ᠮᠤᠨᠢ ᠠᠭᠤᠯᠠ᠎ᠶ᠋ᠢᠨ ᠦᠷᠦᠴᠡᠨ ᠳ᠋ᠡᠬᠢ ᠴᠡᠯᠡᠭᠡᠷ ᠲᠠᠯ᠎ᠠ᠎ᠳ᠋ᠤ᠂ ᠰᠣᠶᠣᠯ᠎ᠤᠨ ᠤᠯᠠᠮᠵᠢᠯᠠᠯ ᠵᠠᠯᠭᠠᠮᠵᠢᠯᠠᠯ ᠦᠷᠨᠢᠬᠦᠨ ᠬᠦᠭᠵᠢᠩᠬᠦᠢ᠃
ᠳᠤᠮᠳᠠᠳᠤ᠎ᠶ᠋ᠢᠨ ᠪᠣᠯᠪᠠᠰᠤᠨ᠎ᠤ ᠲᠡᠦᠬᠡ᠎ᠶ᠋ᠢᠨ ᠤᠷᠳᠤ ᠠᠶᠠᠨ᠎ᠳᠤ᠂ ᠬᠥᠬᠡᠬᠣᠲᠠ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠳᠠᠬᠢ ᠭᠡᠷᠡᠯᠲᠦ ᠰᠤᠪᠤᠳ ᠪᠣᠯᠬᠤ ᠪᠠᠷ ᠪᠠᠷᠠᠬᠤ ᠦᠭᠡᠢ᠂ ᠨᠡᠩ ᠴᠤ᠌ ᠥᠨᠢ ᠤᠳᠠᠭᠠᠨ ᠲᠡᠦᠬᠡ ᠪᠠ ᠬᠦᠨ ᠵᠤᠵᠠᠭᠠᠨ ᠰᠤᠶᠤᠯ᠎ᠤᠨ ᠠᠭᠤᠯᠤᠬᠳᠠᠬᠤᠨ᠎ᠢ ᠢᠯᠡᠷᠡᠬᠦᠯᠦᠭᠰᠡᠨ ᠨᠤᠲᠤᠭ ᠲᠡᠪᠢᠰᠭᠡᠷ ᠪᠠᠢᠵᠦ᠂ ᠬᠡᠳᠦᠨ ᠲᠦᠮᠡᠨ ᠵᠢᠯ᠎ᠦᠨ ᠪᠣᠯᠪᠠᠰᠤᠨ᠎ᠤ ᠳᠤᠷᠠᠰᠤᠮᠵᠢ᠎ᠶ᠋ᠢ ᠠᠴᠢᠶᠠᠯᠠᠵᠤ ᠪᠠᠢᠳᠠᠭ᠃
ᠲᠠᠪᠢᠨ ᠲᠦᠮᠡᠨ ᠵᠢᠯ᠎ᠦᠨ ᠡᠮᠦᠨᠡᠬᠢ ᠳ᠋ᠡ ᠶᠣᠣ᠎ᠶ᠋ᠢᠨ ᠴᠢᠯᠠᠭᠤᠨ ᠵᠡᠪᠰᠡᠭ᠎ᠡᠴᠡ ᠬᠠᠳᠤᠨ ᠭᠣᠣᠯ᠎ᠤᠨ 《ᠶᠡᠬᠡ ᠲᠤᠬᠤᠢ》 ᠵᠢᠨ ᠶᠠᠩᠱᠤᠤ᠎ᠶᠢᠨ ᠪᠤᠳᠤᠬ᠎ᠲᠦ ᠸᠠᠭᠠᠷ ᠬᠦᠷᠲᠡᠯ᠎ᠡ᠂ ᠪᠠᠢᠯᠳᠤᠭᠠᠨᠲᠤ ᠤᠯᠤᠰ᠎ᠤᠨ ᠶᠦᠨ ᠵᠦᠩ ᠵᠢᠶᠦ᠋ᠨ᠎ᠡᠴᠡ ᠤᠮᠠᠷᠠᠲᠤ ᠸᠧᠢ ᠤᠯᠤᠰ᠎ᠤᠨ ᠨᠡᠢᠰᠯᠡᠯ ᠱᠧᠩ ᠯᠸ ᠬᠦᠷᠲᠡᠯ᠎ᠡ᠂ ᠹᠸᠩᠵᠸᠦ ᠵᠢᠨ ᠴᠠᠭᠠᠨ ᠰᠤᠪᠤᠷᠭ᠎ᠠ᠎ᠠᠴᠠ ᠬᠦᠢᠰᠦ᠋ᠢ ᠵᠢᠨ ᠠᠯᠪᠠᠨ ᠡᠴᠡ ᠵᠦᠪᠰᠢᠶᠡᠷᠡᠭᠰᠡᠨ ᠬᠤᠳᠠᠯᠳᠤᠭ᠎ᠠ ᠬᠦᠷᠲᠡᠯ᠎ᠡ ᠴᠥᠮ ᠬᠥᠬᠡᠬᠣᠲᠠ᠎ᠶ᠋ᠢᠨ ᠭᠦᠨ ᠵᠤᠵᠠᠭᠠᠨ ᠰᠤᠶᠤᠯ᠎ᠤᠨ ᠤᠳᠭ᠎ᠠ ᠠᠭᠤᠯᠭ᠎ᠠ᠎ᠶ᠋ᠢ ᠢᠯᠡᠷᠡᠭᠦᠯᠵᠦ ᠪᠠᠢᠳᠠᠭ; ᠰᠣᠶᠣᠯ᠎ᠤᠨ ᠬᠠᠮᠠᠭᠠᠯᠠᠯᠲᠠ᠎ᠶ᠋ᠢᠨ ᠦᠵᠦ᠍ ᠲᠥᠯᠥᠪᠯᠡᠭᠡ᠎ᠡᠴᠡ ᠬᠠᠭᠤᠴᠢ ᠰᠤᠳᠤᠯᠤᠯ᠎ᠢ ᠤᠷᠢᠳ᠎ᠢᠶᠠᠷ ᠬᠢᠬᠦ᠌ ᠬᠦᠷᠲᠡᠯ᠎ᠡ᠂ ᠰᠣᠶᠣᠯ᠎ᠤᠨ ᠪᠠᠭᠤᠷᠢ᠎ᠶ᠋ᠢ ᠨᠡᠭᠡᠭᠡᠨ ᠠᠱᠢᠭ᠍ᠯᠠᠬᠤ᠎ᠠᠴᠠ ᠤᠷᠳᠤ ᠴᠠᠭᠠᠨ ᠬᠡᠷᠡᠮ᠎ᠢ ᠬᠠᠮᠠᠭᠠᠯᠠᠬᠤ ᠬᠦᠷᠲᠡᠯ᠎ᠡ᠂ ᠮᠦᠽᠧᠢ᠎ᠶ᠋ᠢᠨ ᠬᠤᠳᠠ᠎ᠶ᠋ᠢ ᠪᠠᠢᠭᠤᠯᠬᠤ᠎ᠠᠴᠠ ᠶᠡᠷᠦᠩᠬᠡᠢ ᠬᠤᠪᠢᠶᠠᠷᠢ ᠣᠷᠳᠣᠨ᠎ᠤ ᠲᠦᠷᠢᠮ᠎ᠦᠨ ᠥᠭᠡᠷᠡᠴᠢᠯᠡᠯᠲᠡ ᠬᠦᠷᠲᠡᠯ᠎ᠡ ᠴᠥᠮ ᠬᠥᠬᠡᠬᠣᠲᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠱᠢᠨ᠎ᠡ ᠣᠢᠯᠠᠭᠠᠭ᠍ᠳᠠᠬᠤᠨ᠎ᠢ ᠲᠠᠢᠯᠪᠤᠷᠢᠯᠠᠭ᠍ᠰᠠᠨ ᠪᠠᠢᠨ᠎ᠠ᠃
ᠬᠥᠬᠡᠬᠣᠲᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠰᠤᠶᠤᠯ᠎ᠤᠨ ᠦᠵᠡᠰᠭᠦᠯᠡᠩ᠎ᠦᠨ ᠦᠢᠯᠡᠰ ᠶᠠᠭ ᠪᠣᠳᠠᠲᠠᠢ ᠠᠵᠢᠯᠯᠠᠬᠤ᠎ᠪᠠᠷ ᠪᠢᠷ ᠪᠣᠯᠭᠠᠵᠤ᠂ ᠰᠤᠶᠤᠯ᠎ᠤᠨ ᠠᠭᠤᠯᠤᠭᠳᠠᠬᠤᠨ ᠵᠢᠡᠷ ᠪᠡᠬᠡ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠤ ᠪᠤᠢ᠃
ᠦᠵᠦ᠍ ᠲᠥᠯᠥᠪᠯᠡᠭᠡ᠎ᠶ᠋ᠢ ᠳᠡᠭᠡᠭ᠌ᠰᠢᠯᠡᠭᠦᠯᠵᠦ᠍᠂ ᠳᠦᠷᠢᠮ᠎ᠦᠨ ᠪᠠᠢᠭᠤᠯᠤᠯᠲᠠ᠎ᠶ᠋ᠢ ᠴᠢᠩᠭᠠᠳᠬᠠᠪᠠ
ᠤᠢ᠍ᠢᠷ᠎ᠠ᠎ᠶ᠋ᠢᠨ ᠵᠢᠯ᠎ᠡᠴᠡ ᠨᠠᠭᠠᠰᠢ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠲᠦᠷᠢᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠨ ᠠᠱᠢᠭ᠍ᠯᠠᠬᠤ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃
