》 ᠳ᠋ᠤ ᠬᠦᠷᠭᠡᠵᠠᠢ᠃
《ᠠᠳᠠᠯᠢ ᠪᠤᠰᠤ ᠬᠦᠮᠤᠰ ᠤ᠋ᠨ ᠣᠨᠴᠠᠯᠢᠭᠲᠤ ᠴᠢᠭ᠌ᠯᠡᠭᠦᠯᠦᠨ᠂ ᠪᠢᠳᠡ ᠣᠨᠣᠯ᠎ᠤᠨ ᠮᠡᠳᠡᠯᠭᠡ ᠵᠢᠭᠠᠬᠤ᠎ᠪᠠᠷ ᠪᠠᠷᠠᠬᠤ ᠥᠬᠡᠶ᠂ ᠪᠣᠳᠠᠲᠠᠶ ᠪᠣᠯᠪᠠᠰᠤᠷᠠᠯ ᠬᠢᠬᠦ᠌᠎ᠶ᠋ᠢ ᠨᠠᠩ ᠴᠢᠬᠤᠯᠠᠴᠢᠯᠠᠵᠤ᠂ ᠰᠤᠷᠤᠭ᠍ᠴᠢᠳ᠎ᠤᠨ ᠰᠤᠷᠴᠤ᠌ ᠪᠠᠷᠠᠪᠠᠯ ᠬᠡᠷᠡᠭ᠌ᠯᠡᠵᠦ᠍ ᠳᠡᠢᠯᠬᠦ᠌᠂ ᠬᠡᠷᠡᠭ᠌ᠯᠡᠭᠡᠳ ᠤᠷᠤᠯᠭ᠎ᠠ ᠲᠠᠢ ᠪᠤᠯᠬᠤ ᠵᠢ ᠦᠨᠡᠨ ᠬᠦ᠌ ᠪᠠᠲᠤᠯᠠᠨ᠎ᠠ》 ᠭᠡᠵᠦ᠍ ᠱᠢᠩ ᠾᠧ ᠱᠢᠶᠠᠨ᠎ᠤ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠥᠪ᠎ᠦᠨ ᠡᠷᠬᠢᠯᠡᠭ᠌ᠴᠢ ᠯᠢ ᠵᠢᠶᠠᠨ ᠵᠢᠶᠦ᠋ᠨ ᠲᠠᠨᠢᠯᠴᠠᠭᠤᠯᠪᠠ᠃ ᠪᠦᠷᠢᠳᠭᠡᠯ᠎ᠢ ᠦᠨᠳᠦᠰᠦᠯᠡᠪᠡᠯ᠂ ᠣᠳᠣ ᠪᠣᠯᠲᠠᠯ᠎ᠠ ᠪᠥᠬᠥ᠌ ᠱᠢᠶᠠᠨ᠎ᠳᠤ ᠡᠯ᠎ᠡ ᠲᠥᠷᠥᠯ᠎ᠦᠨ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ᠎ᠢ 32 ᠬᠤᠭᠤᠴᠠᠭ᠎ᠠ ᠥᠷᠨᠢᠭᠦᠯᠵᠦ᠍᠂ 1290 ᠬᠥᠮᠦᠨ᠎ᠢ ᠬᠠᠮᠤᠷᠤᠭ᠍ᠰᠠᠨ ᠪᠠᠢᠨ᠎ᠠ᠃ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠳ᠋ᠡᠬᠢ ᠠᠵᠢᠯᠲᠠᠨ ᠡᠯᠰᠡᠬᠦ᠌ ᠴᠤᠭ᠍ᠯᠠᠭᠠᠨ᠎ᠢᠶᠠᠷ ᠳᠠᠮᠵᠢᠭᠤᠯᠤᠨ᠂ 128 ᠠᠵᠤ ᠠᠬᠤᠢᠯᠠᠯ 3521 ᠠᠵᠢᠯ᠎ᠤᠨ ᠪᠠᠢᠷᠢ ᠬᠠᠩᠭᠠᠨ᠂ 177 ᠬᠥᠳᠡᠯᠮᠦᠷᠢᠴᠢᠨ᠎ᠳᠦ ᠣᠨᠣᠪᠴᠢᠲᠠᠶ ᠠᠵᠢᠯ ᠲᠣᠬᠢᠷᠠᠭᠤᠯᠵᠤ ᠥᠭ᠌ᠴᠡᠶ᠃
