ᠦᠪᠦᠷ ᠮᠤᠩᠭᠤᠯ ᠦᠮᠴᠢᠯᠡᠯ ᠤ᠋ᠨ ᠡᠷᠬᠡ ᠶ᠋ᠢᠨ ᠠᠷᠠᠯᠵᠢᠶ᠎ᠠ ᠵᠢᠨ ᠡᠯᠧᠺᠲᠷᠤᠨ ᠪᠠᠳᠤᠯᠠᠭ᠎ᠠ ᠶ᠋ᠢᠨ ᠵᠠᠬᠢᠳᠠᠯ ᠤ᠋ᠨ ᠦᠢᠯᠡᠴᠢᠯᠡᠭᠡ ᠶ᠋ᠢ ᠡᠭᠦᠳᠦᠨ ᠬᠡᠷᠡᠭᠵᠢᠭᠦᠯᠵᠤ ᠪᠤᠢ
2026-01-08 10:17:08
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶ᠎ᠠ ᠶ᠋ᠢᠨ ᠲᠦᠪ ᠤᠢᠷ᠎ᠠ ᠳ᠋ᠤ e ᠠᠷᠠᠯᠵᠢᠶᠠᠨ ᠤ᠋ ᠳᠠᠪᠴᠠᠩ ᠶ᠋ᠢᠡᠷ ᠳᠠᠮᠵᠢᠨ ᠤᠯᠤᠰ ᠤ᠋ᠨ ᠲᠤᠳᠤᠭᠠᠳᠤ ᠳ᠋ᠤ ᠬᠠᠮᠤᠭ ᠤ᠋ᠨ ᠲᠦᠷᠦᠭᠦᠨ ᠳ᠋ᠤ ᠦᠮᠴᠢᠯᠡᠯ ᠤ᠋ᠨ ᠡᠷᠬᠡ ᠶ᠋ᠢᠨ ᠠᠷᠠᠯᠵᠢᠶ᠎ᠠ ᠶ᠋ᠢᠨ ᠬᠦᠷᠢᠶᠡᠨ ᠤ᠋ ᠪᠠᠳᠤᠯᠠᠬᠤ ᠮᠦᠩᠬᠦᠨ ᠤ᠋ ᠡᠯᠧᠺᠲᠷᠤᠨ ᠪᠠᠳᠤᠯᠠᠭ᠎ᠠ ᠶ᠋ᠢᠨ ᠵᠠᠬᠢᠳᠠᠯ ᠤ᠋ᠨ ᠦᠢᠯᠡᠴᠢᠯᠡᠭᠡ ᠶ᠋ᠢ ᠡᠭᠦᠳᠦᠨ ᠬᠡᠷᠡᠭᠵᠢᠭᠦᠯᠪᠡ᠃ ᠡᠨᠡ ᠪᠤᠯ ᠲᠤᠰ ᠲᠦᠪ ᠳᠠᠭᠠᠭᠠᠴᠢᠯᠠᠯᠳᠠ ᠵᠠᠷᠯᠠᠨ ᠳᠠᠭᠠᠭᠠᠴᠢᠯᠠᠯᠳᠠ ᠬᠦᠯᠢᠶᠡᠬᠦ ᠬᠤᠳᠠᠯᠳᠤᠨ ᠠᠪᠤᠯᠳᠠ ᠶ᠋ᠢᠨ ᠬᠦᠷᠢᠶᠡᠨ ᠤ᠋ ᠪᠠᠳᠤᠯᠠᠬᠤ ᠮᠦᠩᠬᠦ ᠶ᠋ᠢᠨ ᠡᠯᠧᠺᠲᠷᠤᠨ ᠪᠠᠳᠤᠯᠠᠭ᠎ᠠ ᠶ᠋ᠢᠨ ᠵᠠᠬᠢᠳᠠᠯ ᠤ᠋ᠨ ᠦᠢᠯᠡᠴᠢᠯᠡᠭᠡ ᠶ᠋ᠢ ᠠᠮᠵᠢᠯᠳᠠ ᠲᠠᠢ ᠬᠡᠷᠡᠭᠵᠢᠭᠦᠯᠦᠭᠰᠡᠨ ᠤ᠋ ᠳᠠᠷᠠᠭᠠᠬᠢ ᠪᠠᠰᠠ ᠨᠢᠭᠡᠨ ᠰᠢᠨ᠎ᠠ ᠶ᠋ᠢ ᠡᠭᠦᠳᠦᠭᠰᠡᠨ ᠦᠢᠯᠡᠴᠢᠯᠡᠭᠡ ᠪᠤᠯᠤᠨ᠎ᠠ᠃