2021 ᠣᠨ᠎ᠠᠴᠠ ᠨᠠᠭᠠᠰᠢ᠂ ᠤᠷᠢᠳ ᠬᠣᠵᠢᠳ 《ᠬᠥᠬᠡᠬᠣᠲᠠ᠎ᠶ᠋ᠢᠨ ᠣᠷᠳᠣ ᠴᠠᠭᠠᠨ ᠬᠡᠷᠡᠮ᠎ᠦᠨ ᠬᠠᠮᠠᠭᠠᠯᠠᠯᠲᠠ᠎ᠶ᠋ᠢᠨ ᠲᠦᠷᠢᠮ》᠂ 《ᠬᠥᠬᠡᠬᠣᠲᠠ᠎ᠶ᠋ᠢᠨ ᠮᠦᠽᠧᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠦᠷᠢᠮ》᠎ᠢ᠋ ᠨᠡᠢᠲᠡᠯᠡᠨ ᠬᠡᠷᠡᠭ᠌ᠵᠢᠭᠦᠯᠪᠡ᠃ 《ᠬᠥᠬᠡᠬᠣᠲᠠ᠎ᠶ᠋ᠢᠨ 〈ᠮᠦᠽᠧᠶ᠎ᠶ᠋ᠢᠨ ᠬᠣᠲᠠ〉᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠡᠷᠦᠩᠬᠡᠶ ᠲᠥᠯᠥᠪᠵᠢᠭᠦᠯᠭᠡ (2025 — 2035)》᠂ 《ᠬᠥᠬᠡᠬᠣᠲᠠ᠎ᠶ᠋ᠢᠨ ᠰᠣᠶᠣᠯ ᠵᠢᠭᠤᠯᠴᠢᠯᠠᠯ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ ( 2025 — 2027)》᠂ 《ᠬᠥᠬᠡᠬᠣᠲᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠠᠮᠤᠷ ᠲᠦᠪᠱᠢᠨ᠎ᠦ ᠠᠵᠢᠯ᠎ᠤᠨ ᠬᠠᠮᠲᠤᠷᠠᠭ᠍ᠰᠠᠨ ᠬᠤᠷᠠᠯ᠎ᠤᠨ ᠲᠦᠷᠢᠮ》᠎ᠢ᠋ ᠨᠠᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠵᠤ᠂ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠠᠱᠢᠭ᠍ᠯᠠᠬᠤ᠂ ᠮᠦᠽᠧᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠤᠯᠠᠮ ᠴᠢᠩᠭᠠᠳᠬᠠᠬᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠮᠠᠭᠠᠯᠠᠬᠤ ᠪᠠ ᠠᠵᠤ ᠠᠬᠤᠶ ᠨᠡᠢᠭᠡᠮ᠎ᠦᠨ ᠵᠣᠬᠢᠴᠠᠩᠭᠤᠶ ᠬᠥᠭ᠌ᠵᠢᠯᠲᠡ᠎ᠶ᠋ᠢᠨ ᠦᠵᠦ᠍ ᠲᠥᠯᠥᠪᠯᠡᠭᠡ᠎ᠶ᠋ᠢ ᠠᠬᠢᠭᠤᠯᠪᠠ᠃
ᠣᠳᠣᠬᠠᠨ᠎ᠳᠤ 《ᠬᠥᠬᠡᠬᠣᠲᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠮᠠᠭᠠᠯᠠᠬᠤ ᠲᠦᠷᠢᠮ》᠎ᠢ᠋ ᠨᠠᠢᠷᠠᠭᠤᠯᠤᠨ ᠵᠣᠬᠢᠶᠠᠬᠤ ᠠᠵᠢᠯ᠎ᠢ ᠨᠢᠭᠡᠨᠲᠡ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠴᠠᠭᠠᠨ ᠰᠤᠳᠤᠯᠬᠤ ᠲᠥᠷᠥᠯ ᠵᠦᠶ᠋ᠯ᠎ᠳᠦ ᠵᠢᠬᠰᠠᠭᠠᠨ ᠣᠷᠣᠭᠤᠯᠪᠠ᠂ 2026 ᠣᠨ᠎ᠳᠤ ᠲᠣᠭ᠍ᠲᠠᠭᠠᠨ ᠨᠡᠢᠲᠡᠯᠡᠬᠦ ᠪᠤᠯᠤᠨ᠎ᠠ᠃
ᠡᠭᠦᠨ᠎ᠡᠴᠡ ᠭᠠᠳᠠᠨ᠎ᠠ᠂ ᠬᠥᠬᠡᠬᠣᠲᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠰᠠᠯᠠᠭ᠎ᠠ ᠮᠥᠴᠢᠷ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠂ ᠴᠠᠭ ᠠᠭᠤᠷ᠎ᠤᠨ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠠᠷᠠᠳ᠎ᠤᠨ ᠶᠠᠪᠤᠳᠠᠯ᠎ᠤᠨ ᠲᠣᠪᠴᠢᠶ᠎ᠠ᠎ᠲᠠᠶ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠮᠠᠭᠠᠯᠠᠬᠤ᠂ ᠴᠠᠭ ᠠᠭᠤᠷ᠎ᠤᠨ ᠬᠠᠮᠲᠤᠷᠠᠯᠴᠠᠭ᠎ᠠ ᠬᠢᠬᠦ᠌᠂ ᠲᠡᠦᠬᠡ᠎ᠶ᠋ᠢᠨ ᠵᠡᠭᠡᠯᠢ ᠲᠣᠭᠣᠷᠢᠭ᠎ᠢ ᠬᠠᠮᠲᠤ᠎ᠪᠠᠷ ᠪᠠᠢᠭᠤᠯᠬᠤ᠂ ᠵᠠᠰᠠᠭ ᠵᠠᠬᠢᠷᠭᠠᠨ᠎ᠤ ᠣᠷᠣᠨ ᠬᠤᠪᠢᠶᠠᠷᠢᠯᠠᠯ ᠪᠠ ᠭᠠᠵᠠᠷ᠎ᠤᠨ ᠨᠡᠷ᠎ᠡ᠎ᠶ᠋ᠢᠨ ᠰᠣᠶᠣᠯ᠎ᠤᠨ ᠥᠪ᠎ᠢ ᠬᠠᠮᠠᠭᠠᠯᠠᠬᠤ ᠵᠡᠷᠭᠡ ᠣᠯᠠᠨ ᠵᠦᠶ᠋ᠯ᠎ᠦᠨ ᠬᠠᠮᠲᠤᠷᠠᠯᠴᠠᠭᠠᠨ᠎ᠤ ᠲᠣᠭ᠍ᠲᠠᠴᠠ ᠪᠠᠢᠭᠤᠯᠵᠤ᠂ ᠡᠭᠦᠷᠭᠡ ᠴᠢᠳᠠᠪᠬᠢ᠎ᠪᠠᠨ ᠬᠠᠷᠢᠯᠴᠠᠨ ᠨᠥᠬᠥᠪᠥᠷᠢᠯᠡᠬᠦ᠌᠂ ᠡᠬᠢ ᠪᠠᠶᠠᠯᠢᠭ᠎ᠢ ᠡᠮᠬᠢᠯᠡᠨ ᠨᠡᠢᠳᠬᠡᠬᠦ᠎ᠪᠡᠷ ᠳᠠᠮᠵᠢᠨ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠮᠠᠭᠠᠯᠠᠬᠤ ᠬᠦᠴᠦᠷᠬᠡᠭ ᠶᠡᠬᠡ ᠨᠡᠢᠯᠡᠮᠡᠯ ᠬᠦᠴᠦᠨ᠎ᠢ ᠪᠦᠷᠢᠯᠳᠦᠭᠦᠯᠵᠦ᠍᠂ ᠬᠣᠲᠠ᠎ᠶ᠋ᠢᠨ ᠳᠤᠷᠠᠰᠤᠮᠵᠢ ᠪᠠ ᠰᠣᠶᠣᠯ᠎ᠤᠨ ᠦᠨᠳᠦᠰᠦ ᠰᠤᠷᠪᠤᠯᠵᠢ᠎ᠶ᠋ᠢ ᠬᠠᠮᠲᠤ᠎ᠪᠠᠷ ᠰᠠᠬᠢᠨ ᠬᠠᠮᠠᠭᠠᠯᠠᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ᠎ᠳᠤ ᠪᠠᠲᠤ ᠰᠠᠭᠤᠷᠢᠲᠠᠯᠪᠢᠭᠰᠡᠨ ᠪᠠᠢᠨ᠎ᠠ᠃
《 ᠬᠠᠭᠤᠴᠢ ᠰᠤᠳᠤᠯᠤᠯ᠎ᠢ ᠤᠷᠢᠳ᠎ᠢᠶᠠᠷ ᠬᠢᠵᠦ᠍》᠂ ᠰᠣᠶᠣᠯ᠎ᠤᠨ ᠤᠯᠠᠮᠵᠢᠯᠠᠯ᠎ᠤᠨ ᠦᠨᠳᠦᠰᠦ ᠰᠤᠷᠪᠤᠯᠵᠢ᠎ᠶ᠋ᠢ ᠬᠠᠢᠨ ᠰᠦᠪᠡᠭ᠌ᠴᠢᠯᠡᠪᠡ
