ᠥᠪᠥᠷ ᠮᠣᠩᠭᠣᠯ᠎ᠤᠨ 10 ᠶᠡᠬᠡ ᠳᠡᠭᠡᠳᠦ ᠰᠤᠷᠭᠠᠭᠤᠯᠢ 《ᠴᠡᠷᠢᠭ᠎ᠦᠨ ᠠᠯᠪᠠ ᠠ᠋ᠴᠠ ᠬᠠᠯᠠᠭᠳᠠᠭᠰᠠᠨ ᠣᠶᠤᠲᠠᠨ ᠪᠠᠢᠯᠳᠤᠭ᠍ᠴᠢ᠎ᠶᠢᠨ ᠲᠥᠯᠥᠪᠯᠡᠭᠡ》 ᠳ᠋ᠤ ᠰᠤᠩᠭᠤᠭᠳᠠᠵᠡᠢ
2026-01-09 10:46:28
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠰᠤᠷᠭᠠᠨ ᠬᠥᠮᠦᠵᠢᠯ᠎ᠦᠨ ᠶᠠᠮᠤᠨ ᠮᠡᠳᠡᠭᠳᠡᠯ ᠳᠠᠷᠤᠮᠠᠯᠯᠠᠨ ᠲᠠᠷᠬᠠᠭᠠᠵᠤ᠂ 2026 ᠣᠨ᠎ᠳᠤ ᠴᠡᠷᠢᠭ᠎ᠦᠨ ᠠᠯᠪᠠ ᠠ᠋ᠴᠠ ᠬᠠᠯᠠᠭᠳᠠᠭᠰᠠᠨ ᠣᠶᠤᠲᠠᠨ ᠪᠠᠢᠯᠳᠤᠭ᠍ᠴᠢ᠎ᠶᠢᠨ ᠲᠤᠰᠬᠠᠢ ᠲᠥᠷᠥᠯ᠎ᠦᠨ ᠠᠰᠫᠢᠷᠠᠨᠲ ᠡᠯᠰᠡᠬᠦ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠬᠦ ᠪᠡᠷ ᠲᠣᠭᠲᠠᠪᠠ᠂ ᠲᠣᠰ ᠲᠥᠯᠥᠪᠯᠡᠭᠡ᠎ᠶᠢ ᠪᠡᠭᠡᠵᠢᠩ ᠶᠡᠬᠡ ᠰᠤᠷᠭᠠᠭᠤᠯᠢ᠂ ᠴᠢᠩᠬᠤᠸᠠ ᠶᠡᠬᠡ ᠰᠤᠷᠭᠠᠭᠤᠯᠢ ᠵᠡᠷᠭᠡ 532 ᠡᠩ᠎ᠦᠨ ᠶᠡᠬᠡ ᠳᠡᠭᠡᠳᠦ ᠰᠤᠷᠭᠠᠭᠤᠯᠢ ᠡᠭᠦᠷᠭᠡᠯᠡᠨ᠎ᠡ᠂ ᠡᠬᠦᠨ ᠳ᠋ᠤ ᠥᠪᠥᠷ ᠮᠣᠩᠭᠣᠯ᠎ᠤᠨ 10 ᠶᠡᠬᠡ ᠳᠡᠭᠡᠳᠦ ᠰᠤᠷᠭᠠᠭᠤᠯᠢ ᠲᠤᠰ ᠲᠥᠯᠥᠪᠯᠡᠭᠡ᠎ᠳᠦ ᠰᠤᠩᠭᠤᠭᠳᠠᠭᠰᠠᠨ ᠪᠠᠢᠨ᠎ᠠ᠃

ᠲᠦᠯᠦᠪᠯᠡᠬᠡ ᠵᠢ ᠦᠨᠳᠦᠰᠦᠯᠡᠪᠡᠯ᠂ ᠦᠪᠦᠷ ᠮᠤᠩᠭᠤᠯ᠎ᠤᠨ ᠶᠡᠬᠡ ᠰᠤᠷᠭᠠᠭᠤᠯᠢ 20 ᠰᠤᠷᠤᠭᠴᠢ᠂ ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠶᠡᠬᠡ ᠰᠤᠷᠭᠠᠭᠤᠯᠢ 16 ᠰᠤᠷᠤᠭᠴᠢ᠂ ᠦᠪᠦᠷ ᠮᠤᠩᠭᠤᠯ᠎ᠤᠨ ᠠᠵᠤ ᠦᠢᠯᠡᠳᠪᠦᠷᠢ ᠵᠢᠨ ᠶᠡᠬᠡ ᠰᠤᠷᠭᠠᠭᠤᠯᠢ 15 ᠰᠤᠷᠤᠭᠴᠢ᠂ ᠦᠪᠦᠷ ᠮᠤᠩᠭᠤᠯ᠎ᠤᠨ ᠳᠠᠷᠢᠶᠠᠯᠠᠩ᠎ᠤᠨ ᠶᠡᠬᠡ ᠰᠤᠷᠭᠠᠭᠤᠯᠢ 15 ᠰᠤᠷᠤᠭᠴᠢ᠂ ᠦᠪᠦᠷ ᠮᠤᠩᠭᠤᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ 3 ᠰᠤᠷᠤᠭᠴᠢ᠂ ᠦᠪᠦᠷ ᠮᠤᠩᠭᠤᠯ᠎ᠤᠨ ᠪᠠᠭᠰᠢ ᠵᠢᠨ ᠶᠡᠬᠡ ᠰᠤᠷᠭᠠᠭᠤᠯᠢ 10 ᠰᠤᠷᠤᠭᠴᠢ᠂ ᠦᠪᠦᠷ ᠮᠤᠩᠭᠤᠯ᠎ᠤᠨ ᠦᠨᠳᠦᠰᠦᠳᠡᠨ᠎ᠤ ᠶᠡᠬᠡ ᠰᠤᠷᠭᠠᠭᠤᠯᠢ 4 ᠰᠤᠷᠤᠭᠴᠢ᠂ ᠤᠯᠠᠭᠠᠨᠬᠠᠳᠠ ᠳᠡᠬᠡᠳᠤ ᠰᠤᠷᠭᠠᠭᠤᠯᠢ 3 ᠰᠤᠷᠤᠭᠴᠢ᠂ ᠦᠪᠦᠷ ᠮᠤᠩᠭᠤᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭᠠᠭᠤᠯᠢ 6 ᠰᠤᠷᠤᠭᠴᠢ᠂ ᠦᠪᠦᠷ ᠮᠤᠩᠭᠤᠯ᠎ᠤᠨ ᠤᠷᠠᠯᠢᠭ᠎ᠤᠨ ᠳᠡᠬᠡᠳᠤ ᠰᠤᠷᠭᠠᠭᠤᠯᠢ 3 ᠰᠤᠷᠤᠭᠴᠢ ᠡᠯᠰᠡᠨ᠎ᠡ᠃

ᠣᠢᠯᠠᠭᠠᠭᠰᠠᠨ᠎ᠢᠶᠠᠷ᠂ 《ᠴᠡᠷᠢᠭ᠎ᠤᠨ ᠠᠯᠪᠠ ᠡᠴᠡ ᠬᠠᠯᠠᠭᠳᠠᠭᠰᠠᠨ ᠣᠶᠤᠲᠠᠨ ᠪᠠᠢᠯᠳᠤᠭ᠍ᠴᠢ᠎ᠶᠢᠨ ᠲᠥᠯᠥᠪᠯᠡᠭᠡ》 ᠪᠣᠯ ᠪᠥᠬᠥ ᠤᠯᠤᠰ᠎ᠤᠨ ᠠᠰᠫᠢᠷᠠᠨᠲ ᠡᠯᠰᠡᠬᠦ ᠠᠵᠢᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠡᠭᠦᠨ᠎ᠢ ᠪᠥᠬᠥ ᠤᠯᠤᠰ᠎ᠤᠨ ᠠᠰᠫᠢᠷᠠᠨᠲ ᠡᠯᠰᠡᠬᠦ ᠲᠥᠯᠥᠪᠯᠡᠭᠡ᠎ᠶᠢᠨ ᠶᠡᠷᠦᠩᠬᠡᠢ ᠬᠡᠪᠴᠢᠶᠡᠨ᠎ᠳᠦ ᠠᠰ ᠲᠤᠨᠢ ᠪᠠᠭᠤᠯᠭᠠᠵᠤ᠂ ᠲᠤᠰᠬᠠᠢ ᠵᠦᠢᠯ᠎ᠢᠶᠡᠷ ᠬᠡᠷᠡᠭᠯᠡᠨ᠎ᠡ᠃ ᠰᠣᠷᠣᠭ᠍ᠴᠢ ᠡᠯᠰᠡᠬᠦ ᠨᠢᠭᠡᠴᠢ 