ᠡᠨᠡ ᠬᠦ᠌ ᠦᠢᠯᠡᠴᠢᠯᠡᠭᠡ ᠨᠢ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠪᠠᠳᠤᠯᠠᠬᠤ ᠮᠦᠩᠬᠦ ᠲᠤᠰᠢᠶᠠᠬᠤ ᠵᠢ ᠦᠨᠳᠦᠷ ᠪᠦᠲᠦᠮᠵᠢᠳᠠᠢ᠂ ᠳᠦᠭᠦᠮ ᠳᠦᠳᠡ ᠪᠦᠭᠡᠳ ᠦᠪᠡᠷ ᠤ᠋ᠨ ᠦᠷᠳᠡᠭ ᠳᠤᠤᠷ᠎ᠠ ᠡᠯᠧᠺᠲ᠋ᠷᠤᠨᠴᠢᠯᠠᠭᠰᠠᠨ ᠴᠠᠭ ᠦᠶ᠎ᠠ ᠳ᠋ᠤ ᠤᠷᠤᠭᠤᠯᠵᠤ᠂ ᠦᠷᠭᠡᠨ ᠤᠯᠠᠨ ᠪᠡᠯᠡ ᠤᠷᠤᠭᠤᠯᠤᠭᠴᠢ ᠶ᠋ᠢᠨ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠶ᠋ᠢᠡᠷ ᠳᠠᠮᠵᠢᠨ ᠰᠢᠯᠢᠳᠡᠭ ᠲᠦᠷᠦᠯ ᠵᠦᠢᠯ ᠤ᠋ᠨ ᠠᠷᠠᠯᠵᠢᠶ᠎ᠠ ᠳ᠋ᠤ ᠤᠷᠤᠯᠴᠠᠬᠤ ᠳ᠋ᠤ ᠡᠷᠴᠢᠮᠳᠠᠢ ᠬᠦᠳᠡᠯᠭᠡᠬᠦ ᠬᠦᠴᠦᠨ ᠨᠡᠮᠡᠷᠢᠯᠡᠵᠠᠢ᠃

ᠤᠢᠯᠠᠭᠠᠭᠰᠠᠨ ᠶ᠋ᠢᠡᠷ ᠂ ᠤᠯᠠᠮᠵᠢᠯᠠᠯᠳᠦ ᠪᠡᠯᠡᠨ ᠵᠤᠭᠤᠰᠤᠨ ᠤ᠋ ᠪᠠᠳᠤᠯᠠᠬᠤ ᠮᠦᠩᠬᠦ ᠶ᠋ᠢ ᠪᠤᠳᠤᠪᠠᠯ ᠡᠯᠧᠺᠲᠷᠤᠨ ᠪᠠᠳᠤᠯᠠᠭ᠎ᠠ ᠶ᠋ᠢᠨ ᠵᠠᠬᠢᠳᠠᠯ ᠨᠢ ᠦᠪᠡᠷ ᠤ᠋ᠨ ᠦᠷᠳᠡᠭ ᠶ᠋ᠢᠡᠷ ᠨᠡᠩ ᠳᠤᠤᠷ᠎ᠠ ᠪᠤᠯᠬᠤᠷ ᠠᠵᠤ ᠠᠬᠤᠢᠯᠠᠯ ᠤ᠋ᠨ ᠪᠡᠯᠡᠨ ᠮᠦᠩᠬᠦᠨ ᠤ᠋ ᠳᠠᠷᠤᠯᠳᠠ ᠶ᠋ᠢ ᠪᠠᠭᠠᠰᠬᠠᠨ᠂ ᠪᠡᠯᠡ ᠤᠷᠤᠭᠤᠯᠬᠤ ᠤᠷᠮ᠎ᠠ ᠶ᠋ᠢ ᠨᠡᠩ  ᠬᠦᠭᠵᠢᠭᠡᠬᠦ ᠪᠤᠯᠤᠨ᠎ᠠ᠃ ᠳᠠᠬᠢᠪᠠᠯ ᠡᠯᠧᠺᠲᠷᠤᠨ ᠪᠠᠳᠤᠯᠠᠭ᠎ᠠ ᠶ᠋ᠢᠨ ᠵᠠᠬᠢᠳᠠᠯ ᠨᠢ ᠪᠠᠷᠢᠴᠠᠭᠠᠨ ᠤ᠋ ᠪᠤᠳᠠᠰ ᠪᠠ ᠪᠠᠷᠢᠴᠠᠭᠠᠨ ᠤ᠋ ᠬᠦᠮᠦᠨ ᠬᠡᠷᠡᠭᠰᠡᠬᠦ ᠦᠭᠡᠢ᠂ ᠪᠡᠯᠡ ᠮᠦᠩᠬᠦ ᠶ᠋ᠢ ᠴᠡᠪᠳᠡᠭᠯᠡᠬᠦ ᠶᠠᠪᠤᠳᠠᠯ ᠦᠭᠡᠢ᠂ ᠡᠷᠡᠮᠡᠯᠵᠡᠯ ᠳᠡᠪᠰᠢᠭᠦᠯᠬᠦ ᠡᠴᠡ ᠬᠢᠨᠡᠨ ᠵᠦᠪᠰᠢᠶᠡᠷᠡᠵᠤ ᠵᠠᠬᠢᠳᠠᠯ ᠪᠠᠭᠤᠯᠭᠠᠬᠤ ᠬᠦᠷᠳᠡᠯ᠎ᠠ ᠪᠦᠬᠦ ᠶᠠᠪᠤᠴᠠ ᠵᠢᠨ ᠠᠵᠢᠯ ᠢ᠋ ᠰᠦᠯᠵᠢᠶ᠎ᠠ ᠪᠡᠷ ᠭᠦᠢᠴᠡᠳᠭᠡᠨ᠂ ᠵᠠᠰᠠᠪᠤᠷᠢ ᠤᠷᠤᠭᠤᠯᠬᠤ ᠵᠢᠴᠢ ᠬᠠᠭᠤᠷᠮᠠᠭᠯᠠᠨ ᠵᠤᠬᠢᠶᠠᠬᠤ ᠶ᠋ᠢ ᠰᠡᠷᠭᠡᠢᠯᠡᠬᠦ ᠴᠢᠳᠠᠮᠵᠢ ᠲᠠᠢ ᠲᠤᠯᠠ ᠠᠵᠤ ᠠᠬᠤᠢᠯᠠᠯ ᠤ᠋ᠨ ᠴᠠᠭ ᠪᠠ ᠬᠦᠴᠦᠨ ᠢ᠋ ᠶᠡᠬᠡ ᠪᠡᠷ ᠠᠷᠪᠢᠯᠠᠬᠤ ᠪᠤᠯᠤᠨ᠎ᠠ᠃ ᠡᠭᠦᠨ ᠤ᠋ ᠵᠡᠷᠭᠡ ᠪᠡᠷ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶ᠎ᠠ ᠶ᠋ᠢᠨ ᠲᠦᠪ ᠤ᠋ᠨ ᠬᠠᠩᠭᠠᠬᠤ ᠡᠯᠧᠺᠲᠷᠤᠨ ᠪᠠᠳᠤᠯᠠᠭ᠎ᠠ ᠶ᠋ᠢᠨ ᠵᠠᠬᠢᠳᠠᠯ ᠨᠢ ᠲᠦᠭᠡᠮᠡᠯ ᠮᠡᠳᠡᠷᠡᠭᠳᠡᠬᠦ ᠪᠠᠩᠬᠢ ᠶ᠋ᠢᠨ ᠪᠠᠳᠤᠯᠠᠭ᠎ᠠ ᠶ᠋ᠢᠨ ᠵᠠᠬᠢᠳᠠᠯ ᠪᠤᠯᠬᠤᠷ ᠢᠳᠡᠭᠡᠭᠦᠯᠬᠦ ᠬᠦᠴᠦᠨ ᠶ᠋ᠢᠡᠷ ᠨᠡᠩ ᠴᠢᠩᠭ᠎ᠠ ᠪᠠᠢᠵᠤ᠂ ᠳᠤᠭᠳᠠᠭᠠᠯ ᠳ᠋ᠤ ᠨᠡᠢᠴᠡᠬᠦ ᠴᠢᠨᠠᠷ ᠪᠠ ᠪᠠᠳᠤᠯᠠᠭᠠᠳᠤ ᠴᠢᠨᠠᠷ ᠶ᠋ᠢᠡᠷ ᠪᠦᠷ ᠢᠯᠡᠳᠳᠡ ᠳᠠᠪᠠᠭᠤᠯᠢᠭ ᠲᠠᠢ ᠲᠤᠯᠠ ᠠᠷᠠᠯᠵᠢᠶ᠎ᠠ ᠳ᠋ᠤ ᠤᠷᠤᠯᠴᠠᠬᠤ ᠡᠯ᠎ᠠ ᠲᠠᠯ᠎ᠠ ᠶ᠋ᠢᠨ ᠡᠷᠬᠡ ᠠᠰᠢᠭ ᠢ᠋ ᠪᠦᠲᠦᠮᠵᠢᠳᠠᠢ ᠬᠠᠮᠠᠭᠠᠯᠠᠵᠤ ᠴᠢᠳᠠᠬᠤ ᠶᠤᠮ᠃

