ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ ᠲᠦᠷᠦᠬᠦᠬᠡᠨ 2025- 2026 ᠣᠨ᠎ᠤ ᠳᠤᠮᠳᠠᠳᠤ ᠤᠯᠤᠰ᠎ᠤᠨ ᠮᠥᠰᠥᠨ ᠳᠡᠪᠦᠷ᠎ᠡ᠎ᠶ᠋ᠢᠨ ᠬᠣᠯᠪᠣᠭᠠᠲᠤ ᠤᠷᠤᠯᠳᠤᠭᠠᠨ᠎ᠤ ᠱᠢᠶ᠋ᠳᠪᠦᠷᠢᠲᠦ ᠤᠷᠤᠯᠳᠤᠭᠠᠨ ᠬᠥᠬᠡᠨᠠᠭᠤᠷ ᠮᠤᠵᠢ᠎ᠶᠢᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠰᠠᠭᠤᠷᠢᠨ᠎ᠳᠦ ᠶᠠᠪᠤᠭ᠍ᠳᠠᠪᠠ᠃ ᠡᠮᠦᠨᠡᠬᠢ ᠬᠤᠭᠤᠴᠠᠭᠠᠨ᠎ᠤ ᠭᠤᠷᠪᠠᠨ ᠥᠷᠲᠡᠭᠡᠨ᠎ᠦ ᠬᠤᠪᠢᠶᠠᠷᠢ ᠤᠷᠤᠯᠳᠤᠭᠠᠨ᠎ᠤ ᠱᠢᠯᠭᠠᠷᠠᠭᠤᠯᠤᠯᠲᠠ᠎ᠪᠠᠷ ᠳᠠᠮᠵᠢᠨ ᠪᠦᠬᠦ᠌ ᠤᠯᠤᠰ᠎ᠤᠨ 11 ᠮᠤᠵᠢ ᠣᠷᠣᠨ ᠬᠣᠲᠠ᠎ᠶ᠋ᠢᠨ 36 ᠡᠩᠨᠡᠭᠡ᠎ᠶᠢᠨ 150 ᠲᠠᠮᠢᠷᠴᠢᠨ ᠲᠤᠰ ᠤᠳᠠᠭᠠᠨ᠎ᠤ ᠶᠡᠷᠦᠩᠬᠡᠶ ᠱᠢᠶ᠋ᠳᠪᠦᠷᠢᠲᠦ ᠤᠷᠤᠯᠳᠤᠭᠠᠨ᠎ᠳᠤ ᠣᠷᠣᠯᠴᠠᠪᠠ᠃ ᠤᠷᠤᠯᠳᠤᠭᠠᠨ᠎ᠤ ᠬᠤᠭᠤᠴᠠᠭ᠎ᠠ ᠨᠢ 10 ᠡᠳᠦᠷ ᠪᠠᠢᠵᠤ᠂ ᠨᠡᠢ᠌ᠲᠡ 129 ᠲᠠᠯᠠᠪᠤᠷ ᠤᠷᠤᠯᠳᠤᠭᠠᠨ ᠶᠠᠪᠤᠭᠳᠠᠭᠤᠯᠪᠠ᠃
ᠦᠪᠦᠷ ᠮᠤᠨᠭᠭᠤᠯ 6 ᠲᠠᠮᠢᠷᠴᠢᠨ ᠲᠣᠮᠢᠯᠠᠨ ᠤᠷᠤᠯᠳᠤᠭᠠᠨ᠎ᠳᠤ ᠣᠷᠣᠯᠴᠠᠭᠤᠯᠵᠤ᠂ ᠡᠬᠦᠨ᠎ᠳᠦ ᠡᠮᠡᠭ᠌ᠲᠡᠶ᠎ᠶ᠋ᠢᠨ ᠪᠦᠯᠬᠦᠮ᠎ᠦᠨ ᠤᠷᠤᠯᠳᠤᠭᠠᠨ᠎ᠤ ᠲᠦᠷᠦᠯ ᠵᠦᠢᠯ᠎ᠳᠦ ᠥᠪᠥᠷ ᠮᠣᠩᠭᠣᠯ᠎ᠤᠨ ᠡᠮᠡᠭ᠌ᠲᠡᠶ᠎ᠶ᠋ᠢᠨ ᠨᠢᠭᠡᠳᠦᠭᠡᠷ ᠠᠩᠭᠢ ᠱᠢᠶ᠋ᠳᠪᠦᠷᠢᠲᠦ ᠤᠷᠤᠯᠳᠤᠭᠠᠨ᠎ᠳᠤ ᠣᠷᠣᠵᠤ᠂ ᠮᠥᠩᠭᠥᠨ ᠮᠧᠳᠠᠯ ᠭᠠᠷᠳᠠᠪᠠ᠃ ᠡᠷᠡᠭ᠌ᠲᠡᠶ ᠡᠮᠡᠭ᠌ᠲᠡᠶ᠎ᠶ᠋ᠢᠨ ᠬᠠᠮᠳᠤᠷᠠᠭᠰᠠᠨ ᠤᠷᠤᠯᠳᠤᠭᠠᠨ᠎ᠤ ᠲᠦᠷᠦᠯ ᠵᠦᠢᠯ᠎ᠳᠦ ᠥᠪᠥᠷ ᠮᠣᠩᠭᠣᠯ᠎ᠤᠨ ᠲᠠᠮᠢᠷᠴᠢᠨ ᠶᠠᠩ ᠶᠠᠩ᠂ ᠲᠢᠶᠠᠨ ᠯᠢᠨ ᠶᠤᠸᠠᠨ ᠬᠦᠷᠡᠯ ᠮᠧᠳᠠᠯ ᠭᠠᠷᠳᠠᠵᠠᠢ᠃
ᠣᠢᠷ᠎ᠠ᠎ᠶ᠋ᠢᠨ ᠵᠢᠯ᠎ᠦᠨ ᠲᠤᠷᠰᠢ ᠥᠪᠥᠷ ᠮᠣᠩᠭᠣᠯ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠦᠷᠭᠦᠯᠵᠢᠯᠡᠨ ᠭᠦᠨᠵᠡᠭᠡᠶ ᠬᠥᠭ᠌ᠵᠢᠭᠦᠯᠵᠦ᠍᠂ ᠪᠣᠯᠪᠠᠰᠤᠷᠠᠯ᠎ᠤᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠪᠠ᠃ ᠲᠣᠰ ᠤᠳᠠᠭ᠎ᠠ ᠦᠪᠦᠷ ᠮᠤᠨᠭᠭᠤᠯ᠎ᠤᠨ ᠲᠠᠮᠢᠷᠴᠢᠨ ᠰᠢᠯᠢᠳᠡᠭ ᠬᠢᠷᠢ ᠪᠦᠲᠦᠮᠵᠢ ᠤᠯᠤᠭᠰᠠᠠ᠎ᠨᠢ ᠲᠠᠮᠢᠷᠴᠢᠳ᠎ᠤᠨ ᠱᠢᠷᠭᠠᠭᠤ ᠬᠠᠲᠠᠭᠤᠵᠢᠯᠲᠠᠶ ᠪᠣᠯᠪᠠᠰᠤᠷᠠᠯ᠎ᠤᠨ ᠦᠷ᠎ᠡ ᠪᠦᠲᠦᠭᠡᠯ ᠪᠣᠯᠬᠤ᠎ᠪᠠᠷ ᠪᠠᠷᠠᠬᠤ ᠥᠬᠡᠶ ᠨᠠᠩ ᠴᠤ᠌ ᠦᠪᠦᠷ ᠮᠤᠨᠭᠭᠤᠯ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠴᠢᠨᠠᠷ ᠰᠠᠢᠲᠠᠶ ᠬᠥᠭ᠌ᠵᠢᠯᠲᠡ᠎ᠵᠢ ᠬᠦᠢᠴᠡᠳ ᠬᠠᠷᠠᠭᠤᠯᠪᠠ᠃