ᠦᠨᠳᠦᠰᠦᠲᠡᠨ᠎ᠨᠤᠭᠦᠳ ᠰᠡᠳᠭᠢᠯ ᠨᠢᠭᠡᠳᠦᠨ ᠨᠠᠮ ᠵᠢᠡᠨ ᠲᠠᠭᠠᠵᠤ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠠ
2026-01-08 10:56:05
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠠᠬᠢᠷ ᠡᠪᠦᠯ᠎ᠤᠨ ᠦᠪᠦᠷ ᠮᠤᠩᠭᠤᠯ᠎ᠤᠨ ᠡᠬᠡ ᠭᠠᠵᠠᠷ᠎ᠲᠤ  ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠡᠴᠡ ᠢᠳᠡᠪᠬᠢᠳᠡᠢ ᠦᠷᠨᠢᠬᠦᠯᠵᠦ ᠪᠦᠬᠦᠢ 《ᠤᠮᠠᠷᠠᠲᠤ ᠬᠢᠯᠢ᠎ᠶ᠋ᠢᠨ ᠠᠨᠠᠷ᠎ᠤᠨ ᠦᠷ᠎ᠡ ᠨᠠᠮ᠎ᠵᠢᠡᠨ ᠲᠠᠭᠠᠨ᠎ᠠ》 ᠭᠡᠬᠦ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠦᠨ ᠠᠵᠢᠯᠯᠠᠭ᠎ᠠ ᠢᠳᠡ ᠬᠦᠭ ᠲᠠᠢ ᠶᠠᠪᠤᠭ᠍ᠳᠠᠨ᠎ᠠ᠃ 《ᠲᠦᠷᠦᠯ ᠲᠡᠮᠳᠡᠭ᠎ᠢᠶᠡᠷ ᠬᠦᠳᠦᠯᠥᠨ ᠳᠠᠭᠠᠭᠤᠯᠬᠤ᠂ ᠦᠢᠯᠡᠳᠦᠯᠭᠡ᠎ᠪᠡᠷ ᠬᠦᠴᠦᠨ ᠣᠯᠭᠣᠬᠤ᠂ ᠬᠠᠢᠷ᠎ᠠ ᠬᠠᠯᠠᠮᠵᠢ᠎ᠪᠠᠷ ᠶᠠᠰᠤ ᠴᠢᠨᠠᠷ᠎ᠢ ᠳᠡᠭᠡᠭ᠌ᠰᠢᠯᠡᠭᠦᠯᠬᠦ᠌》 ᠭᠤᠷᠪᠠᠨ ᠲᠠᠯ᠎ᠠ᠎ᠪᠡᠷ ᠬᠦᠴᠦᠯᠡᠵᠦ᠍᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠤᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ  ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ 《ᠢᠵᠢᠯᠢ ᠲᠥᠪᠲᠦ ᠲᠣᠭᠣᠷᠢᠭ》 ᠎ᠢ᠋ ᠰᠠᠢᠲᠤᠷ ᠵᠢᠷᠤᠭ᠍ᠯᠠᠨ᠎ᠠ᠃

ᠲᠦᠷᠦᠯ ᠲᠡᠮᠳᠡᠭ᠎ᠢᠶᠡᠷ ᠬᠥᠲᠥᠯᠥᠨ ᠳᠠᠭᠠᠭᠤᠯᠵᠦ᠂  ᠪᠦᠯᠬᠦᠮᠳᠡᠯ ᠳᠠᠪᠱᠢᠯᠲᠠ᠎ᠶ᠋ᠢᠨ ᠲᠠᠪᠢᠰᠭᠡᠷ ᠥᠩᠭᠡ ᠵᠢ ᠬᠢᠯᠠᠯᠵᠠᠭᠤᠯᠤᠨ᠎ᠠ

ᠪᠦᠬᠦ᠌ ᠣᠷᠣᠨ᠎ᠤ ᠵᠠᠯᠠᠭᠤᠴᠤᠳ ᠪᠠᠭᠠᠴᠤᠳ᠎ᠢ ᠪᠦᠯᠬᠦᠮᠳᠡᠭᠦᠯᠦᠨ ᠳᠠᠭᠠᠭᠤᠯᠵᠤ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠦᠨ ᠨᠠᠮ᠎ᠢᠶᠠᠨ ᠳᠠᠭᠠᠬᠤ᠂ ᠨᠠᠮ᠎ᠤᠨ ᠲᠥᠪ ᠬᠣᠷᠢᠢ᠎ᠠ᠎ᠪᠠᠨ ᠳᠠᠭᠠᠬᠤ ᠬᠤᠪᠢᠰᠭᠠᠯᠲᠤ ᠤᠳᠤᠮᠱᠢᠯ᠎ᠢ ᠰᠠᠢᠲᠤᠷ ᠤᠯᠠᠮᠵᠢᠯᠠᠬᠤ ᠪᠣᠯ ᠥᠪᠥᠷ ᠮᠣᠩᠭᠣᠯ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠵᠠᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠡᠯ᠎ᠡ ᠵᠦᠢᠯ᠎ᠦᠨ ᠠᠵᠢᠯ᠎ᠢᠶᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠰᠢᠵᠢᠮ᠎ᠳᠦ ᠲᠥᠪᠯᠡᠷᠡᠭᠦᠯᠵᠦ᠍᠂ ᠲᠦᠷᠦᠯ ᠲᠡᠮᠳᠡᠭ᠎ᠢ ᠡᠬᠦᠳᠦᠨ ᠪᠠᠢᠭᠤᠯᠬᠤ ᠪᠡᠷ 《ᠶᠡᠷᠦᠩᠬᠡᠢ ᠵᠢᠯᠣᠭᠣᠳᠤᠮᠵᠢ》 ᠪᠣᠯᠭᠠᠵᠤ᠂ 《ᠤᠮᠠᠷᠠᠲᠤ ᠬᠢᠯᠢ᠎ᠶ᠋ᠢᠨ ᠠᠨᠠᠷ᠎ᠤᠨ ᠦᠷ᠎ᠡ᠎ᠨᠠᠮ᠎ᠵᠢᠡᠨ ᠲᠠᠭᠠᠨ᠎ᠠ》ᠭᠡᠬᠦ ᠪᠦᠬᠦ᠌ ᠣᠷᠣᠨ᠎ᠤ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠦᠨ ᠲᠦᠷᠦᠯ ᠲᠡᠮᠳᠡᠭ᠎ᠦᠨ ᠠᠵᠢᠯᠯᠠᠭ᠎ᠠ᠎ᠶ᠋ᠢ ᠨᠠᠷᠢᠯᠢᠭ ᠤᠨᠤᠴᠠᠳᠠᠢ ᠴᠣᠭ᠍ᠴᠠᠯᠠᠵᠤ᠂ ᠭᠣᠣᠯᠯᠠᠭ᠍ᠴᠢ ᠲᠦᠷᠦᠯ ᠲᠡᠮᠳᠡᠭ᠂ ᠤᠨᠴᠠᠯᠢᠬ᠍ᠳᠤ ᠲᠦᠷᠦᠯ ᠵᠦᠢᠯ᠎ᠢ ᠨᠢᠭᠡ ᠴᠤᠬ᠍ᠴᠠᠵᠢᠭᠤᠯᠤᠬ᠍ᠰᠠᠨ ᠬᠥᠮᠦᠵᠢᠯ᠎ᠦᠨ ᠱᠢᠰᠲᠸᠮ᠎ᠢ ᠪᠠᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠢ ᠨᠡᠩ ᠥᠷᠭᠡᠨ ᠠᠭᠤᠳᠠᠮ ᠦᠢᠯᠡᠳᠦᠯᠭᠡ᠎ᠶ᠋ᠢᠨ ᠲᠠᠪᠴᠠᠩ᠎ᠲᠠᠶ ᠪᠣᠯᠭᠠᠪᠠ᠃

ᠰᠠᠨᠰᠠᠷ᠎ᠤᠨ ᠠᠶᠠᠯᠠᠯ᠎ᠤᠨ ᠵᠢᠷᠭᠤᠳᠤᠭᠠᠷ ᠬᠦᠷᠢᠶᠡᠯᠡᠩ᠎ᠦᠨ  ᠭᠠᠪᠢᠶᠠᠳᠤ ᠵᠢᠳᠬᠦᠯᠳᠡᠨ᠎ᠤ ᠲᠡᠷᠭᠡ ᠱᠢᠯᠭᠠᠬᠤ ᠲᠠᠪᠴᠠᠩ᠎ᠤᠨ ᠡᠮᠦᠨ᠎ᠡ ᠥᠪᠡᠷᠮᠢᠴᠡ ᠣᠨᠴᠠᠯᠢᠭ᠎ᠲᠠᠶ《ᠪᠣᠳᠠᠲᠤ ᠦᠵᠡᠭᠳᠡᠯᠳᠦ ᠬᠢᠴᠢᠶᠡᠯ᠎ᠦᠨ ᠲᠠᠩᠬᠢᠮ》ᠨᠢ ᠯᠢᠤᠢ ᠳᠢ ᠪᠠᠭ᠎ᠠ ᠰᠤᠷᠭᠠᠭᠤᠯᠢ᠎ᠶ᠋ᠢᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ ᠤ᠋ᠨ ᠰᠤᠨᠢᠷᠬᠠᠯ ᠢ᠋ ᠶᠡᠬᠡᠳᠡ ᠲᠠᠳᠠᠯ᠎ᠠ᠃ ᠰᠠᠨᠰᠠᠷ᠎ᠤᠨ ᠠᠶᠠᠯᠠᠯ᠎ᠤᠨ ᠠᠵᠢᠯᠲᠠᠨ᠎ᠤ ᠬᠦᠴᠢᠷ ᠪᠡᠷᠬᠡᠱᠢᠶᠡᠯ᠎ᠢ ᠢᠯᠡᠨ ᠳᠠᠪᠠᠭ᠍ᠰᠠᠨ ᠰᠡᠳᠭᠢᠯ ᠬᠥᠳᠡᠯᠭᠡᠮ᠎ᠡ ᠥᠯᠢᠭᠡᠷ᠎ᠢ ᠦᠵᠡᠭᠡᠳ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠄《ᠡᠢᠮᠦᠷᠬᠦᠦ ᠬᠢᠴᠢᠶᠡᠯ᠎ᠦᠨ ᠲᠠᠩᠬᠢᠮ ᠨᠢ ᠰᠠᠨᠰᠠᠷ᠎ᠤᠨ ᠠᠶᠠᠯᠠᠯ᠎ᠤᠨ ᠦᠶ᠋ᠯᠡᠰ᠎ᠦᠨ ᠥᠷᠨᠢᠩᠭᠦᠶ ᠬᠥᠭ᠌ᠵᠢᠯᠲᠡ᠎ᠶ᠋ᠢ ᠦᠨᠡᠨ ᠪᠣᠳᠠᠲᠠᠶ᠎ᠪᠠᠷ ᠣᠢᠯᠠᠭᠠᠭᠤᠯᠵᠤ᠂ ᠬᠢᠴᠢᠶᠡᠯ᠎ᠦᠨ ᠳᠡᠪᠲᠡᠷ᠎ᠲᠡᠬᠢ ᠥᠰᠥᠭ ᠪᠢᠴᠢᠭ᠎ᠡᠴᠡ ᠨᠠᠩ  ᠢᠳᠡ ᠬᠦᠴᠦᠨ᠎ᠲᠡᠶ  ᠪᠤᠯᠤᠭᠰᠠᠨ ᠪᠠᠢᠨ᠎ᠠ》 ᠭᠡᠵᠦ ᠢᠳᠡᠭᠡᠯ ᠲᠦᠬᠦᠷᠡᠩ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠬᠥᠭ᠌ᠵᠢᠯᠲᠡ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ᠎ᠦᠨ ᠲᠤᠰᠠᠯᠠᠮᠵᠢ᠎ᠶ᠋ᠢ ᠬᠦᠷᠳᠡᠭ᠌ᠰᠡᠨ ᠰᠤᠷᠤᠭ᠍ᠴᠢ ᠵᠠᠩ ᠮᠤᠤ ᠬᠤᠪᠢᠯᠭᠠᠨ ᠣᠩᠭᠣᠴᠠ ᠬᠣᠷᠢᠨ ᠨᠢᠭᠡᠳᠦᠭᠡᠷ ᠨᠢᠰᠭᠦ ᠣᠩᠭᠣᠴᠠ᠎ᠶ᠋ᠢ ᠬᠠᠷᠪᠤᠬᠤ ᠵᠢ ᠲᠤᠬᠠᠢ᠎ᠶ᠋ᠢᠨ ᠲᠠᠯᠠᠪᠠᠢ᠎ᠳᠤ ᠬᠦᠷᠴᠦ᠍ ᠦᠵᠡᠪᠡ᠃ ᠲᠡᠢ᠌ᠷᠦᠯᠲᠦ ᠰᠤᠮᠤ ᠣᠭ᠍ᠲᠠᠷᠭᠤᠢ ᠳ᠋ᠤ ᠲᠡᠬᠦᠯᠢᠭᠰᠡᠨ ᠰᠦᠷᠯᠢᠭ ᠦᠵᠡᠭᠳᠡᠯ ᠢ᠋ ᠬᠠᠷᠠᠭᠠᠳ ᠵᠠᠩ ᠮᠤᠤ᠄ 《ᠥᠨᠥᠳᠦᠷ ᠪᠢ ᠨᠢᠰᠭᠦ ᠣᠩᠭᠣᠴᠠ ᠰᠠᠨᠰᠠᠷ᠎ᠲᠤ ᠭᠠᠷᠤᠭ᠍ᠰᠠᠨ᠎ᠢ ᠨᠢᠳᠦ᠍᠎ᠪᠡᠷ᠎ᠢᠶᠡᠨ ᠦᠵᠡᠪᠡ᠂ ᠮᠠᠰᠢ ᠤᠮᠤᠬᠰᠢᠵᠤ ᠪᠠᠢᠨ᠎ᠠ! ᠰᠠᠨᠰᠠᠷ᠎ᠤᠨ ᠠᠶᠠᠯᠠᠯ᠎ᠤᠨ ᠬᠦᠰᠡᠯ ᠵᠡᠭᠦᠳᠦ᠍᠎ᠶ᠋ᠢᠨ ᠦᠷ᠎ᠡ ᠵᠢ ᠰᠡᠳᠭᠢᠯ ᠵᠢᠷᠦᠭᠡᠨ᠎ᠳᠦ ᠦᠨᠳᠦᠰᠦᠯᠡᠬᠦᠯᠵᠡᠢ ᠂ ᠪᠢ ᠱᠢᠨᠵᠢᠯᠡᠬᠦ᠌ ᠤᠬᠠᠭᠠᠨ ᠰᠣᠶᠣᠯ᠎ᠤᠨ ᠮᠡᠳᠡᠯᠭᠡ᠎ᠶ᠋ᠢ ᠰᠠᠢᠲᠤᠷ ᠰᠤᠷᠤᠯᠴᠠᠵᠤ᠂ ᠱᠢᠨ᠎ᠡ ᠴᠠᠭ ᠦᠶ᠎ᠡ᠎ᠶ᠋ᠢᠨ ᠰᠠᠢ᠌ᠨ ᠪᠠᠭᠠᠴᠤᠳ ᠪᠣᠯᠬᠤ᠎ᠪᠠᠷ ᠴᠢᠷᠮᠠᠢᠨ᠎ᠠ》 ᠭᠡᠵᠦ ᠳᠣᠭ᠍ᠳᠣᠯᠤᠭ᠍ᠰᠠᠨ ᠰᠡᠳᠭᠢᠯ᠎ᠢᠶᠡᠨ ᠳᠠᠷᠤᠵᠤ ᠶᠠᠳᠠᠨ ᠬᠡᠯᠡᠨ᠎ᠠ᠃

ᠡᠢᠮᠦᠷᠬᠦᠦ ᠦᠵᠡᠭ᠌ᠳᠡᠯ᠎ᠪᠤᠯ《ᠤᠮᠠᠷᠠᠲᠤ ᠬᠢᠯᠢ᠎ᠶ᠋ᠢᠨ ᠠᠨᠠᠷ᠎ᠤᠨ ᠦᠷ᠎ᠡ ᠨᠠᠮ ᠵᠢᠡᠨ ᠲᠠᠭᠠᠨ᠎ᠠ》ᠭᠡᠬᠦ ᠲᠥᠷᠥᠯ ᠲᠡᠮᠳᠡᠭ᠎ᠦᠨ ᠲᠤᠳᠤᠭᠠᠳᠤ ᠠᠭᠤᠯᠤᠭ᠍ᠳᠠᠬᠤᠨ᠎ᠤ ᠠᠮᠢᠳᠤᠯᠢᠭ ᠵᠢᠷᠤᠭ᠍ᠯᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ 《ᠲᠤᠮᠳᠠᠳᠤ᠎ᠶ᠋ᠢᠨ ᠰᠣᠶᠣᠯ 》 ᠤ᠋ᠨ ᠪᠠᠶᠠᠨ ᠠᠭᠤᠷᠬᠠᠶ᠎ᠶ᠋ᠢ ᠭᠦᠨᠵᠡᠭᠡᠶ ᠠᠭᠤᠳᠠᠯᠵᠤ᠂ ᠵᠢᠭᠠᠨ ᠰᠤᠷᠭᠠᠯᠲᠠ᠎ᠶ᠋ᠢᠨ ᠲᠤᠬᠠᠶ᠎ᠶ᠋ᠢᠨ ᠲᠠᠯᠠᠪᠠᠶ᠎ᠶ᠋ᠢ ᠪᠠᠢᠭᠤᠯᠭ᠎ᠠ᠎ᠶ᠋ᠢᠨ ᠲᠣᠮᠣ ᠠᠰᠠᠷ᠂ ᠨᠡᠢᠭᠡᠮ ᠲᠣᠭᠣᠷᠢᠭ᠎ᠤᠨ ᠠᠭᠤᠳᠠᠮ ᠲᠠᠯᠠᠪᠠᠶ᠂ ᠬᠤᠪᠢᠰᠭᠠᠯ᠎ᠤᠨ ᠬᠠᠭᠤᠴᠢᠨ ᠪᠠᠭᠤᠷᠢ᠂ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠰᠠᠭᠤᠷᠢᠨ᠂ ᠠᠵᠤ ᠠᠬᠤᠢᠯᠠᠯ᠎ᠤᠨ ᠬᠦᠷᠢᠶᠡᠯᠡᠩ ᠲᠣᠭᠣᠷᠢᠭ᠎ᠲᠤ ᠬᠦᠷᠲᠡᠯ᠎ᠡ ᠤᠷᠲᠤᠳᠭᠠᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠲᠸ᠋ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠵᠢᠨ ᠴᠢᠬᠤᠯᠠ ᠴᠢᠨᠠᠷ᠎ᠢ ᠣᠢᠯᠠᠭᠠᠭᠤᠯᠵᠤ᠂ ᠤᠯᠤᠰ ᠬᠡᠷ ᠤ᠋ᠨ ᠬᠠᠢᠷ᠎ᠠ ᠰᠡᠳᠭᠢᠯᠭᠡ᠎ᠶ᠋ᠢᠨ ᠤᠳᠬ᠎ᠠ ᠠᠭᠤᠯᠭ᠎ᠠ᠎ᠶ᠋ᠢ ᠮᠡᠳᠡᠷᠡᠭᠦᠯᠪᠡ᠃

ᠦᠢᠯᠡᠳᠦᠯᠭᠡ ᠪᠡᠷ ᠬᠦᠴᠦᠨ ᠣᠯᠭᠣᠵᠦ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ 《ᠵᠣᠯ ᠵᠢᠷᠭᠠᠯᠲᠤ ᠭᠡᠷ ᠣᠷᠣᠨ》 ᠢ᠋ ᠴᠤᠬᠴᠠᠯᠠᠨ᠎ᠠ

ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠵᠠᠯᠠᠭᠤᠴᠤᠳ ᠪᠠᠭᠠᠴᠤᠳ᠎ᠤᠨ ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ᠎ᠶ᠋ᠢ ᠰᠣᠨᠣᠰᠴᠦ᠂ ᠨᠠᠮ᠎ᠢᠶᠠᠨ ᠳᠠᠭᠠᠨ ᠤᠷᠤᠬᠰᠢᠯᠠᠬᠤ᠎ᠶ᠋ᠢ ᠬᠥᠮᠦᠵᠢᠭᠦᠯᠦᠨ ᠵᠢᠯᠣᠭᠣᠳᠪᠠ᠃ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠱᠠᠲᠤ ᠬᠤᠪᠢᠶᠠᠨ ᠬᠥᠲᠥᠯᠥᠨ ᠵᠢᠯᠣᠭᠣᠳᠴᠤ᠌᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠦᠶ᠋ᠯᠡᠳᠦᠯᠭᠡ ᠪᠡᠷ ᠬᠥᠮᠦᠨ᠎ᠢ ᠬᠥᠮᠦᠵᠢᠭᠦᠯᠬᠦ᠌ ᠦᠷ᠎ᠡ ᠨᠥᠯᠥᠭᠡ᠎ᠶ᠋ᠢ ᠳᠣᠪᠣᠢᠯᠭᠠᠵᠤ᠂ ᠪᠥᠬᠥ᠌ ᠲᠠᠯ᠎ᠠ᠎ᠶ᠋ᠢᠨ᠂ ᠣᠯᠠᠨ ᠲᠠᠰ ᠳᠠᠪᠬᠤᠷᠭ᠎ᠠ᠎ᠶ᠋ᠢᠨ᠂ ᠥᠷᠭᠡᠨ ᠬᠦᠷᠢᠶ᠎ᠠ ᠴᠠᠷᠠᠭᠠᠨ᠎ᠦ 《ᠵᠢᠷᠭᠤᠭ᠎ᠠ᠎ᠳᠤ ᠬᠦᠨᠵᠡᠬᠡᠢᠷᠡᠬᠦ》 ᠭᠤᠤᠯ ᠰᠡᠳᠦᠪᠲᠦ ᠦᠶ᠋ᠯᠡᠳᠦᠯᠭᠡ᠎ᠶ᠋ᠢᠨ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠵᠦ᠍᠂ ᠪᠠᠢᠭᠤᠯᠭ᠎ᠠ᠂ ᠠᠵᠤ ᠠᠬᠤᠢᠯᠠᠯ᠂ ᠨᠡᠢᠭᠡᠮ ᠲᠣᠭᠣᠷᠢᠭ᠂ ᠱᠢᠶᠠᠩ ᠪᠠᠯᠭᠠᠰᠤ᠂ ᠰᠤᠷᠭᠠᠭᠤᠯᠢ᠂ ᠴᠡᠷᠢᠭ ᠠᠩᠭᠢ᠎ᠳᠤ ᠭᠦᠨᠵᠡᠭᠡᠢᠷᠡᠨ᠂ ᠠᠬᠤᠶ ᠲᠠᠯᠠᠪᠠᠶ᠎ᠶ᠋ᠢᠨ᠂ ᠬᠤᠷᠰᠢᠯᠴᠠᠭᠰᠠᠨ᠂ ᠬᠤᠪᠢᠶᠠᠷᠢᠴᠢᠯᠠᠬᠰᠠᠨ ᠬᠥᠮᠦᠨ᠎ᠢ ᠬᠥᠮᠦᠵᠢᠭᠦᠯᠬᠦ᠌ ᠱᠢᠨ᠎ᠡ ᠪᠠᠢᠷᠢᠱᠢᠯ᠎ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠦᠨᠳᠦᠰᠦᠨ ᠱᠠᠲᠤᠨ᠎ᠳᠤ ᠭᠦᠨᠵᠡᠭᠡᠢᠷᠡᠭᠦᠯᠦᠨ᠂ ᠵᠠᠯᠠᠭᠤᠴᠤᠳ ᠪᠠᠭᠠᠴᠤᠳ᠎ᠤᠨ ᠰᠡᠳᠬᠢᠯ᠎ᠳᠤ ᠬᠠᠳᠠᠩᠰᠢᠭᠤᠯᠪᠠ᠃

ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠰᠠᠨ ᠱᠦᠨ ᠳ᠋ᠢᠶᠠᠨ ᠨᠡᠢᠭᠡᠮ ᠲᠣᠭᠣᠷᠢᠭ᠎ᠲᠤ᠂ ᠶᠢᠩ ᠹᠠᠩ ᠳ᠋ᠤᠥ ᠪᠠᠭ᠎ᠠ ᠰᠤᠷᠭᠠᠭᠤᠯᠢ᠎ᠶ᠋ᠢᠨ ᠪᠠᠭᠠᠴᠤᠳ᠎ᠤᠨ ᠬᠤᠰᠢᠭᠤᠴᠢ ᠠᠩᠬᠢ᠎ᠶᠢᠨ ᠭᠡᠱᠢᠭᠦᠳ 《ᠢᠵᠢᠯᠢ ᠲᠦᠪᠲᠦ ᠲᠤᠭᠤᠷᠢᠭ·ᠨᠢᠭᠡ ᠬᠡᠷ᠎ᠤᠨ ᠬᠦᠮᠦᠨ ᠮᠡᠳᠦ ᠲᠤᠲᠤᠨᠤ》 ᠭᠡᠬᠦ᠌ ᠪᠦᠯᠬᠦᠮ᠎ᠦᠨ ᠪᠣᠭᠣᠮᠲᠠ ᠱᠢᠪᠲᠤᠯᠬᠤ ᠠᠵᠢᠯᠯᠠᠭ᠎ᠠ ᠳ᠋ᠤ ᠢᠳᠡᠪᠬᠢᠳᠡᠢ ᠤᠷᠤᠯᠴᠠᠵᠤ᠂ ᠪᠠᠶᠠᠷ ᠬᠦᠷ ᠲᠠᠢ ᠪᠡᠷ ᠰᠡᠳᠦᠪ ᠬᠠᠷᠢᠭᠤᠯᠵᠠᠭᠠᠵᠤ ᠪᠠᠢᠯ᠎ᠠ᠃ 《ᠬᠠᠮᠵᠢᠯᠴᠠᠨ ᠲᠠᠭᠠᠬᠤ ᠪᠠᠶᠠᠷ ᠪᠠᠶᠠᠰᠤᠯ》 ᠳᠤᠮᠳᠠ ᠤᠯᠠᠨ ᠵᠢᠡᠷ ᠵᠢᠡᠨ ᠤᠬᠠᠭᠠᠨ ᠰᠠᠨᠠᠭ᠎ᠠ ᠪᠠᠨ ᠣᠯᠣᠯᠴᠠᠵᠤ᠂ ᠳᠤᠮᠳᠠᠳᠤ᠎ᠶ᠋ᠢᠨ ᠰᠣᠶᠣᠯ᠎ᠤᠨ ᠲᠤᠬᠠᠢ ᠮᠡᠳᠡᠯᠭᠡ᠎ᠮᠡᠳᠡᠴᠡ ᠪᠠᠨ ᠦᠷᠢᠰᠦᠯᠳᠦᠵᠦ᠂ ᠠᠳᠠᠯᠢ ᠪᠤᠰᠤ ᠦᠨᠳᠦᠰᠦᠲᠡᠨ᠎ᠦ ᠰᠣᠶᠣᠯ᠎ᠤᠨ ᠲᠤᠬᠠᠶ ᠲᠠᠨᠢᠯᠲᠠ ᠪᠠᠨ ᠠᠭᠠᠵᠢᠮ᠎ᠢᠶᠠᠷ ᠭᠦᠨᠵᠡᠭᠡᠢᠷᠡᠬᠦᠯᠪᠡ᠃ ᠭᠤᠴᠢᠳᠤᠭᠠᠷ ᠳᠤᠮᠳᠠᠳᠤ ᠰᠤᠷᠭᠠᠭᠤᠯᠢ᠎ᠳᠤ᠂ 600 ᠨᠡᠷᠡᠰ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ ᠬᠠᠮᠲᠤ᠎ᠪᠠᠷ ᠦᠨᠳᠦᠰᠦᠲᠡᠨ᠎ᠦ ᠪᠦᠯᠬᠦᠮᠳᠡᠯ᠎ᠦᠨ ᠭᠣᠣᠯ ᠰᠡᠳᠦᠪᠲᠦ ᠺᠢᠨᠣ᠋ ᠰᠣᠨᠢᠷᠬᠠᠵᠤ᠂  ᠤᠯᠠᠭᠠᠨᠮᠥ᠋ᠴᠢᠷ᠎ᠦᠨ ᠭᠡᠱᠢᠭᠦᠨ ᠠᠷᠢᠭᠤᠨ᠎ᠠ᠎ᠵᠢᠨ ᠬᠦᠴᠢᠷ ᠪᠡᠷᠬᠡᠱᠢᠶᠡᠯ᠎ᠢ ᠲᠤᠭᠤᠯᠵᠥ᠍᠂ ᠡᠮᠦᠨᠡᠲᠦ ᠣᠷᠣᠨ᠎ᠤ ᠥᠨᠥᠴᠢᠨ ᠬᠡᠦᠬᠡᠳ᠎ᠢ ᠦᠰᠭᠡᠨ ᠬᠥᠮᠦᠵᠢᠭᠦᠯᠵᠦ᠍᠂ ᠬᠥᠮᠦᠨ᠎ᠦ ᠶᠢᠷᠲᠢᠨᠴᠦ᠍᠎ᠶ᠋ᠢᠨ ᠶᠡᠬᠡ ᠬᠠᠢᠷ᠎ᠠ᠎ᠶ᠋ᠢ ᠳᠠᠮᠵᠢᠭᠤᠯᠤᠭ᠍ᠰᠠᠨ ᠦᠯᠢᠬᠡᠷ᠎ᠡᠴᠡ ᠰᠡᠳᠦᠪᠯᠡᠵᠦ᠂ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠯᠢᠬᠡᠷ᠎ᠤᠨ ᠦᠨ᠎ᠡ ᠦᠷᠳᠡᠭ ᠎ᠢ ᠭᠦᠨᠵᠡᠭᠡᠢ ᠠᠭᠤᠳᠠᠯᠵᠤ᠂ ᠲᠤᠳᠤᠭᠠᠳᠤ ᠰᠡᠳᠬᠢᠯᠭᠡ ᠵᠢᠨ ᠲᠤᠭᠳᠤᠯᠤᠯ ᠡᠴᠡ  ᠦᠵᠡᠯ ᠰᠠᠨᠠᠭᠠᠨ᠎ᠤ ᠬᠤᠪᠢᠷᠠᠯᠲᠠ ᠵᠢ ᠪᠡᠶᠡᠯᠡᠭᠦᠯᠪᠡ᠃

ᠭᠣᠪᠢ ᠴᠦᠯ᠎ᠳᠡᠬᠢ ᠳᠤᠮᠳᠠᠳᠤ ᠤᠯᠤᠰ᠎ᠤᠨ ᠲᠡᠮᠦᠷ ᠵᠠᠮ᠎ᠤᠨ ᠴᠠᠬᠢᠯᠭᠠᠨᠵᠢᠭ᠍ᠰᠠᠨ ᠲᠡᠮᠦᠷ ᠵᠠᠮ᠎ᠤᠨ ᠡᠵᠡᠩᠨᠡᠯᠲᠡ ᠬᠠᠮᠢᠶᠠᠷᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠡᠵᠡᠨ᠎ᠡ ᠬᠣᠱᠢᠭᠤᠨ᠎ᠤ ᠡᠵᠡᠩᠨᠡᠯᠲᠡ ᠬᠠᠮᠢᠶᠠᠷᠤᠯᠲᠠ᠎ᠶ᠋ᠢᠨ ᠬᠡᠰᠡᠭ᠎ᠲᠦ᠂ ᠠᠯᠠᠱᠠ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠬᠦᠷᠢᠶᠡᠨ᠎ᠳᠦ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠤᠬᠠᠭᠤᠯᠤᠨ ᠲᠠᠢᠯᠪᠤᠷᠢᠯᠠᠬᠤ 《 ᠵᠠᠯᠠᠭᠤ ᠮᠣᠷᠢᠲᠤ ᠴᠡᠷᠢᠭ》 ᠯᠢᠦ ᠱᠢᠶᠤᠤ ᠭᠤᠸᠠᠩ ᠵᠠᠯᠠᠭᠤᠴᠤᠳ ᠎ᠤᠨ ᠰᠣᠨᠣᠰᠬᠤ ᠳᠤᠷᠠᠳᠠᠢ ᠦᠬᠡ ᠶᠠᠷᠢᠶ᠎ᠠ ᠪᠡᠷ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ》 ᠎ᠤ᠋ᠨ ᠵᠤᠷᠢᠭ ᠰᠠᠨᠠᠭ᠎ᠠ ᠵᠢ ᠤᠬᠠᠭᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶᠠᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠵᠢᠨ ᠤᠬᠠᠭᠤᠯᠤᠨ ᠲᠠᠢᠯᠪᠤᠷᠢᠯᠠᠬᠤ 《 ᠵᠠᠯᠠᠭᠤ ᠮᠣᠷᠢᠲᠤ ᠴᠡᠷᠢᠭ 》 ᠎ᠤ᠋ᠨ ᠡᠩᠨᠡᠭᠡ᠎ᠨᠢ 《ᠦᠨᠳᠦᠰᠦᠲᠡᠨ᠎ᠦ ᠪᠦᠯᠬᠦᠮᠳᠡᠯ + 》 ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠮᠠᠨ᠎ᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ᠎ᠢ ᠠᠮᠢᠳᠤᠯᠢᠭ᠎ᠢᠶᠠᠷ ᠰᠠᠢᠲᠤᠷ ᠶᠠᠷᠢᠵᠤ᠂ ᠨᠠᠮ᠎ᠤᠨ ᠤᠨᠤᠯ᠎ᠢ ᠵᠠᠯᠠᠭᠤᠴᠤᠳ ᠪᠠᠭᠠᠴᠤᠳ᠎ᠤᠨ ᠠᠮᠠᠷᠬᠠᠨ ᠬᠦᠯᠢᠶᠡᠵᠦ ᠠᠪᠬᠤ 《ᠵᠠᠯᠠᠭᠤᠴᠤᠳ᠎ᠤᠨ ᠦᠭᠡ》᠂ 《ᠬᠡᠦᠬᠡᠳ᠎ᠦᠨ ᠦᠭᠡ 》 ᠪᠡᠷ ᠲᠠᠮᠵᠢᠭᠤᠯᠵᠤ᠂ ᠦᠷᠳᠡᠭ᠎ᠦᠨ ᠬᠠᠨᠳᠤᠰᠢ᠂ ᠬᠦᠰᠡᠯᠡᠩ ᠢᠲᠡᠭᠡᠯ ᠪᠢᠱᠢᠷᠡᠯ᠂ ᠲᠦᠷᠦ᠍᠎ᠶ᠋ᠢᠨ ᠪᠤᠳᠤᠯᠭ᠎ᠠ᠂ ᠬᠤᠪᠢᠷᠠᠯᠲᠠ ᠬᠦᠭᠵᠢᠯᠳᠡ᠎ᠶ᠋ᠢ  ᠰᠠᠢᠳᠤᠷ ᠤᠬᠠᠭᠤᠯᠤᠨ᠎ᠠ᠃

ᠬᠠᠢᠷ᠎ᠠ ᠬᠠᠯᠠᠮᠵᠢ ᠪᠡᠷ ᠶᠠᠰᠦ ᠴᠢᠨᠠᠷ᠎ᠢ ᠳᠡᠭᠡᠭᠰᠢᠯᠡᠬᠦᠯᠵᠦ᠂ ᠦᠨᠳᠦᠰᠦᠳᠡᠨ ᠨᠤᠬᠦᠳ᠎ᠤᠨ ᠵᠠᠯᠠᠭᠤᠴᠤᠳ ᠪᠠᠭᠠᠴᠤᠳ ᠤ᠋ᠨ ᠦᠰᠦᠨ ᠪᠤᠢᠵᠢᠯᠳᠠ ᠵᠢ ᠬᠠᠮᠠᠭᠠᠯᠠᠨ᠎ᠠ

ᠲᠤᠮᠳᠠᠳᠤ ᠵᠢᠨ ᠦᠨᠳᠦᠰᠦᠳᠡᠨ ᠤ᠋ ᠬᠠᠮᠳᠤ ᠵᠢᠨ ᠴᠤᠬᠴᠠ ᠵᠢᠨ ᠤᠬᠠᠮᠰᠠᠷ ᠎ᠢ ᠪᠠᠳᠤ ᠴᠤᠬᠴᠠᠯᠠᠬᠤ ᠠᠵᠢᠯ ᠎ᠢ ᠬᠦᠨᠵᠡᠬᠡᠢ ᠨᠠᠷᠢᠯᠢᠬ  ᠪᠤᠳᠠᠳᠠᠢ ᠬᠢᠬᠦ ᠳ᠋ᠸ᠋᠂ ᠦᠵᠡᠯ ᠰᠠᠨᠠᠭ᠎ᠠ ᠪᠡᠷ ᠬᠦᠳᠦᠯᠦᠨ ᠲᠠᠭᠠᠭᠤᠯᠬᠤ ᠬᠡᠷᠡᠭᠳᠡᠢ ᠮᠦᠷᠳᠡᠬᠡᠨ ᠪᠠᠰᠠ ᠲᠤᠳᠤᠨᠤ ᠦᠢᠯᠡᠴᠢᠯᠡᠬᠡ ᠬᠠᠩᠭᠠᠬᠤ ᠬᠡᠷᠡᠭᠳᠡᠢ᠃ ᠦᠪᠦᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠡᠪᠯᠡᠯ ᠤ᠋ᠨ ᠬᠤᠷᠢᠶ᠎ᠠ  ᠡᠪ ᠬᠠᠮᠳᠤ ᠵᠠᠯᠠᠭᠤᠴᠤᠳ ᠤ᠋ᠨ ᠡᠪᠯᠡᠯ ᠤ᠋ᠨ ᠵᠠᠯᠠᠭᠤᠴᠤᠳ ᠲᠠᠢ ᠬᠠᠷᠢᠯᠴᠠᠬᠤ ᠵᠠᠯᠠᠭᠤᠴᠤᠳ᠎ᠲᠦ ᠦᠢᠯᠡᠴᠢᠯᠡᠬᠦ ᠬᠦᠬᠦᠷᠬᠡ ᠬᠤᠯᠪᠤᠭᠠᠰᠤ ᠵᠢᠨ ᠦᠢᠯᠡᠳᠦᠯ ᠎ᠵᠢᠡᠨ ᠬᠦᠢᠴᠡᠳ ᠪᠠᠳᠠᠷᠠᠭᠤᠯᠵᠤ᠂ ᠨᠡᠢᠬᠡᠮ ᠤ᠋ᠨ ᠡᠯ᠎ᠡ ᠡᠳᠡᠬᠡᠳ ᠤ᠋ᠨ ᠡᠬᠢ ᠪᠠᠶᠠᠯᠢᠬ ᠎ᠢ ᠨᠡᠢᠳᠭᠡᠨ᠂  ᠦᠨᠳᠦᠰᠦᠳᠡᠨ ᠨᠤᠬᠦᠳ᠎ᠤᠨ ᠵᠠᠯᠠᠭᠤᠴᠤᠳ ᠪᠠᠭᠠᠴᠤᠳ ᠤ᠋ᠨ  ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠢᠭ᠎ᠠ ᠶᠠᠪᠤᠳᠠᠯ ᠎ᠢ ᠰᠢᠢᠳᠪᠦᠷᠢᠯᠡᠵᠦ᠂ ᠦᠨᠳᠦᠰᠦᠳᠡᠨ ᠨᠤᠬᠦᠳ᠎ᠤᠨ ᠵᠠᠯᠠᠭᠤᠴᠤᠳ ᠪᠠᠭᠠᠴᠤᠳ ᠤ᠋ᠨ ᠬᠠᠮᠳᠤ ᠪᠡᠷ ᠪᠦᠯᠬᠦᠮᠳᠡᠨ ᠲᠡᠮᠡᠴᠡᠬᠦ ᠡᠷᠴᠢ ᠵᠤᠷᠢᠭ᠎ᠢ ᠬᠦᠪᠴᠢᠯᠡᠨ᠂ ᠦᠪᠡᠷᠳᠡᠬᠡᠨ ᠵᠠᠰᠠᠬᠤ ᠤᠷᠤᠨ ᠤ᠋  ᠠᠵᠤ ᠠᠬᠤᠢ ᠨᠡᠢᠬᠡᠮ ᠤ᠋ᠨ ᠬᠦᠭᠵᠢᠯᠳᠡ ᠳ᠋ᠸ᠋ ᠬᠦᠮᠦᠨ ᠤ᠋ ᠰᠡᠳᠬᠢᠯ ᠪᠠ  ᠬᠦᠴᠦᠨ ᠴᠢᠳᠠᠯ ᠎ᠢ ᠨᠢᠬᠳᠠᠷᠠᠭᠤᠯᠵᠠᠢ᠃

ᠦᠪᠦᠷ ᠮᠤᠩᠭᠤᠯ ᠤ᠋ᠨ ᠵᠠᠯᠠᠭᠤᠴᠤᠳ ᠪᠠᠭᠠᠴᠤᠳ ᠤ᠋ᠨ ᠠᠮᠢ ᠠᠬᠤᠢ ᠵᠢᠨ ᠬᠦᠷᠢᠶᠡᠯᠡᠩ ᠳ᠋ᠸ᠋᠂ ᠬᠡᠰᠢᠬᠦᠳ ᠦᠪᠦᠷ ᠮᠤᠩᠭᠤᠯ ᠤ᠋ᠨ ᠬᠦᠰᠡᠯ ᠢᠨᠵᠸᠨ᠋ᠸᠷᠢᠩ ᠤ᠋ᠨ 35 ᠵᠢᠯ ᠤ᠋ᠨ ᠲᠤᠷᠰᠢᠬᠢ ᠤᠯᠠ ᠮᠦᠷ ᠎ᠢ ᠪᠡᠶᠡᠴᠢᠯᠡᠨ ᠤᠢᠯᠠᠭᠠᠵᠤ᠂  ᠠᠩᠬ᠎ᠠ ᠡᠬᠢᠨ᠎ᠤ ᠶᠠᠳᠠᠭᠤ ᠬᠦᠴᠢᠷᠳᠡᠯᠳᠡᠢ ᠰᠤᠷᠤᠬᠴᠢᠳ ᠲᠦ᠍ ᠨᠤᠮ ᠲᠡᠪᠳᠡᠷ ᠪᠢᠴᠢᠭ ᠤ᠋ᠨ ᠬᠡᠷᠡᠭᠰᠡᠯ ᠬᠠᠨᠳᠢᠪᠯᠠᠵᠤ ᠪᠠᠢᠬᠰᠠᠨ ᠡᠴᠨ ᠪᠡᠨ ᠰᠡᠬᠦᠯ ᠳ᠋ᠤᠨᠢ ᠬᠦᠰᠡᠯ ᠪᠠᠭ᠎ᠠ ᠰᠤᠷᠭᠠᠭᠤᠯᠢ ᠵᠢ ᠬᠠᠮᠵᠢᠨ ᠪᠠᠢᠭᠤᠯᠬᠤ ᠪᠤᠯᠤᠨ ᠬᠦᠭᠵᠢᠵᠦ᠂  ᠬᠦᠰᠡᠯ ᠢᠨᠵᠸᠨ᠋ᠸᠷᠢᠩ ᠨᠢ ᠤᠳᠤᠬᠠᠨ ᠳ᠋ᠸ᠋ ᠰᠤᠷᠭᠠᠨ ᠬᠦᠮᠦᠵᠢᠯ ᠤ᠋ᠨ ᠬᠦᠭᠵᠢᠯᠳᠡ ᠵᠢ ᠠᠬᠢᠭᠤᠯᠬᠤ᠂ ᠵᠠᠯᠠᠭᠤᠴᠤᠳ ᠪᠠᠭᠠᠴᠤᠳ ᠤ᠋ᠨ ᠦᠰᠦᠨ ᠪᠤᠢᠵᠢᠯᠳᠠ ᠳ᠋ᠸ᠋ ᠦᠢᠯᠡᠴᠢᠯᠡᠬᠦ᠂ ᠨᠡᠢᠬᠡᠮ ᠤ᠋ᠨ ᠬᠡᠪ ᠰᠤᠷᠳᠠᠯ ᠎ᠢ ᠬᠦᠳᠦᠯᠦᠨ ᠲᠠᠭᠠᠭᠤᠯᠬᠤ ᠵᠡᠷᠬᠡ ᠲᠠᠯ᠎ᠠ ᠪᠡᠷ ᠴᠢᠬᠤᠯᠠ ᠦᠢᠯᠡᠳᠦᠯ ᠦᠵᠡᠬᠦᠯᠵᠦ ᠪᠤᠢ᠃

ᠦᠨᠳᠦᠰᠦᠳᠡᠨ ᠤ᠋ ᠪᠦᠯᠬᠦᠮᠳᠡᠯ ᠲᠠᠪᠰᠢᠯᠳᠠ ᠪᠤᠯ ᠡᠯ᠎ᠡ ᠦᠨᠳᠦᠰᠦᠳᠡᠨ ᠤ᠋ ᠵᠠᠯᠠᠭᠤᠴᠤᠳ ᠪᠠᠭᠠᠴᠤᠳ ᠤ᠋ᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠤ᠋ᠨ ᠬᠠᠢᠷ᠎ᠠ ᠰᠡᠳᠬᠢᠯᠬᠡ ᠵᠢᠨ ᠠᠭᠤᠰᠤᠯᠴᠠᠯ ᠪᠤᠯᠬᠤ ᠪᠡᠷ ᠪᠠᠷᠠᠬᠤ ᠦᠬᠡᠢ᠂ ᠨᠡᠩ ᠴᠦ᠍ ᠦᠰᠦᠨ ᠪᠤᠢᠵᠢᠯᠳᠠ ᠵᠢᠨ ᠰᠠᠬᠢᠨ ᠪᠠᠷᠠᠯᠠᠯ ᠪᠤᠯᠬᠤ ᠶᠤᠮ᠃ 《ᠤᠮᠠᠷᠠᠳᠤ ᠬᠢᠯᠢ ᠵᠢᠨ ᠠᠨᠠᠷ ᠤ᠋ᠨ ᠦᠷ᠎ᠡ ᠨᠠᠮ ᠵᠢᠡᠨ ᠳᠠᠭᠠᠨ᠎ᠠ》 ᠭᠡᠬᠦ ᠲᠦᠷᠦᠯ ᠲᠡᠮᠳᠡᠭ᠎ᠤᠨ ᠦᠷ᠎ᠡ ᠨᠦᠯᠦᠭᠡ ᠵᠢ ᠲᠠᠰᠤᠷᠠᠯᠳᠠ ᠦᠬᠡᠢ ᠦᠷᠬᠡᠳᠭᠡᠬᠦ ᠵᠢᠨ ᠲᠦᠯᠦᠭᠡ᠂ ᠦᠪᠡᠷᠳᠡᠭᠡᠨ ᠵᠠᠰᠠᠬᠤ ᠤᠷᠤᠨ᠎ᠤ ᠡᠪᠯᠡᠯ᠎ᠤᠨ ᠬᠤᠷᠢᠶ᠎ᠠ ᠦᠪᠦᠷ ᠮᠤᠩᠭᠤᠯ ᠤ᠋ᠨ ᠵᠠᠯᠠᠭᠤᠴᠤᠳ ᠪᠠᠭᠠᠴᠤᠳ ᠤ᠋ᠨ ᠠᠮᠢ ᠠᠬᠤᠢ ᠵᠢᠨ ᠬᠦᠷᠢᠶᠡᠯᠡᠩ ᠵᠡᠷᠬᠡ ᠦᠢᠯᠡᠳᠦᠯᠬᠡ ᠵᠢᠨ ᠬᠦᠮᠦᠵᠢᠯ ᠤ᠋ᠨ ᠰᠠᠭᠤᠷᠢᠨ ᠳ᠋ᠸ᠋ ᠲᠦᠰᠢᠭᠯᠡᠨ᠂ 《ᠤᠮᠠᠷᠠᠳᠤ ᠬᠢᠯᠢ ᠵᠢᠨ ᠠᠨᠠᠷ ᠤ᠋ᠨ ᠦᠷ᠎ᠡ ᠨᠠᠮ ᠵᠢᠡᠨ ᠳᠠᠭᠠᠵᠦ  ᠬᠠᠢᠷ᠎ᠠ ᠬᠠᠯᠠᠮᠵᠢ ᠪᠡᠷ ᠬᠡᠦᠬᠡᠳ ᠤ᠋ᠨ ᠰᠡᠳᠬᠢᠯ᠎ᠢ ᠲᠤᠯᠠᠭᠠᠴᠠᠭᠤᠯᠬᠤ》 