《ᠴᠡᠷᠢᠭ᠎ᠤᠨ ᠠᠯᠪᠠ᠎ᠡᠴᠡ ᠬᠠᠯᠠᠭᠳᠠᠭᠰᠠᠨ ᠣᠶᠤᠲᠠᠨ ᠪᠠᠢᠯᠳᠤᠭ᠍ᠴᠢ᠎ᠶᠢᠨ ᠲᠥᠯᠥᠪᠯᠡᠭᠡ》 ᠵᠢᠨ ᠰᠢᠯᠭᠠᠭᠤᠯᠤᠭ᠍ᠴᠢ᠎ᠶᠢᠨ ᠠᠩᠬᠠᠨ᠎ᠤ ᠰᠢᠯᠭᠠᠯᠲᠠ᠎ᠶᠢᠨ ᠬᠢᠷᠢ ᠪᠦᠲᠦᠮᠵᠢ᠎ᠶᠢᠨ ᠱᠠᠭᠠᠷᠳᠠᠯᠭ᠎ᠠ ᠵᠢ ᠥᠪᠡᠷ ᠵᠢᠡᠨ ᠡᠵᠡᠨ ᠮᠡᠳᠡᠵᠦ ᠲᠣᠭᠲᠠᠭᠠᠨ᠎ᠠ᠃ ᠲᠣᠰ ᠲᠥᠯᠥᠪᠯᠡᠭᠡ᠎ᠳᠦ ᠰᠢᠯᠭᠠᠭᠤᠯᠤᠭ᠍ᠴᠢ᠎ᠵᠢ ᠳᠤᠬᠢᠷᠠᠭᠤᠯᠤᠯᠳᠠ ᠬᠢᠵᠦ ᠡᠯᠰᠡᠬᠦ ᠳ᠋ᠤ ᠠᠩᠬᠠᠨ᠎ᠤ ᠰᠢᠯᠭᠠᠯᠲᠠ᠎ᠶᠢᠨ ᠬᠢᠷᠢ ᠪᠦᠲᠦᠮᠵᠢ ᠠᠳᠠᠯᠢ ᠨᠥᠬᠥᠴᠡᠯ ᠳᠣᠣᠷ᠎ᠠ ᠠᠯᠪᠠ ᠬᠠᠭᠠᠭᠰᠠᠨ ᠴᠠᠭ ᠨᠢ ᠣᠷᠳᠣ᠌ ᠰᠢᠯᠭᠠᠭᠤᠯᠤᠭ᠍ᠴᠢ᠎ᠶᠢ ᠨᠢ ᠤᠷᠢᠳ ᠵᠢᠡᠷ ᠡᠯᠰᠡᠨ᠎ᠡ᠃ ᠲᠤᠰᠬᠠᠢ ᠵᠦᠢᠯ᠎ᠦᠨ ᠲᠥᠯᠥᠪᠯᠡᠭᠡ᠎ᠪᠡᠨ ᠪᠡᠶᠡᠯᠡᠭᠦᠯᠦᠭᠡᠳᠦᠢ ᠰᠣᠷᠣᠭ᠍ᠴᠢ ᠡᠯᠰᠡᠬᠦ ᠨᠢᠭᠡᠴᠢ᠎ᠨᠦᠭᠦᠳ ᠢᠳᠡᠪᠬᠢᠲᠡᠢ᠎ᠳᠤᠬᠢᠷᠠᠭᠤᠯᠤᠯᠳᠠ ᠬᠢᠵᠦ᠂ ᠨᠥᠬᠥᠴᠡᠯ᠎ᠳᠦ ᠨᠡᠢᠴᠡᠬᠦ ᠰᠢᠯᠭᠠᠭᠤᠯᠤᠭ᠍ᠴᠢ᠎ᠶᠢᠨ ᠨᠡᠷ᠎ᠡ ᠮᠡᠳᠡᠭᠦᠯᠬᠦ᠎ᠶᠢ ᠭᠥᠯᠢᠶᠡᠨ ᠠᠪᠬᠤ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠰᠣᠷᠣᠭ᠍ᠴᠢ ᠡᠯᠰᠡᠬᠦ ᠨᠢᠭᠡᠴᠢ᠎ᠨᠦᠭᠦᠳ ᠲᠣᠭᠲᠠᠭᠰᠠᠨ  ᠳᠠᠷᠠᠭᠠᠯᠠᠯ ᠪᠠ ᠱᠠᠭᠠᠷᠳᠠᠯᠭ᠎ᠠ ᠶᠣᠰᠣᠭᠠᠷ ᠰᠢᠯᠭᠠᠭᠤᠯᠤᠭ᠍ᠴᠢ ᠵᠢᠨ ᠨᠡᠷ᠎ᠡ ᠮᠡᠳᠡᠭᠦᠯᠬᠦ ᠬᠢᠷᠢ ᠬᠡᠮ᠎ᠢ ᠬᠢᠨᠠᠨ ᠬᠠᠷᠭᠤᠭᠤᠯᠬᠤ ᠠᠵᠢᠯ᠎ᠢ ᠥᠷᠨᠢᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号