ᠦᠪᠦᠷ ᠮᠤᠩᠭᠤᠯ᠎ᠤᠨ 5 ᠲᠦᠷᠦᠯ ᠵᠦᠢᠯ ᠪᠠᠷᠠᠭᠤᠨ ᠬᠡᠰᠡᠭ᠎ᠦᠨ ᠭᠠᠵᠠᠷ ᠣᠷᠣᠨ᠎ᠤ ᠴᠢᠳᠠᠪᠤᠷᠢᠲᠠᠨ᠎ᠢ ᠬᠥᠮᠥᠵᠢᠭᠦᠯᠬᠦ ᠲᠥᠷᠥᠯ ᠵᠦᠢᠯ᠎ᠦᠨ ᠬᠤᠪᠢᠶᠠᠷᠢ ᠲᠥᠷᠥᠯ ᠵᠦᠢᠯ ᠵᠢᠡᠷ ᠵᠦᠪᠰᠢᠶᠡᠷᠡᠭᠳᠡᠪᠡ
2026-01-09 10:39:23
ᠵᠣᠬᠢᠶᠠᠭ᠍ᠴᠢ᠄
​ ᠨᠠᠪᠴᠢ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ᠎ᠤ ᠰᠤᠷᠭᠠᠨ ᠬᠦᠮᠦᠵᠢᠯ᠎ᠤᠨ ᠲᠢᠩᠬᠢᠮ ᠡᠴᠡ ᠤᠢᠯᠠᠭᠠᠭᠰᠠᠨ ᠵᠢᠡᠷ᠂ ᠣᠢᠷ᠎ᠠ᠎ᠳᠤ  ᠤᠯᠤᠰ᠎ᠤᠨ ᠭᠠᠳᠠᠭᠠᠳᠤ᠎ᠳᠤ ᠰᠤᠷᠤᠯᠴᠠᠬᠤ ᠰᠠᠭᠤᠷᠢ ᠮᠥᠩᠭᠥᠨ᠎ᠦ ᠬᠠᠮᠢᠶᠠᠷᠤᠯᠲᠠ᠎ᠶᠢᠨ ᠵᠥᠪᠯᠡᠯ᠎ᠡᠴᠡ 2025 ᠣᠨ᠎ᠤ 《ᠪᠠᠷᠠᠭᠤᠨ ᠬᠡᠰᠡᠭ᠎ᠦᠨ ᠭᠠᠵᠠᠷ ᠣᠷᠣᠨ᠎ᠤ ᠴᠢᠳᠠᠪᠤᠷᠢᠲᠠᠨ᠎ᠢ ᠬᠥᠮᠥᠵᠢᠭᠦᠯᠬᠦ ᠣᠨᠴᠠᠭᠠᠶ ᠲᠦᠷᠦᠯ ᠵᠦᠢᠯ᠂ ᠣᠷᠣᠨ ᠨᠤᠲᠤᠭ᠎ᠤᠨ ᠬᠠᠮᠲᠤᠷᠠᠯᠴᠠᠭᠠᠨ᠎ᠤ ᠲᠦᠷᠦᠯ ᠵᠦᠢᠯ᠎ᠤᠨ ᠣᠷᠣᠨ ᠨᠤᠲᠤᠭ᠎ᠤᠨ ᠰᠢᠨ᠎ᠡ᠎ᠶᠢ ᠡᠭᠦᠳᠬᠦ ᠬᠤᠪᠢᠶᠠᠷᠢ ᠲᠦᠷᠦᠯ ᠵᠦᠢᠯ》 ᠤ᠋ᠨ ᠰᠡᠳᠦᠪ ᠲᠣᠭᠲᠠᠭᠠᠭᠰᠠᠨ ᠦᠷ᠎ᠡ ᠳ᠋ᠦᠩ᠎ᠢ ᠨᠡᠢᠲᠡᠯᠡᠪᠡ᠃  ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠵᠡᠷᠭᠡ 5 ᠶᠡᠬᠡ ᠳᠡᠭᠡᠳᠦ ᠰᠤᠷᠭᠠᠭᠤᠯᠢ᠎ᠶᠢᠨ ᠮᠡᠳᠡᠭᠦᠯᠦᠭᠰᠡᠨ ᠲᠥᠷᠥᠯ ᠵᠦᠢᠯ ᠪᠦᠬᠦᠨ᠎ᠢᠶᠡᠷ᠎ᠢᠶᠡᠨ ᠵᠦᠪᠰᠢᠶᠡᠷᠡᠭᠳᠡᠪᠡ᠃ ᠢᠩᠭᠢᠭᠡᠳ ᠮᠠᠨ᠎ᠤ ᠣᠷᠣᠨ᠎ᠤ ᠪᠠᠷᠠᠭᠤᠨ ᠬᠡᠰᠡᠭ᠎ᠦᠨ ᠭᠠᠵᠠᠷ ᠣᠷᠣᠨ᠎ᠤ ᠴᠢᠳᠠᠪᠤᠷᠢᠲᠠᠨ᠎ᠢ ᠬᠥᠮᠥᠵᠢᠭᠦᠯᠬᠦ ᠲᠥᠷᠥᠯ ᠵᠦᠢᠯ᠎ᠦᠨ ᠬᠤᠪᠢᠶᠠᠷᠢ ᠲᠥᠷᠥᠯ ᠵᠦᠢᠯ 8 ᠪᠣᠯᠵᠤ ᠨᠡᠮᠡᠭᠳᠡᠪᠡ᠃

