1 ᠰᠠᠷ᠎ᠠ᠎ᠶᠢᠨ 7᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠡᠷᠢᠭ ᠡᠯᠰᠡᠬᠦ ᠠᠯᠪᠠᠨ ᠭᠡᠷ ᠬᠠᠮᠳᠤᠷᠠᠨ ᠰᠦᠯᠵᠢᠶᠡᠨ ᠳᠡᠭᠡᠷ᠎ᠡ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠡᠷᠢᠭ ᠡᠯᠰᠡᠬᠦ ᠲᠥᠷᠥ᠎ᠶᠢᠨ ᠪᠣᠳᠣᠯᠭ᠎ᠠ᠎ᠶᠢᠨ ᠤᠬᠠᠭᠤᠯᠤᠨ ᠲᠠᠢᠯᠪᠤᠷᠢᠯᠠᠬᠤ ᠬᠤᠷᠠᠯ ᠡᠷᠭᠢᠯᠡᠵᠦ᠂ ᠥᠷᠭᠡᠨ ᠣᠯᠠᠨ ᠵᠠᠯᠠᠭᠤ ᠰᠤᠷᠤᠭ᠍ᠴᠢᠳ᠎ᠤᠨ ᠴᠡᠷᠢᠭ᠎ᠦᠨ ᠬᠤᠸᠠᠷᠠᠨ᠎ᠳᠤ ᠬᠦᠷᠴᠦ ᠪᠤᠯᠪᠠᠰᠤᠷᠠᠬᠤ ᠵᠢ ᠢᠳᠡᠪᠬᠢᠲᠡᠢ ᠤᠷᠢᠶᠠᠯᠠᠪᠠ ᠃
ᠤᠬᠠᠭᠤᠯᠤᠨ ᠲᠠᠢᠯᠪᠤᠷᠢᠯᠠᠬᠤ ᠬᠤᠷᠠᠯ ᠳᠡᠭᠡᠷ᠎ᠡ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠰᠠᠯᠠᠭᠠᠨ᠎ᠤ ᠳᠠᠷᠤᠭ᠎ᠠ ᠰᠦᠨ ᠵᠢᠩ᠂ ᠴᠡᠷᠢᠭ᠎ᠲᠦ ᠣᠷᠣᠬᠤ ᠨᠥᠬᠥᠴᠡᠯ᠂ ᠬᠢᠴᠢᠶᠡᠯ ᠰᠤᠷᠤᠯᠭ᠎ᠠ᠎ᠵᠢᠨ ᠬᠠᠷᠠᠭᠠᠯᠵᠠᠯ᠂ ᠠᠵᠤ ᠠᠬᠤᠢ᠎ᠶᠢᠨ ᠨᠥᠬᠥᠪᠦᠷᠢ᠂ ᠠᠵᠢᠯ ᠣᠯᠭᠣᠯᠲᠠ᠎ᠶᠢᠨ ᠳᠠᠪᠠᠭᠤᠯᠢᠭ᠋ ᠵᠡᠷᠭᠡ ᠰᠤᠷᠤᠭ᠍ᠴᠢᠳ᠎ᠤᠨ ᠨᠡᠢᠳᠡᠮ ᠠᠩᠬᠠᠷᠴᠤ ᠪᠠᠢᠭ᠎ᠠ ᠲᠦᠷᠦ᠎ᠶᠢᠨ ᠪᠣᠳᠣᠯᠭ᠎ᠠ᠎ᠶᠢᠨ ᠲᠤᠭᠤᠷᠢᠨ ᠳ᠋ᠤ ᠰᠢᠰᠲᠧᠮ᠎ᠲᠠᠢ ᠲᠠᠢᠯᠤᠮᠵᠢ ᠬᠢᠵᠡᠢ᠃ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠴᠡᠷᠢᠭ᠎ᠤᠨ ᠠᠯᠪᠠᠨ᠎ᠡᠴᠡ ᠬᠠᠯᠠᠭᠳᠠᠵᠤ᠂ ᠰᠤᠷᠭᠠᠭᠤᠯᠢ ᠳ᠋ᠠᠭᠠᠨ ᠪᠤᠴᠠᠵᠤ ᠢᠷᠡᠵᠦ ᠰᠤᠷᠤᠯᠴᠠᠭᠰᠠᠨ ᠭᠤᠷᠪᠠᠨ ᠣᠶᠤᠲᠠᠨ ᠥᠪᠡᠷ ᠥᠪᠡᠷ᠎ᠦᠨ ᠴᠡᠷᠢᠭ᠎ᠦᠨ ᠠᠮᠢᠳᠤᠷᠠᠯ᠎ᠢᠶᠠᠨ ᠬᠤᠪᠢᠶᠠᠯᠴᠠᠪᠠ᠃ ᠡᠬᠦᠨ ᠳ᠋ᠤ ᠳ᠋ᠣᠺᠲ᠋ᠣᠷᠠᠨᠲ ᠯᠢᠦ ᠮᠢᠩ ᠬᠤᠤ ᠴᠡᠷᠢᠭ ᠠᠩᠭᠢ ᠳ᠋ᠤ ᠳᠠᠪᠲᠠᠨ ᠪᠤᠯᠪᠠᠰᠤᠷᠠᠭᠰᠠᠨ ᠬᠠᠳᠠᠨ ᠵᠣᠷᠢᠭ᠋ ᠵᠢᠡᠷ ᠰᠢᠨᠵᠢᠯᠡᠬᠦ ᠤᠬᠠᠭᠠᠨ᠎ᠤ ᠰᠤᠳᠤᠯᠭᠠᠨ᠎ᠳ᠋ᠤ ᠭᠠᠪᠰᠢᠭᠠᠢᠯᠠᠨ ᠴᠢᠷᠮᠠᠢᠭᠰᠠᠨ ᠥᠯᠢᠭᠡᠷ᠎ᠢᠶᠡᠨ ᠬᠤᠪᠢᠶᠠᠯᠴᠠᠪᠠ ; ᠴᠧᠨ ᠰᠢᠶᠠᠩ ᠵᠢᠶᠦ᠋ᠨ 《 9·3 》 ᠤ᠋ ᠴᠡᠷᠢᠭ᠎ᠦᠨ ᠵᠢᠭ᠍ᠰᠠᠭᠠᠯ ᠰᠢᠯᠭᠠᠨ ᠦᠵᠡᠬᠦ ᠪᠣᠯᠪᠠᠰᠤᠷᠠᠯ᠎ᠤᠨ ᠳᠤᠮᠳᠠᠬᠢ ᠥᠩᠭᠡᠷᠡᠯᠲᠡ ᠪᠠ ᠲᠥᠷᠥᠭᠳᠡᠯ᠎ᠢᠶᠡᠨ ᠶᠠᠷᠢᠪᠠ; ᠰᠢᠩ ᠵᠢᠶᠠᠨ ᠸᠧᠨ ᠳᠠᠢ᠍ᠢᠴᠢᠨ ᠨᠥᠬᠥᠳ᠎ᠲᠠᠢ᠎ᠪᠡᠨ ᠬᠢᠯᠢ᠎ᠶᠢᠨ ᠬᠠᠮᠠᠭᠠᠯᠠᠯᠲᠠ᠎ᠶᠢᠨ ᠨᠢᠭᠡᠳᠦᠭᠡᠷ ᠹᠷᠣᠨᠲ᠎ᠢ ᠪᠠᠲᠤ ᠰᠠᠬᠢᠭ᠍ᠰᠠᠨ ᠦᠯᠢᠭᠡᠷᠵᠢᠡᠨ ᠬᠤᠪᠢᠶᠠᠯᠴᠠᠪᠠ᠃
ᠤᠬᠠᠭᠤᠯᠤᠨ ᠲᠠᠢᠯᠪᠤᠷᠢᠯᠠᠬᠤ ᠬᠤᠷᠠᠯ ᠨᠢ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠤᠨ ᠠᠩᠬᠠᠷᠤᠯ᠎ᠢ ᠲᠠᠲᠠᠵᠤ᠂ 3.8 ᠲᠦᠮᠡᠨ ᠬᠥᠮᠥᠨ ᠤᠳᠠᠭᠠᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ᠎ᠶᠢ ᠦᠵᠡᠪᠡ᠃ ᠲᠠᠨᠢᠯᠴᠠᠭᠤᠯᠤᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠡᠷᠢᠭ ᠡᠯᠰᠡᠬᠦ ᠠᠯᠪᠠᠨ ᠭᠡᠷ ᠡᠴᠡ 《ᠴᠡᠷᠢᠭ ᠡᠯᠰᠡᠬᠦ ᠤᠬᠠᠭᠤᠯᠭ᠎ᠠ᠎ᠶᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ》ᠰᠢᠷᠢᠰ ᠠᠵᠢᠯᠯᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠨᠡᠢᠲᠡᠯᠢᠭ ᠦᠢᠯᠡ ᠠᠵᠢᠯᠯᠠᠭ᠎ᠠ ᠶᠢ ᠳᠡᠯᠭᠡᠨ ᠦᠵᠡᠭᠦᠯᠬᠦ᠂ ᠪᠠᠢᠩᠭᠤ ᠵᠢᠨ ᠤᠬᠠᠭᠤᠯᠭ᠎ᠠ ᠪᠠ ᠠᠰᠠᠭᠤᠨ ᠯᠠᠪᠯᠠᠭ᠎ᠠ ᠥᠷᠨᠢᠭᠦᠯᠬᠦ ᠵᠡᠷᠭᠡ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠴᠡᠷᠢᠭ ᠡᠯᠰᠡᠬᠦ ᠲᠦᠷᠦ᠎ᠶᠢᠨ ᠪᠣᠳᠣᠯᠭ᠎ᠠ ᠪᠣᠯᠣᠨ ᠤᠯᠤᠰ᠎ᠢᠶᠠᠨ ᠬᠦᠴᠦᠷᠬᠡᠭᠵᠢᠭᠦᠯᠬᠦ ᠴᠡᠷᠢᠭ᠎ᠢᠶᠡᠨ ᠬᠦᠴᠦᠷᠬᠡᠭᠵᠢᠭᠦᠯᠬᠦ ᠴᠠᠭ ᠦᠶ᠎ᠡ᠎ᠶᠢᠨ ᠤᠷᠢᠶᠠᠯᠠᠭ᠎ᠠ᠎ᠶᠢ ᠰᠤᠷᠤᠭ᠍ᠴᠢ ᠨᠢᠭᠡᠪᠦᠷᠢ᠎ᠶᠢᠨ ᠰᠡᠳᠬᠢᠯ᠎ᠳᠦ ᠣᠨᠣᠪᠴᠢᠲᠠᠢ ᠬᠦᠷᠭᠡᠵᠦ᠂ ᠨᠡᠩ ᠤᠯᠠᠨ ᠥᠨᠳᠥᠷ ᠬᠡᠪ ᠪᠣᠯᠪᠠᠰᠤᠷᠠᠯ᠎ᠲᠠᠢ ᠵᠠᠯᠠᠭᠤᠴᠤᠳ᠎ᠤᠨ ᠬᠤᠪᠢ ᠬᠥᠮᠥᠨ᠎ᠦ ᠬᠦᠰᠡᠯᠡᠩᠵᠢᠡᠨ ᠤᠯᠤᠰ᠎ᠤᠨ ᠪᠠᠲᠤᠯᠠᠨ ᠬᠠᠮᠠᠭᠠᠯᠠᠯᠲᠠ᠂ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠠᠭᠤᠤ ᠶᠡᠬᠡ ᠦᠢᠯᠡᠰᠯᠦᠬᠡ ᠠᠭᠤᠰᠤᠯᠴᠠᠭᠤᠯᠵᠤ᠂ ᠰᠢᠨ᠎ᠡ ᠴᠠᠭ ᠦᠶ᠎ᠡ᠎ᠶᠢᠨ ᠴᠡᠷᠢᠭ᠎ᠢᠶᠡᠨ ᠬᠦᠴᠦᠷᠬᠡᠭᠵᠢᠭᠦᠯᠬᠦ ᠢᠷᠠᠭᠤ ᠬᠠᠭᠤᠳᠠᠰᠤ᠎ᠶᠢ ᠪᠢᠴᠢᠭᠯᠡᠭᠦ ᠪᠡᠷ ᠬᠦᠴᠦᠯᠡᠨ ᠴᠢᠷᠮᠠᠢᠬᠤ ᠵᠢ ᠬᠦᠳᠤᠯᠦᠨ ᠵᠢᠯᠤᠭᠤᠳᠴᠤ ᠪᠠᠢᠨ᠎ᠠ᠃