ᠬᠥᠬᠡᠬᠣᠲᠠ 《ᠬᠠᠭᠤᠴᠢ ᠰᠤᠳᠤᠯᠤᠯ᠎ᠢ ᠤᠷᠢᠳ᠎ᠢᠶᠠᠷ ᠬᠢᠬᠦ᠌》 ᠣᠢᠯᠠᠭᠠᠭ᠍ᠳᠠᠬᠤᠨ᠎ᠢ ᠭᠤᠢᠪᠢᠰᠢ ᠦᠭᠡᠢ ᠪᠠᠷᠢᠮᠲᠠᠯᠠᠵᠤ᠂ ᠬᠠᠭᠤᠴᠢ ᠰᠤᠳᠤᠯᠤᠯ᠎ᠤᠨ ᠲᠤᠰᠭᠠᠶ ᠪᠠᠢᠭᠤᠯᠤᠮᠵᠢ ᠪᠠᠢᠭᠤᠯᠬᠤ᠎ᠪᠠᠷ ᠭᠠᠷᠳᠠᠴᠠ ᠪᠣᠯᠭᠠᠨ᠂ ᠬᠥᠬᠡᠬᠣᠲᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ᠎ᠤᠨ ᠰᠤᠳᠤᠯᠭᠠᠨ᠎ᠤ ᠭᠠᠵᠠᠷ᠎ᠢ ᠪᠠᠢᠭᠤᠯᠬᠤ᠎ᠪᠠᠷ ᠪᠡᠯᠡᠳᠭᠡᠵᠦ᠍᠂ ᠪᠥᠬᠥ᠌ ᠤᠯᠤᠰ᠎ᠠᠴᠠ 4 ᠬᠠᠭᠤᠴᠢ ᠰᠤᠳᠤᠯᠤᠯ᠎ᠤᠨ ᠳᠠᠭᠠᠭᠤᠯᠤᠭ᠍ᠴᠢ᠎ᠶ᠋ᠢ ᠲᠠᠲᠠᠨ ᠠᠪᠴᠢᠷᠠᠵᠤ᠂ ᠪᠦᠯᠬᠦᠮ᠎ᠦᠨ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠬᠢᠷᠢ ᠬᠡᠮ᠎ᠢ ᠠᠮᠵᠢᠯᠲᠠ᠎ᠲᠠᠶ ᠭᠤᠶᠤᠴᠢᠯᠠᠨ ᠮᠡᠳᠡᠭᠦᠯᠵᠦ᠍᠂ 35 ᠣᠷᠣᠨ ᠲᠣᠭ᠎ᠠ ᠲᠣᠬᠢᠷᠠᠭᠤᠯᠤᠨ᠂ 27 ᠲᠤᠰᠭᠠᠶ ᠮᠡᠷᠭᠡᠵᠢᠯ᠎ᠦᠨ ᠠᠵᠢᠯᠲᠠᠨ ᠲᠣᠬᠢᠷᠠᠭᠤᠯᠵᠤ᠂ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ᠎ᠢ ᠢᠳᠡᠪᠬᠢᠲᠡᠶ ᠠᠬᠢᠭᠤᠯᠪᠠ᠃
ᠡᠭᠦᠨ᠎ᠦ ᠬᠠᠮᠲᠤ᠂ ᠲᠣᠭ᠍ᠲᠠᠮᠠᠯ ᠳᠤᠯᠠᠭᠠᠨ ᠪᠠ ᠲᠣᠭ᠍ᠲᠠᠮᠠᠯ ᠴᠢᠭᠢᠭ᠌ ᠲᠠᠢ ᠬᠥᠮᠥᠷᠭᠡ ᠪᠠ ᠲᠤᠷᠱᠢᠯᠲᠠ᠎ᠶ᠋ᠢᠨ ᠲᠠᠰᠤᠭ᠎ᠤᠨ ᠨᠥᠬᠥᠴᠡᠯ᠎ᠢ ᠪᠦᠷᠢᠯᠳᠦᠭᠦᠯᠦᠭ᠌ᠰᠡᠨ ᠠᠵᠢᠯᠯᠠᠬᠤ ᠭᠠᠵᠠᠷ᠎ᠢ ᠰᠣᠩᠭᠣᠨ ᠲᠣᠭ᠍ᠲᠠᠭᠠᠵᠤ᠂ 1200 ᠲᠦᠮᠡᠨ ᠲᠥᠭᠥᠷᠢᠭ ᠵᠠᠷᠤᠴᠠᠭᠤᠯᠤᠨ ᠨᠡᠭᠦᠳᠡᠯ ᠬᠠᠭᠤᠴᠢ ᠰᠤᠳᠤᠯᠤᠯ᠎ᠤᠨ ᠲᠤᠷᠱᠢᠯᠲᠠ᠎ᠶ᠋ᠢᠨ ᠲᠠᠰᠤᠭ᠂ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠵᠡᠷᠭᠡ ᠲᠥᠬᠥᠭᠡᠷᠦᠮᠵᠢ᠎ᠶ᠋ᠢ ᠬᠤᠳᠠᠯᠳᠤᠨ ᠠᠪᠴᠤ᠌᠂ ᠬᠠᠭᠤᠴᠢ ᠰᠤᠳᠤᠯᠤᠯ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠳᠤ ᠲᠤᠰᠭᠠᠶ ᠮᠡᠷᠭᠡᠵᠢᠯ᠎ᠦᠨ ᠪᠠᠢᠭᠤᠯᠤᠮᠵᠢ ᠪᠠ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠪᠠ᠃
2024 ᠣᠨ᠎ᠠᠴᠠ ᠨᠠᠭᠠᠰᠢ᠂ ᠪᠥᠲᠥᠭᠡᠨ ᠪᠠᠢᠭᠤᠯᠤᠯᠲᠠ᠎ᠳᠤ ᠬᠣᠯᠪᠣᠭ᠍ᠳᠠᠬᠤ ᠲᠥᠷᠥᠯ ᠵᠦᠶ᠋ᠯ᠎ᠦᠨ ᠬᠠᠭᠤᠴᠢ ᠰᠤᠳᠤᠯᠤᠯ᠎ᠤᠨ ᠪᠠᠢᠴᠠᠭᠠᠯᠲᠠ ᠵᠢᠴᠢ ᠬᠢᠨᠠᠨ ᠵᠥᠪᠱᠢᠶᠡᠷᠡᠯ᠎ᠢ 500 ᠭᠠᠷᠤᠶ ᠪᠡᠶᠡᠯᠡᠭᠦᠯᠵᠦ᠍᠂ ᠬᠣᠲᠠ᠎ᠶ᠋ᠢᠨ ᠪᠥᠲᠥᠭᠡᠨ ᠪᠠᠢᠭᠤᠯᠤᠯᠲᠠ ᠪᠠ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠵᠣᠬᠢᠴᠠᠩᠭᠤᠶ ᠬᠥᠭ᠌ᠵᠢᠯᠲᠡ᠎ᠳᠦ ᠬᠦᠴᠦᠲᠡᠶ ᠪᠠᠲᠤᠯᠠᠭ᠎ᠠ ᠬᠠᠩᠭᠠᠪᠠ᠃
2025 ᠣᠨ᠎ᠳᠤ᠂ ᠬᠣᠷᠢᠨᠭᠡᠷ᠎ᠦᠨ ᠲᠦ ᠴᠧᠩ ᠽᠢ ᠪᠠᠭᠤᠷᠢ᠎ᠶ᠋ᠢᠨ ᠬᠠᠭᠤᠴᠢ ᠰᠤᠳᠤᠯᠤᠯ᠎ᠤᠨ ᠠᠵᠢᠯ᠎ᠢ ᠡᠬᠢᠯᠡᠭᠦᠯᠪᠡ᠃ 6 ᠰᠠᠷ᠎ᠠ᠎ᠳᠤ᠂ ᠳ᠋ᠠ ᠶᠣᠣ᠎ᠶ᠋ᠢᠨ ᠪᠠᠭᠤᠷᠢ᠎ᠶ᠋ᠢᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ᠎ᠳᠤ ᠬᠠᠮᠵᠢᠯᠴᠠᠬᠤ᠎ᠶ᠋ᠢᠨ ᠲᠥᠯᠥᠭᠡ᠂ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ᠎ᠠᠴᠠ ᠳ᠋ᠠ ᠶᠣᠣ᠎ᠶ᠋ᠢᠨ ᠪᠠᠭᠤᠷᠢ᠎ᠶ᠋ᠢᠨ ᠦᠵᠡᠮᠵᠢ ᠰᠣᠨᠢᠷᠬᠠᠬᠤ ᠲᠠᠪᠴᠠᠩ᠎ᠤᠨ ᠬᠡᠪᠴᠢᠶᠡᠨ᠎ᠳᠦ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ᠎ᠢ ᠡᠬᠢᠯᠡᠬᠦᠯᠵᠦ᠂ ᠨᠡᠭᠡᠭᠡᠨ ᠮᠠᠯᠲᠠᠬᠤ ᠲᠠᠯᠠᠪᠠᠶ᠎ᠶᠢ 120 ᠲᠡᠭ᠌ᠰᠢ ᠳᠥᠷᠪᠡᠯᠵᠢᠨ ᠮᠧᠲ᠋ᠷ᠎ᠲᠦ ᠬᠥᠷᠬᠡᠬᠦ᠎ᠶ᠋ᠢ ᠵᠥᠪᠱᠢᠶᠡᠷᠡᠪᠡ᠃ ᠳᠤᠮᠳᠠᠳᠦ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠡᠷᠲᠡᠨ᠎ᠦ ᠰᠡᠭᠡᠷᠲᠡᠨ ᠠᠮᠢᠲᠠᠨ ᠪᠣᠯᠤᠨ ᠡᠷᠲᠡᠨ᠎ᠦ ᠬᠥᠮᠦᠨ ᠲᠥᠷᠥᠯᠬᠢᠲᠡᠨ᠎ᠤ ᠰᠤᠳᠤᠯᠤᠯ᠎ᠤᠨ ᠬᠦᠷᠢᠶᠡᠯᠡᠩ᠎ᠦᠨ ᠮᠡᠷᠭᠡᠵᠢᠯᠲᠡᠨᠨᠦᠭᠦᠳ ᠰᠠᠷ᠎ᠠ ᠭᠠᠷᠤᠢ ᠬᠤᠭᠤᠴᠠᠭᠠᠨ᠎ᠦ ᠨᠡᠭᠡᠬᠡᠨ ᠮᠠᠯᠳᠠᠬᠤ ᠠᠵᠢᠯ᠎ᠢᠶᠡᠷ ᠳᠠᠮᠵᠢᠨ᠂ 2000 ᠭᠠᠷᠤᠢ ᠬᠤᠪᠢ ᠴᠢᠯᠠᠭᠤᠨ ᠵᠡᠪᠰᠡᠭ᠎ᠦᠨ ᠵᠠᠭ᠍ᠪᠤᠷ᠎ᠢ ᠮᠠᠯᠳᠠᠨ ᠭᠠᠷᠭᠠᠪᠠ᠃
ᠲᠤᠰᠭᠠᠢ ᠮᠡᠷᠭᠡᠵᠢᠯᠲᠡᠨ᠎ᠦ ᠳᠤᠭᠤᠢᠯᠠᠩ᠎ᠤᠨ ᠦᠵᠡᠬᠦ᠌᠎ᠪᠡᠷ᠂ ᠲᠤᠰ ᠤᠳᠠᠭᠠᠨ᠎ᠤ ᠳ᠋ᠠ ᠶᠣᠣ᠎ᠶ᠋ᠢᠨ ᠪᠠᠭᠤᠷᠢ᠎ᠶ᠋ᠢᠨ ᠬᠠᠭᠤᠴᠢ ᠰᠤᠳᠤᠯᠤᠯ ᠡᠷᠳᠡᠮ ᠱᠢᠨᠵᠢᠯᠡᠭᠡᠨ᠎ᠦ ᠰᠤᠳᠤᠯᠭᠠᠨ᠎ᠤ ᠲᠠᠯ᠎ᠠ᠎ᠪᠠᠷ ᠪᠠᠶᠠᠯᠢᠭ ᠦᠷ᠎ᠡ ᠪᠦᠲᠦᠭᠡᠯ ᠣᠯᠵᠤ᠂ ᠵᠢᠱ᠌ᠢᠯᠲᠡ᠎ᠡᠴᠡ ᠳᠠᠪᠠᠵᠤ᠂ ᠮᠠᠯᠲᠠᠵᠤ ᠭᠠᠷᠭᠠᠭ᠍ᠰᠠᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠲᠦ ᠨᠠᠭᠠᠳᠤ ᠵᠠᠬ᠎ᠠ᠎ᠳᠠᠭᠠᠨ 3 ᠵᠦᠢᠯ᠎ᠦᠨ ᠠᠳᠠᠯᠢ ᠪᠤᠰᠤ ᠴᠢᠯᠠᠭᠤᠨ ᠵᠡᠪᠰᠡᠭ᠎ᠦᠨ ᠰᠣᠶᠣᠯ᠎ᠤᠨ ᠲᠦᠷᠦᠯ ᠵᠦᠢᠯ᠎ᠢ ᠪᠠᠭ᠍ᠲᠠᠭᠠᠵᠤ᠂ ᠲᠠᠪᠢᠨ ᠲᠦᠮᠡᠨ ᠵᠢᠯ᠎ᠦᠨ ᠡᠮᠦᠨᠡᠬᠢ ᠳ᠋ᠠ ᠶᠣᠣ᠎ᠶ᠋ᠢᠨ ᠪᠠᠭᠤᠷᠢ ᠪᠣᠯ ᠯᠤᠲᠤ ᠶᠡᠬᠡ ᠡᠷᠳᠡᠨᠢᠰ᠎ᠦᠨ ᠰᠠᠩ ᠪᠣᠯᠬᠤ᠎ᠶ᠋ᠢ ᠳᠠᠬᠢᠨᠲᠠ ᠭᠡᠷᠡᠴᠢᠯᠡᠪᠡ᠃ ᠣᠳᠣᠬᠠᠨ᠎ᠳᠤ ᠶᠠᠭ ᠹᠸᠩᠵᠸᠤ ᠵᠢᠨ ᠬᠠᠭᠤᠴᠢᠨ ᠬᠤᠳᠠ᠂ ᠦᠴᠦᠸᠠᠨ ᠱᠢᠶᠠᠨ᠎ᠤ ᠲᠦ ᠴᠸᠩ ᠯᠢᠶᠠᠩ᠎ᠤᠨ ᠡᠷᠲᠡᠨ᠎ᠦ ᠬᠤᠳᠠ᠎ᠶ᠋ᠢᠨ ᠬᠠᠭᠤᠴᠢ ᠰᠤᠳᠤᠯᠤᠯ᠎ᠤᠨ ᠪᠠᠢᠴᠠᠭᠠᠯᠲᠠ᠎ᠶ᠋ᠢ ᠢᠳᠡᠪᠬᠢᠲᠡᠢ ᠬᠢᠵᠦ᠍᠂ 2026 ᠣᠨ᠎ᠳᠤ ᠰᠠᠨᠠᠭᠠᠴᠢᠯᠠᠭ᠎ᠠ᠎ᠠᠴᠠ᠎ᠪᠠᠨ ᠠᠭᠤᠳᠠᠯᠤᠨ ᠮᠠᠯᠲᠠᠬᠤ᠎ᠵᠢ ᠭᠤᠶᠤᠴᠢᠯᠠᠬᠤ ᠪᠡᠷ ᠪᠡᠯᠡᠳᠭᠡᠯ ᠬᠢᠵᠦ᠍ ᠪᠠᠢᠨ᠎ᠠ᠃
ᠰᠣᠶᠣᠯ᠎ᠤᠨ ᠪᠠᠭᠤᠷᠢ᠎ᠶ᠋ᠢ ᠠᠮᠢᠳᠤᠯᠢᠭ ᠠᠱᠢᠭ᠍ᠯᠠᠬᠤ᠎ᠶ᠋ᠢ ᠠᠬᠢᠭᠤᠯᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ 《ᠠᠮᠢᠯᠠᠭᠤᠯᠪᠠ》
ᠣᠯᠠᠨ ᠵᠢᠯ᠎ᠦᠨ ᠲᠤᠷᠰᠢ᠂ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ᠎ᠶ᠋ᠢᠨ ᠬᠦᠴᠦᠲᠡᠶ ᠵᠢᠯᠣᠭᠣᠳᠣᠯᠭ᠎ᠠ ᠪᠠ ᠳᠡᠮᠵᠢᠯᠭᠡ ᠳᠤᠤᠷ᠎ᠠ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ᠂ ᠬᠣᠲᠠ᠎ᠶ᠋ᠢᠨ ᠵᠠᠰᠠᠭ᠎ᠤᠨ ᠣᠷᠳᠣᠨ ᠪᠠᠭᠤᠷᠢ᠎ᠶ᠋ᠢᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠪᠠ᠃ 2025 ᠣᠨ᠎ᠤ 6 ᠰᠠᠷ᠎ᠠ᠎ᠳᠤ ᠬᠣᠷᠢᠨᠭᠡᠷ ᠬᠤᠳᠠ᠎ᠶ᠋ᠢᠨ ᠲᠦ ᠴᠸᠩ ᠽᠢ ᠪᠠᠭᠤᠷᠢ᠎ᠶ᠋ᠢᠨ ᠴᠡᠴᠡᠷᠯᠢᠭ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠣᠪᠴᠢᠶ᠎ᠠ᠎ᠶ᠋ᠢᠨ ᠬᠢᠨᠠᠨ ᠱᠢᠯᠭᠠᠷᠠᠭᠤᠯᠤᠯᠲᠠ᠎ᠳᠤ ᠬᠢᠷᠢ ᠲᠡᠩᠴᠡᠵᠦ᠍᠂ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ᠎ᠶ᠋ᠢᠨ ᠴᠡᠴᠡᠷᠯᠢᠭ᠎ᠦᠨ ᠨᠡᠷᠡᠰ᠎ᠲᠦ ᠵᠢᠭ᠍ᠰᠠᠭᠠᠭ᠍ᠳᠠᠵᠤ᠂ ᠨᠡᠩ ᠤᠯᠠᠨ ᠬᠥᠮᠦᠰ᠎ᠲᠦ ᠲᠡᠭᠦᠨ᠎ᠦ ᠲᠡᠦᠬᠡ᠎ᠶ᠋ᠢᠨ ᠦᠨ᠎ᠡ ᠦᠷᠳᠡᠭ᠎ᠢ ᠮᠡᠳᠡᠷᠡᠬᠦᠯᠵᠡᠢ᠃
ᠤᠳᠤᠬᠠᠨ᠎ᠳᠤ ᠲᠦ ᠴᠧᠩ ᠽᠢ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ᠎ᠶ᠋ᠢᠨ ᠴᠡᠴᠡᠷᠯᠢᠭ ᠨᠢ ᠰᠣᠶᠣᠯ᠎ᠤᠨ ᠦᠵᠡᠭᠦᠯᠭᠡ᠎ᠶ᠋ᠢᠨ ᠲᠣᠭᠣᠷᠢᠭ᠂ ᠲᠡᠦᠬᠡ᠎ᠶ᠋ᠢᠨ ᠬᠤᠪᠢᠰᠤᠯᠲᠠ᠎ᠶ᠋ᠢᠨ ᠦᠵᠡᠭᠦᠯᠭᠡ᠎ᠶ᠋ᠢᠨ ᠲᠣᠭᠣᠷᠢᠭ᠂ ᠰᠣᠶᠣᠯ᠎ᠤᠨ ᠪᠡᠶᠡᠴᠢᠯᠡᠨ ᠣᠢᠯᠠᠭᠠᠬᠤ ᠠᠵᠢᠯᠯᠠᠭ᠎ᠠ᠎ᠶ᠋ᠢᠨ ᠦᠵᠡᠭᠦᠯᠭᠡ᠎ᠶ᠋ᠢᠨ ᠲᠣᠭᠣᠷᠢᠭ᠂ ᠤᠩᠭᠤᠨ᠎ᠤ ᠴᠡᠴᠡᠷᠯᠢᠭ᠎ᠦᠨ ᠦᠵᠡᠭᠦᠯᠭᠡ᠎ᠶ᠋ᠢᠨ ᠲᠣᠭᠣᠷᠢᠭ ᠵᠡᠷᠭᠡ ᠲᠦᠷᠪᠡᠨ ᠶᠡᠬᠡ ᠣᠷᠣᠨ ᠵᠠᠢ᠎ᠶ᠋ᠢᠨ ᠪᠠᠢᠷᠢᠱᠢᠯ᠎ᠢ ᠪᠦᠷᠢᠯᠳᠦᠭᠦᠯᠵᠡᠢ᠃ ᠪᠠᠭᠤᠷᠢ᠎ᠶ᠋ᠢᠨ ᠵᠠᠮ ᠱᠤᠭᠤᠮ᠎ᠤᠨ ᠱᠢᠰᠲ᠋ᠧᠮ᠎ᠲᠡᠶ ᠤᠶᠠᠯᠳᠤᠭᠤᠯᠤᠨ᠂ 7.6 ᠺᠢᠯᠣᠮᠧᠲ᠋ᠷ᠎ᠦᠨ ᠦᠵᠡᠭᠦᠯᠭᠡ᠎ᠶ᠋ᠢᠨ ᠵᠠᠮ ᠱᠤᠭᠤᠮ᠎ᠢ ᠬᠣᠯᠪᠣᠵᠤ᠂ ᠳᠥᠷᠪᠡᠨ ᠬᠣᠲᠠ᠎ᠶ᠋ᠢᠨ ᠱᠢᠭᠢᠳᠭᠡᠯ᠂ ᠬᠣᠲᠠ᠎ᠶ᠋ᠢᠨ ᠪᠠᠭᠤᠷᠢ᠎ᠶ᠋ᠢᠨ ᠣᠯᠠᠨ ᠴᠠᠭ ᠦᠶ᠎ᠡ ᠵᠢᠨ ᠬᠤᠪᠢᠰᠤᠯᠲᠠ᠂ ᠴᠢᠬᠤᠯᠠ ᠬᠠᠭᠤᠴᠢ ᠰᠤᠳᠤᠯᠤᠯ᠎ᠤᠨ ᠢᠯᠡᠷᠡᠭᠦᠯᠦᠯᠲᠡ ᠵᠡᠷᠭᠡ 10 ᠦᠵᠡᠭᠦᠯᠭᠡ᠎ᠶ᠋ᠢᠨ ᠭᠣᠭ᠍ᠴᠣᠭ᠎ᠠ᠎ᠶ᠋ᠢ ᠲᠥᠪᠯᠡᠷᠡᠭᠦᠯᠦᠨ ᠳᠡᠯᠭᠡᠨ ᠦᠵᠡᠭᠦᠯᠵᠦ᠍᠂ 2 — 4 ᠴᠠᠭ᠎ᠤᠨ ᠦᠵᠡᠭᠦᠯᠭᠡ᠎ᠶ᠋ᠢᠨ ᠪᠡᠶᠡᠴᠢᠯᠡᠨ ᠣᠢᠯᠠᠭᠠᠬᠤ ᠰᠣᠳᠣᠨ ᠵᠠᠮ ᠱᠤᠭᠤᠮ᠎ᠢ ᠴᠣᠭ᠍ᠴᠠᠯᠠᠪᠠ᠃
ᠳ᠋ᠠ ᠶᠣᠣ᠎ᠶ᠋ᠢᠨ ᠪᠠᠭᠤᠷᠢ ᠪᠣᠯ ᠲᠠᠪᠢᠨ ᠲᠦᠮᠡᠨ ᠵᠢᠯ᠎ᠦᠨ ᠡᠮᠦᠨᠡᠬᠢ ᠴᠢᠯᠠᠭᠤᠨ ᠵᠡᠪᠰᠡᠭ ᠦᠶ᠋ᠯᠡᠳᠬᠦ᠌ ᠦᠶ᠋ᠯᠡᠳᠪᠦᠷᠢ ᠪᠠᠢᠵᠤ᠂ ᠬᠠᠭᠤᠴᠢᠨ ᠴᠢᠯᠠᠭᠤᠨ ᠵᠡᠪᠰᠡᠭ᠎ᠦᠨ ᠦᠶ᠎ᠡ᠎ᠶ᠋ᠢᠨ ᠡᠷᠲᠡ᠂ ᠳᠤᠮᠳᠠ᠂ ᠰᠡᠬᠦᠯᠴᠢ ᠭᠤᠷᠪᠠᠨ ᠱᠠᠲᠤ ᠦᠶ᠎ᠡ ᠵᠢᠴᠢ ᠱᠢᠨ᠎ᠡ ᠴᠢᠯᠠᠭᠤᠨ ᠵᠡᠪᠰᠡᠭ᠎ᠦᠨ ᠦᠶ᠎ᠡ᠎ᠶ᠋ᠢᠨ ᠡᠬᠢᠨ᠎ᠦ ᠦᠶ᠎ᠡ᠎ᠶ᠋ᠢ ᠰᠤᠨᠳᠠᠯᠠᠵᠤ᠂ ᠣᠳᠣᠬᠠᠨ᠎ᠳᠤ ᠥᠪᠥᠷ ᠮᠣᠩᠭᠣᠯ᠎ᠤᠨ ᠬᠠᠲᠤᠨ ᠭᠤᠤᠯ᠎ᠤᠨ ᠰᠠᠪᠠ ᠭᠠᠵᠠᠷ᠎ᠠᠴᠠ ᠢᠯᠡᠷᠡᠭᠦᠯᠦᠭ᠌ᠰᠡᠨ ᠬᠠᠮᠤᠭ᠎ᠤᠨ ᠡᠷᠲᠡᠨ᠎ᠦ ᠬᠥᠮᠦᠨ ᠲᠥᠷᠥᠯᠬᠢᠲᠡᠨ᠎ᠦ ᠠᠵᠢᠯᠯᠠᠭᠠᠨ᠎ᠤ ᠪᠠᠭᠤᠷᠢ ᠪᠣᠯᠤᠨ᠎ᠠ᠃
ᠳ᠋ᠠ ᠶᠣᠣ᠎ᠶ᠋ᠢᠨ ᠪᠠᠭᠤᠷᠢ᠎ᠶ᠋ᠢ ᠬᠠᠮᠠᠭᠠᠯᠠᠵᠤ ᠠᠱᠢᠭ᠍ᠯᠠᠬᠤ᠎ᠶ᠋ᠢ ᠤᠯᠠᠮ ᠴᠢᠩᠭᠠᠳᠭᠠᠬᠤ᠎ᠶ᠋ᠢᠨ ᠲᠥᠯᠥᠭᠡ᠂ ᠬᠥᠬᠡᠬᠣᠲᠠ 2024 ᠣᠨ᠎ᠤ 11 ᠰᠠᠷ᠎ᠠ᠎ᠠᠴᠠ ᠡᠬᠢᠯᠡᠨ ᠪᠠᠭᠤᠷᠢ᠎ᠶ᠋ᠢ ᠭᠥᠯᠢᠶᠡᠨ ᠠᠪᠬᠤ᠎ᠶ᠋ᠢᠨ ᠬᠠᠮᠲᠤ ᠳ᠋ᠠ ᠶᠣᠣ᠎ᠶ᠋ᠢᠨ ᠪᠠᠭᠤᠷᠢ᠎ᠶ᠋ᠢ ᠬᠠᠮᠠᠭᠠᠯᠠᠬᠤ ᠲᠥᠪ ᠪᠠᠢᠭᠤᠯᠵᠤ᠂ ᠳ᠋ᠠ ᠶᠣᠣ᠎ᠶ᠋ᠢᠨ ᠪᠠᠭᠤᠷᠢ᠎ᠶ᠋ᠢ ᠠᠭᠤᠳᠠᠯᠬᠤ᠂ ᠬᠠᠮᠠᠭᠠᠯᠠᠬᠤ ᠪᠠ ᠠᠱᠢᠭ᠍ᠯᠠᠬᠤ ᠠᠵᠢᠯ᠎ᠢ ᠠᠬᠢᠭᠤᠯᠪᠠ᠃
2025 ᠣᠨ᠎ᠤ 5 ᠰᠠᠷ᠎ᠠ᠎ᠶ᠋ᠢᠨ 18 ᠤ᠋ ᠡᠳᠦᠷ᠂ ᠳ᠋ᠠ ᠶᠣᠣ᠎ᠶ᠋ᠢᠨ ᠪᠠᠭᠤᠷᠢ᠎ᠶ᠋ᠢᠨ ᠴᠡᠴᠡᠷᠯᠢᠭ᠎ᠢ ᠵᠢᠩᠬᠢᠨᠢ᠎ᠪᠡᠷ ᠨᠡᠢᠭᠡᠮ ᠨᠡᠢᠲᠡ᠎ᠳᠦ ᠨᠡᠭᠡᠭᠡᠭ᠌ᠰᠡᠨ ᠪᠥᠭᠡᠳ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠡᠷᠲᠡᠨ᠎ᠦ ᠰᠡᠭᠡᠷᠲᠡᠨ ᠠᠮᠢᠲᠠᠨ ᠬᠢᠭᠡᠳ ᠡᠷᠲᠡᠨ᠎ᠦ ᠬᠥᠮᠦᠨ ᠲᠥᠷᠥᠯᠬᠢᠲᠡᠨ᠎ᠦ ᠰᠤᠳᠤᠯᠭᠠᠨ᠎ᠤ ᠭᠠᠵᠠᠷ᠎ᠯᠤᠭ᠎ᠠ ᠲᠤᠬᠠᠶ᠎ᠶ᠋ᠢᠨ ᠲᠠᠯᠠᠪᠠᠶ᠎ᠳᠤ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠵᠤ᠂ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠠᠵᠢᠯ᠎ᠢ ᠳᠠᠬᠢᠨ ᠡᠬᠢᠯᠡᠭᠦᠯᠪᠡ᠃
ᠡᠭᠦᠨ᠎ᠡᠴᠡ ᠭᠠᠳᠠᠨ᠎ᠠ᠂ ᠲᠣᠭ᠍ᠲᠠᠬᠤ ᠱᠢᠶᠠᠨ᠎ᠤ ᠬᠠᠢ ᠱᠧᠩ ᠪᠦ ᠯᠠᠩ ᠰᠣᠶᠣᠯ᠎ᠤᠨ ᠴᠡᠴᠡᠷᠯᠢᠭ᠂ ᠦᠴᠦᠸᠠᠨ ᠬᠠᠱᠢᠯᠭ᠎ᠠ᠎ᠶ᠋ᠢᠨ ᠤᠷᠤᠢ᠎ᠳᠠᠬᠢ ᠤᠮᠠᠷᠠᠲᠤ ᠸᠧᠢ ᠤᠯᠤᠰ᠎ᠤᠨ ᠲᠠᠬᠢᠯᠭ᠎ᠠ᠎ᠶ᠋ᠢᠨ ᠪᠠᠭᠤᠷᠢ᠎ᠶ᠋ᠢᠨ ᠴᠡᠴᠡᠷᠯᠢᠭ᠎ᠢ ᠦᠷᠭᠦᠯᠵᠢᠯᠡᠨ ᠪᠠᠢᠭᠤᠯᠵᠤ ᠪᠤᠢ᠃
ᠤᠷᠲᠤ ᠴᠠᠭᠠᠨ ᠬᠡᠷᠡᠮ᠎ᠦᠨ ᠥᠪ ᠬᠥᠷᠥᠩᠭᠡ᠎ᠶ᠋ᠢ ᠬᠠᠮᠠᠭᠠᠯᠠᠵᠤ᠂ ᠤᠷᠲᠤ ᠴᠠᠭᠠᠨ ᠬᠡᠷᠡᠮ᠎ᠦᠨ ᠰᠣᠶᠣᠯ᠎ᠢ ᠤᠯᠠᠮᠵᠢᠯᠠᠪᠠ
ᠣᠷᠳᠣ ᠴᠠᠭᠠᠨ ᠬᠡᠷᠡᠮ ᠪᠣᠯ ᠳᠤᠮᠳᠠᠳᠤ᠎ᠶ᠋ᠢᠨ ᠦᠨᠳᠦᠰᠦᠲᠡᠨ᠎ᠦ ᠲᠥᠯᠥᠭᠡᠯᠡᠬᠦ᠌ ᠴᠢᠨᠠᠷᠲᠠᠶ ᠲᠡᠮᠳᠡᠭ ᠮᠦᠷᠳᠡᠭᠡᠨ ᠳᠤᠮᠳᠠᠳᠤ᠎ᠶ᠋ᠢᠨ ᠪᠣᠯᠪᠠᠰᠤᠨ᠎ᠤ ᠴᠢᠬᠤᠯᠠ ᠪᠡᠯᠭᠡ ᠲᠡᠮᠳᠡᠭ ᠪᠠᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠲᠡᠮᠡᠴᠡᠯ᠎ᠦᠨ ᠵᠣᠷᠢᠭ ᠰᠠᠨᠠᠭ᠎ᠠ ᠪᠠ ᠰᠡᠳᠭᠢᠯ ᠨᠢᠭᠡᠳᠦᠨ ᠬᠦᠴᠦᠨ ᠵᠢᠡᠨ ᠬᠠᠮᠳᠤᠳᠬᠠᠵᠦ᠂ ᠨᠤᠭᠤᠷᠠᠰᠢ ᠥᠬᠡᠶ ᠲᠡᠮᠡᠴᠡᠬᠦ᠌ ᠡᠬᠡ ᠣᠷᠣᠨᠴᠢ ᠬᠠᠢᠷ᠎ᠠ ᠰᠡᠳᠭᠢᠯᠭᠡ᠎ᠶ᠋ᠢ ᠨᠢᠭ᠍ᠲᠠᠷᠠᠭᠤᠯᠵᠤ ᠪᠠᠢᠳᠠᠭ᠃
ᠬᠥᠬᠡᠬᠣᠲᠠ ᠣᠷᠳᠣ ᠴᠠᠭᠠᠨ ᠬᠡᠷᠡᠮ ᠳᠠᠭᠠᠤ᠎ᠶ᠋ᠢᠨ ᠴᠢᠬᠤᠯᠠ ᠵᠠᠩᠭᠢᠯᠠᠭ᠎ᠠ᠎ᠶ᠋ᠢᠨ ᠬᠣᠲᠠ ᠪᠣᠯᠤᠭ᠍ᠰᠠᠨ᠎ᠤ ᠬᠤᠪᠢ᠎ᠳᠤ᠂ ᠬᠢᠯᠢ᠎ᠶ᠋ᠢᠨ ᠳᠣᠲᠣᠷᠠᠬᠢ ᠣᠷᠳᠣ ᠴᠠᠭᠠᠨ ᠬᠡᠷᠡᠮ᠎ᠦᠨ ᠡᠬᠢ ᠪᠠᠶᠠᠯᠢᠭ᠎ᠢᠶᠠᠷ ᠡᠯᠪᠡᠭ ᠪᠠᠢᠵᠤ᠂ ᠪᠠᠢᠯᠳᠤᠭᠠᠨᠲᠤ ᠤᠯᠤᠰ᠂ ᠴᠢᠨ ᠤᠯᠤᠰ ᠬᠠᠨ ᠤᠯᠤᠰ᠂ ᠤᠮᠠᠷᠠᠲᠤ ᠸᠧᠶ ᠤᠯᠤᠰ᠂ ᠠᠯᠲᠠᠨ ᠤᠯᠤᠰ᠂ ᠮᠢᠩ ᠤᠯᠤᠰ ᠵᠡᠷᠭᠡ ᠡᠯ᠎ᠡ ᠴᠠᠭ ᠦᠶ᠎ᠡ᠎ᠶ᠋ᠢᠨ ᠣᠷᠳᠣ ᠴᠠᠭᠠᠨ ᠬᠡᠷᠡᠮ᠎ᠦᠨ ᠦᠯᠡᠳᠡᠭ᠌ᠳᠡᠯ 655.25 ᠺᠢᠯᠣᠮᠧᠲ᠋ᠷ᠂ 1595 ᠬᠡᠰᠡᠭ᠎ᠢ ᠬᠠᠮᠤᠷᠬᠤ ᠵᠢᠨ ᠬᠠᠮᠲᠤ᠂ ᠣᠷᠳᠣ ᠴᠠᠭᠠᠨ ᠬᠡᠷᠡᠮ ᠳᠠᠭᠠᠤ ᠪᠠᠰᠠ ᠶᠦᠨ ᠵᠦᠩ ᠵᠢᠶᠦ᠋ᠨ᠎ᠦ ᠬᠠᠭᠤᠴᠢᠨ ᠬᠣᠲᠠ᠂ ᠱᠠ ᠯᠢᠶᠠᠩ ᠽᠢ ᠡᠷᠲᠡᠨ᠎ᠦ ᠬᠣᠲᠠ᠂ ᠪᠠᠶ ᠳ᠋ᠤᠤ ᠴᠧᠩ᠂ ᠦᠴᠦᠸᠠᠨ ᠪᠠᠯᠭᠠᠰᠤ ᠵᠡᠷᠭᠡ ᠮᠠᠰᠢ ᠣᠯᠠᠨ ᠬᠣᠪᠣᠷ ᠨᠠᠨᠳᠢᠨ ᠦᠯᠡᠳᠡᠭ᠌ᠳᠡᠯ ᠪᠤᠢ᠃
ᠡᠲᠡᠭᠡᠷ ᠣᠷᠳᠣ ᠴᠠᠭᠠᠨ ᠬᠡᠷᠡᠮ ᠵᠢᠴᠢ ᠬᠠᠮᠢᠶ᠎ᠠ ᠪᠥᠬᠥᠶ ᠦᠯᠡᠳᠡᠭ᠌ᠳᠡᠯ᠎ᠨᠢ ᠬᠥᠬᠡᠬᠣᠲᠠ᠎ᠶ᠋ᠢᠨ ᠠᠭᠤᠯᠠ ᠤᠰᠤᠨ᠎ᠤ ᠬᠣᠭᠣᠷᠣᠨᠳᠣ ᠰᠡᠭᠦᠢᠨ ᠰᠦᠨᠳᠡᠷᠯᠡᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠬᠥᠬᠡᠬᠣᠲᠠ᠎ᠶ᠋ᠢᠨ ᠰᠣᠶᠣᠯ᠎ᠤᠨ ᠤᠳᠤᠮᠰᠢᠯ ᠪᠠ ᠣᠶᠤᠨ ᠰᠠᠨᠠᠭᠠᠨ᠎ᠤ ᠪᠡᠯᠭᠡ ᠲᠡᠮᠳᠡᠭ ᠪᠣᠯᠤᠨ᠎ᠠ᠃
ᠤᠯᠠᠨ ᠵᠢᠯ᠎ᠦᠨ ᠲᠤᠷᠰᠢ᠂ ᠬᠥᠬᠡᠬᠣᠲᠠ ᠤᠷᠳᠤ ᠴᠠᠭᠠᠨ ᠬᠡᠷᠡᠮ᠎ᠢ ᠬᠠᠮᠠᠭᠠᠯᠠᠬᠤ ᠪᠠ ᠰᠣᠶᠣᠯ᠎ᠢ ᠤᠯᠠᠮᠵᠢᠯᠠᠬᠤ᠎ᠶ᠋ᠢ ᠢᠮᠠᠭ᠍ᠲᠠ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠠ ᠰᠣᠶᠣᠯ᠎ᠤᠨ ᠢᠨᠵᠧᠨᠧᠷᠢᠩ ᠪᠣᠯᠭᠠᠨ ᠠᠳᠭᠤᠭ᠍ᠰᠠᠭᠠᠷ ᠢᠷᠡᠵᠠᠢ᠃ 《ᠬᠠᠮᠠᠭᠠᠯᠠᠬᠤ᠎ᠶ᠋ᠢ ᠲᠡᠷᠢᠭᠦᠨ᠎ᠳᠦ ᠲᠠᠯᠪᠢᠬᠤ᠂ ᠬᠠᠮᠢᠶᠠᠷᠤᠯᠲᠠ᠎ᠶ᠋ᠢ ᠴᠢᠩᠭᠠᠳᠭᠠᠬᠤ᠂ ᠦᠨ᠎ᠡ ᠥᠷᠲᠡᠭ᠎ᠢ ᠠᠭᠤᠳᠠᠯᠬᠤ᠂ ᠪᠦᠲᠦᠮᠵᠢᠲᠡᠶ ᠠᠱᠢᠭ᠍ᠯᠠᠬᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠠᠮᠢᠯᠠᠭᠤᠯᠬᠤ》 ᠱᠠᠭᠠᠷᠳᠠᠯᠭ᠎ᠠ᠎ᠶ᠋ᠢ ᠪᠠᠷᠢᠮᠲᠠᠯᠠᠵᠤ᠂ ᠪᠡᠯᠡ ᠣᠷᠣᠭᠤᠯᠤᠯᠲᠠ᠎ᠶ᠋ᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠬᠥᠬᠡᠬᠣᠲᠠ᠎ᠶ᠋ᠢᠨ ᠣᠷᠳᠣ ᠴᠠᠭᠠᠨ ᠬᠡᠷᠡᠮ᠎ᠦᠨ ᠬᠠᠮᠠᠭᠠᠯᠠᠯᠲᠠ᠎ᠶ᠋ᠢᠨ ᠲᠥᠪ᠎ᠢ ᠪᠠᠢᠭᠤᠯᠵᠤ᠂ ᠬᠠᠮᠠᠭᠠᠯᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠪᠦᠷᠢᠨᠱᠢᠭᠦᠯᠪᠡ᠃
ᠡᠭᠦᠨ᠎ᠦ ᠬᠠᠮᠲᠤ᠂ ᠣᠷᠳᠣ ᠴᠠᠭᠠᠨ ᠬᠡᠷᠡᠮ᠎ᠦᠨ ᠰᠣᠶᠣᠯ ᠪᠠ ᠵᠢᠭᠤᠯᠴᠢᠯᠠᠯ᠂ ᠠᠮᠢ ᠠᠬᠤᠶ᠂ ᠰᠤᠷᠭᠠᠨ ᠬᠥᠮᠦᠵᠢᠯ ᠵᠡᠷᠭᠡ ᠠᠵᠤ ᠦᠶ᠋ᠯᠡᠰ᠎ᠦᠨ ᠭᠦᠨᠵᠡᠭᠡᠶ ᠠᠭᠤᠰᠤᠯᠴᠠᠯ᠎ᠢ ᠢᠳᠡᠪᠬᠢᠲᠡᠶ ᠰᠦᠪᠡᠭ᠌ᠴᠢᠯᠡᠪᠠ᠃ 2024 ᠣᠨ᠎ᠤ 10 ᠰᠠᠷ᠎ᠠ᠎ᠶ᠋ᠢᠨ 1 ᠤ᠋ ᠡᠳᠦᠷ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠣᠷᠳᠣ ᠴᠠᠭᠠᠨ ᠬᠡᠷᠡᠮ᠎ᠦᠨ ᠰᠣᠶᠣᠯ᠎ᠤᠨ ᠮᠦᠽᠧᠶ ᠵᠢᠩᠬᠢᠨᠢ᠎ᠪᠡᠷ ᠡᠭᠦᠳᠡ ᠪᠡᠨ ᠨᠡᠭᠡᠭᠡᠵᠦ᠂ ᠡᠨᠡ ᠵᠢᠯ᠎ᠦᠨ 10 ᠰᠠᠷ᠎ᠠ᠎ᠶ᠋ᠢᠨ 2 ᠤ᠋ᠨ ᠡᠳᠦᠷ ᠴᠢᠩ ᠱᠦᠶ ᠾᠧ ᠰᠢᠶᠠᠨ᠎ᠤ ᠮᠢᠩ ᠤᠯᠤᠰ᠎ᠤᠨ ᠣᠷᠳᠣ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ᠎ᠢ ᠲᠤᠷᠱᠢᠨ ᠠᠵᠢᠯᠯᠠᠭᠤᠯᠵᠤ᠂ ᠡᠷᠲᠡᠨ᠎ᠦ ᠣᠷᠳᠣ ᠴᠠᠭᠠᠨ ᠬᠡᠷᠡᠮ᠎ᠢ ᠪᠦᠲᠦᠮᠵᠢᠲᠡᠶ ᠬᠠᠮᠠᠭᠠᠯᠠᠭ᠍ᠰᠠᠨ ᠤᠷᠢᠲᠠᠯ ᠳᠤᠤᠷ᠎ᠠ 《ᠠᠮᠢᠯᠠᠭᠤᠯᠤᠬᠰᠡᠨ》 ᠪᠠᠢᠨ᠎ᠠ᠃