ᠵᠡᠷᠬᠡ ᠨᠢᠬᠡ ᠪᠦᠯᠦᠭ ᠬᠠᠪᠰᠤᠷᠤᠨ ᠲᠡᠳᠬᠦᠬᠦ ᠦᠢᠯᠡᠴᠢᠯᠡᠬᠡ ᠭᠠᠷᠭᠠᠵᠤ᠂ ᠤᠯᠠᠨ ᠡᠰᠢᠳᠦ ᠠᠷᠭ᠎ᠠ ᠬᠡᠮᠵᠢᠶ᠎ᠡ ᠠᠪᠴᠤ᠂ ᠦᠨᠳᠦᠰᠦᠳᠡᠨ ᠨᠤᠬᠦᠳ᠎ᠤᠨ ᠵᠠᠯᠠᠭᠤᠴᠤᠳ ᠪᠠᠭᠠᠴᠤᠳ ᠤ᠋ᠨ ᠦᠰᠦᠨ ᠪᠤᠢᠵᠢᠵᠤ ᠴᠢᠳᠠᠪᠤᠷᠢᠳᠠᠨ ᠪᠤᠯᠬᠤ ᠳ᠋ᠸ᠋ ᠪᠠᠳᠤ ᠪᠡᠬᠢ ᠬᠠᠯᠬᠠᠪᠴᠢ ᠵᠢ ᠴᠤᠬᠴᠠᠯᠠᠨ᠎ᠠ᠃

ᠬᠦᠬᠡᠬᠤᠳᠠ ᠵᠢᠨ ᠬᠤᠷᠢᠨᠬᠡᠷ ᠰᠢᠶᠠᠨ ᠤ᠋ ᠪᠠᠭᠠᠴᠤᠳ ᠤ᠋ᠨ ᠬᠤᠰᠢᠭᠤᠴᠢ ᠠᠩᠬᠢ ᠵᠢᠨ ᠬᠡᠰᠢᠬᠦᠳ ᠦᠪᠡᠷᠳᠡᠬᠡᠨ ᠵᠠᠰᠠᠬᠤ ᠤᠷᠤᠨ ᠤ᠋ ᠡᠪᠯᠡᠯ ᠤ᠋ᠨ ᠬᠤᠷᠢᠶ᠎ᠠ ᠵᠢᠨ ᠬᠦᠷᠭᠡᠭᠰᠡᠨ ᠬᠤᠪᠴᠠᠰᠤ ᠬᠤᠨᠠᠷ᠂ ᠪᠢᠴᠢᠭ ᠤ᠋ᠨ ᠬᠡᠷᠡᠭᠰᠡᠯ ᠵᠡᠷᠬᠡ ᠬᠠᠢᠷ᠎ᠠ ᠬᠠᠯᠠᠮᠵᠢ ᠵᠢᠨ ᠡᠳ᠋ ᠪᠤᠳᠠᠰ ᠎ᠢ ᠲᠤᠰᠤᠨ ᠤᠯᠵᠤ᠂ ᠴᠢᠷᠠᠢ ᠲᠦᠬᠦᠷᠡᠩ ᠪᠠᠶᠠᠷ᠎ᠤᠨ ᠮᠦᠰᠢᠶᠡᠳᠦ ᠲᠤᠳᠤᠷᠠᠭᠤᠯᠤᠨ᠎ᠠ᠂ ᠦᠪᠡᠷᠳᠡᠬᠡᠨ ᠵᠠᠰᠠᠬᠤ ᠤᠷᠤᠨ ᠤ᠋ ᠡᠪᠯᠡᠯ ᠤ᠋ᠨ ᠬᠤᠷᠢᠶ᠎ᠠ ᠵᠢᠨ ᠬᠢᠨ ᠪᠠᠰᠠ  ᠪᠠᠭᠠᠴᠤᠳ ᠤ᠋ᠨ ᠬᠤᠰᠢᠭᠤᠴᠢ ᠠᠩᠬᠢ ᠵᠢᠨ ᠬᠡᠰᠢᠬᠦᠳ ᠲᠦ᠍ 《ᠠᠨᠠᠷ ᠤ᠋ᠨ ᠦᠷ᠎ᠡ ᠪᠠᠭ᠎ᠠ ᠬᠢᠴᠢᠶᠡᠯ ᠤ᠋ᠨ ᠲᠠᠩᠬᠢᠮ》᠎ᠢ᠋ ᠨᠡᠭᠡᠭᠡᠨ ᠦᠭᠴᠦ᠂ ᠪᠠᠭᠠᠴᠤᠳ ᠬᠡᠦᠭᠡᠳ ᠬᠠᠮᠳᠤ ᠪᠡᠷ ᠴᠠᠭᠠᠰᠤᠨ ᠬᠠᠢᠴᠢᠯᠠᠮᠠᠯ ᠦᠢᠯᠡᠳᠦᠨ᠂ ᠲᠤᠮᠳᠠᠳᠤ ᠵᠢᠨ ᠰᠢᠯᠢᠳᠡᠭ ᠤᠯᠠᠮᠵᠢᠯᠠᠯᠳᠤ ᠰᠤᠶᠤᠯ ᠤ᠋ᠨ ᠭᠠᠢᠬᠠᠮᠰᠢᠬ ᠎ᠢ ᠪᠠᠬᠠᠳᠤᠨ ᠱᠠᠭᠰᠢᠨ᠎ᠠ᠁᠃

ᠲᠦᠷᠦᠯ ᠲᠡᠮᠳᠡᠭ ᠤ᠋ᠨ ᠬᠦᠳᠦᠯᠦᠨ ᠲᠠᠭᠠᠭᠤᠯᠭ᠎ᠠ ᠡᠴᠨ ᠦᠢᠯᠡᠳᠦᠯᠬᠡ ᠪᠡᠷ ᠬᠦᠴᠦᠨ ᠤᠯᠭᠤᠬᠤ ᠬᠦᠷᠳᠡᠯ᠎ᠡ᠂ ᠬᠠᠢᠷ᠎ᠠ ᠰᠡᠳᠬᠢᠯᠬᠡ ᠵᠢᠨ ᠠᠭᠤᠰᠤᠯᠴᠠᠯ ᠡᠴᠨ ᠬᠠᠢᠷᠠᠯᠠᠨ ᠬᠠᠯᠠᠮᠵᠢᠯᠠᠵᠤ ᠬᠠᠮᠠᠭᠠᠯᠠᠬᠤ ᠬᠦᠷᠳᠡᠯ᠎ᠡ᠂ ᠦᠪᠡᠷᠳᠡᠬᠡᠨ ᠵᠠᠰᠠᠬᠤ ᠤᠷᠤᠨ ᠤ᠋ ᠡᠪᠯᠡᠯ ᠤ᠋ᠨ ᠬᠤᠷᠢᠶ᠎ᠠ ᠯᠠᠪᠳᠠᠭᠤᠨ ᠪᠠᠳᠤᠳᠠᠢ ᠠᠷᠭ᠎ᠠ ᠬᠡᠮᠵᠢᠶ᠎ᠡ ᠪᠡᠷ  ᠲᠦᠷᠦᠯ ᠲᠡᠮᠳᠡᠭ ᠤ᠋ᠨ ᠪᠠᠢᠭᠤᠯᠤᠯᠳᠠ ᠵᠢ ᠬᠦᠨᠵᠡᠬᠡᠢᠷᠡᠬᠦᠯᠦᠨ ᠪᠤᠳᠠᠳᠠᠢᠵᠢᠭᠤᠯᠵᠤ᠂ ᠦᠨᠳᠦᠰᠦᠳᠡᠨ ᠨᠤᠬᠦᠳ᠎ᠤᠨ ᠵᠠᠯᠠᠭᠤᠴᠤᠳ ᠪᠠᠭᠠᠴᠤᠳ ᠭᠠᠷ ᠭᠠᠷ ᠵᠢᠡᠨ ᠬᠤᠯᠪᠤᠨ᠂ ᠰᠡᠳᠬᠢᠯ ᠵᠢᠷᠦᠬᠡ ᠪᠡᠨ ᠬᠠᠮᠳᠤᠳᠬᠠᠨ᠂  ᠴᠤᠬ ᠵᠢᠪᠬᠤᠭ᠎ᠠ ᠪᠠᠨ ᠪᠠᠳᠠᠷᠠᠭᠤᠯᠤᠨ᠂ ᠦᠨᠳᠦᠰᠦᠳᠡᠨ ᠤ᠋ ᠪᠦᠯᠬᠦᠮᠳᠡᠯ ᠲᠠᠪᠰᠢᠯᠳᠠ ᠵᠢᠨ ᠵᠠᠯᠠᠭᠤ ᠨᠠᠰᠤᠨ ᠤ᠋ ᠬᠠᠭᠤᠳᠠᠰᠤ ᠵᠢ ᠬᠠᠮᠳᠤ ᠪᠡᠷ ᠪᠢᠴᠢᠭᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号