《ᠡᠨᠡ ᠬᠦ᠌ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ ᠪᠠᠢᠭᠰᠠᠨ ᠤ᠋ ᠠᠴᠢ ᠪᠡᠷ ᠰᠠᠷ᠎ᠠ ᠪᠦᠷᠢ ᠲᠣᠭ᠍ᠲᠠᠮᠠᠯ ᠣᠷᠣᠯᠭᠠᠤᠯᠵᠤ᠂ ᠨᠠᠰᠤᠲᠠᠢᠴᠤᠳ ᠪᠠ ᠬᠡᠦᠬᠡᠳ ᠵᠢᠨᠨ ᠴᠤ᠌ ᠬᠠᠷᠠᠭᠠᠯᠵᠠᠵᠤ ᠳᠡᠢᠯᠬᠦ ᠪᠤᠯᠤᠭᠠᠳ ᠰᠠᠨᠠᠭ᠎ᠠ ᠠᠮᠤᠷ ᠠᠮᠢᠳᠤᠷᠠᠵᠤ ᠪᠠᠢᠨ᠎ᠠ︾ ᠬᠡᠵᠤ ᠱᠢᠩ ᠾᠧ ᠱᠢᠶᠠᠨ᠎ᠤ ᠶᠡᠬᠡ ᠬᠦᠷᠢᠶ᠎ᠡ ᠱᠢᠶᠠᠩ᠎ᠤᠨ ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠵᠠᠩ ᠵᠢᠶᠠ ᠸᠧᠶ ᠲᠣᠰ ᠱᠢᠶᠠᠨ᠎ᠤ ᠠᠵᠢᠯ ᠤᠯᠬᠤ᠎ᠳᠤ ᠬᠦᠴᠢᠷᠲᠡᠶ ᠬᠥᠮᠦᠰ᠎ᠲᠦ ᠭᠠᠷᠭᠠᠵᠤ ᠥᠭ᠌ᠭᠦᠭ᠌ᠰᠡᠨ 《ᠰᠠᠭᠤᠷᠢ᠎ᠶ᠋ᠢ ᠪᠠᠲᠤᠯᠠᠬᠤ ᠠᠵᠢᠯ᠎ᠤᠨ ᠪᠠᠢᠷᠢ》 ᠵᠢᠨ ᠲᠤᠬᠠᠢ ᠰᠤᠷᠪᠤᠯᠵᠢᠯᠠᠭᠴᠢ᠎ᠳᠤ ᠤᠴᠢᠷᠯᠠᠪᠠ᠃ ᠱᠢᠩ ᠾᠧ ᠱᠢᠶᠠᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠳᠡᠬᠢ 《ᠭᠣᠣᠯᠳᠠᠯᠭ᠎ᠠ᠎ᠲᠠᠶ ᠬᠦᠮᠦᠰ ᠤ᠋ᠨ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠬᠦ᠌》 ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠶᠠᠨ᠎ᠤ ᠬᠡᠪᠴᠢᠶᠠᠨ ᠤ᠋ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠢ ᠠᠵᠢᠯ᠎ᠤᠨ ᠪᠠᠢᠷᠢ᠎ᠶ᠋ᠢ ᠲᠤᠬᠢᠷᠠᠭᠤᠯᠬᠤ ᠪᠠ ᠬᠠᠮᠢᠶᠠᠷᠬᠤ ᠲᠣᠭ᠍ᠲᠠᠴᠠ᠎ᠶ᠋ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠵᠣᠯᠭᠠᠭᠤᠯᠬᠤ ᠪᠡᠯᠡ ᠮᠥᠩᠭᠥ᠎ᠶ᠋ᠢ ᠠᠱᠢᠭ᠍ᠯᠠᠨ᠂ ᠪᠦᠬᠦ᠌ ᠱᠢᠶᠠᠨ᠎ᠤ ᠡᠩ᠎ᠦᠨ ᠭᠠᠴᠠᠭ᠎ᠠ ᠲᠣᠰᠭᠣᠨ᠎ᠳᠤ ᠬᠥᠳᠡᠭᠡ ᠲᠣᠰᠭᠣᠨ᠎ᠤ ᠴᠡᠪᠡᠷᠯᠡᠭ᠌ᠴᠢ ᠵᠡᠷᠭᠡ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠢ ᠠᠵᠢᠯ᠎ᠤᠨ ᠪᠠᠢᠷᠢ᠎ᠶ᠋ᠢ 1048 ᠭᠠᠷᠭᠠᠵᠤ᠂ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦ᠂ ᠵᠡᠮᠳᠡᠭ᠌ᠴᠦᠳ ᠵᠡᠷᠭᠡ ᠠᠵᠢᠯ ᠤᠯᠬᠤ᠎ᠳᠤ ᠬᠦᠴᠢᠷᠲᠡᠢ ᠬᠦᠮᠦᠰ ᠢ᠋ ᠭᠣᠣᠯᠳᠠᠯᠭ᠎ᠠ᠎ᠲᠠᠶ ᠲᠥᠪᠬᠢᠨᠡᠭᠦᠯᠪᠡ᠃ ᠡᠭᠦᠨ᠎ᠦ ᠬᠠᠮᠲᠤ ᠠᠵᠢᠯ ᠤᠯᠬᠤ᠎ᠳᠤ ᠬᠦᠴᠢᠷᠲᠡᠶ ᠬᠥᠮᠦᠰ᠎ᠢ ᠮᠠᠭᠠᠳᠯᠠᠨ ᠲᠣᠭ᠍ᠲᠠᠭᠠᠬᠤ ᠠᠵᠢᠯ᠎ᠢ ᠨᠠᠷᠢᠯᠢᠭ ᠣᠨᠣᠴᠠᠲᠠᠶ ᠥᠷᠨᠢᠭᠦᠯᠵᠦ᠍᠂ ᠨᠢᠭᠡᠨᠲᠡ 419 ᠬᠦᠴᠢᠷᠳᠡᠯᠲᠡᠶ ᠬᠥᠮᠦᠨ᠎ᠳᠤ ᠬᠠᠨᠳᠤᠯᠭᠠᠲᠤ ᠴᠢᠨᠠᠷᠲᠠᠶ ᠬᠠᠪᠰᠤᠷᠤᠯᠭ᠎ᠠ ᠳᠡᠮᠵᠢᠯᠭᠡ ᠦᠵᠡᠭᠦᠯᠦᠭᠰᠡᠨ ᠪᠥᠭᠡᠳ ᠠᠵᠢᠯ ᠤᠯᠬᠤ᠎ᠳᠤ ᠬᠦᠴᠢᠷᠲᠡᠶ ᠬᠥᠮᠦᠰ᠎ᠲᠦ ᠠᠮᠢᠳᠤᠯᠢᠭ᠎ᠢᠶᠠᠷ ᠠᠵᠢᠯ ᠣᠯᠭᠣᠭ᠍ᠰᠠᠨ ᠨᠡᠢᠭᠡᠮ᠎ᠦᠨ ᠪᠠᠲᠤᠯᠠᠭ᠎ᠠ᠎ᠶ᠋ᠢᠨ ᠨᠥᠬᠥᠪᠥᠷᠢ ᠵᠢ 206.91 ᠲᠦᠮᠡᠨ ᠲᠥᠭᠥᠷᠢᠭ ᠲᠦᠭᠡᠭᠡᠨ᠂ 《ᠲᠥᠷᠥ᠎ᠶ᠋ᠢᠨ ᠪᠣᠳᠣᠯᠭ᠎ᠠ᠎ᠪᠠᠷ ᠦᠨᠳᠦᠰᠦᠨ ᠵᠦᠶ᠋ᠯ᠎ᠢ ᠪᠠᠲᠤᠯᠠᠬᠤ + ᠨᠠᠷᠢᠯᠢᠭ ᠣᠨᠣᠴᠠᠲᠠᠶᠬᠠᠪᠰᠤᠷᠤᠨ ᠲᠡᠳᠬᠦᠬᠦ᠌》 ᠪᠡᠷ ᠳᠠᠮᠵᠢᠭᠤᠯᠤᠨ᠂ ᠬᠦᠴᠢᠷᠳᠡᠯᠲᠡᠶ ᠣᠯᠠᠨ ᠲᠦᠮᠡᠨ ᠤ᠋ ᠬᠢᠬᠦ ᠡᠴᠡ ᠠᠵᠢᠯ᠎ᠲᠠᠶ᠂ ᠣᠷᠣᠯᠭ᠎ᠠ ᠪᠠᠨ ᠨᠡᠮᠡᠭ᠌ᠳᠡᠭᠦᠯᠬᠦ᠌᠎ᠳᠦ ᠪᠠᠲᠤᠯᠠᠭ᠎ᠠ᠎ᠲᠠᠶ ᠪᠠᠢᠬᠤ᠎ᠶ᠋ᠢ ᠪᠡᠶᠡᠯᠡᠭᠦᠯᠪᠡ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠳᠦ ᠦᠢᠯᠡᠰ ᠪᠤᠰᠭᠠᠬᠤ᠎ᠶ᠋ᠢ ᠳᠡᠮᠵᠢᠬᠦ᠌ ᠡᠷᠴᠢᠮ᠎ᠢ ᠴᠢᠩᠭᠠᠳᠬᠠᠨ᠂ ᠦᠢᠯᠡᠰ ᠪᠤᠰᠭᠠᠬᠤ᠎ᠪᠠᠷ ᠠᠵᠢᠯ ᠣᠯᠭᠣᠯᠲᠠ᠎ᠶ᠋ᠢ ᠳᠠᠢᠴᠢᠯᠠᠬᠤ ᠦᠢᠯᠡᠳᠦᠯ᠎ᠢ ᠴᠢᠩᠭᠠᠳᠭᠠᠬᠤ ᠬᠡᠷᠡᠭ᠌ᠲᠡᠢ ᠭᠡᠵᠦ᠍ ᠴᠢᠬᠤᠯᠠᠴᠢᠯᠠᠵᠠᠢ᠃ ᠱᠢᠩ ᠾᠧ ᠱᠢᠶᠠᠨ ᠡᠨᠡ ᠬᠦ᠌ ᠪᠠᠢᠷᠢᠯᠠᠭᠤᠯᠤᠯᠲᠠ᠎ᠶ᠋ᠢ ᠢᠳᠡᠪᠬᠢᠲᠡᠢ ᠨᠠᠢᠳᠠᠪᠤᠷᠢᠵᠢᠭᠤᠯᠵᠤ᠂ ᠪᠦᠬᠦ᠌ ᠬᠦᠴᠦᠨᠢᠶᠡᠷᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠤᠭᠰᠠᠨ ᠵᠢᠡᠷᠪᠠᠷᠠᠬᠤ ᠦᠬᠡᠢ᠂ ᠨᠡᠩ ᠴᠤ᠌ ᠲᠠᠪᠴᠠᠩ ᠪᠠᠢᠭᠤᠯᠤᠨ ᠱᠢᠯᠢᠳᠡᠭ ᠦᠢᠯᠡᠴᠢᠯᠡᠭᠡ ᠬᠠᠩᠭᠠᠵᠤ᠂ ᠬᠥᠳᠡᠯᠮᠦᠷᠢᠴᠢᠳ᠎ᠦᠨ ᠦᠢᠯᠡᠰ ᠪᠤᠰᠭᠠᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠳᠡᠮᠵᠢᠵᠠᠢ᠃ ᠬᠣᠲᠠ ᠬᠥᠳᠡᠭᠡ᠎ᠶ᠋ᠢᠨ ᠪᠤᠶ ᠪᠦᠬᠦᠢ ᠦᠢᠯᠡᠰ ᠪᠤᠰᠬᠠᠬᠤ ᠨᠥᠬᠥᠴᠡᠯ᠎ᠢ ᠪᠦᠷᠢᠯᠳᠦᠭᠦᠯᠦᠭ᠌ᠰᠡᠨ ᠬᠥᠳᠡᠯᠮᠦᠷᠢᠴᠢᠳ᠎ᠢ ᠲᠡᠳᠬᠦᠨ ᠳᠡᠮᠵᠢᠬᠦ᠌ ᠬᠡᠪᠴᠢᠶᠡᠨ᠎ᠳᠦ ᠣᠷᠣᠭᠤᠯᠵᠤ᠂ ᠨᠢᠭᠡ ᠲᠠᠯ᠎ᠠ᠎ᠪᠠᠷ ᠦᠢᠯᠡᠰ ᠪᠤᠰᠬᠠᠬᠤ ᠪᠣᠯᠪᠠᠰᠤᠷᠠᠯ᠎ᠢ ᠦᠨ᠎ᠡ ᠲᠦᠯᠦᠪᠦᠷᠢ ᠦᠭᠡᠢ ᠥᠷᠨᠢᠭᠦᠯᠵᠦ᠍᠂ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠂ ᠡᠵᠡᠩᠨᠡᠯᠲᠡ ᠬᠠᠮᠢᠶᠠᠷᠤᠯᠲᠠ ᠵᠡᠷᠭᠡ ᠮᠡᠳᠡᠯᠭᠡ᠎ᠶ᠋ᠢ ᠲᠦᠭᠡᠮᠡᠯᠵᠢᠭᠦᠯᠦᠨ᠂ ᠦᠢᠯᠡᠰ ᠪᠤᠰᠬᠠᠭᠴᠢ᠎ᠶ᠋ᠢ ᠬᠠᠪᠰᠤᠷᠤᠨ ᠦᠢᠯᠡᠰ ᠪᠤᠰᠬᠠᠬᠤ ᠰᠠᠭᠤᠷᠢ᠎ᠶ᠋ᠢ ᠨᠢ ᠪᠠᠲᠤᠳᠭᠠᠨ᠂ ᠡᠵᠡᠩᠨᠡᠯᠲᠡ᠎ᠶ᠋ᠢᠨ ᠲᠦᠭ᠌ᠰᠢᠭᠦᠷᠢ᠎ᠶ᠋ᠢ ᠪᠠᠭᠠᠰᠬᠠᠪᠠ᠃ ᠨᠥᠭᠥᠭᠡ ᠲᠠᠯ᠎ᠠ᠎ᠪᠠᠷ ᠦᠶ᠋ᠯᠡᠰ ᠪᠤᠰᠬᠠᠬᠤ ᠪᠠᠲᠤᠯᠠᠭᠠᠲᠤ ᠵᠢᠭᠡᠯᠡᠯᠭᠡ᠎ᠶ᠋ᠢᠨ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠦᠶ᠋ᠯᠡᠰ ᠪᠤᠰᠬᠠᠬᠤ ᠪᠣᠯᠪᠠᠰᠤᠷᠠᠯ᠎ᠳᠤ ᠬᠢᠷᠢ ᠲᠡᠩᠴᠡᠭ᠌ᠰᠡᠨ ᠪᠥᠭᠡᠳ ᠨᠥᠬᠥᠴᠡᠯ᠎ᠳᠦ ᠨᠡᠢᠴᠡᠬᠦ᠌ ᠬᠥᠮᠦᠰ᠎ᠲᠦ 3 ᠡᠴᠡ 10 ᠲᠦᠮᠡᠨ ᠲᠥᠭᠥᠷᠢᠭ᠎ᠦᠨ ᠦᠶ᠋ᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠣᠯᠭᠣᠵᠤ᠂ ᠦᠶ᠋ᠯᠡᠰ ᠪᠤᠰᠬᠠᠬᠤ ᠡᠬᠢᠨ᠎ᠦ ᠦᠶ᠎ᠡ᠎ᠶ᠋ᠢᠨ 《ᠪᠠᠯᠠ ᠮᠥᠩᠭᠥ᠌ ᠳᠤᠲᠠᠭ᠍ᠳᠠᠬᠤ》 ᠬᠦᠴᠢᠷ ᠠᠰᠠᠭᠤᠳᠠᠯ᠎ᠢ ᠣᠨᠣᠪᠴᠢᠲᠠᠶ ᠱᠢᠶ᠋ᠳᠪᠦᠷᠢᠯᠡᠪᠠ᠃ 