ᠠᠮᠢ ᠠᠬᠤᠢ ᠶ᠋ᠢᠨ ᠬᠠᠮᠠᠭᠠᠯᠠᠯᠲᠠ ᠪᠣᠯᠤᠨ ᠠᠵᠤ ᠦᠢᠯᠡᠰ ᠤ᠋ᠨ ᠬᠥᠭ᠌ᠵᠢᠯᠲᠡ ᠶ᠋ᠢ ᠵᠣᠬᠢᠴᠠᠭᠤᠯᠤᠨ ᠠᠬᠢᠭᠤᠯᠬᠤ ᠶ᠋ᠢᠨ ᠲᠦᠯᠦᠭᠡ᠂ ᠤᠯᠠᠭᠠᠨᠬᠠᠳᠠ ᠬᠤᠳᠠ ᠶ᠋ᠢᠨ ᠬᠡᠱᠢᠭ᠌ᠲᠡᠨ ᠬᠤᠱᠢᠭᠤ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ᠋ ᠱᠢᠢᠳᠪᠦᠷᠢᠯᠡᠬᠦ᠌ ᠪᠠᠷ ᠵᠠᠩᠭᠢᠯᠠᠭ᠎ᠠ ᠶ᠋ᠢᠨ ᠭᠠᠷᠳᠠᠴᠠ ᠪᠣᠯᠭᠠᠨ᠂ ᠲᠡᠵᠢᠭᠡᠨ ᠦᠷᠡᠵᠢᠭᠦᠯᠬᠦ᠌ ᠵᠠᠭ᠍ᠪᠤᠷ ᠢ᠋ ᠱᠢᠯᠢᠳᠡᠭ᠌ᠵᠢᠭᠦᠯᠬᠦ᠂ ᠤᠷᠤᠱᠢᠵᠦ᠍ ᠪᠠᠢᠭ᠎ᠠ ᠪᠣᠳᠠᠲᠠᠶ ᠠᠰᠠᠭᠤᠳᠠᠯ ᠢ᠋ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠶ᠋ᠢᠡᠷ ᠱᠢᠢᠳᠪᠦᠷᠢᠯᠡᠬᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤ᠋ᠨ ᠠᠭᠤᠰᠤᠯᠴᠠᠨ ᠬᠦᠭᠵᠢᠬᠦ ᠶ᠋ᠢ ᠠᠬᠢᠭᠤᠯᠬᠤ᠂ ᠡᠪᠡᠰᠦ ᠪᠤᠷᠳᠤᠭᠠᠨ ᠤ᠋ ᠬᠠᠩᠭᠠᠯᠭ᠎ᠠ ᠶ᠋ᠢ ᠪᠠᠲᠤᠯᠠᠬᠤ ᠵᠡᠷᠭᠡ 4 ᠵᠦᠢᠯ ᠤ᠋ᠨ ᠪᠦᠳᠤᠮᠵᠢᠳᠠᠢ ᠠᠷᠭ᠎ᠠ ᠬᠡᠮᠵᠢᠶ᠎ᠠ ᠠᠪᠴᠦ᠍᠂ ᠤᠯᠠᠮᠵᠢᠯᠠᠯᠳᠦ ᠪᠡᠯᠴᠢᠭᠡᠷ ᠤ᠋ᠨ ᠮᠠᠯ ᠠᠵᠤ ᠠᠬᠤᠢ ᠶ᠋ᠢᠨ ᠬᠡᠯᠪᠡᠷᠢ ᠶ᠋ᠢ ᠬᠤᠪᠢᠷᠠᠭᠤᠯᠵᠤ ᠳᠡᠰ ᠳᠡᠪᠰᠢᠭᠦᠯᠤᠨ᠂ ᠬᠥᠳᠡᠭᠡ ᠲᠣᠰᠭᠤᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠬᠥᠳᠡᠯᠭᠡᠬᠦ᠌ ᠬᠦᠴᠦᠨ ᠨᠡᠮᠡᠷᠢᠯᠡᠵᠦ᠍ ᠪᠠᠢᠨ᠎ᠠ᠃
ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ᠋ ᠡᠬᠢ ᠦᠨᠳᠦᠰᠦ ᠡᠴᠡ ᠨᠢ ᠱᠢᠢᠳᠪᠦᠷᠢᠯᠡᠬᠦ᠌ ᠶ᠋ᠢᠨ ᠲᠥᠯᠥᠭᠡ᠂ ᠬᠡᠱᠢᠭ᠌ᠲᠡᠨ ᠬᠤᠱᠢᠭᠤ ᠬᠠᠱᠢᠶᠠᠯᠠᠨ ᠲᠡᠵᠢᠭᠡᠬᠦ᠌ ᠵᠠᠭ᠍ᠪᠤᠷ ᠢ᠋ ᠶᠡᠭᠡ ᠪᠠᠷ ᠳᠡᠯᠭᠡᠷᠡᠭᠦᠯᠵᠦ᠍᠂ ᠲᠡᠵᠢᠭᠡᠨ ᠦᠷᠡᠵᠢᠭᠦᠯᠬᠦ᠌ ᠰᠠᠭᠤᠷᠢ ᠲᠥᠬᠦᠭᠡᠷᠦᠮᠵᠢ ᠶ᠋ᠢ ᠲᠠᠰᠤᠷᠠᠯᠳᠠ ᠦᠭᠡᠢ ᠲᠡᠭᠦᠯᠳᠡᠷᠵᠢᠭᠦᠯᠤᠨ᠂ ᠨᠡᠢᠳᠡ 8.63 ᠲᠦᠮᠡᠨ ᠲᠡᠭ᠌ᠰᠢ ᠳᠥᠷᠪᠡᠯᠵᠢᠨ ᠮᠧᠲᠷ ᠤ᠋ᠨ ᠫᠧᠩ ᠰᠠᠷᠠᠪᠴᠢ ᠶ᠋ᠢ ᠱᠢᠨ᠎ᠡ ᠪᠠᠷ ᠪᠠᠢᠭᠤᠯᠤᠭ᠍ᠰᠠᠨ ᠪᠤᠶᠤ ᠥᠷᠭᠡᠳᠭᠡᠨ ᠪᠠᠢᠭᠤᠯᠵᠠᠢ᠃ ᠡᠭᠦᠨ ᠳ᠋ᠤ 1.7 ᠲᠦᠮᠡᠨ ᠲᠡᠭ᠌ᠰᠢ ᠳᠥᠷᠪᠡᠯᠵᠢᠨ ᠮᠧᠲᠷ ᠮᠠᠯ ᠤ᠋ᠨ ᠫᠧᠩ᠂ 4.8 ᠲᠦᠮᠡᠨ ᠲᠡᠭ᠌ᠰᠢ ᠳᠥᠷᠪᠡᠯᠵᠢᠨ ᠮᠧᠲᠷ ᠮᠠᠯ ᠤ᠋ᠨ ᠬᠠᠱᠢᠶᠠ ᠶ᠋ᠢ ᠱᠢᠨ᠎ᠡ ᠪᠠᠷ ᠪᠠᠢᠭᠤᠯᠵᠦ᠍᠂ 2.05 ᠲᠦᠮᠡᠨ ᠲᠡᠭ᠌ᠰᠢ ᠳᠥᠷᠪᠡᠯᠵᠢᠨ ᠮᠧᠲᠷ ᠬᠠᠱᠢᠶᠠ ᠰᠠᠷᠠᠪᠴᠢ ᠶ᠋ᠢ ᠰᠡᠯᠪᠢᠨ ᠵᠠᠰᠠᠵᠤ᠂ ᠮᠠᠯ ᠤᠨᠤᠭ᠎ᠠ ᠵᠢ ᠲᠥᠪᠯᠡᠷᠡᠭᠦᠯᠦᠨ ᠠᠷᠠᠴᠢᠯᠠᠨ ᠲᠡᠵᠢᠭᠡᠬᠦ᠌ ᠴᠢᠳᠠᠪᠤᠷᠢ ᠶ᠋ᠢ ᠢᠯᠡᠳᠲᠡ ᠳᠡᠭᠡᠭ᠌ᠰᠢᠯᠡᠭᠦᠯᠦᠨ᠂ ᠪᠠᠢᠭᠠᠯᠢ ᠵᠢᠨ ᠨᠤᠲᠤᠭ ᠪᠡᠯᠴᠢᠭᠡᠷ ᠲᠤ᠌ ᠲᠦᠱᠢᠭ᠌ᠯᠡᠬᠦ᠌ ᠶ᠋ᠢ ᠪᠦᠲᠦᠮᠵᠢᠲᠡᠢ ᠪᠠᠭᠠᠰᠭᠠᠪᠠ᠃ ᠡᠭᠦᠨ ᠤ᠋ ᠬᠠᠮᠲᠤ᠌ ᠮᠠᠯ ᠠᠵᠤ ᠠᠬᠤᠢ ᠶ᠋ᠢᠨ ᠮᠡᠷᠭᠡᠵᠢᠯ ᠢ᠋ ᠲᠦᠭᠡᠮᠡᠯᠵᠢᠭᠦᠯᠬᠦ᠌ ᠶ᠋ᠢ ᠯᠠᠪᠳᠠᠭᠤᠨ ᠠᠬᠢᠭᠤᠯᠵᠤ᠂ ᠮᠠᠯᠵᠢᠬᠤ ᠡᠷᠦᠬᠡ ᠳ᠋ᠤ ᠰᠠᠢᠨ ᠡᠭᠦᠯᠳᠡᠷ ᠤ᠋ᠨ ᠱᠢᠮᠧᠨ᠋ᠳ᠋ᠠᠷ ᠮᠢᠬᠠᠨ ᠤ᠋ ᠦᠬᠡᠷ ᠤ᠋ᠨ ᠢᠴᠡᠭᠡᠯ ᠦᠷ᠎ᠡ ᠬᠠᠩᠭᠠᠬᠤ ᠶ᠋ᠢᠨ ᠬᠠᠮᠲᠤ ᠢᠵᠢ ᠪᠦᠷᠢᠳᠦᠭ᠌ᠰᠡᠨ ᠮᠡᠷᠭᠡᠵᠢᠯ ᠤ᠋ᠨ ᠵᠢᠯᠣᠭᠤᠳᠤᠯᠭ᠎ᠠ ᠬᠠᠩᠭᠠᠵᠦ᠍᠂ ᠭᠠᠷ ᠬᠡᠭᠡᠯᠲᠦᠭᠦᠯᠭᠡ ᠶ᠋ᠢᠨ ᠥᠷᠲᠡᠭᠡ ᠴᠡᠭ ᠤ᠋ᠨ ᠲᠦᠭᠡᠮᠡᠯᠵᠢᠯᠲᠡ ᠶ᠋ᠢᠨ ᠨᠣᠷᠮ᠎ᠠ ᠶ᠋ᠢ 80% ᠳ᠋ᠤ ᠬᠦᠷᠭᠡᠪᠡ; ᠰᠠᠢᠨ ᠡᠭᠦᠯᠳᠡᠷ ᠤ᠋ᠨ ᠬᠤᠴᠠ ᠶ᠋ᠢᠨ ᠪᠦᠷᠬᠦᠴᠡ ᠶ᠋ᠢᠨ ᠨᠣᠷᠮ᠎ᠠ 90% ᠶ᠋ᠢ ᠳᠠᠪᠠᠵᠤ᠂ ᠵᠣᠣ ᠤᠳᠠ ᠮᠢᠬᠠᠨ ᠤ᠋ ᠬᠤᠨᠢ ᠪᠠᠷ ᠭᠤᠤᠯ ᠪᠣᠯᠭᠠᠭ᠍ᠰᠠᠨ ᠲᠡᠵᠢᠭᠡᠨ ᠦᠷᠡᠵᠢᠭᠦᠯᠬᠦ᠌ ᠡᠭᠦᠯᠳᠡᠷ ᠢ᠋ ᠭᠤᠤᠯᠳᠠᠯᠭ᠎ᠠ ᠲᠠᠢ ᠪᠤᠢᠵᠢᠭᠤᠯᠤᠨ᠂ ᠡᠭᠦᠯᠳᠡᠷ ᠰᠠᠢᠵᠢᠷᠠᠭᠤᠯᠵᠤ ᠶᠠᠰᠤ ᠴᠢᠨᠠᠷ ᠢ᠋ ᠨᠢ ᠳᠡᠭᠡᠭ᠌ᠰᠢᠯᠡᠭᠦᠯᠬᠦ ᠪᠡᠷ ᠳᠠᠮᠵᠢᠨ ᠦᠷ᠎ᠡ ᠠᠱᠢᠭ ᠢ᠋ ᠨᠡᠮᠡᠭ᠌ᠳᠡᠭᠦᠯᠵᠤ᠂ ᠨᠤᠲᠤᠭ ᠪᠡᠯᠴᠢᠭᠡᠷ ᠤ᠋ᠨ ᠲᠠᠷᠤᠭᠠᠰᠤ ᠶ᠋ᠢ ᠦᠨᠳᠦᠰᠦᠨ ᠡᠴᠡ ᠨᠢ ᠬᠥᠩᠭᠡᠷᠡᠭᠦᠯᠪᠠ᠃ ᠤᠳᠤ ᠪᠥᠬᠦ᠌ ᠬᠤᠱᠢᠭᠤ ᠪᠠᠷ ᠶ᠋ᠢᠡᠨ ᠨᠢᠭᠡᠨᠲᠡ 7 ᠨᠡᠢᠭᠡᠮᠴᠢᠯᠡᠭ᠌ᠰᠡᠨ ᠦᠢᠯᠡᠴᠢᠯᠡᠭᠡᠨ ᠤ᠋ ᠵᠣᠬᠢᠶᠠᠨ ᠪᠠᠢᠭᠤᠯᠤᠯᠲᠠ ᠶ᠋ᠢ ᠪᠠᠢᠭᠤᠯᠵᠤ᠂ ᠮᠠᠯᠵᠢᠬᠤ ᠡᠷᠦᠬᠡ ᠳ᠋ᠤ ᠪᠥᠬᠦ᠌ ᠲᠠᠯ᠎ᠠ ᠶ᠋ᠢᠨ ᠱᠢᠨᠵᠢᠯᠡᠬᠦ᠌ ᠤᠬᠠᠭᠠᠨᠴᠢ ᠲᠡᠵᠢᠭᠡᠨ ᠦᠷᠡᠵᠢᠭᠦᠯᠬᠦ᠌ ᠲᠤᠯᠭᠠᠭᠤᠷᠢᠯᠠᠯ ᠬᠠᠩᠭᠠᠵᠤ ᠪᠠᠢᠨ᠎ᠠ᠃
ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ᠋ ᠠᠭᠤᠰᠤᠯᠴᠠᠭᠤᠯᠤᠨ ᠬᠥᠭ᠌ᠵᠢᠭᠦᠯᠬᠦ᠌ ᠨᠢ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ᠋ ᠱᠢᠢᠳᠪᠦᠷᠢᠯᠡᠬᠦ᠌ ᠪᠦᠲᠦᠮᠵᠢᠲᠡᠢ ᠠᠷᠭ᠎ᠠ ᠵᠠᠮ ᠢ᠋ ᠨᠡᠭᠡᠭᠡᠵᠦ᠍᠂ ᠮᠠᠯᠴᠢᠳ ᠤ᠋ᠨ ᠣᠷᠣᠯᠭ᠎ᠠ ᠶ᠋ᠢ ᠨᠡᠮᠡᠭ᠌ᠳᠡᠭᠦᠯᠬᠦ᠌ ᠠᠷᠭ᠎ᠠ ᠵᠠᠮ ᠢ᠋ ᠥᠷᠭᠡᠳᠭᠡᠵᠠᠢ᠃ ᠰᠠᠢᠨ ᠡᠭᠦᠯᠳᠡᠷ ᠤ᠋ᠨ ᠦᠷ᠎ᠡ ᠶ᠋ᠢᠨ ᠮᠠᠯ ᠢ᠋ ᠪᠤᠢᠵᠢᠭᠤᠯᠤᠨ ᠦᠷᠡᠵᠢᠭᠦᠯᠬᠦ᠌ ᠲᠠᠯ᠎ᠠ ᠪᠠᠷ᠂ ᠬᠡᠱᠢᠭ᠌ᠲᠡᠨ ᠬᠤᠱᠢᠭᠤ ᠴᠢᠨ ᠲᠦᠩ ᠮᠠᠯ ᠠᠵᠤ ᠠᠬᠤᠶ ᠶ᠋ᠢᠨ ᠤᠯᠤᠰ ᠤ᠋ᠨ ᠲᠠᠰ ᠤ᠋ᠨ ᠭᠤᠤᠯᠳᠠᠯᠭ᠎ᠠ ᠲᠠᠢ ᠦᠷ᠎ᠡ ᠶ᠋ᠢᠨ ᠮᠠᠯ ᠪᠤᠢᠵᠢᠭᠤᠯᠬᠤ ᠲᠠᠯᠠᠪᠠᠶ ᠶ᠋ᠢᠨ ᠲᠤᠬᠠᠶ ᠶ᠋ᠢᠨ ᠲᠠᠯᠠᠪᠠᠶ ᠶ᠋ᠢᠨ ᠬᠢᠨᠠᠨ ᠱᠢᠯᠭᠠᠯᠲᠠ ᠶ᠋ᠢ ᠥᠩᠭᠡᠷᠡᠭᠦᠯᠦᠭ᠌ᠰᠡᠨ ᠠᠵᠠ ᠲᠣᠬᠢᠶᠠᠯ ᠳ᠋ᠤ ᠲᠦᠱᠢᠭ᠌ᠯᠡᠨ᠂ 1000 ᠲᠡᠵᠢᠭᠡᠨ ᠦᠷᠡᠵᠢᠭᠦᠯᠬᠦ᠌ ᠡᠷᠦᠬᠡ ᠶ᠋ᠢ ᠳᠠᠢᠴᠢᠯᠠᠨ ᠬᠤᠸᠠ ᠰᠢ ᠦᠬᠡᠷ ᠮᠠᠯᠵᠢᠭᠤᠯᠪᠠ᠃ ᠥᠪᠥᠷ ᠮᠣᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠬᠡᠱᠢᠭ᠌ᠲᠡᠨ ᠬᠤᠱᠢᠭᠤᠨ ᠤ᠋ ᠣᠳᠣᠬᠢᠴᠢᠯᠠᠭ᠍ᠰᠠᠨ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠤ᠋ᠨ ᠲᠠᠪᠴᠠᠩ ᠢ᠋ ᠠᠱᠢᠭ᠍ᠯᠠᠨ᠂ ᠵᠣᠣ ᠤᠳᠠ ᠮᠢᠬᠠᠨ ᠤ᠋ ᠬᠤᠨᠢ ᠲᠡᠵᠢᠭᠡᠨ ᠦᠷᠡᠵᠢᠭᠦᠯᠬᠦ᠌ ᠶ᠋ᠢ ᠬᠡᠪᠴᠢᠶᠡᠵᠢᠭᠦᠯᠦᠨ ᠳᠡᠯᠭᠡᠷᠡᠭᠦᠯᠦᠭ᠌ᠰᠡᠨ ᠡᠴᠡ ᠪᠦᠬᠦ ᠬᠤᠰᠢᠭᠤ ᠪᠡᠷ ᠶ᠋ᠢᠡᠨ ᠵᠢᠯ ᠤ᠋ᠨ 85 ᠲᠦᠮᠡᠨ ᠵᠣᠣ ᠤᠳᠠ ᠮᠢᠬᠠᠨ ᠤ᠋ ᠬᠤᠨᠢ ᠲᠡᠵᠢᠭᠡᠬᠦ ᠪᠤᠯᠵᠤ᠂ ᠡᠷᠴᠢᠮᠵᠢᠭᠦᠯᠦᠭ᠌ᠰᠡᠨ ᠲᠡᠵᠢᠭᠡᠨ ᠦᠷᠡᠵᠢᠭᠦᠯᠬᠦ᠌ ᠵᠠᠭ᠍ᠪᠤᠷ ᠶ᠋ᠢᠡᠷ ᠠᠵᠤ ᠦᠢᠯᠡᠰ ᠤ᠋ᠨ ᠬᠥᠭ᠌ᠵᠢᠯᠲᠡ ᠶ᠋ᠢᠨ ᠦᠷ᠎ᠡ ᠠᠱᠢᠭ ᠢ᠋ ᠳᠡᠭᠡᠭ᠌ᠰᠢᠯᠡᠭᠦᠯᠵᠠᠢ᠃ ᠡᠳ᠋ᠱᠢᠭᠦᠯᠦᠨ ᠪᠣᠯᠪᠠᠰᠤᠷᠠᠭᠤᠯᠬᠤ ᠲᠠᠯ᠎ᠠ ᠪᠠᠷ᠂ ᠬᠡᠱᠢᠭ᠌ᠲᠡᠨ ᠬᠤᠱᠢᠭᠤ ᠦᠬᠡᠷ ᠬᠤᠨᠢ ᠶ᠋ᠢ ᠲᠥᠪᠯᠡᠷᠡᠭᠦᠯᠦᠨ ᠨᠢᠲᠤᠯᠬᠤ ᠶᠠᠪᠤᠴᠠ ᠶ᠋ᠢ ᠵᠢᠷᠤᠮᠵᠢᠭᠤᠯᠵᠤ᠂ ᠮᠸᠢ ᠱᠢᠤᠸᠠᠨ ᠤᠯᠠᠭᠠᠨ ᠢᠳᠡᠭᠡᠨ ᠪᠤᠯᠪᠠᠰᠤᠷᠠᠭᠤᠯᠬᠤ ᠦᠢᠯᠡᠳᠪᠤᠷᠢ ᠶ᠋ᠢ ᠪᠠᠳᠤᠳᠬᠠᠨ ᠳᠡᠭᠡᠭ᠌ᠰᠢᠯᠡᠭᠦᠯᠬᠦ᠌ ᠲᠥᠷᠥᠯ ᠵᠦᠢᠯ ᠢ᠋ ᠬᠡᠷᠡᠭ᠌ᠵᠢᠭᠦᠯᠦᠨ᠂ ᠮᠢᠬᠠᠨ ᠤ᠋ ᠬᠤᠨᠢ ᠵᠢ ᠡᠳ᠋ᠱᠢᠭᠦᠯᠦᠨ ᠪᠣᠯᠪᠠᠰᠤᠷᠠᠭᠤᠯᠬᠤ ᠦᠢᠯᠡᠳᠪᠤᠷᠢᠯᠠᠯ ᠤ᠋ᠨ ᠱᠤᠭᠤᠮ ᠤ᠋ᠨ ᠮᠠᠱᠢᠨᠴᠢᠯᠠᠬᠤ ᠥᠭᠡᠷᠡᠴᠢᠯᠡᠯᠲᠡ ᠶ᠋ᠢ ᠪᠡᠶᠡᠯᠡᠭᠦᠯᠪᠡ᠃ ᠲᠤᠰ ᠲᠥᠷᠥᠯ ᠵᠦᠢᠯ ᠠᠱᠢᠭ᠍ᠯᠠᠯᠲᠠ ᠳ᠋ᠤ ᠤᠷᠤᠭ᠍ᠰᠠᠨ ᠤ᠋ ᠳᠠᠷᠠᠭ᠎ᠠ᠂ ᠡᠳᠦᠷ ᠤ᠋ᠨ 1500 ᠬᠤᠨᠢ ᠵᠢ ᠨᠢᠳᠤᠯᠵᠤ ᠨᠠᠷᠢᠯᠢᠭ ᠪᠣᠯᠪᠠᠰᠤᠷᠠᠭᠤᠯᠬᠤ ᠪᠠᠷ ᠳᠠᠮᠵᠢᠨ ᠮᠠᠯ ᠠᠵᠤ ᠠᠬᠤᠢ ᠶ᠋ᠢᠨ ᠠᠵᠤ ᠦᠢᠯᠡᠰ ᠤ᠋ᠨ ᠬᠡᠯᠬᠢᠶ᠎ᠡ ᠶ᠋ᠢ ᠤᠷᠲᠤᠳᠭᠠᠨ᠂ ᠦᠢᠯᠡᠳᠭᠦᠨ ᠤ᠋ ᠨᠡᠮᠡᠯᠲᠡ ᠥᠷᠲᠡᠭ ᠢ᠋ ᠳᠡᠭᠡᠭ᠌ᠰᠢᠯᠡᠭᠦᠯᠵᠦ᠍᠂ ᠮᠠᠯᠴᠢᠳ ᠤ᠋ᠨ ᠮᠠᠯᠵᠢᠯ ᠤ᠋ᠨ ᠤᠷᠤᠯᠭ᠎ᠠ ᠵᠢ ᠨᠡᠮᠡᠭᠳᠡᠬᠦᠯᠪᠡ᠃ ᠰᠦ ᠵᠢᠨ ᠦᠢᠯᠡᠰ ᠢ᠋ ᠬᠥᠭ᠌ᠵᠢᠭᠦᠯᠬᠦ᠌ ᠲᠠᠯ᠎ᠠ ᠪᠠᠷ᠂ ᠰᠦ ᠵᠢᠨ ᠦᠢᠯᠡᠰ ᠢ᠋ ᠬᠥᠭ᠌ᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ᠌ ᠲᠥᠷᠦᠯ ᠵᠦᠢᠯ ᠢ᠋ ᠬᠡᠷᠡᠭ᠌ᠵᠢᠭᠦᠯᠦᠨ᠂ 240 ᠲᠡᠭ᠌ᠰᠢ ᠳᠥᠷᠪᠡᠯᠵᠢᠨ ᠮᠧᠲᠷ ᠤ᠋ᠨ ᠴᠠᠭᠠᠨ ᠢᠳᠡᠭᠡᠨ ᠪᠣᠯᠪᠠᠰᠤᠷᠠᠭᠤᠯᠬᠤ ᠲᠠᠰᠤᠭ ᠢ᠋ ᠰᠢᠨᠡᠴᠢᠯᠡᠨ ᠪᠠᠢᠭᠤᠯᠵᠤ᠂ ᠤᠯᠠᠮᠵᠢᠯᠠᠯᠲᠤ ᠴᠠᠭᠠᠨ ᠢᠳᠡᠭᠡᠨ ᠤ᠋ ᠦᠢᠯᠡᠳᠪᠦᠷᠢᠯᠡᠯᠤᠨ ᠱᠤᠭᠤᠮ ᠢ᠋ ᠱᠢᠨ᠎ᠡ ᠪᠠᠷ 5 ᠵᠤᠷᠪᠤᠰ ᠨᠡᠮᠡᠭ᠌ᠳᠡᠭᠦᠯᠦᠨ᠂ ᠰᠦ ᠵᠢᠨ ᠦᠢᠯᠡᠰ ᠤ᠋ᠨ ᠠᠵᠤ ᠠᠬᠤᠢ ᠶ᠋ᠢᠨ ᠱᠢᠨ᠎ᠡ ᠨᠡᠮᠡᠭ᠌ᠳᠡᠯᠤᠨ ᠴᠡᠭ ᠢ᠋ ᠪᠤᠢᠵᠢᠭᠤᠯᠵᠤ᠂ ᠮᠠᠯᠴᠢᠳ ᠤ᠋ᠨ ᠳᠠᠩ ᠴᠤᠯᠭᠤᠢ ᠮᠠᠯ ᠠᠷᠠᠴᠢᠯᠠᠵᠤ ᠲᠡᠵᠢᠭᠡᠨ ᠦᠷᠡᠵᠢᠭᠦᠯᠵᠦ᠍ ᠪᠠᠢᠭ᠍ᠰᠠᠨ ᠡᠴᠡ ᠤᠯᠠᠨ ᠠᠷᠭ᠎ᠠ ᠵᠠᠮ ᠶ᠋ᠢᠡᠷ ᠣᠷᠣᠯᠭ᠎ᠠ ᠪᠠᠨ ᠨᠡᠮᠡᠭ᠌ᠳᠡᠭᠦᠯᠬᠦ᠌ ᠪᠤᠯᠭᠠᠨ ᠬᠤᠪᠢᠷᠠᠭᠤᠯᠬᠤ ᠶ᠋ᠢ ᠠᠬᠢᠭᠤᠯᠤᠭ᠍ᠰᠠᠨ ᠪᠠᠢᠨ᠎ᠠ᠃
ᠡᠪᠡᠰᠦ ᠪᠤᠷᠳᠤᠭᠠᠨ ᠤ᠋ ᠬᠠᠩᠭᠠᠯᠭ᠎ᠠ ᠶ᠋ᠢ ᠪᠠᠳᠤᠯᠠᠬᠤ ᠪᠤᠯ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ᠋ ᠱᠢᠢᠳᠪᠦᠷᠢᠯᠡᠬᠦ᠌ ᠶ᠋ᠢᠨ ᠰᠠᠭᠤᠷᠢᠪᠤᠯᠤᠨᠠ᠃ 2025 ᠤᠨ ᠳ᠋ᠤ ᠬᠡᠰᠢᠭᠳᠡᠨ ᠬᠤᠱᠢᠭᠤ 31.6 ᠲᠦᠮᠡᠨ ᠮᠤ᠌ ᠶ᠋ᠢᠨ ᠡᠪᠡᠰᠦ ᠪᠤᠷᠳᠤᠭ᠎ᠠ ᠲᠠᠷᠢᠵᠤ᠂ 17.1 ᠲᠦᠮᠡᠨ ᠲᠣᠨ ᠲᠠᠷᠢᠮᠠᠯ ᠡᠪᠡᠰᠦ ᠪᠤᠷᠳᠤᠭ᠎ᠠ ᠬᠤᠷᠢᠶᠠᠵᠠᠢ᠃ ᠡᠭᠦᠨ ᠤ᠋ ᠵᠡᠷᠭᠡ ᠪᠡᠷ ᠡᠰᠢ ᠰᠦᠷᠡᠯ ᠢ᠋ ᠲᠡᠵᠢᠭᠡᠯ ᠪᠤᠷᠳᠤᠭ᠎ᠠ ᠪᠤᠯᠭᠠᠨ ᠶᠡᠷᠦᠩᠬᠡᠢᠯᠡᠨ ᠠᠱᠢᠭ᠍ᠯᠠᠬᠤ ᠲᠥᠷᠥᠯ ᠵᠦᠢᠯ ᠢ᠋ ᠬᠡᠷᠡᠭ᠌ᠵᠢᠭᠦᠯᠵᠦ᠍᠂ 1.5 ᠲᠦᠮᠡ ᠭᠠᠷᠤᠶ ᠲᠡᠭ᠌ᠰᠢ ᠳᠥᠷᠪᠡᠯᠵᠢᠨ ᠮᠧᠲᠷ ᠤ᠋ᠨ ᠬᠦᠬᠡ ᠳᠠᠷᠤᠰᠢ ᠶ᠋ᠢᠨ ᠵᠣᠭᠤᠷᠢ᠂ 2.4 