ᠦᠪᠦᠷ ᠮᠤᠩᠭᠤᠯ ᠤ᠋ᠨ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠷᠳᠡᠭᠦᠯᠬᠦ᠌ ᠦᠵᠡᠯ ᠎ᠢ ᠡᠰᠡᠷᠭᠦᠴᠡᠬᠦ᠌ ᠬᠠᠤᠯᠢ 》 ᠨᠡᠢᠲᠡᠯᠡᠭ᠌ᠳᠡᠭ᠌ᠰᠡᠨ 10 ᠵᠢᠯ᠎ᠦᠨ ᠣᠶ᠎ᠶᠢ ᠳᠤᠷᠠᠰᠬᠠᠬᠤ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ ᠡᠬᠢᠯᠡᠵᠡᠢ
2026-01-08 10:28:34
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠷᠳᠡᠭᠦᠯᠬᠦ᠌ ᠦᠵᠡᠯ᠎ᠢ ᠡᠰᠡᠷᠭᠦᠴᠡᠬᠦ᠌ ᠬᠠᠤᠯᠢ 》 ᠨᠡᠢᠳᠡᠯᠡᠭᠳᠡᠭᠰᠡᠨ 10 ᠵᠢᠯ᠎ᠦᠨ ᠣᠶ ᠵᠢ ᠪᠡᠯᠬᠡᠯᠡᠨ᠂ ᠤᠯᠠᠨ ᠤᠷᠤᠨ ᠪᠠᠢᠷᠢ᠂ ᠤᠯᠠᠨ ᠲᠡᠰ ᠲᠠᠪᠬᠤᠷᠭ᠎ᠠ ᠵᠢᠨ ᠰᠦᠷᠳᠡᠬᠦᠯᠬᠦ ᠦᠵᠡᠯ ᠎ᠢ ᠡᠰᠡᠷᠬᠦᠴᠡᠬᠦ  ᠤᠬᠠᠭᠤᠯᠭ᠎ᠠ ᠬᠥᠮᠦᠵᠢᠯ᠎ᠦᠨ ᠬᠠᠯᠠᠭᠤᠨ ᠦᠷᠨᠢᠯᠳᠡ ᠵᠢ ᠪᠤᠢ ᠪᠤᠯᠭᠠᠬᠤ ᠵᠢᠨ ᠲᠤᠯᠠᠳᠠ  ᠥᠪᠡᠷᠲᠡᠭᠡᠨ ᠵᠠᠰᠠᠬᠤ ᠣᠷᠣᠨ᠎ᠤ ᠰᠦᠷᠳᠡᠭᠦᠯᠦᠯ ᠎ᠢ ᠡᠰᠡᠷᠭᠦᠴᠡᠬᠦ᠌ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ ᠲᠦᠷᠦᠬᠦᠬᠡᠨ ᠥᠪᠥᠷ ᠮᠣᠩᠭᠣᠯ ᠎ᠤᠨ ᠮᠦᠽᠧᠶ᠎ᠳᠦ 《ᠪᠥᠬᠥ᠌ ᠠᠷᠠᠳ᠎ᠢᠶᠠᠷ᠎ᠢᠶᠠᠨ ᠰᠦᠷᠳᠡᠭᠦᠯᠦᠯ᠎ᠢ ᠡᠰᠡᠷᠭᠦᠴᠡᠵᠦ᠍᠂ ᠠᠮᠤᠷ ᠠᠮᠤᠭᠤᠯᠠᠩ ᠎ᠢ ᠬᠠᠮᠲᠤ᠎ᠪᠠᠷ ᠴᠣᠭ᠍ᠴᠠᠯᠠᠬᠤ 》 ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ ᠵᠢᠴᠢ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠎ᠤᠨ ᠰᠦᠷᠳᠡᠭᠦᠯᠬᠦ᠌ ᠦᠵᠡᠯ᠎ᠢ ᠡᠰᠡᠷᠭᠦᠴᠡᠬᠦ᠌ ᠬᠠᠤᠯᠢ》 ᠨᠡᠢᠲᠡᠯᠡᠭ᠌ᠳᠡᠭ᠌ᠰᠡᠨ 10 ᠵᠢᠯ᠎ᠦᠨ ᠣᠶ ᠎ᠶ᠋ᠢ ᠳᠤᠷᠠᠰᠬᠠᠬᠤ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ ᠶᠠᠪᠤᠭᠤᠯᠪᠠ᠃

ᠠᠵᠢᠯᠯᠠᠭ᠎ᠠ᠎ᠶ᠋ᠢᠨ ᠠᠬᠤᠢ ᠲᠠᠯᠠᠪᠠᠶ᠎ᠳᠤ᠂ ᠥᠪᠡᠷᠲᠡᠭᠡᠨ ᠵᠠᠰᠠᠬᠤ ᠣᠷᠣᠨ᠎ᠤ ᠰᠦᠷᠳᠡᠭᠦᠯᠦᠯ᠎ᠢ ᠡᠰᠡᠷᠭᠦᠴᠡᠬᠦ᠌  ᠠᠵᠢᠯ ᠤ᠋ᠨ ᠤᠳᠤᠷᠢᠳᠬᠤ ᠲᠤᠭᠤᠢᠯᠠᠩ ᠤ᠋ᠨ ᠠᠯᠪᠠᠨ ᠬᠡᠷ᠎ᠦᠨ ᠬᠠᠷᠢᠭᠤᠴᠠᠯᠭᠠᠳᠠᠨ ᠡᠴᠨ ᠰᠦᠷᠳᠡᠭᠦᠯᠦᠯ ᠎ᠢ ᠡᠰᠡᠷᠭᠦᠴᠡᠬᠦ᠌ ᠤᠬᠠᠭᠤᠯᠭ᠎ᠠ᠎ᠶ᠋ᠢᠨ ᠠᠩᠭᠢ᠎ᠳᠤ ᠲᠣᠭ ᠣᠯᠭᠣᠵᠤ᠂ ᠪᠥᠬᠥ᠌ ᠬᠥᠮᠦᠰ ᠬᠠᠮᠲᠤ ᠎ᠪᠠᠷ ᠲᠠᠩᠭᠠᠷᠢᠭ᠍ᠯᠠᠵᠤ᠂ ᠰᠠᠢᠨ ᠲᠤᠷᠠᠴᠤᠳ᠎ᠤᠨ ᠲᠥᠯᠥᠭᠡᠯᠡᠭ᠌ᠴᠢ ᠦᠭᠡ ᠬᠡᠯᠡᠵᠦ᠍᠂ ᠭᠡᠨᠡᠳᠲᠡ᠎ᠶ᠋ᠢᠨ ᠬᠡᠷᠡᠭ᠎ᠢ ᠲᠦᠷᠭᠡᠨ ᠱᠢᠶ᠋ᠳᠪᠦᠷᠢᠯᠡᠬᠦ᠌᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠰᠡᠷᠭᠡᠢᠯᠡᠨ ᠡᠵᠡᠮᠳᠡᠬᠦ᠌᠂ ᠬᠢᠯᠢ ᠬᠢᠵᠠᠭᠠᠷ᠎ᠢ ᠬᠠᠮᠢᠶᠠᠷᠤᠨ ᠡᠵᠡᠮᠳᠡᠬᠦ᠌ ᠵᠡᠷᠭᠡ ᠣᠯᠠᠨ ᠵᠦᠶ᠋ᠯ᠎ᠦᠨ ᠪᠠᠴᠢᠮ ᠪᠠᠢᠳᠠᠯ ᠎ᠢ ᠠᠷᠭᠠᠴᠠᠭᠠᠬᠤ ᠲᠣᠨᠣᠭ᠍ᠯᠠᠯ᠎ᠢ ᠲᠤᠬᠠᠶ᠎ᠶ᠋ᠢᠨ ᠲᠠᠯᠠᠪᠠᠶ᠎ᠳᠤ ᠳᠡᠯᠭᠡᠨ ᠦᠵᠡᠭᠦᠯᠦᠭ᠌ᠰᠡᠨ ᠪᠥᠭᠡᠳ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠷᠳᠡᠭᠦᠯᠬᠦ᠌ ᠦᠵᠡᠯ᠎ᠢ ᠡᠰᠡᠷᠭᠦᠴᠡᠬᠦ᠌ ᠬᠠᠤᠯᠢ 》᠂ 《ᠠᠷᠠᠳ ᠢᠷᠭᠡᠳ᠎ᠦᠨ ᠰᠦᠷᠳᠡᠭᠦᠯᠦᠯ᠎ᠢ ᠡᠰᠡᠷᠭᠦᠴᠡᠬᠦ᠌ ᠰᠡᠷᠭᠡᠢᠯᠡᠯᠲᠡ᠎ᠶ᠋ᠢᠨ ᠭᠠᠷ ᠳᠡᠪᠲᠡᠷ 》  ᠵᠡᠷᠭᠡ ᠤᠬᠠᠭᠤᠯᠭ᠎ᠠ ᠬᠥᠮᠦᠵᠢᠯ᠎ᠦᠨ ᠮᠠᠲ᠋ᠧᠷᠢᠶᠠᠯ ᠲᠠᠷᠬᠠᠭᠠᠪᠠ᠃ ᠡᠭᠦᠨ᠎ᠡᠴᠡ ᠭᠠᠳᠠᠨ᠎ᠠ ᠠᠬᠤᠢ  ᠲᠠᠯᠠᠪᠠᠢ᠎ᠳᠤ ᠪᠠᠰᠠ ᠤᠬᠠᠭᠤᠯᠭ᠎ᠠ ᠎ᠶ᠋ᠢᠨ ᠰᠠᠮᠪᠠᠷ᠎ᠠ ᠎ᠶ᠋ᠢᠨ ᠲᠣᠭᠣᠷᠢᠭ ᠲᠤᠬᠢᠷᠠᠭᠤᠯᠵᠤ᠂ ᠡᠯᠪᠡᠭ ᠪᠠᠶᠠᠯᠢᠭ ᠭᠡᠷᠡᠯ ᠵᠢᠷᠤᠭ ᠪᠠ  ᠦᠰᠦᠭ ᠪᠢᠴᠢᠭ᠎ᠢᠶᠡᠷ ᠰᠦᠷᠳᠡᠭᠦᠯᠬᠦ᠌ ᠦᠵᠡᠯ᠎ᠦᠨ ᠤᠨᠴᠠᠯᠢᠭ᠂ ᠢᠯᠡᠷᠡᠬᠦ ᠬᠡᠯᠪᠡᠷᠢ᠂ ᠬᠣᠣᠷ ᠬᠥᠨᠥᠭᠡᠯ ᠵᠢᠴᠢ ᠰᠡᠷᠭᠡᠢᠯᠡᠨ ᠠᠷᠭᠠᠴᠠᠭᠠᠬᠤ ᠠᠷᠭ᠎ᠠ  ᠬᠡᠮᠵᠢᠶ᠎ᠡ ᠎ᠶ᠋ᠢ ᠨᠠᠷᠢᠨ ᠲᠠᠨᠢᠯᠴᠠᠭᠤᠯᠪᠠ᠃

ᠣᠢᠯᠠᠭᠠᠭ᠍ᠰᠠᠨ᠎ᠢᠶᠠᠷ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠷᠳᠡᠭᠦᠯᠬᠦ᠌ ᠦᠵᠡᠯ ᠎ᠢ ᠡᠰᠡᠷᠭᠦᠴᠡᠬᠦ᠌ ᠬᠠᠤᠯᠢ 》 ᠎ᠶ᠋ᠢ ᠬᠡᠷᠡᠭ᠌ᠵᠢᠭᠦᠯᠦᠭ᠌ᠰᠡᠨ 10 ᠵᠢᠯ᠎ᠦᠨ ᠲᠤᠷᠰᠢ᠂  ᠥᠪᠡᠷᠲᠡᠭᠡᠨ ᠵᠠᠰᠠᠬᠤ ᠣᠷᠣᠨ᠎ᠤ ᠰᠦᠷᠳᠡᠭᠦᠯᠦᠯ᠎ᠢ ᠡᠰᠡᠷᠭᠦᠴᠡᠬᠦ᠌ ᠠᠵᠢᠯ ᠢᠮᠠᠭ᠍ᠲᠠ ᠨᠠᠮ᠎ᠤᠨ ᠤᠳᠤᠷᠢᠳᠤᠯᠭ᠎ᠠ᠎ᠶ᠋ᠢ ᠪᠠᠷᠢᠮᠳᠠᠯᠠᠵᠤ᠂   ᠬᠦᠴᠦᠷᠬᠡᠭ᠌ᠯᠡᠯ ᠰᠦᠷᠳᠡᠭᠦᠯᠦᠯ᠎ᠦᠨ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠴᠦ᠂ ᠠᠷᠠᠳ ᠣᠯᠠᠨ᠎ᠤ ᠠᠮᠤᠷ ᠲᠦᠪᠱᠢᠨ᠎ᠦ ᠲᠥᠷᠥᠭ᠌ᠳᠡᠯ ᠢᠯᠡᠳᠲᠡ ᠳᠡᠭᠡᠭ᠌ᠰᠢᠯᠡᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号