《ᠦᠶ᠋ᠯᠡᠰ ᠪᠤᠰᠬᠠᠬᠤ ᠵᠢᠭᠡᠯᠡᠯᠭᠡ ᠪᠠ ᠪᠣᠯᠪᠠᠰᠤᠷᠠᠯ ᠵᠢᠯᠣᠭᠣᠳᠣᠯᠭ᠎ᠠ ᠪᠠᠢᠭ᠍ᠰᠠᠨ᠎ᠠᠴᠠ ᠪᠢ ᠵᠢᠵᠢᠭ ᠬᠠᠮ ᠳᠡᠯᠭᠡᠭᠦᠷ ᠵᠢᠡᠨ ᠤᠷᠤᠭ᠍ᠰᠢᠲᠠᠶᠡᠵᠡᠩᠨᠡᠵᠦ ᠡᠬᠢᠯᠡᠭᠰᠡᠨ᠂ ᠣᠲᠣ ᠰᠠᠷ᠎ᠠ ᠪᠦᠷᠢ᠎ᠶ᠋ᠢᠨ ᠴᠡᠪᠡᠷ ᠣᠷᠣᠯᠭ᠎ᠠ 3000 ᠭᠠᠷᠤᠶ ᠲᠥᠭᠥᠷᠢᠭ ᠲᠤ᠌ ᠬᠦᠷᠴᠤ ᠪᠤᠢ》 ᠭᠡᠵᠦ᠍ ᠨᠡᠢᠭᠡᠮ ᠲᠣᠭᠣᠷᠢᠭ ᠲᠤ᠌ ᠬᠠᠮ ᠳᠡᠯᠭᠡᠭᠦᠷ ᠡᠷᠬᠢᠯᠡᠵᠤ ᠪᠠᠢᠭ᠎ᠠ ᠦᠶ᠋ᠯᠡᠰ ᠪᠤᠰᠬᠠᠭᠴᠢ ᠯᠢᠦ ᠶᠠᠨ ᠪᠠᠢᠳᠠᠯ ᠵᠢᠡᠨ ᠶᠠᠷᠢᠯ᠎ᠠ᠃
ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ᠎ᠠᠴᠠ ᠠᠵᠢᠯ᠎ᠤᠨ ᠪᠠᠢᠷᠢ ᠲᠤᠬᠢᠷᠠᠭᠤᠯᠬᠤ ᠬᠦᠷᠲᠡᠯ᠎ᠡ᠂ ᠨᠡᠢᠲᠡ᠎ᠶ᠋ᠢᠨ ᠠᠰᠠᠷᠠᠮᠵᠢ᠎ᠶ᠋ᠢᠨ ᠠᠵᠢᠯ᠎ᠤᠨ ᠪᠠᠢᠷᠢ᠎ᠠᠴᠠ ᠦᠢᠯᠡᠰ ᠪᠤᠰᠭᠠᠬᠤ᠎ᠶ᠋ᠢ ᠲᠡᠳᠬᠦᠬᠦ᠌ ᠬᠦᠷᠲᠡᠯ᠎ᠡ᠂ ᠱᠢᠩ ᠾᠧ ᠱᠢᠶᠠᠨ ᠠᠯᠢ ᠤᠯᠠᠨ ᠪᠣᠳᠠᠲᠠᠢ ᠠᠷᠭ᠎ᠠ ᠬᠡᠮᠵᠢᠶᠠᠠᠪᠴᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠠᠷᠠᠳ᠎ᠤᠨ ᠠᠮᠢᠳᠤᠷᠠᠯ ᠠᠵᠢᠯ ᠦᠢᠯᠡᠰ ᠤ᠋ᠨ ᠲᠤᠬᠠᠢ ᠱᠠᠭᠠᠷᠳᠠᠯᠭ᠎ᠠ᠎ᠶ᠋ᠢ ᠦᠢᠯᠡᠳᠦᠯᠭᠡᠵᠢᠭᠦᠯᠵᠦ᠍᠂ ᠤᠯᠠᠨ ᠲᠦᠮᠡᠨ ᠤ᠋ 《ᠭᠡᠷ᠎ᠦᠨ ᠵᠢᠡᠨ ᠡᠭᠦᠳᠡᠨ》 ᠳ᠋ᠤ ᠠᠵᠢᠯ ᠣᠯᠵᠤ ᠦᠢᠯᠡᠰ ᠪᠤᠰᠬᠠᠨ ᠤᠷᠤᠯᠭ᠎ᠠ ᠪᠠᠨ ᠨᠡᠮᠡᠭᠳᠡᠭᠦᠯᠬᠦ ᠵᠢ ᠳᠡᠮᠵᠢᠭᠰᠡᠨ ᠪᠠᠢᠨ᠎ᠠ᠃