ᠪᠠᠢᠯᠳᠤᠭᠠᠨ᠎ᠤ ᠪᠠᠭᠠᠲᠤᠷ ᠲᠠᠢᠯᠤᠮᠵᠢ ᠬᠢᠵᠤ ᠵᠠᠯᠠᠭᠤᠴᠤᠳ ᠤ᠋ᠨ ᠴᠡᠷᠢᠭ ᠲᠸ᠋ ᠤᠷᠤᠬᠤ ᠬᠠᠯᠠᠭᠤᠨ ᠵᠤᠷᠢᠭ ᠢ᠋ ᠭᠦᠭᠵᠢᠭᠡᠨ᠎ᠠ
2026-01-08 15:20:30
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠤᠢ᠍ᠢᠷ᠎ᠡ᠎ᠶ᠋ᠢᠨ ᠡᠳᠦᠷ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠠᠷᠠᠳ᠎ᠤᠨ ᠵᠡᠪᠰᠡᠭ᠌ᠲᠦ ᠬᠦᠴᠦᠨ᠎ᠦ ᠬᠡᠯᠲᠡᠰ ᠥᠪᠥᠷ ᠮᠣᠩᠭᠣᠯ᠎ᠤᠨ ᠡᠯᠧᠺᠲ᠋ᠷᠣᠨ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠲᠠᠶ ᠬᠠᠮᠲᠤᠷᠠᠨ 《ᠪᠠᠢᠯᠳᠤᠭᠠᠨ᠎ᠤ ᠪᠠᠭᠠᠲᠤᠷ ᠰᠤᠷᠭᠠᠭᠤᠯᠢ᠎ᠶ᠋ᠢᠨ ᠬᠦᠷᠢᠶᠡᠨ᠎ᠳᠦ ᠣᠷᠣᠬᠤ》 ᠠᠵᠢᠯᠯᠠᠭ᠎ᠠ ᠥᠷᠨᠢᠭᠦᠯᠵᠦ᠍᠂ ᠠᠬᠠᠮᠠᠳ ᠴᠡᠷᠢᠭ ᠬᠤᠸᠠᠩ ᠭᠦᠸᠧ ᠼᠠᠢ ᠴᠡᠷᠢᠭ ᠬᠥᠮᠦᠨ᠎ᠦ ᠡᠭᠦᠷᠭᠡ ᠬᠠᠷᠢᠭᠤᠴᠠᠯᠭ᠎ᠠ᠂ ᠵᠠᠯᠠᠭᠤ ᠨᠠᠰᠤᠨ᠎ᠤ ᠦᠨ᠎ᠡ ᠥᠷᠲᠡᠭ᠂ ᠲᠣᠰ ᠪᠡᠶ᠎ᠡ᠎ᠶ᠋ᠢᠨ ᠦᠰᠦᠯᠳᠡ ᠪᠣᠢᠵᠢᠯᠲᠠ ᠵᠡᠷᠭᠡ 3 ᠲᠠᠯ᠎ᠠ᠎ᠠᠴᠠ ᠲᠠᠢᠯᠤᠮᠵᠢ ᠬᠢᠵᠦ᠍᠂ ᠰᠤᠷᠤᠭ᠍ᠴᠢᠳ᠎ᠤᠨ ᠬᠤᠪᠢ ᠬᠥᠮᠦᠨ᠎ᠦ ᠲᠡᠮᠡᠴᠡᠯ᠎ᠢᠶᠡᠨ ᠤᠯᠤᠰ ᠣᠷᠣᠨ᠎ᠤ ᠬᠡᠷᠡᠭ᠌ᠴᠡᠭᠡ᠎ᠲᠡᠶ ᠭᠦᠨᠵᠡᠭᠡᠶ ᠠᠭᠤᠰᠤᠯᠴᠠᠭᠤᠯᠬᠤ᠎ᠶ᠋ᠢ ᠵᠣᠷᠢᠭ᠍ᠵᠢᠭᠤᠯᠪᠠ᠃ 

ᠶᠡᠬᠡ ᠳᠡᠭᠡᠳᠦ ᠰᠤᠷᠭᠠᠭᠤᠯᠢ᠎ᠳᠤ ᠭᠦᠨᠵᠡᠭᠡᠢᠷᠡᠨ ᠴᠡᠷᠢᠭ ᠡᠯᠰᠡᠬᠦ᠌ ᠠᠵᠢᠯ ᠥᠷᠨᠢᠭᠦᠯᠬᠦ᠌ ᠳᠤᠮᠳᠠ᠂ ᠰᠠᠢᠬᠠᠨ ᠲᠣᠭᠣᠷᠢᠭ᠎ᠤᠨ ᠠᠷᠠᠳ᠎ᠤᠨ ᠵᠡᠪᠰᠡᠭ᠌ᠲᠦ ᠬᠦᠴᠦᠨ᠎ᠦ ᠬᠡᠯᠲᠡᠰ 《ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ + ᠬᠡᠷᠡᠭ᠎ᠦᠨ ᠵᠢᠱ᠌ᠢᠶ᠎ᠡ᠎ᠶ᠋ᠢᠨ ᠲᠠᠢᠯᠤᠮᠵᠢ + ᠬᠠᠷᠢᠯᠴᠠᠨ ᠬᠥᠳᠡᠯᠦᠯᠴᠡᠬᠦ᠌ ᠠᠰᠠᠭᠤᠯᠲᠠ ᠬᠠᠷᠢᠭᠤᠯᠲᠠ》 ᠶ᠋ᠢᠨ ᠬᠡᠯᠪᠡᠷᠢ᠎ᠪᠡᠷ ᠤᠶᠤᠲᠠᠳ ᠲᠸ᠋ ᠴᠡᠷᠢᠭ ᠠᠩᠭᠢ᠎ᠶ᠋ᠢᠨ ᠠᠮᠢᠳᠤᠷᠠᠯ᠂ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠢ ᠲᠥᠪᠬᠢᠨᠡᠭᠦᠯᠬᠦ᠌ ᠪᠠᠲᠤᠯᠠᠭ᠎ᠠ ᠵᠡᠷᠭᠡ ᠵᠢ ᠲᠠᠨᠢᠯᠴᠠᠭᠤᠯᠪᠠ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠲᠠᠶ ᠤᠶᠠᠯᠳᠤᠭᠤᠯᠤᠨ᠂ 《ᠤᠯᠤᠰ ᠣᠷᠣᠨ᠎ᠤ ᠬᠠᠷᠢᠭᠤᠴᠠᠯᠭ᠎ᠠ᠂ ᠵᠠᠯᠠᠭᠤ ᠨᠠᠰᠤᠨ᠎ᠤ ᠦᠰᠦᠯᠳᠡ᠂ ᠠᠵᠢᠯ ᠮᠡᠷᠭᠡᠵᠢᠯ᠎ᠦᠨ ᠬᠥᠭ᠌ᠵᠢᠯᠲᠡ》 ᠭᠡᠬᠦ᠌ ᠭᠤᠷᠪᠠᠨ ᠲᠠᠯ᠎ᠠ᠎ᠠᠴᠠ ᠤᠶᠤᠲᠠᠳ᠎ᠲᠸ᠋ ᠴᠡᠷᠢᠭ᠎ᠲᠦ ᠣᠷᠣᠬᠤ᠎ᠶ᠋ᠢᠨ ᠴᠠᠭ ᠦᠶ᠎ᠡ᠎ᠶ᠋ᠢᠨ ᠠᠴᠢ ᠬᠣᠯᠪᠣᠭ᠍ᠳᠠᠯ᠎ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠣᠯᠠᠨ᠎ᠢ ᠬᠠᠪᠰᠤᠷᠤᠨ 《ᠬᠤᠪᠢ ᠬᠥᠮᠦᠨ᠎ᠦ ᠬᠦᠰᠡᠯᠡᠩ᠎ᠢᠶᠡᠨ ᠴᠡᠷᠢᠭ᠎ᠢ ᠬᠦᠴᠦᠷᠬᠡᠭ᠌ᠵᠢᠭᠦᠯᠬᠦ᠌ ᠠᠭᠤᠤ ᠦᠶ᠋ᠯᠡᠰ᠎ᠲᠦ ᠠᠭᠤᠰᠭᠠᠬᠤ》 ᠥᠷᠲᠡᠭ᠎ᠦᠨ ᠦᠵᠡᠯᠲᠡ᠎ᠶ᠋ᠢ ᠪᠣᠶ ᠪᠣᠯᠭᠠᠪᠠ᠃

ᠴᠡᠷᠢᠭ ᠡᠯᠰᠡᠬᠦ᠌ ᠠᠵᠢᠯ᠎ᠤᠨ ᠱᠢᠨᠵᠢᠯᠡᠬᠦ᠌ ᠤᠬᠠᠭᠠᠨᠴᠢ᠂ ᠨᠠᠷᠢᠯᠢᠭ ᠣᠨᠣᠴᠠᠲᠠᠶ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠰᠠᠢᠬᠠᠨ ᠲᠣᠭᠣᠷᠢᠭ᠎ᠤᠨ ᠠᠷᠠᠳ᠎ᠤᠨ ᠵᠡᠪᠰᠡᠭ᠌ᠲᠦ ᠬᠦᠴᠦᠨ᠎ᠦ ᠬᠡᠯᠲᠡᠰ ᠬᠠᠷᠢᠶ᠎ᠠ ᠣᠷᠣᠨ ᠤ᠋ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ ᠵᠡᠷᠭᠡ 7 ᠶᠡᠬᠡ ᠳᠡᠭᠡᠳᠦ ᠰᠤᠷᠭᠠᠭᠤᠯᠢ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠥᠷᠨᠢᠭᠦᠯᠵᠦ᠍᠂ ᠡᠯ᠎ᠡ ᠶᠡᠬᠡ ᠳᠡᠭᠡᠳᠦ ᠰᠤᠷᠭᠠᠭᠤᠯᠢ᠎ᠶ᠋ᠢᠨ ᠴᠡᠷᠢᠭ ᠡᠯᠰᠡᠬᠦ᠌ ᠠᠵᠢᠯ ᠥᠷᠨᠢᠭᠦᠯᠵᠦ᠍ ᠪᠠᠢᠭ᠎ᠠ ᠪᠠᠢᠳᠠᠯ᠎ᠢ ᠪᠥᠬᠥ᠌ ᠲᠠᠯ᠎ᠠ᠎ᠪᠠᠷ ᠣᠢᠯᠠᠭᠠᠵᠤ᠂ ᠴᠡᠷᠢᠭ ᠡᠯᠰᠡᠬᠦ᠌ ᠤᠬᠠᠭᠤᠯᠭ᠎ᠠ᠂ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ᠂ ᠰᠤᠷᠤᠭ᠍ᠴᠢᠳ᠎ᠤᠨ ᠶᠡᠷᠦᠩᠬᠡᠢᠯᠡᠭ᠌ᠰᠡᠨ ᠬᠡᠪ ᠴᠢᠨᠠᠷ᠎ᠤᠨ ᠬᠥᠮᠦᠵᠢᠯ᠎ᠢ ᠭᠦᠨᠵᠡᠭᠡᠶ ᠠᠭᠤᠰᠤᠯᠴᠠᠭᠤᠯᠬᠤ ᠠᠷᠭ᠎ᠠ ᠵᠠᠮ᠎ᠢ ᠢᠳᠡᠪᠬᠢᠲᠡᠶ ᠰᠦᠪᠡᠭ᠌ᠴᠢᠯᠡᠪᠡ᠃

ᠰᠠᠢᠬᠠᠨ ᠲᠣᠭᠣᠷᠢᠭ᠎ᠤᠨ ᠠᠷᠠᠳ᠎ᠤᠨ ᠵᠡᠪᠰᠡᠭ᠌ᠲᠦ ᠬᠦᠴᠦᠨ᠎ᠦ ᠬᠡᠯᠲᠡᠰ ᠴᠡᠷᠢᠭ᠎ᠠᠡᠭᠭᠢ ᠪᠠ ᠰᠤᠷᠭᠠᠭᠤᠯᠢ᠎ᠵᠢᠨ ᠬᠠᠮᠵᠢᠯᠴᠠᠬᠤ ᠲᠣᠭ᠍ᠲᠠᠴᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠴᠡᠷᠢᠭ ᠡᠯᠰᠡᠬᠦ᠌ ᠠᠵᠢᠯ ᠪᠣᠯᠤᠨ ᠶᠡᠬᠡ ᠳᠡᠭᠡᠳᠦ ᠰᠤᠷᠭᠠᠭᠤᠯᠢ᠎ᠶ᠋ᠢᠨ ᠬᠥᠮᠦᠨ᠎ᠢ ᠬᠥᠮᠦᠵᠢᠭᠦᠯᠬᠦ᠌ ᠱᠢᠰᠲ᠋ᠧᠮ᠎ᠦᠨ ᠪᠦᠲᠦᠮᠵᠢᠲᠡᠶ ᠠᠭᠤᠰᠤᠯᠴᠠᠯ᠎ᠢ ᠠᠬᠢᠭᠤᠯᠵᠤ᠂ ᠴᠡᠷᠢᠭ ᠠᠩᠭᠢ᠎ᠳᠤ ᠥᠨᠳᠥᠷ ᠬᠡᠪ ᠪᠣᠯᠪᠠᠰᠤᠷᠠᠯ᠎ᠲᠠᠶ ᠤᠶᠤᠳᠠᠳ᠎ᠢ ᠨᠠᠩ ᠣᠯᠠᠨ ᠬᠦᠷᠭᠡᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号