ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠪᠤᠯᠤᠨ ᠪᠠᠢᠭᠠᠯᠢ ᠢ᠋ᠢᠨ ᠡᠬᠢ ᠪᠠᠶᠠᠯᠢᠭ ᠤ᠋ᠨ ᠲᠢᠩᠬᠢᠮ ᠬᠠᠮᠲᠤᠷᠠᠨ ᠣᠢᠷ᠎ᠠ ᠳ᠋ᠤ ᠮᠡᠳᠡᠭ᠌ᠳᠡᠯ ᠲᠠᠷᠬᠠᠭᠠᠵᠤ᠂ ᠪᠥᠬᠥ᠌ ᠣᠷᠣᠨ ᠤ᠋ ᠭᠠᠵᠠᠷ ᠳᠤᠤᠷᠠᠬᠢ ᠤᠰᠤ ᠢ᠋ᠢ ᠨᠡᠭᠡᠭᠡᠨ ᠠᠰᠢᠭᠯᠠᠬᠤ ᠢ᠋ᠢ ᠴᠠᠭᠠᠵᠠᠯᠠᠬᠤ ᠣᠷᠣᠨ ᠪᠠ ᠨᠡᠭᠡᠭᠡᠨ ᠠᠰᠢᠭᠯᠠᠬᠤ ᠢ᠋ᠢ ᠬᠢᠵᠠᠭᠠᠷᠯᠠᠬᠤ ᠣᠷᠣᠨ ᠢ᠋ ᠵᠠᠭᠠᠭ᠍ᠯᠠᠨ ᠲᠣᠭ᠍ᠲᠠᠭᠠᠬᠰᠠᠨ ᠬᠡᠪᠴᠢᠶ᠎ᠡ ᠢ᠋ᠢ ᠨᠡᠢᠲᠡᠯᠡᠵᠦ᠍᠂ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ ᠢ᠋ᠢ ᠤᠯᠠᠮ ᠨᠢᠭᠡ ᠠᠯᠬᠤᠮ ᠲᠣᠳᠣᠷᠬᠠᠢᠯᠠᠪᠠ᠃
ᠮᠠᠨ ᠤ᠋ ᠤᠷᠤᠨ ᠪᠥᠬᠥ᠌ ᠣᠷᠣᠨ ᠳ᠋ᠤ ᠭᠠᠵᠠᠷ ᠳᠤᠤᠷᠠᠬᠢ ᠤᠰᠤ ᠢ᠋ᠢ ᠨᠡᠭᠡᠭᠡᠨ ᠠᠰᠢᠭᠯᠠᠬᠤ ᠢ᠋ᠢ ᠴᠠᠭᠠᠵᠠᠯᠠᠬᠤ ᠤᠷᠤᠨ ᠢ᠋ 5 ᠬᠤᠪᠢᠶᠠᠷᠢᠯᠡᠨ ᠲᠤᠭᠳᠠᠭᠠᠵᠤ᠂ ᠶᠡᠷᠦᠩᠬᠡᠶ ᠲᠠᠯᠠᠪᠠᠶ ᠨᠢ 41.56 ᠲᠡᠭ᠌ᠰᠢ ᠳᠥᠷᠪᠡᠯᠵᠢᠨ ᠺᠢᠯᠣᠮᠧᠲ᠋ᠷ ᠪᠠᠢᠵᠤ᠂ ᠬᠥᠬᠡᠬᠣᠲᠠ᠂ ᠪᠤᠭᠤᠲᠤ ᠬᠣᠲᠠ ᠪᠠ ᠲᠦᠩᠯᠢᠶᠣᠤ ᠬᠣᠲᠠ 3 ᠲᠤᠰᠭᠠᠶ ᠣᠷᠣᠨ ᠤ᠋ ᠲᠠᠰ ᠤ᠋ᠨ ᠬᠣᠲᠠ ᠵᠢᠴᠢ ᠬᠠᠮᠢᠶ᠎ᠠ ᠪᠥᠬᠥᠶ ᠬᠣᠱᠢᠭᠤ ᠱᠢᠶᠠᠨ ᠲᠣᠭᠣᠷᠢᠭ ᠢ᠋ ᠪᠠᠭᠲᠠᠭᠠᠪᠠ᠃ ᠭᠠᠵᠠᠷ ᠳᠤᠤᠷᠠᠬᠢ ᠤᠰᠤ ᠢ᠋ᠢ ᠨᠡᠭᠡᠭᠡᠨ ᠠᠰᠢᠭᠯᠠᠬᠤ ᠢ᠋ᠢ ᠬᠢᠵᠠᠭᠠᠷᠯᠠᠬᠤ ᠣᠷᠣᠨ ᠢ᠋ 56 ᠬᠤᠪᠢᠶᠠᠷᠢᠯᠠᠨ ᠲᠣᠭ᠍ᠲᠠᠭᠠᠵᠤ᠂ ᠶᠡᠷᠦᠩᠬᠡᠶ ᠲᠠᠯᠠᠪᠠᠶ ᠨᠢ 47749.24 ᠲᠡᠭ᠌ᠰᠢ ᠳᠥᠷᠪᠡᠯᠵᠢᠨ ᠺᠢᠯᠣᠮᠧᠲ᠋ᠷ ᠪᠠᠢᠵᠤ᠂ ᠲᠦᠩᠯᠢᠶᠣᠤ ᠬᠣᠲᠠ᠂ ᠤᠯᠠᠭᠠᠨᠬᠠᠳᠠ ᠬᠣᠲᠠ᠂ ᠬᠥᠬᠡᠬᠣᠲᠠ᠂ ᠪᠠᠶᠠᠨᠨᠠᠭᠤᠷ ᠬᠣᠲᠠ᠂ ᠪᠤᠭᠤᠲᠤ ᠬᠣᠲᠠ᠂ ᠦᠬᠠᠶ ᠬᠣᠲᠠ᠂ ᠣᠷᠳᠣᠰ ᠬᠣᠲᠠ᠂ ᠤᠯᠠᠭᠠᠨᠴᠠᠪ᠂ ᠱᠢᠯᠢ ᠢ᠋ᠢᠨ ᠭᠤᠤᠯ ᠠᠢᠮᠠᠭ ᠪᠠ ᠠᠯᠠᠱᠠ ᠠᠢᠮᠠᠭ ᠵᠡᠷᠭᠡ 10 ᠠᠢᠮᠠᠭ ᠬᠣᠲᠠ ᠵᠢᠴᠢ ᠬᠠᠮᠢᠶ᠎ᠠ ᠪᠥᠬᠥᠶ ᠬᠣᠱᠢᠭᠤ ᠱᠢᠶᠠᠨ ᠢ᠋ ᠪᠠᠭᠲᠠᠭᠠᠵᠠᠢ᠃
ᠤᠢᠯᠠᠭᠠᠭᠰᠠᠨ ᠵᠢᠡᠷ᠂ ᠮᠠᠨ ᠤ᠋ ᠤᠷᠤᠨ ᠭᠠᠵᠠᠷ ᠳᠤᠤᠷᠠᠬᠢ ᠤᠰᠤ ᠢ᠋ᠢ ᠨᠡᠭᠡᠭᠡᠨ ᠠᠰᠢᠭᠯᠠᠬᠤ ᠢ᠋ᠢ ᠴᠠᠭᠠᠵᠠᠯᠠᠬᠤ ᠣᠷᠣᠨ ᠳ᠋ᠤ ᠲᠦᠷ ᠴᠠᠭ ᠤ᠋ᠨ ᠪᠠᠴᠢᠮ ᠪᠠᠢᠳᠠᠯ ᠢ᠋ ᠠᠷᠭᠠᠴᠠᠭᠠᠵᠤ ᠤᠰᠤ ᠲᠠᠲᠠᠬᠤ ᠵᠡᠷᠭᠡ ᠪᠠᠢᠳᠠᠯ ᠡᠴᠡ ᠭᠠᠳᠠᠨ᠎ᠠ᠂ ᠭᠠᠵᠠᠷ ᠳᠤᠤᠷᠠᠬᠢ ᠤᠰᠤ ᠢ᠋ᠢ ᠲᠠᠲᠠᠵᠤ ᠬᠡᠷᠡᠭ᠌ᠯᠡᠬᠦ᠌ ᠢ᠋ᠢ ᠴᠠᠭᠠᠵᠠᠯᠠᠨ᠂ ᠭᠠᠵᠠᠷ ᠳᠤᠤᠷᠠᠬᠢ ᠤᠰᠤ ᠢ᠋ᠢ ᠨᠡᠭᠡᠭᠡᠨ ᠠᠰᠢᠭᠯᠠᠵᠤ ᠪᠠᠢᠭ᠎ᠠ ᠪᠤᠢ ᠪᠦᠬᠦᠢ ᠬᠤᠳᠳᠤᠭ ᠢ᠋ ᠬᠤᠭᠤᠴᠠᠭ᠎ᠠ ᠬᠢᠵᠠᠭᠠᠷᠯᠠᠨ ᠬᠠᠭᠠᠵᠤ᠂ ᠭᠠᠵᠠᠷ ᠳᠤᠤᠷᠠᠬᠢ ᠤᠰᠤ ᠢ᠋ᠢ ᠲᠠᠲᠠᠬᠤ ᠵᠥᠪᠱᠢᠶᠡᠷᠡᠯ ᠤ᠋ᠨ ᠦᠨᠡᠮᠯᠡᠯ ᠣᠯᠭᠣᠬᠤ ᠢ᠋ᠢ ᠵᠣᠭ᠍ᠰᠣᠭᠠᠬᠤ ᠵᠡᠷᠭᠡ ᠬᠠᠮᠢᠶᠠᠷᠤᠯᠲᠠ ᠢ᠋ᠢᠨ ᠠᠷᠭ᠎ᠠ ᠬᠡᠮᠵᠢᠶ᠎ᠡ ᠢ᠋ᠢ ᠴᠢᠩᠭ᠎ᠠ ᠨᠠᠢᠳᠠᠪᠤᠷᠢᠵᠢᠭᠤᠯᠤᠨ᠎ᠠ᠃ ᠭᠠᠵᠠᠷ ᠳᠤᠤᠷᠠᠬᠢ ᠤᠰᠤ ᠢ᠋ᠢ ᠨᠡᠭᠡᠭᠡᠨ ᠠᠰᠢᠭᠯᠠᠬᠤ ᠢ᠋ᠢ ᠬᠢᠵᠠᠭᠠᠷᠯᠠᠬᠤ ᠣᠷᠣᠨ ᠳ᠋ᠤ ᠲᠦᠷ ᠴᠠᠭ ᠤ᠋ᠨ ᠪᠠᠴᠢᠮ ᠪᠠᠢᠳᠠᠯ ᠢ᠋ ᠠᠷᠭᠠᠴᠠᠭᠠᠵᠤ ᠤᠰᠤ ᠲᠠᠲᠠᠬᠤ ᠵᠡᠷᠭᠡ ᠪᠠᠢᠳᠠᠯ ᠡᠴᠡ ᠭᠠᠳᠠᠨ᠎ᠠ᠂ ᠭᠠᠵᠠᠷ ᠳᠤᠤᠷᠠᠬᠢ ᠤᠰᠤ ᠢ᠋ᠢ ᠱᠢᠨ᠎ᠡ ᠪᠡᠷ ᠲᠠᠲᠠᠵᠤ ᠬᠡᠷᠡᠭ᠌ᠯᠡᠬᠦ᠌ ᠢ᠋ᠢ ᠴᠠᠭᠠᠵᠠᠯᠠᠬᠤ ᠢ᠋ᠢᠨ ᠬᠠᠮᠲᠤ ᠭᠠᠵᠠᠷ ᠲᠤᠤᠷ᠎ᠠ ᠡᠴᠡ ᠤᠰᠤ ᠠᠪᠬᠤ ᠬᠡᠮᠵᠢᠶ᠎ᠡ ᠢ᠋ᠢ ᠠᠯᠬᠤᠮ ᠠᠯᠬᠤᠮ ᠢ᠋ᠢᠡᠷ ᠪᠠᠭᠠᠰᠭᠠᠬᠤ ᠵᠡᠷᠭᠡ ᠬᠠᠮᠢᠶᠠᠷᠤᠯᠲᠠ ᠢ᠋ᠢᠨ ᠱᠠᠭᠠᠷᠳᠠᠯᠭ᠎ᠠ ᠢ᠋ᠢ ᠴᠢᠩᠭ᠎ᠠ ᠨᠠᠢᠳᠠᠪᠤᠷᠢᠵᠢᠭᠤᠯᠬᠤ ᠪᠤᠯᠤᠨ᠎ᠠ᠃