ᠥᠪᠥᠷ ᠮᠣᠩᠭᠣᠯ᠎ᠨᠥᠬᠥᠪᠥᠷᠢ ᠮᠦᠨᠭᠬᠦ ᠲᠤᠬᠢᠷᠠᠭᠤᠯᠵᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ᠎ᠳᠦ ᠬᠦᠴᠦᠨ ᠨᠡᠮᠡᠷᠢᠯᠡᠵᠦ᠍ ᠪᠣᠶ
2026-01-08 10:21:40
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠵᠢᠯ᠎ᠡᠴᠡ ᠨᠠᠭᠠᠰᠢ ᠥᠪᠥᠷ ᠮᠣᠩᠭᠣᠯ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠳᠤ ᠰᠠᠭᠤᠭ᠎ᠠ ᠨᠠᠰᠤᠲᠠᠢᠴᠤᠳ᠎ᠲᠦ ᠤᠢᠯᠡᠴᠢᠯᠡᠬᠦ ᠨᠥᠬᠥᠪᠥᠷᠢ ᠲᠤᠬᠢᠷᠠᠭᠤᠯᠵᠤ᠂  ᠨᠥᠬᠥᠪᠥᠷᠢ ᠣᠯᠭᠣᠬᠤ ᠡᠲᠡᠭᠡᠳ᠎ᠨᠢ ᠨᠠᠭᠠᠳᠤ ᠵᠠᠬ᠎ᠠ᠎ᠶ᠋ᠢᠨ ᠠᠮᠢᠳᠤᠷᠡᠯ ᠤ᠋ᠨ ᠪᠠᠲᠤᠯᠠᠪᠤᠷᠢ ᠭᠥᠷᠳᠡᠵᠦ᠍ ᠪᠠᠢᠭ᠎ᠠ ᠨᠠᠰᠤᠲᠠᠢᠴᠤᠳ᠂ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ᠍ ᠪᠠᠢᠭ᠎ᠠ ᠬᠥᠮᠦᠰ᠂ ᠠᠵᠤ ᠠᠬᠤᠶ᠎ᠶ᠋ᠢᠨ ᠲᠠᠯ᠎ᠠ᠎ᠪᠠᠷ ᠬᠦᠴᠢᠷᠳᠡᠯᠲᠡᠶ ᠨᠠᠰᠤᠲᠠᠢᠴᠤᠳ᠂ ᠥᠨᠳᠥᠷ ᠨᠠᠰᠤᠲᠠᠶ ᠨᠠᠰᠤᠲᠠᠢᠴᠤᠳ ᠵᠡᠷᠭᠡ ᠬᠦᠮᠦᠰ  ᠢ᠋  ᠬᠠᠮᠤᠷᠴᠡᠢ᠃

ᠥᠪᠥᠷ ᠮᠣᠩᠭᠣᠯ ᠨᠠᠰᠤᠵᠢᠯ ᠎ᠤᠨ ᠠᠰᠠᠷᠠᠮᠵᠢ ᠎ᠶ᠋ᠢᠨ ᠦᠶ᠋ᠯᠡᠴᠢᠯᠡᠭᠡᠨ᠎ᠦ ᠣᠷᠣᠭᠤᠯᠤᠯᠲᠠ᠎ᠶ᠋ᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ 2024 ᠣᠨ᠎ᠠᠴᠠ ᠡᠬᠢᠯᠡᠨ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠳᠤ ᠰᠠᠭᠤᠭ᠎ᠠ ᠨᠠᠰᠤᠲᠠᠢᠴᠤᠳ᠎ᠤᠨ ᠦᠶ᠋ᠯᠡᠴᠢᠯᠡᠭᠡᠨ᠎ᠦ ᠨᠥᠬᠥᠪᠥᠷᠢ᠎ᠶ᠋ᠢ ᠣᠨ᠎ᠤ ᠲᠥᠰᠦᠪ᠎ᠦᠨ ᠤᠷᠢᠳ᠎ᠢᠶᠠᠷ ᠪᠠᠲᠤᠯᠠᠬᠤ ᠬᠡᠪᠴᠢᠶᠡᠨ᠎ᠳᠦ ᠣᠷᠣᠭᠤᠯᠵᠤ᠂ 《ᠣᠷᠣ ᠨᠥᠬᠥᠪᠥᠷᠢᠯᠡᠵᠤ 》 ᠪᠠᠢᠭᠰᠠᠨ ᠎ᠡᠴᠡ《ᠬᠥᠮᠦᠨ ᠳ᠋ᠤᠨᠢ ᠨᠦᠬᠦᠪᠤᠷᠢ ᠤᠯᠭᠤᠬᠤ》 ᠲᠡᠢᠰᠢ ᠬᠤᠪᠢᠷᠠᠭᠤᠯᠬᠤ᠎ᠶ᠋ᠢ ᠪᠡᠶᠡᠯᠡᠭᠦᠯᠵᠦ᠍᠂ ᠨᠠᠰᠤᠲᠠᠢᠴᠤᠳ᠎ᠤᠨ ᠣᠷᠣᠵᠤ ᠰᠠᠭᠤᠬᠤ ᠥᠪᠡᠷ ᠎ᠦᠨ ᠥᠷᠲᠡᠭ᠎ᠢ ᠱᠢᠭᠤᠳ ᠪᠠᠭᠤᠷᠠᠭᠤᠯᠵᠤ᠂ ᠨᠠᠩ ᠣᠯᠠᠨ ᠨᠠᠰᠤᠲᠠᠢᠴᠤᠳ ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠡᠷᠡᠭ᠌ᠴᠡᠭᠡ᠎ᠶ᠋ᠢ ᠬᠠᠩᠭᠠᠪᠠ᠃ ᠡᠭᠦᠨ᠎ᠦ ᠬᠠᠮᠲᠤ ᠥᠪᠥᠷ ᠮᠣᠩᠭᠣᠯ ᠬᠠᠮᠢᠶᠠᠷᠤᠯᠲᠠ᠎ᠶ᠋ᠢᠨ ᠲᠣᠭ᠍ᠲᠠᠴᠠ᠎ᠪᠠᠨ ᠱᠢᠯᠢᠳᠡᠭ᠌ᠵᠢᠭᠦᠯᠵᠦ᠍᠂ ᠨᠥᠬᠥᠪᠥᠷᠢ ᠪᠠᠯᠠ ᠮᠥᠩᠭᠥ᠎ᠶ᠋ᠢᠨ ᠬᠡᠷᠡᠭ᠌ᠯᠡᠯᠲᠡ᠎ᠶ᠋ᠢᠨ ᠪᠥᠬᠥ᠌ ᠶᠠᠪᠤᠴᠠ᠎ᠶ᠋ᠢ ᠬᠢᠨᠠᠨ ᠬᠠᠮᠢᠶᠠᠷᠴᠤ᠌᠂ ᠨᠦᠬᠦᠪᠤᠷᠢ ᠪᠦᠷᠢ ᠢ᠋ᠢ ᠨᠠᠰᠤᠲᠠᠢᠴᠤᠳ᠎ᠲᠤ ᠣᠨᠣᠪᠴᠢᠲᠠᠶ ᠠᠱᠢᠭ ᠬᠦᠷᠲᠡᠭᠡᠬᠦ᠌᠎ᠶ᠋ᠢ  ᠦᠨᠡᠨ ᠬᠦ᠌ ᠪᠠᠲᠤᠯᠠᠪᠠ᠃ ᠨᠢᠳᠤᠨᠤᠨ᠎ᠤ 8 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ 2025 ᠣᠨ᠎ᠤ ᠲᠦᠷᠦᠬᠦᠦ ᠪᠦᠯᠦᠭ᠎ᠤᠨ ᠬᠠᠮᠢᠶ᠎ᠠ ᠪᠥᠬᠥᠶ ᠡᠳ᠋᠎ᠦᠨ ᠵᠠᠰᠠᠭ᠎ᠤᠨ2437.5 ᠲᠦᠮᠡᠨ ᠲᠥᠭᠥᠷᠢᠭ᠎ᠤ᠋ᠨ ᠨᠥᠬᠥᠪᠥᠷᠢ᠎ᠪᠠᠯᠠ ᠮᠥᠩᠭᠥ᠌ ᠢ᠋ᠢ ᠡᠯ᠎ᠡ ᠠᠢᠮᠠᠭ ᠬᠣᠲᠠ᠎ᠳᠤ ᠪᠠᠭᠤᠯᠭᠠᠪᠠ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠨᠡᠢᠳᠡ 7810.98 ᠲᠦᠮᠡᠨ ᠲᠥᠭᠥᠷᠢᠭ ᠤ᠋ᠨ ᠨᠥᠬᠥᠪᠥᠷᠢ ᠮᠥᠩᠭᠥ ᠪᠠᠭᠤᠯᠭᠠᠪᠠ᠃