ᠮᠦᠽᠧᠢ᠎ᠶ᠋ᠢᠨ ᠪᠦᠳᠦᠭᠡᠨ ᠪᠠᠢᠭᠤᠯᠤᠯᠲᠠ ᠨᠢ ᠲᠣᠭ᠎ᠠ ᠬᠡᠮᠵᠢᠶ᠎ᠡ᠎ᠶ᠋ᠢᠨ ᠨᠡᠮᠡᠭ᠌ᠳᠡᠯ᠎ᠡᠴᠡ ᠶᠠᠰᠤ ᠴᠢᠨᠠᠷ᠎ᠤᠨ ᠳᠡᠭᠡᠭ᠌ᠰᠢᠯᠡᠯᠲᠡ ᠲᠠᠢ ᠪᠤᠯᠪᠠ
ᠬᠥᠬᠡᠬᠣᠲᠠ᠎ᠳᠡᠬᠢ ᠣᠳᠣ ᠪᠤᠯᠳᠡᠯ᠎ᠠ ᠳᠠᠩᠰᠠᠯᠠᠭᠤᠯᠤᠬᠰᠠᠨ ᠮᠦᠽᠧᠶ 30 ᠪᠤᠢ᠂ ᠮᠤᠵᠢ᠎ᠶ᠋ᠢᠨ ᠲᠠᠰ᠎ᠤᠨ ᠮᠦᠽᠧᠶ ᠨᠢ ᠲᠣᠮᠣ ᠮᠥᠷᠲᠡᠭᠡᠨ ᠭᠣᠶᠣ᠂ ᠬᠣᠲᠠ᠎ᠶ᠋ᠢᠨ ᠲᠠᠰ᠎ᠤᠨ ᠮᠦᠽᠧᠶ ᠨᠢ ᠵᠢᠵᠢᠭ ᠮᠥᠷᠲᠡᠭᠡᠨ ᠨᠠᠷᠢᠯᠢᠭ᠂ ᠱᠢᠶᠠᠨ᠎ᠤ ᠲᠠᠰ᠎ᠤᠨ ᠮᠦᠽᠧᠶ᠎ᠨᠢ ᠣᠨᠴᠠᠯᠢᠭ᠎ᠢᠶᠠᠷ ᠲᠣᠪᠣᠢᠮ᠎ᠠ᠂ ᠤᠯᠤᠰ᠎ᠤᠨ ᠥᠮᠴᠢᠯᠡᠯ᠎ᠦᠨ ᠪᠤᠰᠤ ᠮᠦᠽᠧᠶ᠎ᠪᠡᠷ ᠨᠥᠬᠥᠪᠥᠷᠢᠯᠡᠭᠰᠡᠨ ᠮᠦᠽᠧᠶ᠎ᠶ᠋ᠢᠨ ᠱᠢᠰᠲ᠋ᠧᠮ᠎ᠢ ᠠᠩᠬ᠎ᠠ ᠠᠯᠬᠤᠮ ᠪᠦᠷᠢᠯᠳᠦᠭᠦᠯᠪᠠ᠃
ᠢᠯᠠᠩᠭᠤᠶ᠎ᠠ ᠮᠦᠽᠧᠢ᠎ᠶ᠋ᠢᠨ ᠬᠤᠳᠠ᠎ᠶ᠋ᠢ ᠪᠥᠳᠤᠭᠡᠨ ᠪᠠᠢᠭᠤᠯᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠬᠢᠨ ᠮᠦᠽᠧᠢ᠎ᠶ᠋ᠢᠨ ᠲᠣᠭ᠎ᠠ ᠬᠡᠮᠵᠢᠶᠡᠨ᠎ᠦ ᠨᠡᠮᠡᠭ᠌ᠳᠡᠯ᠎ᠡᠴᠡ ᠶᠠᠰᠤ ᠴᠢᠨᠠᠷ᠎ᠤᠨ ᠳᠡᠭᠡᠭ᠌ᠰᠢᠯᠡᠯᠲᠡ ᠲᠡᠢᠰᠢ ᠭᠡᠯᠪᠡᠷᠢ ᠪᠡᠨ ᠬᠤᠪᠢᠷᠠᠭᠤᠯᠬᠤ᠎ᠶ᠋ᠢ ᠠᠬᠢᠭᠤᠯᠵᠤ᠂ ᠬᠥᠬᠡᠬᠣᠲᠠ᠎ᠶ᠋ᠢᠨ ᠰᠣᠶᠣᠯ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠣᠨᠴᠠᠯᠢᠭ᠎ᠢ ᠲᠤᠰᠭᠠᠬ᠍ᠰᠠᠨ ᠨᠢᠭᠡ ᠪᠦᠯᠦᠭ ᠪᠡᠯᠭᠡ ᠲᠡᠮᠳᠡᠭ᠎ᠦᠨ ᠴᠢᠨᠠᠷᠲᠠᠢ ᠮᠦᠽᠧᠢ᠎ᠶ᠋ᠢ ᠵᠠᠯᠭᠠᠭ᠎ᠠ ᠪᠠᠷ ᠪᠠᠢᠭᠤᠯᠵᠤ᠂ ᠡᠯ᠎ᠡ ᠲᠦᠷᠦᠯ᠎ᠦᠨ ᠰᠣᠳᠣᠨ ᠦᠵᠡᠰᠭᠦᠯᠡᠩ ᠵᠠᠯᠭᠠᠭ᠎ᠠ ᠪᠡᠷ ᠭᠠᠷᠴᠤ᠌᠂ ᠨᠡᠢᠭᠡᠮ ᠤ᠋ᠨ ᠬᠥᠮᠦᠵᠢᠯ᠎ᠦᠨ ᠠᠵᠢᠯᠯᠠᠭ᠎ᠠ ᠬᠥᠮᠦᠰ᠎ᠦᠨ ᠰᠡᠳᠭᠢᠯ᠎ᠳᠦ ᠭᠦᠨ ᠰᠠᠭᠤᠭ᠍ᠳᠠᠵᠤ᠂ ᠮᠦᠽᠧᠢ᠎ᠶ᠋ᠢᠨ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠲᠦᠪᠱᠢᠨ ᠨᠡᠩ ᠴᠤ᠌ ᠰᠡᠳᠭᠢᠯ᠎ᠢ ᠳᠤᠯᠠᠭᠠᠴᠠᠭᠤᠯᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰᠵᠢᠡᠷ 《ᠦᠭᠡ ᠶᠠᠷᠢᠭᠤᠯᠵᠤ》᠂ ᠲᠡᠦᠬᠡ᠎ᠶ᠋ᠢ 《ᠮᠡᠳᠡᠷᠡᠬᠦᠢ》 ᠵᠢ ᠦᠨᠡᠨᠬᠦ ᠪᠡᠶᠡᠯᠡᠬᠦᠯᠪᠡ᠃
ᠮᠦᠽᠧᠶ᠎ᠶ᠋ᠢᠨ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠮᠦᠽᠧᠶ ᠡᠩ ᠲᠡᠷᠢᠭᠦᠨ᠎ᠳᠦ 《ᠶᠡᠷᠦᠩᠬᠡᠶ ᠬᠤᠪᠢᠶᠠᠷᠢ ᠣᠷᠳᠣᠨ》 ᠤ᠋ ᠲᠦᠷᠢᠮ᠎ᠦᠨ ᠥᠭᠡᠷᠡᠴᠢᠯᠡᠯᠲᠡ ᠬᠢᠵᠦ᠍᠂ ᠪᠥᠬᠥ᠌ ᠬᠣᠲᠠ᠎ᠶ᠋ᠢᠨ 6 ᠮᠦᠽᠧᠶ᠎ᠶ᠋ᠢᠨ ᠡᠬᠢ ᠪᠠᠶᠠᠯᠢᠭ᠎ᠢ ᠡᠮᠬᠢᠳᠭᠡᠨ ᠨᠡᠢᠳᠭᠡᠵᠦ᠍᠂ ᠳᠡᠳ᠋ ᠭᠠᠵᠠᠷ᠎ᠤᠨ ᠲᠠᠰ᠎ᠤᠨ ᠬᠥᠬᠡᠬᠣᠲᠠ᠎ᠶ᠋ᠢᠨ ᠮᠦᠽᠧᠶ᠎ᠶ᠋ᠢ ᠪᠠᠢᠭᠤᠯᠵᠤ᠂ ᠬᠥᠬᠡᠬᠣᠲᠠ᠎ᠶ᠋ᠢᠨ ᠮᠦᠽᠧᠶ᠂ ᠵᠠᠩᠵᠤᠨ᠎ᠤ ᠶᠠᠮᠤᠨ᠎ᠤ ᠮᠦᠽᠧᠶ᠂ ᠵᠣᠣ ᠵᠢᠶᠦ᠋ᠨ ᠮᠦᠽᠧᠶ ᠵᠢᠨ ᠬᠥᠷᠢᠶᠡᠯᠡᠨᠭ᠂ ᠭᠦᠩᠵᠦ᠍ᠶ᠋ᠢᠨ ᠣᠷᠳᠣᠨ᠎ᠤ ᠮᠦᠽᠧᠶ᠂ ᠲᠠᠪᠤᠨ ᠰᠤᠪᠤᠷᠭᠠᠲᠤ ᠰᠦᠮ᠎ᠡ᠎ᠶ᠋ᠢᠨ ᠮᠦᠽᠧᠶ᠂ ᠹᠸᠩᠵᠸᠤᠶ᠋ᠢᠨ ᠬᠠᠭᠤᠴᠢᠨ ᠬᠣᠲᠠ᠎ᠶ᠋ᠢᠨ ᠮᠦᠽᠧᠶ ᠵᠡᠷᠭᠡ 6 ᠬᠤᠪᠢᠶᠠᠷᠢ ᠣᠷᠳᠣᠨ᠎ᠤ ᠪᠥᠲᠥᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠦᠪᠵᠢᠭᠦᠯᠦᠨ ᠠᠬᠢᠭᠤᠯᠵᠤ᠂ 2025 ᠣᠨ᠎ᠳᠤ ᠳᠠ ᠶᠣᠣ᠎ᠶ᠋ᠢᠨ ᠪᠠᠭᠤᠷᠢ᠎ᠶ᠋ᠢᠨ ᠴᠡᠴᠡᠷᠯᠢᠭ᠎ᠢ ᠮᠦᠽᠧᠶ᠎ᠶ᠋ᠢᠨ ᠬᠠᠮᠢᠶᠠᠷᠤᠯᠲᠠ᠎ᠳᠤ ᠵᠢᠩᠬᠢᠨᠢ᠎ᠪᠡᠷ ᠣᠷᠣᠭᠤᠯᠵᠤ᠂ 《ᠨᠢᠭᠡ ᠬᠦᠷᠢᠶᠡᠯᠡᠩ ᠵᠢᠷᠭᠤᠭᠠᠨ ᠣᠷᠳᠣᠨ ᠨᠢᠭᠡ ᠴᠡᠴᠡᠷᠯᠢᠭ》 ᠤ᠋ᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠥᠬᠥ᠌ ᠲᠠᠯ᠎ᠠ᠎ᠪᠠᠷ ᠪᠦᠷᠢᠯᠳᠦᠭᠦᠯᠪᠡ᠃
