ᠬᠠᠷᠠᠴᠢᠨ ᠬᠤᠱᠢᠭᠤ᠄ 《ᠮᠥᠰᠥ᠍ ᠴᠠᠰᠤ +》 ᠠᠭᠤᠰᠤᠯᠴᠠᠭᠤᠯᠤᠨ ᠬᠥᠭ᠌ᠵᠢᠭᠦᠯᠬᠦ᠌ ᠱᠢᠰᠲ᠋ᠧᠮ ᠎ᠢ ᠪᠠᠢᠭᠤᠯᠤᠨ ᠪᠦᠬᠦ ᠤᠷᠤᠨ ᠪᠦᠰᠡ ᠵᠢᠨ ᠵᠢᠭᠤᠯᠴᠢᠯᠠᠯ᠎ᠤᠨ ᠪᠠᠷᠢᠮᠵᠢᠶ᠎ᠠ ᠵᠢ ᠡᠬᠦᠳᠦᠨ᠎ᠡ
2026-01-07 09:27:10
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

2025-2026 ᠣᠨ᠎ᠤ ᠤᠷᠤᠯᠳᠤᠭᠠᠨ᠎ᠤ ᠤᠯᠠᠷᠢᠯ᠎ᠤᠨ ᠪᠥᠬᠦ᠌ ᠤᠯᠤᠰ᠎ᠤᠨ ᠥᠨᠳᠥᠷ ᠠᠭᠤᠯᠠᠨ᠎ᠤ ᠴᠠᠰᠤ ᠴᠡᠨᠡᠯᠡᠯᠲᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠡᠮᠦᠨᠡᠬᠡᠨ ᠤᠯᠠᠭᠠᠨᠬᠠᠳᠠ ᠬᠤᠲᠠ᠎ᠶ᠋ᠢᠨ ᠬᠠᠷᠠᠴᠢᠨ ᠬᠤᠱᠢᠭᠤᠨ᠎ᠤ ᠮᠠᠢᠷᠠᠨ ᠭᠤᠤ᠎ᠶ᠋ᠢᠨ ᠴᠠᠰᠤ ᠴᠠᠨᠠᠯᠠᠯᠲᠠ ᠵᠢᠨ ᠲᠠᠯᠠᠪᠠᠶ᠎ᠳᠤ ᠵᠢᠩᠬᠢᠨᠢ᠎ᠪᠠᠷ ᠶᠠᠪᠤᠬᠳᠠᠪᠠ᠃ ᠲᠤᠰ ᠤᠳᠠᠭᠠᠨ᠎ᠤ ᠤᠷᠤᠯᠳᠤᠭᠠᠨ᠎ᠳᠤ ᠪᠦᠬᠦ᠌ ᠤᠯᠤᠰ᠎ᠤᠨ 20 ᠭᠠᠷᠤᠶ ᠮᠤᠵᠢ᠂ ᠣᠷᠣᠨ᠂ ᠬᠤᠲᠠ ᠵᠢᠴᠢ ᠲᠤᠰᠭᠠᠶ ᠮᠡᠷᠭᠡᠵᠢᠯ᠎ᠤᠨ ᠺᠯᠦᠪ᠎ᠤᠨ 139 ᠲᠠᠮᠢᠷᠴᠢᠨ ᠤᠷᠤᠯᠳᠤᠭᠠᠨ᠎ᠤ ᠲᠠᠯᠠᠪᠤᠷ᠎ᠲᠤ ᠴᠤᠭ᠍ᠯᠠᠷᠠᠵᠤ᠂ ᠬᠡᠲᠦ ᠶᠡᠭᠡ ᠡᠷᠭᠢᠯᠲᠡ᠂ ᠶᠡᠭᠡ ᠡᠷᠭᠢᠯᠲᠡ᠂ ᠡᠷᠭᠢᠯᠲᠡ᠂ ᠪᠦᠷᠢᠨ ᠴᠢᠳᠠᠪᠤᠷᠢ ᠵᠢᠴᠢ ᠪᠦᠯᠬᠦᠮ ᠨᠡᠢᠲᠡ᠎ᠶ᠋ᠢᠨ ᠪᠦᠷᠢᠨ ᠴᠢᠳᠠᠪᠤᠷᠢ ᠵᠡᠷᠭᠡ 6 ᠶᠡᠭᠡ ᠭᠤᠤᠯ ᠲᠥᠷᠥᠯ᠎ᠤᠨ ᠲᠤᠭᠤᠷᠢᠨ ᠳ᠋ᠤ ᠥᠷᠢᠰᠦᠯᠳᠦᠪᠡ᠃

ᠤᠯᠠᠨ ᠤᠳᠠᠭ᠎ᠠ ᠪᠦᠬᠦ ᠤᠯᠤᠰ᠎ᠤᠨ ᠬᠡᠪᠴᠢᠶᠡᠨ᠎ᠤ ᠤᠷᠤᠯᠳᠤᠭᠠᠨ ᠵᠢᠴᠢ ᠤᠯᠠᠨ ᠤᠯᠤᠰ᠎ᠤᠨ ᠬᠡᠪᠴᠢᠶᠡᠨ᠎ᠤ ᠤᠷᠤᠯᠳᠤᠭᠠᠨ᠎ᠢ ᠳᠠᠭᠠᠭᠠᠴᠢᠯᠠᠨ ᠡᠷᠬᠢᠯᠡᠭᠰᠡᠨ ᠭᠠᠵᠠᠷ ᠪᠤᠯᠤᠭᠰᠠᠨ᠎ᠤ ᠬᠤᠪᠢ ᠳ᠋ᠤ᠂ ᠮᠠᠢᠷᠡᠨ ᠭᠤᠤ᠎ᠶ᠋ᠢᠨ ᠴᠠᠰᠤ ᠴᠠᠨᠠᠯᠠᠯᠳᠠ ᠵᠢᠨ ᠲᠠᠯᠠᠪᠠᠶ᠎ᠨᠢ ᠣᠯᠠᠨ ᠤᠯᠤᠰ᠎ᠤᠨ ᠤᠷᠤᠯᠳᠤᠭᠠᠨ᠎ᠤ ᠪᠠᠷᠢᠮᠵᠢᠶ᠎ᠠ ᠶᠣᠰᠣᠭᠠᠷ ᠲᠠᠰ ᠳᠡᠪᠱᠢᠭᠦᠯᠦᠨ ᠥᠭᠡᠷᠡᠴᠢᠯᠡᠬᠦ᠌ ᠠᠵᠢᠯ ᠢ᠋ ᠰᠠᠢᠲᠤᠷ ᠠᠬᠢᠭᠤᠯᠵᠤ᠂ ᠬᠠᠮᠤᠭ᠎ᠤᠨ ᠱᠢᠯᠢᠳᠡᠭ ᠲᠥᠬᠦᠭᠡᠷᠦᠮᠵᠢ ᠪᠠ ᠦᠢᠯᠡᠴᠢᠯᠡᠭᠡᠨ᠎ᠤ ᠬᠢᠷᠢ ᠲᠦᠪᠱᠢᠨ᠎ᠢᠶᠠᠷ ᠪᠥᠬᠦ᠌ ᠪᠥᠮᠪᠥᠷᠴᠡᠭ᠎ᠤᠨ ᠬᠠᠮᠤᠭ ᠤ᠋ᠨ ᠰᠠᠢᠨ ᠲᠠᠮᠢᠷᠴᠢᠳ᠎ᠢ ᠤᠭᠳᠤᠬᠤ ᠪᠡᠷ ᠴᠢᠷᠮᠠᠢᠭᠰᠠᠨ ᠪᠠᠢᠨ᠎ᠠ᠃ ᠨᠢᠳᠤᠨᠤᠨ ᠬᠠᠷᠠᠴᠢᠨ ᠬᠣᠱᠢᠭᠤ 2025 — 2026 ᠣᠨ ᠤ᠋ ᠤᠷᠤᠯᠳᠤᠭᠠᠨ᠎ᠤ ᠤᠯᠠᠷᠢᠯ᠎ᠤᠨ ᠣᠯᠠᠨ ᠤᠯᠤᠰ᠎ᠤᠨ ᠴᠠᠰᠤ ᠴᠠᠨᠠᠯᠠᠯᠳᠠ ᠬᠢᠭᠡᠳ ᠲᠠᠩ ᠬᠠᠪᠳᠠᠰᠤᠲᠤ ᠴᠠᠨᠠᠯᠠᠯᠳᠠ ᠵᠢᠨ ᠬᠤᠯᠪᠤᠭ᠎ᠠ ᠵᠢᠨ ᠳᠠᠩ ᠬᠠᠪᠲᠠᠰᠤᠳᠤ ᠴᠠᠨᠠᠯᠠᠯᠳᠠ ᠵᠢᠨ ᠵᠡᠷᠭᠡᠴᠡᠭᠡ ᠡᠷᠬᠢᠯᠲᠡ ᠵᠢᠨ ᠲᠥᠷᠥᠯ ᠵᠦᠢᠯ᠎ᠤᠨ ᠳᠡᠯᠡᠬᠡᠶ᠎ᠶ᠋ᠢᠨ ᠬᠤᠨᠳᠠᠭᠠᠲᠤ ᠤᠷᠤᠯᠳᠤᠭᠠᠨ᠂ 2025-2026 ᠣᠨ᠎ᠤ ᠤᠷᠤᠯᠳᠤᠭᠠᠨ᠎ᠤ ᠤᠯᠠᠷᠢᠯ᠎ᠤᠨ ᠪᠥᠬᠦ᠌ ᠤᠯᠤᠰ᠎ᠤᠨ ᠥᠨᠳᠥᠷ ᠠᠭᠤᠯᠠᠨ᠎ᠤ ᠴᠠᠰᠤ ᠴᠡᠨᠡᠯᠡᠯᠲᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ᠂ ᠥᠪᠥᠷ ᠮᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠤ᠋ ᠠᠷᠪᠠᠨ ᠵᠢᠷᠭᠤᠳᠤᠭᠠᠷ ᠬᠤᠭᠤᠴᠠᠭᠠᠨ᠎ᠤ᠋ ᠪᠡᠶ᠎ᠡ᠎ᠶᠢᠨ ᠲᠠᠮᠢᠷ᠎ᠤ᠋ᠨ ᠴᠤᠭ᠍ᠯᠠᠭᠠᠨ᠎ᠤ᠋ ᠥᠨᠳᠥᠷ ᠠᠭᠤᠯᠠᠨ ᠤ᠋ ᠴᠠᠰᠤ ᠴᠠᠨᠠᠯᠠᠯᠳᠠ ᠵᠢᠨ ᠮᠠᠩᠯᠠᠢ ᠱᠢᠯᠭᠠᠷᠠᠭᠤᠯᠬᠤ ᠤᠷᠤᠯᠳᠤᠭᠠᠨ ᠵᠡᠷᠭᠡ ᠥᠨᠳᠥᠷ ᠬᠢᠷᠢ ᠲᠦᠪᠱᠢᠨ ᠪᠦᠬᠦᠢ ᠤᠷᠤᠯᠳᠤᠭᠠᠨ᠎ᠢ ᠳᠠᠭᠠᠭᠠᠴᠢᠯᠠᠨ ᠡᠷᠬᠢᠯᠡᠬᠦ ᠪᠡᠷ ᠳᠠᠮᠵᠢᠨ᠂ ᠡᠨᠡ ᠬᠦ᠌ ᠴᠠᠰᠤᠲᠤ ᠭᠠᠵᠡᠷ ᠎ᠢ ᠪᠦᠬᠦ᠌ ᠤᠯᠤᠰ᠎ᠤ᠋ᠨ ᠮᠥᠰᠥ᠍ ᠴᠠᠰᠤᠨ᠎ᠤ᠋ ᠬᠥᠳᠡᠯᠭᠡᠭᠡᠨ ᠪᠠ  ᠵᠢᠭᠤᠯᠴᠢᠯᠠᠯ᠎ᠤ᠋ᠨ ᠲᠥᠪᠯᠡᠷᠡᠯ᠎ᠦ᠋ᠨ ᠴᠡᠭ ᠪᠣᠯᠭᠠᠬᠤ ᠪᠤᠯᠤᠨ᠎ᠠ᠃

ᠣᠢᠷ᠎ᠠ᠎ᠶ᠋ᠢᠨ ᠵᠢᠯ᠎ᠠᠴᠠ ᠨᠠᠭᠠᠰᠢ᠂ ᠬᠠᠷᠠᠴᠢᠨ ᠬᠤᠱᠢᠭᠤ ᠥᠪᠡᠷᠮᠢᠴᠡ ᠣᠨᠴᠠᠯᠢᠭ᠎ᠪᠦᠬᠦᠢ ᠮᠥᠰᠥ᠍ ᠴᠠᠰᠤᠨ᠎ᠤ ᠡᠬᠢ ᠪᠠᠶᠠᠯᠢᠭ᠎ᠲᠠᠭᠠᠨ ᠲᠦᠱᠢᠭ᠌ᠯᠡᠨ᠂ 《ᠮᠥᠰᠥ᠍ ᠴᠠᠰᠤ +》 ᠠᠭᠤᠰᠤᠯᠴᠠᠭᠤᠯᠤᠨ ᠬᠥᠭ᠌ᠵᠢᠭᠦᠯᠬᠦ᠌ ᠱᠢᠰᠲ᠋ᠧᠮ᠎ᠢ ᠪᠠᠢᠭᠤᠯᠵᠤ᠂ ᠮᠥᠰᠥ᠍ ᠴᠠᠰᠤᠨ᠎ᠤ ᠠᠵᠤ ᠦᠢᠯᠡᠰ ᠢ᠋ ᠬᠦᠭᠵᠢᠬᠦᠯᠬᠦ 《ᠰᠢᠨ᠎ᠡ ᠬᠤᠷᠳᠤᠴᠠ》 ᠵᠢ ᠪᠤᠢ ᠪᠤᠯᠭᠠᠭᠰᠠᠨ ᠪᠠᠢᠨ᠎ᠠ᠃ ᠣᠯᠠᠨ ᠤᠯᠤᠰ ᠪᠠ ᠤᠯᠤᠰ᠎ᠤᠨ ᠳᠣᠲᠣᠭᠠᠳᠤ᠎ᠶ᠋ᠢᠨ ᠳᠡᠭᠡᠳᠦ ᠲᠠᠰ᠎ᠤᠨ ᠠᠯᠢ ᠣᠯᠠᠨ ᠤᠷᠤᠯᠳᠤᠭᠠᠨ ᠵᠢᠡᠷ ᠲᠠᠮᠵᠢᠭᠠᠳ ᠬᠠᠷᠠᠴᠢᠨ ᠬᠤᠱᠢᠭᠤᠨ᠎ᠤ ᠮᠥᠰᠥ᠍ ᠴᠠᠰᠤᠨ᠎ᠤ ᠲᠥᠷᠥᠯ ᠲᠡᠮᠳᠡᠭ᠌ᠲᠦ᠍᠎ᠶ᠋ᠢᠨ ᠨᠥᠯᠥᠭᠡᠯᠡᠬᠦ᠌ ᠬᠦᠴᠦᠨ᠎ᠢ ᠦᠷᠭᠦᠯᠵᠢᠯᠡᠨ ᠴᠢᠩᠭᠠᠷᠠᠭᠤᠯᠬᠤ ᠵᠢᠨ ᠬᠠᠮᠳᠤ᠂ ᠲᠤᠬᠠᠶ᠎ᠶ᠋ᠢᠨ ᠭᠠᠵᠠᠷ᠎ᠤᠨ᠎ᠬᠢᠨ ᠪᠠᠰᠠ ᠮᠥᠰᠥ᠍ ᠴᠠᠰᠤᠨ᠎ᠤ ᠪᠠᠶᠠᠷ᠂ ᠮᠥᠰᠥ᠍ ᠴᠠᠰᠤᠨ᠎ᠤ ᠪᠠᠶᠠᠰᠤᠯᠳᠤ ᠨᠠᠢᠷ᠂ ᠮᠥᠰᠥ᠍ ᠴᠠᠰᠤᠨ᠎ᠤ ᠨᠠᠭᠠᠳᠤᠮ ᠵᠡᠷᠭᠡ ᠤᠨᠴᠠᠯᠢᠬ᠍ᠳᠤ ᠠᠵᠢᠯᠯᠠᠭ᠎ᠠ ᠡᠷᠬᠢᠯᠡᠵᠦ᠂ 《ᠤᠯᠤᠰ᠎ᠤᠨ ᠲᠠᠰ᠎ᠤᠨ ᠴᠠᠰᠤᠨ᠎ᠳᠤ ᠴᠠᠨᠠᠯᠠᠬᠤ ᠵᠢᠭᠤᠯᠴᠢᠯᠠᠯ ᠠᠮᠠᠷᠠᠯᠲᠠ᠎ᠶ᠋ᠢᠨ ᠭᠠᠵᠠᠷ》 ᠢ᠋ ᠠᠮᠵᠢᠯᠲᠠ᠎ᠲᠠᠢ ᠪᠠᠢᠭᠤᠯᠤᠭ᠍ᠰᠠᠨ ᠪᠥᠭᠡᠳ 《ᠮᠥᠩᠭᠦᠨ ᠲᠡᠪᠡᠯ ᠬᠡᠳᠦᠷᠦᠭᠰᠡᠨ ᠴᠠᠰᠤᠳᠤ ᠶᠢᠷᠳᠢᠨᠴᠤ》 ᠪᠥᠬᠦ᠌ ᠤᠯᠤᠰ᠎ᠤᠨ ᠮᠥᠰᠥ᠍ ᠴᠠᠰᠤᠨ᠎ᠤ ᠵᠢᠭᠤᠯᠴᠢᠯᠠᠯ᠎ᠤᠨ ᠰᠣᠳᠣᠨ ᠵᠠᠮ ᠱᠤᠭᠤᠮ ᠵᠢᠡᠷ ᠰᠣᠩᠭᠤᠭ᠍ᠳᠠᠪᠠ᠃ 2025 ᠤᠨ ᠤ᠋ ᠣᠯᠠᠨ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ ᠤᠯᠠᠭᠠᠨᠬᠠᠳᠠ᠎ᠶ᠋ᠢᠨ ᠮᠠᠢᠷᠠᠨ ᠭᠤᠤ᠎ᠶ᠋ᠢᠨ ᠥᠨᠳᠦᠷᠯᠢᠭ᠎ᠤᠨ ᠪᠡᠶ᠎ᠡ ᠵᠢᠨ ᠲᠠᠮᠢᠷ ᠤ᠋ᠨ ᠬᠥᠳᠡᠯᠭᠡᠭᠡᠨ ᠤ᠋ ᠰᠡᠯᠡᠭᠦᠴᠡᠨ ᠠᠮᠠᠷᠠᠬᠤ ᠣᠷᠣᠨ ᠨᠢ 《ᠮᠥᠰᠥ᠍ ᠴᠠᠰᠤᠨ᠎ᠤ ᠭᠠᠢᠬᠠᠮᠰᠢᠬ》 