2025 ᠣᠨ᠎ᠤ 8 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠪᠠᠯᠠ ᠮᠥᠩᠭᠥ᠌ ᠪᠠᠭᠤᠯᠭᠠᠵᠤ ᠲᠦᠭᠡᠮᠡᠯ ᠬᠠᠷᠠᠭᠠᠯᠵᠠᠯᠲᠤ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢ ᠱᠢᠨ᠎ᠡ᠎ᠪᠡᠷ ᠪᠠᠢᠭᠤᠯᠬᠤ᠂ ᠥᠭᠡᠷᠡᠴᠢᠯᠡᠵᠦ᠍ ᠥᠷᠭᠡᠳᠭᠡᠨ ᠪᠠᠢᠭᠤᠯᠬᠤ ᠵᠢᠴᠢ ᠥᠭᠡᠷᠡᠴᠢᠯᠡᠨ ᠪᠠᠢᠭᠤᠯᠬᠤ᠎ᠶ᠋ᠢ ᠭᠤᠤᠯᠳᠠᠯᠭ᠎ᠠ᠎ᠲᠠᠶ ᠳᠡᠮᠵᠢᠵᠦ᠍᠂ ᠠᠯᠪᠠᠨ᠎ᠠᠴᠠ ᠡᠷᠭᠢᠯᠡᠭ᠌ᠰᠡᠨ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠲᠥᠬᠥᠭᠡᠷᠦᠮᠵᠢ ᠬᠤᠳᠠᠯᠳᠤᠨ ᠠᠪᠬᠤ᠂ ᠭᠠᠯ ᠤᠨᠲᠠᠷᠠᠭᠠᠬᠤ ᠲᠥᠬᠥᠭᠡᠷᠦᠮᠵᠢ᠎ᠶ᠋ᠢ ᠰᠢᠨᠡᠳᠬᠡᠬᠦ᠎ᠶ᠋ᠢ ᠳᠡᠮᠵᠢᠵᠦ᠍᠂ ᠬᠣᠲᠠ ᠬᠥᠳᠡᠭᠡ᠎ᠶ᠋ᠢᠨ ᠵᠢᠱ᠌ᠢᠶ᠎ᠡ ᠦᠵᠡᠭᠦᠯᠬᠦ᠌ ᠴᠢᠨᠠᠷᠲᠠᠶ ᠬᠡᠷ ᠪᠦᠯᠢ ᠪᠠ ᠨᠠᠢᠬᠡᠮ ᠲᠤᠭᠤᠷᠢᠭ ᠤ᠋ᠨ ᠨᠠᠰᠤᠵᠢᠯ ᠤ᠋ᠨ ᠠᠰᠠᠷᠡᠮᠵᠢ ᠢ᠋ᠢᠨ ᠦᠶ᠋ᠯᠡᠴᠢᠯᠡᠭᠡᠨ᠎ᠦ ᠰᠦᠯᠵᠢᠶ᠎ᠡ ᠢ᠋ᠢᠨ ᠪᠠᠢᠭᠤᠯᠤᠯᠲᠠ᠎ᠶ᠋ᠢ ᠳᠡᠮᠵᠢᠵᠦ᠍᠂ ᠨᠠᠰᠤᠲᠠᠢᠴᠤᠳ᠎ᠤᠨ ᠴᠢᠳᠠᠪᠤᠷᠢ᠎ᠶ᠋ᠢ ᠦᠨᠡᠯᠡᠨ ᠵᠢᠱ᠌ᠢᠬᠦ᠌ ᠵᠡᠷᠭᠡ᠎ᠶ᠋ᠢ ᠳᠡᠮᠵᠢᠵᠦ᠍᠂ ᠨᠠᠰᠤᠵᠢᠯ ᠎ᠤᠨ ᠠᠰᠠᠷᠠᠮᠵᠢ᠎ᠶ᠋ᠢᠨ ᠪᠠᠢᠭᠤᠯᠤᠮᠵᠢ᠎ᠳᠤ ᠰᠠᠭᠤᠭ᠎ᠠ ᠨᠠᠰᠤᠲᠠᠢᠴᠤᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠢᠯᠡᠳᠳᠠ ᠳᠡᠭᠡᠭ᠌ᠰᠢᠯᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号