2024 ᠣᠨ᠎ᠠᠴᠠ ᠨᠠᠭᠠᠰᠢ᠂ ᠬᠥᠬᠡᠬᠣᠲᠠ ᠤᠷᠢᠳ ᠬᠣᠵᠢᠳ 《ᠵᠡᠭᠦᠨ ᠵᠧᠦ ᠤᠯᠤᠰ᠎ᠤᠨ ᠦᠶ᠎ᠡ᠎ᠶ᠋ᠢᠨ ᠱᠦ᠍ ᠵᠢᠨ ᠰᠣᠶᠣᠯ᠎ᠤᠨ ᠦᠵᠡᠭᠦᠯᠭᠡ》᠂ 《ᠡᠷᠲᠡᠨ᠎ᠦ ᠵᠡᠰ ᠲᠤᠯᠢ᠎ᠶ᠋ᠢᠨ ᠰᠣᠶᠣᠯ᠎ᠤᠨ ᠦᠵᠡᠭᠦᠯᠭᠡ》᠂ 《ᠰᠦᠢᠶᠤᠸᠠᠨ᠎ᠤ ᠳᠤᠷᠠᠰᠤᠮᠵᠢ᠎ᠶ᠋ᠢᠨ ᠬᠠᠮᠲᠤᠷᠠᠭ᠍ᠰᠠᠨ ᠦᠵᠡᠭᠦᠯᠭᠡ》᠂ 《ᠳ᠋ᠠ ᠶᠣᠣ᠎ᠶ᠋ᠢᠨ ᠪᠠᠭᠤᠷᠢ᠎ᠶ᠋ᠢᠨ ᠬᠠᠭᠤᠴᠢ ᠰᠤᠳᠤᠯᠤᠯ᠎ᠤᠨ ᠦᠷ᠎ᠡ ᠪᠦᠲᠦᠭᠡᠯ᠎ᠦᠨ ᠦᠵᠡᠭᠦᠯᠭᠡ》᠂ 《 ᠴᠢᠩ ᠤᠯᠤᠰ᠎ᠤᠨ ᠡᠩᠬᠡ ᠠᠮᠤᠭᠤᠯᠠᠩ ᠨᠠᠢᠷᠠᠯᠲᠤ ᠲᠦᠪ ᠲᠩᠷᠢ ᠲᠡᠳᠬᠦᠭ᠌ᠴᠢ᠎ᠶ᠋ᠢᠨ ᠦᠶ᠎ᠡ᠎ᠶ᠋ᠢᠨ ᠵᠢᠩ ᠳ᠋ᠸ ᠵᠧᠨ᠎ᠦ ᠱᠠᠭᠠᠵᠠᠩ ᠡᠳ᠋ᠯᠡᠯ᠎ᠦᠨ ᠦᠵᠡᠭᠦᠯᠭᠡ》᠂ 《ᠪᠡᠭᠡᠵᠢᠩ᠎ᠤᠨ ᠬᠠᠭᠠᠨ᠎ᠤ ᠤᠷᠳᠤᠨ ᠪᠣᠯᠤᠨ ᠴᠧᠩᠳ᠋ᠧ᠎ᠶ᠋ᠢᠨ ᠵᠤᠰᠠᠯᠠᠩᠳ᠋ᠦ ᠬᠠᠳᠠᠭᠠᠯᠠᠵᠤ ᠪᠠᠢᠭ᠎ᠠ ᠴᠠᠭ᠎ᠤᠨ ᠬᠠᠮᠲᠤᠷᠠᠭ᠍ᠰᠠᠨ ᠦᠵᠡᠭᠦᠯᠭᠡ》᠂ 《〈ᠡᠷᠲᠡᠨ᠎ᠦ ᠬᠤᠳᠠ᠎ᠶ᠋ᠢᠨ ᠳᠤᠷᠠᠰᠤᠮᠵᠢ·ᠮᠢᠩᠭᠠᠨ ᠣᠨ᠎ᠤ ᠡᠷᠭᠢᠴᠡᠭᠦᠯᠦᠯ〉 ᠲᠤᠰᠬᠠᠢ ᠰᠡᠲᠤᠪᠲᠤ ᠦᠵᠡᠰᠭᠦᠯᠡᠩ》᠂ 《ᠵᠣᠣ ᠵᠢᠶᠦ᠋ᠨ ᠮᠦᠽᠧᠶ ᠳ᠋ᠦ ᠬᠠᠳᠠᠭᠠᠯᠠᠭ᠎ᠠ ᠵᠢᠷᠤᠬ᠎ᠤᠨ ᠦᠵᠡᠰᠭᠦᠯᠡᠩ》 ᠵᠡᠷᠭᠡ 20 ᠭᠠᠷᠤᠢ ᠵᠦᠢᠯ᠎ᠤᠨ ᠦᠵᠡᠭᠦᠯᠭᠡ ᠵᠢ ᠡᠷᠬᠢᠯᠡᠵᠦ᠂ ᠮᠦᠽᠧᠶ ᠪᠡᠷ ᠲᠤᠭᠤᠷᠢᠬᠤ ᠬᠠᠯᠠᠮᠰᠢᠯ᠎ᠢ ᠪᠤᠢ ᠪᠤᠯᠭᠠᠪᠠ᠃
ᠡᠭᠦᠨ᠎ᠳᠦ 《ᠬᠠᠭᠠᠨ᠎ᠤ ᠣᠷᠳᠣᠨ᠎ᠤ ᠮᠦᠽᠧᠶ᠎ᠳᠦ ᠬᠠᠳᠠᠭᠠᠯᠠᠵᠤ ᠪᠠᠢᠭ᠎ᠠ ᠴᠢᠩ ᠤᠯᠤᠰ᠎ᠤᠨ ᠦᠶ᠎ᠡ᠎ᠶ᠋ᠢᠨ ᠣᠷᠳᠣᠨ᠎ᠤ ᠬᠠᠰ ᠡᠳ᠋ᠯᠡᠯ᠎ᠦᠨ ᠦᠵᠡᠭᠦᠯᠭᠡ》 ᠨᠢ ᠲᠤᠮᠳᠠᠳᠤ ᠤᠯᠤᠰ᠎ᠤᠨ ᠮᠦᠽᠧᠶ ᠵᠢᠨ ᠨᠡᠷᠡᠰ᠎ᠦᠨ ᠵᠢᠭ᠍ᠰᠠᠭᠠᠯᠲᠠ᠎ᠶ᠋ᠢᠨ ᠪᠥᠬᠥ᠌ ᠤᠯᠤᠰ᠎ᠤᠨ ᠠᠷᠪᠠᠨ ᠶᠡᠬᠡ ᠬᠠᠯᠠᠮᠱᠢᠯ ᠦᠵᠡᠭᠦᠯᠭᠡ᠎ᠳᠦ ᠵᠢᠬᠰᠠᠭᠠᠬᠳᠠᠪᠠ᠃
2024 ᠣᠨ᠎ᠤ 8 ᠰᠠᠷ᠎ᠠ᠎ᠳᠤ ᠬᠥᠬᠡᠬᠣᠲᠠ ᠠᠷᠪᠠᠳᠤᠭᠠᠷ ᠬᠤᠭᠤᠴᠠᠭᠠᠨ᠎ᠤ 《ᠮᠦᠽᠧᠶ ᠵᠢᠨ ᠦᠵᠡᠰᠭᠦᠯᠡᠩ᠎ᠦᠨ ᠴᠤᠭ᠍ᠯᠠᠭᠠᠨ》᠎ᠢ᠋ ᠡᠷᠭᠢᠯᠡᠵᠦ᠂ 552 ᠮᠦᠽᠧᠢ ᠵᠢᠴᠢ ᠬᠠᠮᠢᠶ᠎ᠠ ᠪᠦᠬᠦᠢ ᠠᠵᠤ ᠠᠬᠤᠢᠯᠠᠯ ᠦᠵᠡᠰᠭᠦᠯᠡᠩᠳᠦ ᠣᠷᠣᠯᠴᠠᠵᠤ᠂ ᠬᠦᠯᠢᠶᠡᠨ ᠠᠪᠤᠭ᠍ᠰᠠᠨ ᠵᠢᠭᠤᠯᠴᠢᠯᠠᠬᠰᠠᠳ ᠪᠠᠷᠤᠭ 35 ᠲᠦᠮᠡᠨ ᠬᠥᠮᠦᠨ ᠤᠳᠠᠭ᠎ᠠ᠎ᠳᠤ ᠬᠦᠷᠴᠦ᠍᠂ 《ᠦᠵᠡᠰᠭᠦᠯᠡᠩ᠎ᠦᠨ ᠴᠤᠭ᠍ᠯᠠᠭᠠᠨ》 ᠤ᠋ ᠰᠢᠨ᠎ᠡ ᠲᠡᠮᠳᠡᠭᠯᠡᠯ᠎ᠢ ᠡᠭᠦᠳᠦᠭ᠌ᠰᠡᠨ ᠪᠠᠢᠨ᠎ᠠ᠃ ᠲᠣᠰ ᠵᠢᠯ᠎ᠳᠦ ᠬᠥᠬᠡᠬᠣᠲᠠ᠎ᠶ᠋ᠢᠨ ᠮᠦᠽᠧᠶ ᠤᠯᠤᠰ᠎ᠤᠨ ᠨᠢᠭᠡᠳᠦᠭᠡᠷ ᠳᠡᠰ᠎ᠤᠨ ᠮᠦᠽᠧᠶ᠎ᠪᠡᠷ ᠦᠨᠡᠯᠡᠭ᠌ᠳᠡᠵᠦ᠍᠂ ᠣᠯᠠᠨ ᠤᠯᠤᠰ᠎ᠤᠨ ᠮᠦᠽᠧᠶ᠎ᠶ᠋ᠢᠨ ᠨᠡᠢᠭᠡᠮᠯᠢᠭ᠎ᠲᠦ ᠤᠷᠤᠭ᠍ᠰᠢᠲᠠᠶ ᠡᠯᠰᠡᠭᠳᠡᠵᠦ᠂ 《ᠶᠡᠷᠦᠩᠬᠡᠶ ᠬᠤᠪᠢᠶᠠᠷᠢ ᠣᠷᠳᠣᠨ》 ᠤ᠋ ᠲᠦᠷᠢᠮ᠎ᠦᠨ ᠥᠭᠡᠷᠡᠴᠢᠯᠡᠯᠲᠡ᠎ᠶ᠋ᠢᠨ ᠵᠢᠱ᠌ᠢᠶ᠎ᠡ ᠨᠢ 《2023 ᠣᠨ᠎ᠤ ᠪᠥᠬᠥ᠌ ᠣᠷᠣᠨ᠎ᠤ ᠥᠭᠡᠷᠡᠴᠢᠯᠡᠯᠲᠡ᠎ᠶ᠋ᠢᠨ ᠱᠢᠯᠢᠳᠡᠭ ᠵᠢᠱ᠌ᠢᠶ᠎ᠡ》 ᠪᠠᠷ ᠰᠣᠩᠭᠣᠭ᠍ᠳᠠᠭ᠍ᠰᠠᠨ ᠪᠥᠭᠡᠳ ᠥᠪᠥᠷ ᠮᠣᠩᠭᠣᠯ᠎ᠳᠤ ᠳᠡᠯᠭᠡᠷᠡᠭᠦᠯᠪᠡ᠃
ᠲᠠᠪᠢᠨ ᠲᠦᠮᠡᠨ ᠵᠢᠯ᠎ᠦᠨ ᠡᠮᠦᠨ᠎ᠠ ᠬᠥᠮᠦᠨ ᠲᠥᠷᠥᠯᠬᠢᠲᠡᠨ᠎ᠦ ᠠᠵᠢᠯᠯᠠᠭ᠎ᠠ ᠬᠢᠵᠦ ᠪᠠᠢᠬᠰᠠᠨ ᠤᠯᠠ ᠮᠦᠷ ᠲᠠᠢ᠂ ᠲᠠᠪᠤᠨ ᠮᠢᠩᠭᠠᠨ ᠵᠢᠯ᠎ᠦᠨ ᠪᠣᠯᠪᠠᠰᠤᠨ᠎ᠤ ᠲᠡᠦᠭᠡ ᠲᠠᠢ ᠡᠨᠡᠬᠦ ᠡᠬᠡ ᠭᠠᠵᠠᠷ ᠳᠡᠭᠡᠷ᠎ᠡ ᠬᠥᠬᠡᠬᠣᠲᠠ ᠢᠳᠡᠷᠡᠭᠦᠨ ᠠᠯᠬᠤᠭ᠎ᠠ᠎ᠪᠠᠷ ᠰᠣᠶᠣᠯ᠎ᠤᠨ ᠪᠠᠢᠭᠤᠯᠤᠯᠲᠠ᠎ᠶ᠋ᠢᠨ ᠱᠢᠨ᠎ᠡ ᠠᠶᠠᠨ᠎ᠢᠶᠠᠨ ᠡᠬᠢᠯᠡᠭᠦᠯᠪᠡ᠃