ᠲᠦᠮᠡᠨ ᠲᠡᠭ᠌ᠰᠢ ᠳᠥᠷᠪᠡᠯᠵᠢᠨ ᠮᠧᠲᠷ ᠤ᠋ᠨ ᠡᠪᠡᠰᠦᠨ ᠫᠧᠩ ᠪᠠᠢᠭᠤᠯᠵᠤ᠂ ᠲᠡᠵᠢᠭᠡᠯ ᠪᠣᠷᠳᠤᠭ᠎ᠠ ᠶ᠋ᠢ ᠵᠤᠬᠢᠰᠳᠠᠢ ᠪᠠᠷ ᠠᠱᠢᠭ᠍ᠯᠠᠬ᠍ᠰᠠᠨ ᠬᠡᠮᠵᠢᠶ᠎ᠡ ᠶ᠋ᠢ 48.2 ᠲᠦᠮᠡᠨ ᠲᠣᠨ ᠳ᠋ᠤ ᠬᠦᠷᠭᠡᠵᠦ᠍᠂ ᠪᠠᠢᠭᠠᠯᠢ ᠶ᠋ᠢᠨ ᠲᠡᠵᠢᠭᠡᠯ ᠡᠪᠡᠰᠦ ᠶ᠋ᠢᠨ ᠬᠠᠩᠭᠠᠯᠭ᠎ᠠ ᠶ᠋ᠢᠨ ᠲᠤᠳᠠᠭᠤᠳᠠᠯ ᠢ᠋ ᠪᠦᠲᠦᠮᠵᠢᠲᠡᠶ ᠨᠥᠬᠦᠪᠥᠷᠢᠯᠡᠪᠡ᠃ ᠡᠭᠦᠨ ᠡᠴᠡ ᠭᠠᠳᠠᠨ᠎ᠠ᠂ ᠪᠥᠬᠦ᠌ ᠬᠤᠱᠢᠭᠤᠨ ᠤ᠋ ᠡᠪᠡᠰᠦ ᠨᠥᠭᠡᠴᠡᠯᠡᠬᠦ᠌ ᠡᠪᠡᠰᠦ ᠲᠠᠭᠡᠭᠡᠪᠤᠷᠢᠯᠡᠬᠦ ᠦᠢᠯᠡᠴᠢᠯᠡᠭᠡᠨ ᠤ᠋ ᠱᠢᠰᠲ᠋ᠧᠮ ᠢ᠋ ᠪᠥᠬᠦ᠌ ᠲᠠᠯ᠎ᠠ ᠪᠠᠷ ᠪᠠᠢᠭᠤᠯᠵᠤ ᠂ ᠡᠪᠡᠰᠦ ᠨᠥᠭᠡᠴᠡᠯᠡᠬᠦ᠌ ᠪᠠᠭ᠎ᠠ ᠬᠡᠯᠪᠡᠷᠢ ᠶ᠋ᠢᠨ 42 ᠬᠥᠮᠥᠷᠭᠡ ᠶ᠋ᠢ ᠱᠢᠨ᠎ᠡ ᠪᠠᠷ ᠪᠠᠢᠭᠤᠯᠤᠭ᠍ᠰᠠᠨ ᠪᠤᠶᠤ ᠦᠷᠭᠡᠳᠭᠡᠨ ᠪᠠᠢᠭᠤᠯᠵᠤ᠂ ᠡᠪᠡᠰᠦ ᠨᠥᠭᠡᠴᠡᠯᠡᠬᠦ᠌ ᠴᠢᠳᠠᠪᠤᠷᠢ ᠶ᠋ᠢ 4 ᠲᠦᠮᠡᠨ ᠲᠣᠨ ᠱᠢᠨ᠎ᠡ ᠪᠠᠷ ᠨᠡᠮᠡᠭ᠌ᠳᠡᠭᠦᠯᠤᠨ᠂ ᠬᠠᠱᠢᠶᠠᠯᠠᠨ ᠲᠡᠵᠢᠭᠡᠬᠦ᠌ ᠵᠠᠭ᠍ᠪᠤᠷ ᠢ᠋ ᠬᠡᠷᠡᠭ᠌ᠵᠢᠭᠦᠯᠬᠦ᠌ᠳᠤ ᠦᠨᠳᠦᠰᠦᠨ ᠪᠠᠲᠤᠯᠠᠭ᠎ᠠ ᠬᠠᠩᠭᠠᠵᠤ᠂ ᠪᠠᠢᠭᠠᠯᠢ ᠶ᠋ᠢᠨ ᠬᠠᠳᠤᠯᠠᠩ ᠪᠡᠯᠴᠢᠭᠡᠷ ᠤ᠋ᠨ ᠠᠮᠢ ᠠᠬᠤᠶ ᠶ᠋ᠢ ᠰᠡᠷᠭᠦᠭᠡᠬᠦ᠌ ᠳ᠋ᠤ ᠠᠱᠢᠭ᠍ᠲᠠᠶ ᠨᠥᠬᠦᠴᠡᠯ ᠢ᠋ ᠪᠦᠷᠢᠯᠳᠦᠭᠦᠯᠵᠦ᠍ ᠦᠭᠴᠠᠢ᠃