ᠲᠤᠰ ᠦᠢᠯᠡᠴᠢᠯᠡᠭᠡ ᠨᠢ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶ᠎ᠠ ᠶ᠋ᠢᠨ ᠲᠦᠪ ᠤ᠋ᠨ ᠲᠤᠭᠠᠴᠢᠯᠠᠭᠰᠠᠨ ᠦᠢᠯᠡᠴᠢᠯᠡᠭᠡᠨ ᠤ᠋ ᠴᠢᠳᠠᠮᠵᠢ ᠪᠠ ᠵᠠᠬ᠎ᠠ ᠳᠡᠯᠭᠡᠭᠦᠷ ᠤ᠋ᠨ ᠦᠷᠢᠰᠦᠯᠳᠦᠬᠦ ᠬᠦᠴᠦᠨ ᠢ᠋ ᠳᠡᠭᠡᠭᠰᠢᠯᠡᠭᠦᠯᠬᠦ ᠶ᠋ᠢᠨ ᠬᠠᠮᠳᠤ ᠦᠪᠡᠷᠳᠡᠭᠡᠨ ᠵᠠᠰᠠᠬᠤ ᠤᠷᠤᠨ ᠤ᠋ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠭᠦᠯᠬᠦ ᠱᠠᠭᠠᠷᠳᠠᠯᠭ᠎ᠠ ᠳ᠋ᠤ ᠨᠡᠢᠴᠡᠵᠦ᠂ ᠵᠠᠬ᠎ᠠ ᠳᠡᠯᠭᠡᠭᠦᠷ ᠤ᠋ᠨ ᠭᠤᠤᠯ ᠴᠤᠭᠴᠠ ᠶ᠋ᠢᠨ ᠠᠮᠢᠵᠢᠷᠠᠯ ᠤ᠋ᠨ ᠬᠦᠴᠤᠨ ᠢ᠋ ᠬᠦᠭᠵᠢᠭᠡᠬᠦ ᠪᠦᠲᠦᠮᠵᠢᠳᠠᠢ ᠠᠷᠭ᠎ᠠ ᠬᠡᠮᠵᠢᠶ᠎ᠠ ᠪᠤᠯᠵᠤ᠂ ᠦᠪᠡᠷᠳᠡᠭᠡᠨ ᠵᠠᠰᠠᠬᠤ ᠤᠷᠤᠨ ᠤ᠋ ᠦᠨᠳᠦᠷ ᠪᠠᠷᠢᠮᠵᠢᠶᠠᠳᠦ ᠦᠮᠴᠢᠯᠡᠯ ᠤ᠋ᠨ ᠡᠷᠬᠡ ᠶ᠋ᠢᠨ ᠵᠠᠬ᠎ᠠ ᠳᠡᠯᠭᠡᠭᠦᠷ ᠤ᠋ᠨ ᠰᠢᠰᠲᠧᠮ ᠤ᠋ᠨ ᠪᠠᠢᠭᠤᠯᠤᠯᠳᠠ ᠳ᠋ᠤ ᠰᠢᠨ᠎ᠠ ᠬᠦᠳᠡᠯᠭᠡᠬᠦ ᠡᠨᠧᠷᠬᠢ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号