《ᠪᠢ ᠲᠤᠮᠳᠠᠳᠤ ᠤᠯᠤᠰ᠎ᠤᠨ ᠬᠦᠮᠦᠨ ᠪᠤᠯᠤᠭᠰᠠᠨ ᠳ᠋ᠠᠭᠠᠨ ᠤᠮᠤᠭᠰᠢᠨ᠎ᠠ᠂ ᠪᠢ ᠲᠤᠮᠳᠠᠳᠤ ᠤᠯᠤᠰ ᠬᠡᠵᠦ ᠪᠢᠴᠢᠬᠦ ᠳ᠋ᠡᠭᠡᠨ ᠤᠮᠤᠭᠰᠢᠨ᠎ᠠ!》 ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠪᠠᠶᠠᠨᠮᠠᠩᠬ᠎ᠠ ᠭᠤᠤᠯ ᠰᠤᠷᠭᠠᠭᠤᠯᠢ᠎ᠶ᠋ᠢᠨ ᠬᠢᠴᠢᠶᠡᠯ᠎ᠦᠨ ᠬᠡᠷ᠎ᠡᠴᠡ ᠢᠷᠠᠭᠤ ᠴᠡᠭᠡᠯᠭᠡᠨ ᠤᠩᠰᠢᠯᠭ᠎ᠠ ᠵᠢᠨ ᠳᠠᠭᠤᠨ ᠴᠤᠤᠷᠢᠶᠠᠳᠤᠵᠤ᠂ ᠪᠠᠭᠰᠢ ᠰᠤᠷᠤᠭᠴᠢᠳ᠎ᠤᠨ ᠡᠬᠡ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠳᠠᠮᠵᠢᠭᠤᠯᠵᠤ᠂ ᠰᠡᠳᠭᠢᠯ ᠵᠢᠷᠦᠬᠡᠨ᠎ᠤ ᠬᠤᠯᠪᠤᠭ᠎ᠠ ᠵᠢ ᠪᠠᠳᠤᠳᠬᠠᠨ᠎ᠠ᠃
ᠡᠭᠦᠨ᠎ᠦ ᠬᠠᠮᠲᠤ ᠣᠯᠠᠨ ᠵᠠᠭᠤᠴᠢ᠎ᠳᠤ ᠬᠢᠴᠢᠶᠡᠯ᠎ᠦᠨ ᠲᠠᠩᠭᠢᠮ᠎ᠳᠦ ᠰᠤᠷᠤᠭ᠍ᠴᠢᠳ ᠪᠠᠭ᠍ᠰᠢ᠎ᠶ᠋ᠢᠨ᠎ᠢᠶᠠᠨ ᠵᠢᠯᠣᠭᠣᠳᠣᠯᠭ᠎ᠠ ᠳᠤᠤᠷ᠎ᠠ ᠴᠠᠭᠠᠰᠤᠨ ᠬᠤᠸᠠᠷᠬᠠᠢᠴᠢᠯᠠᠵᠤ᠂ ᠭᠠᠷ ᠬᠥᠳᠡᠯᠬᠦ᠌ ᠪᠠ ᠰᠣᠯᠢᠯᠴᠠᠬᠤ ᠳᠤᠮᠳᠠ ᠬᠡᠯᠡᠵᠦ ᠢᠯᠡᠳᠭᠡᠬᠦ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠡ᠃
ᠣᠢᠷ᠎ᠠ᠎ᠶ᠋ᠢᠨ ᠵᠢᠯ᠎ᠳᠦ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠪᠥᠬᠥ᠌ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠥᠬᠥ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠰᠤᠷᠭᠠᠨ ᠬᠥᠮᠦᠵᠢᠯ᠎ᠦᠨ ᠦᠶ᠋ᠯᠡᠳᠦᠯᠭᠡ᠎ᠶ᠋ᠢ ᠭᠦᠨᠵᠡᠭᠡᠢᠷᠡᠭᠦᠯᠬᠦ᠌᠂ ᠲᠥᠷᠥᠯ ᠲᠡᠮᠳᠡᠭ᠎ᠢᠶᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠬᠤ ᠵᠡᠷᠭᠡ ᠣᠯᠠᠨ ᠲᠠᠯ᠎ᠠ᠎ᠪᠠᠷ ᠬᠠᠮᠵᠢᠯᠴᠠᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠴᠢᠨᠠᠷ ᠰᠠᠢᠲᠠᠶ ᠳᠡᠯᠭᠡᠷᠡᠭᠦᠯᠦᠨ ᠲᠦᠭᠡᠮᠡᠯᠵᠢᠭᠦᠯᠵᠦ᠍᠂ ᠦᠭᠡ ᠬᠡᠯᠡᠡ᠎ᠤ ᠨᠡᠪᠲᠡᠷᠡᠯᠴᠡᠭᠡ᠎ᠪᠡᠷ ᠣᠶᠤᠨ ᠰᠠᠨᠠᠭ᠎ᠠ ᠨᠡᠪᠲᠡᠷᠡᠯᠴᠡᠬᠦ᠌᠂ ᠬᠤᠪᠢ ᠵᠠᠶᠠᠭ᠎ᠠ ᠨᠡᠪᠲᠡᠷᠡᠯᠴᠡᠬᠦ᠌᠎ᠶ᠋ᠢ ᠠᠬᠢᠭᠤᠯᠪᠠ᠃
《ᠪᠢᠳᠡ ᠵᠢᠭᠠᠨ ᠰᠤᠷᠭᠠᠬᠤ ᠠᠷᠭ᠎ᠠ᠎ᠶ᠋ᠢᠨ ᠱᠢᠨ᠎ᠡ᠎ᠶ᠋ᠢ ᠡᠭᠦᠳᠬᠦ᠌᠂ ᠠᠪᠢᠶᠠᠰᠲᠤ᠎ᠨᠢ ᠲᠤᠬᠢᠷᠠᠭᠤᠯᠤᠨ ᠵᠢᠭᠠᠨ ᠰᠤᠷᠭᠠᠬᠤ᠎ᠪᠠᠷ ᠳᠠᠮᠵᠢᠭᠤᠯᠤᠨ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ ᠵᠢ ᠬᠦᠳᠦᠯᠦᠨ ᠵᠢᠯᠤᠭᠤᠳᠴᠤ᠂ ᠦᠭᠡ ᠬᠡᠯᠡ ᠦᠰᠦᠭ ᠪᠢᠴᠢᠭ᠎ᠦᠨ ᠷᠢᠳᠢ ᠱᠢᠳᠢ᠎ᠶ᠋ᠢ ᠮᠡᠳᠡᠷᠡᠭᠦᠯᠬᠦ᠌᠎ᠶ᠋ᠢᠨ ᠬᠠᠮᠲᠤ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠲᠤᠬᠠᠢ ᠲᠠᠨᠢᠯᠳᠠ᠎ᠶ᠋ᠢ ᠨᠡᠮᠡᠭ᠌ᠳᠡᠭᠦᠯᠪᠡ》 ᠭᠡᠵᠦ᠍ ᠪᠠᠶᠠᠨᠮᠠᠩᠬ᠎ᠠ ᠭᠣᠣᠯ ᠰᠤᠷᠭᠠᠭᠤᠯᠢ᠎ᠶ᠋ᠢᠨ ᠪᠠᠭ᠍ᠰᠢ ᠱᠢᠨ ᠱᠢᠨ ᠶᠠᠷᠢᠪᠠ᠃
ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠪᠠᠷᠢᠮᠵᠢᠶᠠᠵᠢᠭ᠍ᠰᠠᠨ ᠵᠢᠭᠠᠨ ᠰᠤᠷᠭᠠᠯᠲᠠ ᠪᠠ ᠣᠨᠴᠠᠯᠢᠭ᠍ᠲᠤ ᠬᠢᠴᠢᠶᠡᠯ᠎ᠢᠶᠡᠷ ᠳᠠᠮᠵᠢᠭᠤᠯᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠤᠯᠴᠠᠬᠤ ᠠᠭᠤᠷ ᠠᠮᠢᠰᠭᠤᠯ᠎ᠢ ᠪᠤᠢ ᠪᠣᠯᠭᠠᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ 《ᠰᠣᠨᠣᠰᠬᠤ ᠤᠩᠱᠢᠬᠤ ᠪᠢᠴᠢᠬᠦ᠌》᠂ 《ᠭᠠᠷ ᠬᠤᠯᠪᠤᠨ ᠨᠡᠢᠲᠡᠯᠢᠭ ᠬᠡᠯᠡ ᠵᠢ ᠰᠤᠷᠬᠤ ᠶᠠᠷᠢᠬᠤ》 ᠵᠡᠷᠭᠡ ᠣᠨᠴᠠᠯᠢᠭ᠍ᠲᠤ ᠠᠵᠢᠯᠯᠠᠭ᠎ᠠ ᠥᠷᠨᠢᠭᠦᠯᠵᠦ᠍᠂ 《ᠨᠢᠭᠡ ᠰᠤᠷᠤᠭ᠍ᠴᠢ᠎ᠶ᠋ᠢ ᠬᠥᠮᠦᠵᠢᠭᠦᠯᠵᠦ᠂ ᠨᠢᠭᠡ ᠭᠡᠷ ᠪᠦᠯᠢ᠎ᠶ᠋ᠢ ᠳᠠᠢᠴᠢᠯᠠᠨ᠂ ᠪᠦᠬᠦ᠌ ᠨᠡᠢᠭᠡᠮ᠎ᠢ ᠨᠥᠯᠥᠭᠡᠯᠡᠬᠦ᠌》 ᠵᠠᠭ᠍ᠪᠤᠷ᠎ᠢ ᠪᠦᠷᠢᠯᠳᠦᠭᠦᠯᠪᠡ᠃
ᠡᠭᠦᠨ᠎ᠦ ᠬᠠᠮᠲᠤ᠂ ᠨᠡᠢᠭᠡᠮ ᠲᠣᠭᠣᠷᠢᠭ᠂ ᠰᠤᠮᠤ ᠪᠠᠯᠭᠠᠰᠤ᠂ ᠭᠠᠴᠠᠭ᠎ᠠ᠎ᠪᠠᠷ ᠭᠦᠨᠵᠡᠭᠡᠢᠷᠡᠵᠦ᠍᠂ ᠲᠦᠭᠡᠮᠡᠯᠵᠢᠭᠦᠯᠬᠦ᠌ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠪᠡ᠃ ᠨᠡᠢᠭᠡᠮ ᠲᠣᠭᠣᠷᠢᠭ ᠨᠢ ᠲᠠᠢᠯᠤᠮᠵᠢ ᠪᠠ ᠰᠣᠶᠣᠯ᠎ᠤᠨ ᠳᠡᠯᠭᠡᠨ ᠦᠵᠡᠭᠦᠯᠭᠡ᠎ᠳᠦ ᠲᠦᠱᠢᠭ᠌ᠯᠡᠨ᠂ ᠭᠠᠴᠠᠭ᠎ᠠ ᠨᠢ 《ᠦᠰᠦᠭ ᠪᠢᠴᠢᠭ ᠪᠠᠶᠠᠨᠮᠠᠩᠬ᠎ᠠ ᠵᠢ ᠤᠮᠳᠠᠯᠠᠨᠠᠮ》᠂ 《ᠱᠦᠵᠢ ᠬᠠᠪᠰᠤᠷᠤᠨ ᠰᠤᠷᠤᠯᠴᠠᠬᠤ》 ᠵᠡᠷᠭᠡ ᠣᠨᠴᠠᠯᠢᠭ᠍ᠲᠤ ᠲᠦᠷᠦᠯ ᠲᠡᠮᠳᠡᠭ᠎ᠢ ᠠᠱᠢᠭ᠍ᠯᠠᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠤᠯᠴᠠᠯᠭ᠎ᠠ᠎ᠶ᠋ᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠬᠠᠪᠠ᠃
ᠪᠠᠶᠠᠨᠮᠠᠩᠬ᠎ᠠ ᠰᠤᠮᠤ᠎ᠶ᠋ᠢᠨ ᠬᠠᠲᠠᠪᠴᠢ ᠭᠠᠴᠠᠭᠠᠨ᠎ᠤ 《ᠦᠰᠦᠭ ᠪᠢᠴᠢᠭ ᠪᠠᠶᠠᠨᠮᠠᠩᠬ᠎ᠠ ᠵᠢ ᠤᠮᠳᠠᠯᠠᠨᠠᠮ》 ᠭᠡᠬᠦ ᠪᠠᠭ᠎ᠠ ᠬᠢᠴᠢᠶᠡᠯ᠎ᠦᠨ ᠲᠠᠩᠬᠢᠮ᠎ᠳᠤ ᠰᠤᠷᠤᠭ᠍ᠴᠢᠳ ᠠᠩᠬᠠᠷᠤᠯ᠎ᠢᠶᠠᠨ ᠲᠥᠪᠯᠡᠷᠡᠭᠦᠯᠦᠨ ᠨᠠᠷᠢᠨ ᠬᠢᠨᠠᠮᠠᠭᠠᠶ ᠪᠢᠴᠢᠵᠦ᠍ ᠪᠣᠯᠪᠠᠰᠤᠷᠠᠵᠤ ᠪᠠᠢᠯ᠎ᠠ᠃ 《ᠭᠠᠴᠠᠭ᠎ᠠ᠎ᠵᠢᠨ ᠬᠢᠨ ᠦᠷᠭᠦᠯᠵᠢ 〈ᠦᠰᠦᠭ ᠪᠢᠴᠢᠭ ᠪᠠᠶᠠᠨᠮᠠᠩᠬ᠎ᠠ ᠵᠢ ᠤᠮᠳᠠᠯᠠᠨᠠᠮ〉 ᠵᠡᠷᠭᠡ ᠠᠵᠢᠯᠯᠠᠭ᠎ᠠ ᠥᠷᠨᠢᠭᠦᠯᠵᠦ᠍᠂ ᠣᠯᠠᠨᠪᠦᠬᠦᠳᠡᠭᠡᠷ ᠵᠢᠡᠨ ᠬᠠᠮᠲᠤ᠎ᠪᠠᠷ ᠰᠤᠷᠤᠯᠴᠠᠵᠤ᠂ ᠬᠠᠮᠲᠤ᠎ᠪᠠᠷ ᠪᠣᠯᠪᠠᠰᠤᠷᠠᠬᠤ ᠵᠢ ᠲᠠᠢᠴᠢᠯᠠᠳᠠᠭ ᠪᠦᠭᠡᠳ ᠵᠢᠭᠠᠬᠤ ᠮᠠᠲ᠋ᠸᠷᠢᠶᠠᠯ ᠲᠠᠷᠬᠠᠭᠠᠳᠠᠭ ᠡᠴᠡ ᠲᠣᠰᠭᠣᠨ᠎ᠤ ᠠᠷᠠᠳ᠎ᠤᠨ ᠢᠳᠡᠪᠬᠢᠵᠢᠯ ᠮᠠᠰᠢ ᠥᠨᠳᠥᠷ᠂ ᠤᠳᠠᠭ᠎ᠠ ᠪᠣᠯᠭᠠᠨ ᠪᠦᠷ ᠴᠠᠭ᠎ᠲᠠᠭᠠᠨ ᠣᠷᠣᠯᠴᠠᠵᠤ ᠰᠠᠢᠳᠤᠷ ᠰᠤᠷᠤᠯᠴᠠᠬᠤ ᠠᠭᠤᠷ ᠠᠮᠢᠰᠬᠤᠯ ᠮᠠᠰᠢ ᠰᠠᠢᠨ ᠪᠠᠢᠨ᠎ᠠ》 ᠭᠡᠵᠦ ᠭᠠᠴᠠᠭᠠᠨ ᠳ᠋ᠤ ᠰᠠᠭᠤᠭ᠎ᠠ ᠠᠵᠢᠯᠲᠠᠨ ᠦᠢᠯᠡᠰ ᠬᠡᠯᠡᠪᠡ᠃
ᠳᠤᠯᠠᠭᠠᠨ ᠨᠡᠢᠭᠡᠮ ᠲᠣᠭᠣᠷᠢᠭ᠎ᠲᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠪᠠᠭ᠍ᠰᠢ᠎ᠨᠠᠷ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠪᠡᠷ ᠭᠣᠣᠯ ᠰᠡᠳᠦᠪ ᠪᠣᠯᠭᠠᠵᠤ᠂ ᠲᠤᠰ ᠪᠡᠶ᠎ᠡ᠎ᠶ᠋ᠢᠨ ᠰᠤᠷᠤᠯᠴᠠᠭ᠍ᠰᠠᠨ ᠲᠤᠷᠱᠢᠯᠭ᠎ᠠ ᠪᠣᠯᠤᠨ ᠲᠡᠷᠭᠡᠳᠡᠬᠢ ᠦᠨᠳᠦᠰᠦᠲᠡᠨ᠎ᠦ ᠪᠦᠯᠬᠦᠮᠳᠡᠯ᠎ᠦᠨ ᠦᠯᠢᠬᠡᠷ᠎ᠢ ᠬᠤᠪᠢᠶᠠᠯᠴᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠴᠤ᠌ ᠬᠡᠷᠡᠭ᠌ᠯᠡᠬᠦ᠌᠎ᠶ᠋ᠢᠨ ᠠᠴᠢ ᠬᠣᠯᠪᠣᠭ᠍ᠳᠠᠯ᠎ᠢ ᠲᠣᠳᠣᠷᠬᠠᠢᠯᠠᠨ ᠥᠭᠦᠯᠡᠵᠦ᠍᠂ ᠠᠮᠢᠳᠤᠷᠠᠯ ᠳᠤᠮᠳᠠ᠎ᠪᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠰᠠᠢᠳᠤᠷ ᠶᠠᠷᠢᠬᠤ᠎ᠶ᠋ᠢ ᠵᠣᠷᠢᠭ᠍ᠵᠢᠭᠤᠯᠪᠠ᠃ 《ᠪᠠᠭ᠍ᠰᠢ᠎ᠶ᠋ᠢᠨ ᠶᠠᠷᠢᠭ᠍ᠰᠠᠨ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ ᠨᠠᠳᠠ᠎ᠵᠢ ᠮᠠᠰᠢ ᠳᠣᠭ᠍ᠳᠣᠯᠤᠭᠤᠯᠪᠠ᠃ ᠪᠢᠳᠡ ᠪᠦᠯᠬᠦᠮᠳᠡᠨ ᠨᠢᠭ᠍ᠲᠠᠷᠠᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠵᠢ ᠰᠠᠢᠲᠤᠷ ᠰᠤᠷᠴᠤ᠂ ᠰᠠᠢᠲᠤᠷ ᠬᠡᠷᠡᠭ᠌ᠯᠡᠵᠦ᠍᠂ ᠰᠠᠢᠲᠤᠷ ᠶᠠᠷᠢᠬᠤ ᠶᠤᠰᠤᠲᠠᠢ》 ᠭᠡᠵᠦ ᠰᠠᠭᠤᠭᠠᠯᠢ ᠠᠷᠠᠳ ᠬᠠᠢ ᠮᠸᠢ ᠬᠡᠯᠡᠯ᠎ᠠ᠃
ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠵᠢᠷᠤᠮᠵᠢᠭᠤᠯᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠦᠭ᠌ᠰᠡᠨ᠎ᠡᠴᠡ ᠨᠠᠭᠠᠰᠢ᠂ ᠨᠡᠢᠲᠡ 600 ᠭᠠᠷᠤᠶ ᠤᠳᠠᠭ᠎ᠠ ᠠᠵᠢᠯᠯᠠᠭ᠎ᠠ ᠥᠷᠨᠢᠭᠦᠯᠵᠦ᠍᠂ ᠪᠠᠷᠤᠭ 20 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠪᠡ᠃ 《ᠲᠠᠷᠠᠭᠠᠴᠢ᠎ᠶ᠋ᠢᠨ ᠠᠯᠬᠤᠮ᠎ᠳᠤ ᠪᠢᠳᠡ ᠡᠨᠡ ᠬᠦ᠌ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠰᠤᠷᠭᠠᠭᠤᠯᠢ᠂ ᠭᠠᠴᠠᠭ᠎ᠠ᠂ ᠨᠡᠢᠭᠡᠮ ᠲᠣᠭᠣᠷᠢᠭ᠎ᠲᠤ ᠭᠦᠨᠵᠡᠭᠡᠢᠷᠡᠵᠦ᠍᠂ ᠣᠯᠠᠨ ᠲᠦᠮᠡᠨ᠎ᠦ ᠰᠣᠶᠣᠯ᠎ᠤᠨ ᠠᠵᠢᠯᠯᠠᠭ᠎ᠠ᠂ ᠨᠠᠭᠠᠳᠤᠮ ᠲᠣᠭ᠍ᠯᠠᠭᠠᠮ᠂ ᠨᠣᠮ ᠤᠩᠱᠢᠯᠭ᠎ᠠ ᠵᠢᠨ ᠬᠤᠪᠢᠶᠠᠯᠴᠠᠬᠤ ᠬᠤᠷᠠᠯ ᠵᠡᠷᠭᠡ ᠤᠬᠠᠭᠤᠯᠭ᠎ᠠ ᠬᠥᠮᠦᠵᠢᠯᠢ᠋ ᠥᠷᠨᠢᠭᠦᠯᠵᠦ᠍᠂ ᠪᠥᠬᠥ᠌ ᠨᠡᠢᠭᠡᠮ᠎ᠢᠶᠡᠷ᠎ᠢᠶᠡᠨ ᠬᠠᠮᠲᠤ᠎ᠪᠠᠷ ᠣᠷᠣᠯᠴᠠᠬᠤ᠂ ᠬᠠᠮᠳᠤ ᠪᠡᠷ ᠰᠤᠷᠤᠯᠴᠠᠬᠤ᠂ ᠬᠠᠮᠳᠤ ᠪᠡᠷ ᠳᠠᠪᠱᠢᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠲᠦᠭᠡᠮᠡᠯᠵᠢᠭᠦᠯᠬᠦ᠌ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠤᠨ᠎ᠠ》 ᠭᠡᠵᠦ᠍ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠳᠡᠳ᠋ ᠡᠷᠬᠢᠯᠡᠭ᠌ᠴᠢ ᠪᠦᠦ ᠬᠤᠢ ᠬᠤᠢ ᠬᠡᠯᠡᠯ᠎ᠠ᠃