ᠮᠦᠰᠤ ᠴᠠᠰᠤᠨ ᠤ᠋ ᠠᠵᠤ ᠦᠢᠯᠡᠰ᠎ᠤᠨ ᠱᠠᠩᠨᠠᠯ᠎ᠢ᠋ ᠬᠦᠷᠲᠡᠵᠦ᠍᠂ ᠣᠷᠣᠨ ᠪᠦᠰᠡ᠎ᠶ᠋ᠢᠨ ᠮᠥᠰᠥ᠍ ᠴᠠᠰᠤᠨ᠎ᠤ ᠠᠵᠤ ᠦᠢᠯᠡᠰ᠎ᠤᠨ ᠪᠣᠳᠠᠲᠤ ᠬᠦᠴᠦᠨ᠎ᠢ ᠢᠯᠡᠷᠡᠭᠦᠯᠦᠭᠰᠡᠨ ᠪᠠᠢᠨ᠎ᠠ᠃

ᠣᠳᠣᠬᠠᠨ ᠳ᠋ᠤ᠂ ᠬᠠᠷᠠᠴᠢᠨ ᠬᠤᠱᠢᠭᠤᠨ᠎ᠤ ᠡᠪᠦᠯ᠎ᠤᠨ ᠤᠯᠠᠷᠢᠯ᠎ᠤᠨ ᠷᠢᠳᠢ ᠰᠢᠳᠢ ᠨᠢ ᠨᠢᠭᠡᠨᠲᠡ ᠲᠠᠩ ᠭᠠᠭᠴᠠ ᠴᠠᠰᠤ ᠴᠠᠨᠠᠯᠠᠯᠳᠠ ᠡᠴᠡ  ᠪᠡᠨ《ᠴᠠᠰᠤ᠂ ᠮᠥᠰᠥ᠍᠂ ᠤᠰᠤ》 ᠵᠢ ᠠᠭᠤᠰᠤᠯᠴᠠᠭᠤᠯᠤᠬᠰᠠᠨ ᠬᠥᠭ᠌ᠵᠢᠯᠲᠡ᠎ᠶ᠋ᠢᠨ ᠱᠢᠰᠲ᠋ᠧᠮ᠎ᠢ ᠪᠤᠢ ᠪᠤᠯᠭᠠᠪᠠ᠃ ᠡᠮᠡᠬᠡᠯ ᠠᠭᠤᠯᠠᠨ ᠤ᠋  ᠮᠥᠰᠥᠨ ᠳᠡᠭᠡᠷᠡᠬᠢ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠤ ᠲᠥᠪ᠎ᠲᠤ᠌ ᠨᠢᠳᠤᠨᠤᠨ ᠠᠷᠪᠠᠨ ᠨᠢᠭᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠣᠯᠠᠨ ᠲᠦᠮᠡᠨ ᠤ᠋ ᠴᠠᠰᠤ ᠮᠦᠰᠦᠨ ᠤ᠋ ᠤᠯᠠᠷᠢᠯ ᠤ᠋ᠨ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠨ ᠲᠦᠮᠡᠨ ᠤ᠋ ᠲᠦᠷᠭᠡᠨ ᠲᠡᠰᠢᠯᠳᠠ ᠵᠢᠨ ᠬᠤᠯᠪᠣᠭᠠᠲᠤ ᠤᠷᠤᠯᠳᠤᠭᠠᠨ (ᠤᠯᠠᠭᠠᠨᠬᠠᠲᠠ ᠥᠷᠲᠡᠭᠡ) ᠢ᠋ ᠠᠮᠵᠢᠯᠲᠠ᠎ᠲᠠᠢ ᠡᠷᠬᠢᠯᠡᠭ᠌ᠰᠡᠨ᠎ᠤ ᠳᠠᠷᠠᠭ᠎ᠠ᠂ ᠨᠢᠳᠤᠨᠤᠨ ᠣᠷᠣᠨ ᠵᠠᠶ᠎ᠶ᠋ᠢᠨ ᠪᠠᠢᠷᠢᠯᠠᠭᠤᠯᠤᠯᠲᠠ᠎ᠪᠠᠨ ᠤᠯᠠᠮ ᠱᠢᠯᠢᠳᠡᠭ᠌ᠵᠢᠭᠦᠯᠵᠦ᠍᠂ ᠲᠤᠰᠭᠠᠶ ᠤᠷᠤᠯᠳᠤᠭᠠᠨ᠎ᠤ ᠵᠠᠮ᠂ ᠣᠯᠠᠨ ᠲᠦᠮᠡᠨ ᠤ᠋ ᠵᠤᠭ᠎ᠠ ᠴᠡᠩᠭᠡᠯ᠎ᠤᠨ ᠲᠣᠭᠤᠷᠢᠭ ᠬᠢᠭᠡᠳ ᠭᠡᠷ ᠪᠦᠯᠢ ᠵᠢᠨ ᠬᠠᠷᠢᠯᠴᠠᠨ ᠦᠢᠯᠡᠳᠦᠯᠴᠡᠬᠦ ᠲᠤᠭᠤᠷᠢᠭ ᠲᠤᠬᠢᠷᠠᠭᠤᠯᠵᠤ᠂ ᠮᠦᠰᠦᠨ ᠲᠡᠪᠤᠷ᠎ᠠ ᠵᠢᠨ ᠬᠦᠳᠡᠯᠬᠡᠬᠡᠨ ᠢ᠋ ᠪᠡᠶᠡᠴᠢᠯᠡᠨ ᠤᠢᠯᠠᠭᠠᠬᠤ᠂ ᠮᠥᠰᠥᠨ ᠳᠡᠭᠡᠷᠡᠬᠢ ᠮᠥᠷᠭᠦᠯᠳᠦᠬᠦ ᠲᠡᠷᠭᠡ ᠵᠡᠷᠭᠡ ᠰᠣᠨᠢᠷᠬᠠᠯᠲᠤ ᠵᠦᠢᠯᠡᠰ᠎ᠢ ᠣᠷᠣᠭᠤᠯᠤᠨ ᠠᠪᠴᠢᠷᠠᠬᠤ ᠵᠢᠨ ᠬᠠᠮᠳᠤ ᠮᠦᠰᠦᠨ ᠲᠡᠭᠡᠷᠡᠬᠢ ᠬᠦᠳᠡᠯᠬᠡᠬᠡᠨ ᠢ᠋ ᠰᠤᠷᠤᠯᠴᠠᠬᠤ ᠪᠠ ᠰᠤᠨᠢᠷᠬᠠᠯᠳᠤ ᠤᠷᠤᠯᠳᠤᠭᠠᠨ ᠤ᠋ ᠲᠦᠷᠦᠯ ᠤ᠋ᠨ ᠪᠦᠳᠦᠭᠡᠭᠳᠡᠬᠦᠨ ᠢ᠋  ᠭᠠᠷᠭᠠᠵᠤ᠂ ᠠᠳᠠᠯᠢ ᠪᠤᠰᠤ ᠬᠦᠮᠦᠰ ᠤ᠋ᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠡᠷᠡᠭ᠌ᠴᠡᠭᠡ᠎ᠶ᠋ᠢ ᠬᠠᠩᠭᠠᠵᠤ ᠪᠤᠢ; ᠡᠪᠦᠯ᠎ᠤᠨ ᠤᠯᠠᠷᠢᠯ ᠳ᠋ᠤ ᠾᠸ ᠮᠸᠢ ᠤᠰᠤᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠤ ᠲᠥᠪ᠎ᠨᠢ ᠲᠣᠭ᠍ᠲᠠᠮᠠᠯ ᠳᠤᠯᠠᠭᠠᠨ ᠪᠦᠬᠦᠢ ᠲᠠᠯᠠᠪᠤᠷ ᠣᠷᠳᠣᠨ᠎ᠢᠶᠠᠷ ᠬᠤᠲᠠ ᠲᠣᠭᠤᠷᠢᠭ᠎ᠤᠨ ᠡᠪᠦᠯ᠎ᠤᠨ ᠤᠯᠠᠷᠢᠯ᠎ᠤᠨ ᠭᠡᠷ ᠳᠣᠲᠣᠷᠠᠬᠢ ᠲᠠᠮᠢᠷ᠎ᠤᠨ ᠬᠥᠳᠡᠯᠭᠡᠭᠡᠨ᠎ᠤ ᠬᠤᠭᠤᠰᠣᠨ᠎ᠢ ᠨᠥᠬᠦᠪᠥᠷᠢᠯᠡᠵᠦ᠍᠂ ᠤᠰᠤᠨ᠎ᠳᠤ ᠤᠮᠪᠠᠭ᠍ᠤ᠂ ᠪᠡᠶ᠎ᠡ ᠴᠢᠭᠢᠷᠠᠭ᠍ᠵᠢᠭᠤᠯᠬᠤ᠂ ᠬᠠᠯᠠᠭᠤᠨ ᠷᠠᠱᠢᠶᠠᠨ ᠢ᠋ ᠨᠢᠭᠡ ᠴᠣᠭ᠍ᠴᠠᠵᠢᠭᠤᠯᠤᠭ᠍ᠰᠠᠨ ᠣᠯᠠᠨ ᠲᠦᠮᠡᠨ᠎ᠤ ᠪᠡᠶ᠎ᠡ᠎ᠶ᠋ᠢᠨ ᠲᠠᠮᠢᠷ᠎ᠤᠨ ᠣᠷᠣᠨ ᠵᠠᠶ᠎ᠶ᠋ᠢ ᠪᠣᠶ ᠪᠣᠯᠭᠠᠵᠤ᠂ ᠬᠤᠲᠠ᠎ᠶ᠋ᠢᠨ ᠠᠷᠠᠳ᠎ᠤᠨ ᠣᠢᠷ᠎ᠠ ᠲᠡᠭᠦᠷᠭᠡ᠎ᠶ᠋ᠢᠨ ᠰᠡᠯᠡᠭᠦᠴᠡᠨ ᠠᠮᠠᠷᠠᠬᠤ ᠱᠢᠨ᠎ᠡ ᠭᠠᠵᠠᠷ ᠪᠣᠯᠵᠠᠢ᠃

《ᠡᠨᠡ ᠭᠤᠷᠪᠠᠨ ᠶᠡᠭᠡ ᠲᠥᠪ᠎ᠤᠨ ᠬᠠᠮᠵᠢᠯᠴᠠᠨ ᠬᠥᠭ᠌ᠵᠢᠬᠦ᠌᠎ᠪᠠᠷ ᠳᠠᠮᠵᠢᠭᠤᠯᠤᠨ᠂ ᠪᠥᠬᠦ᠌ ᠬᠤᠱᠢᠭᠤᠨ᠎ᠤ ᠮᠥᠰᠥ᠍ ᠴᠠᠰᠤᠨ᠎ᠤ ᠠᠵᠤ ᠦᠢᠯᠡᠰ᠎ᠤᠨ ᠳᠠᠩ ᠭᠠᠭ᠍ᠴᠠ ᠴᠠᠰᠤᠨ᠎ᠳᠤ ᠴᠠᠨᠠᠯᠠᠬᠤ ᠡᠴᠡ 〈ᠴᠠᠰᠤ᠂ ᠮᠥᠰᠥ᠍᠂ ᠤᠰᠤ〉 ᠶ᠋ᠢᠨ ᠣᠯᠠᠨ ᠡᠱᠢᠲᠦ ᠡᠵᠡᠩᠨᠡᠯᠲᠡ᠎ᠶ᠋ᠢᠨ ᠬᠡᠯᠪᠡᠷᠢ ᠲᠡᠢᠰᠢ ᠥᠷᠭᠡᠵᠢᠬᠦ᠌᠎ᠶ᠋ᠢ ᠠᠬᠢᠭᠤᠯᠵᠤ᠂ ᠪᠥᠬᠦ᠌ ᠴᠠᠷᠠᠭ᠎ᠠ᠎ᠪᠠᠷ ᠬᠤᠯᠪᠣᠭᠠᠯᠠᠨ ᠬᠥᠳᠡᠯᠦᠯᠴᠡᠬᠦ᠌ ᠮᠥᠰᠥ᠍ ᠴᠠᠰᠤᠨ᠎ᠤ ᠬᠥᠳᠡᠯᠭᠡᠭᠡᠨ ᠪᠠ ᠰᠡᠯᠡᠭᠦᠴᠡᠯ᠎ᠤᠨ ᠲᠣᠤᠷ ᠰᠦᠯᠵᠢᠶ᠎ᠡ᠎ᠶ᠋ᠢ ᠪᠣᠶ ᠪᠣᠯᠭᠠᠵᠤ᠂ ᠲᠤᠰᠭᠠᠶ ᠮᠡᠷᠭᠡᠵᠢᠯ᠎ᠤᠨ ᠤᠷᠤᠯᠳᠤᠭᠠᠨ᠎ᠠᠴᠠ ᠣᠯᠠᠨ ᠨᠡᠢᠲᠡ᠎ᠶ᠋ᠢᠨ ᠣᠢᠯᠠᠭᠠᠯᠲᠠ ᠳᠠᠢᠰᠢ ᠤᠷᠲᠤᠳᠭᠠᠬᠤ᠎ᠶ᠋ᠢ ᠪᠡᠶᠡᠯᠡᠭᠦᠯᠵᠦ᠍᠂ ᠡᠴᠦᠰ᠎ᠲᠡᠭᠡᠨ ᠪᠥᠬᠦ᠌ ᠣᠷᠣᠨ ᠪᠦᠰᠡ᠎ᠶ᠋ᠢ ᠬᠠᠮᠤᠷᠤᠭ᠍ᠰᠠᠨ᠂ ᠪᠥᠬᠦ᠌ ᠠᠷᠠᠳ᠎ᠲᠤ ᠦᠶ᠋ᠯᠡᠴᠢᠯᠡᠭ᠌ᠰᠡᠨ᠂ ᠳᠥᠷᠪᠡᠨ ᠤᠯᠠᠷᠢᠯ᠎ᠳᠤ ᠭᠥᠷᠳᠡᠵᠦ᠍ ᠪᠣᠯᠬᠤ ᠮᠥᠰᠥ᠍ ᠴᠠᠰᠤᠨ᠎ᠤ ᠬᠥᠳᠡᠯᠭᠡᠭᠡᠨ ᠪᠠ ᠰᠡᠯᠡᠭᠦᠴᠡᠯ᠎ᠤᠨ ᠠᠵᠤ ᠦᠢᠯᠡᠰ᠎ᠤᠨ ᠱᠢᠰᠲ᠋ᠧᠮ᠎ᠢ ᠪᠣᠶ ᠪᠣᠯᠭᠠᠨ᠎ᠠ》 ᠭᠡᠵᠦ ᠬᠠᠷᠠᠴᠢᠨ ᠬᠤᠱᠢᠭᠤᠨ᠎ᠤ  ᠠᠷᠠᠳ᠎ᠤᠨ ᠵᠠᠰᠠᠭ᠎ᠤᠨ ᠣᠷᠳᠣᠨ᠎ᠤ  ᠳᠡᠳ᠋  ᠬᠤᠱᠢᠭᠤᠨ ᠳᠠᠷᠤᠭ᠎ᠠ  ᠵᠤᠸᠠᠩ ᠸᠧᠨ ᠳ᠋ᠢ  ᠲᠠᠨᠢᠯᠴᠠᠭᠤᠯᠪᠠ᠃

ᠤᠳᠤ᠂ ᠬᠠᠷᠠᠴᠢᠨ ᠬᠤᠱᠢᠭᠤ ᠶᠠᠭ ᠡᠯ᠎ᠡ ᠱᠠᠲᠤᠨ᠎ᠤ ᠵᠠᠭᠤᠴᠢᠯᠠᠭᠤᠷ᠎ᠤᠨ ᠲᠠᠪᠴᠠᠩ᠎ᠢ ᠭᠦᠢᠴᠡᠳ ᠠᠱᠢᠭ᠍ᠯᠠᠨ᠂ ᠪᠥᠬᠦ᠌ ᠲᠠᠯ᠎ᠠ᠎ᠪᠠᠷ᠂ ᠣᠯᠠᠨ ᠠᠷᠭ᠎ᠠ ᠵᠠᠮ᠎ᠢᠶᠠᠷ ᠤᠬᠠᠭᠤᠯᠤᠨ ᠲᠠᠨᠢᠯᠴᠠᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠪᠠ ᠵᠢᠭᠤᠯᠴᠢᠯᠠᠯ᠎ᠤᠨ ᠠᠭᠤᠷ ᠠᠮᠢᠰᠭᠤᠯ᠎ᠢ ᠪᠣᠶ ᠪᠣᠯᠭᠠᠬᠤ᠎ᠶ᠋ᠢᠨ ᠬᠠᠮᠲᠤ ᠵᠠᠬ᠎ᠠ ᠳᠡᠯᠭᠡᠭᠦᠷ᠎ᠤᠨ ᠨᠡᠭᠡᠭᠡᠨ ᠬᠥᠭ᠌ᠵᠢᠭᠦᠯᠦᠯᠲᠡ᠎ᠶ᠋ᠢ ᠢᠳᠡᠪᠬᠢᠲᠡᠶ ᠠᠬᠢᠭᠤᠯᠵᠤ᠂ ᠤᠷᠤᠯᠳᠤᠭᠠᠨ᠎ᠤ ᠲᠥᠷᠥᠯ ᠲᠡᠮᠳᠡᠭ᠎ᠤᠨ ᠦᠨ᠎ᠡ ᠥᠷᠲᠡᠭ᠎ᠢ ᠠᠭᠤᠳᠠᠯᠤᠨ᠂ ᠣᠯᠠᠨ ᠡᠱᠢᠲᠦ ᠳᠡᠮᠵᠢᠯᠭᠡ᠎ᠶ᠋ᠢᠨ ᠱᠢᠰᠲ᠋ᠧᠮ᠎ᠢ ᠪᠠᠢᠭᠤᠯᠵᠤ᠂ ᠨᠡᠢᠭᠡᠮ᠎ᠤᠨ ᠬᠥᠷᠥᠩᠭᠡ ᠎ᠶ᠋ᠢ ᠲᠠᠢᠴᠢᠯᠠᠨ ᠣᠷᠣᠯᠴᠠᠭᠤᠯᠵᠤ᠂ ᠤᠷᠤᠯᠳᠤᠭᠠᠨ᠎ᠤ ᠶᠡᠷᠦᠩᠬᠡᠢ ᠦᠷ᠎ᠡ ᠠᠱᠢᠭ᠎ᠢ ᠳᠡᠭᠡᠭ᠌ᠰᠢᠯᠡᠭᠦᠯᠬᠦ ᠪᠡᠷ ᠴᠢᠷᠮᠠᠢᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号