ᠡᠨᠡ ᠤᠳᠠᠭ᠎ᠠ ᠵᠢᠨ ᠵᠦᠪᠰᠢᠶᠡᠷᠡᠬᠦᠯᠦᠭᠰᠡᠨ ᠲᠥᠷᠥᠯ ᠵᠦᠢᠯ ᠨᠢ ᠠᠨᠠᠭᠠᠬᠤ ᠤᠬᠠᠭᠠᠨ᠂ ᠬᠦᠳᠡᠭᠡ ᠠᠵᠤ ᠠᠬᠤᠢ ᠵᠢᠨ ᠤᠬᠠᠭᠠᠨ᠂ ᠠᠮᠢ ᠠᠬᠤᠢ᠎ᠶᠢᠨ ᠤᠬᠠᠭᠠᠨ᠂ ᠣᠷᠴᠢᠨ ᠳᠤᠭᠤᠷᠢᠨ᠎ᠤ ᠰᠢᠨᠵᠢᠯᠡᠬᠦ ᠤᠬᠠᠭᠠᠨ ᠵᠡᠷᠭᠡ ᠬᠦᠷᠢᠶᠡᠨ᠎ᠳᠦ ᠬᠣᠯᠪᠣᠭᠳᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠬᠥᠭᠵᠢᠯᠲᠡ ᠪᠠ ᠴᠢᠳᠠᠪᠤᠷᠢᠲᠠᠨ᠎ᠤ ᠪᠠᠢᠭᠤᠯᠤᠯᠲᠠ᠎ᠶᠢᠨ ᠲᠥᠯᠦᠪᠵᠢᠭᠦᠯᠭᠡ᠎ᠶᠢᠨ ᠲᠣᠭᠣᠷᠢᠨ᠎ᠳᠤ ᠲᠥᠷᠥᠯ ᠵᠦᠢᠯ᠎ᠦᠨ  ᠠᠭᠤᠯᠭ᠎ᠠ ᠵᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠳᠤᠬᠢᠷᠠᠭᠤᠯᠵᠠᠢ᠃ ᠳᠤᠰ ᠲᠥᠷᠥᠯ ᠵᠦᠢᠯ᠎ᠢ ᠬᠡᠷᠡᠭᠵᠢᠭᠦᠯᠬᠦ ᠬᠤᠭᠤᠴᠠᠭ᠎ᠠ ᠨᠢ ᠭᠤᠷᠪᠠᠨ ᠵᠢᠯ ᠪᠣᠯᠣᠨ᠎ᠠ᠃ ᠳᠡᠬᠡᠷᠡᠬᠢ 5 ᠶᠡᠬᠡ ᠳᠡᠬᠡᠳᠤ ᠰᠤᠷᠭᠠᠭᠤᠯᠢ ᠵᠢᠯ ᠪᠦᠷᠢ 25 ᠪᠠᠭ᠍ᠰᠢ ᠠᠵᠢᠯᠲᠠᠨ᠎ᠢ ᠰᠣᠩᠭᠣᠨ  ᠭᠠᠳᠠᠭᠠᠳᠤ᠎ᠶᠢᠨ ᠬᠠᠮᠲᠤᠷᠠᠯᠴᠠᠭᠠᠨ᠎ᠤ ᠶᠡᠬᠡ ᠳᠡᠭᠡᠳᠦ ᠰᠤᠷᠭᠠᠭᠤᠯᠢ ᠵᠢᠴᠢ ᠳᠡᠯᠡᠬᠡᠢ᠎ᠶᠢᠨ ᠲᠡᠷᠢᠭᠦᠨ ᠵᠡᠷᠬᠡ ᠵᠢᠨ ᠶᠡᠬᠡ ᠰᠤᠷᠭᠠᠭᠤᠯᠢ (ᠲᠤᠷᠰᠢᠯᠲᠠ᠎ᠶᠢᠨ ᠲᠠᠰᠤᠭ᠂ ᠰᠤᠳᠤᠯᠭᠠᠨ᠎ᠤ ᠲᠥᠪ) ᠳ᠋ᠤ ᠲᠤᠮᠢᠯᠠᠵᠤ᠂ 3 — 24 ᠰᠠᠷ᠎ᠠ᠎ᠶᠢᠨ ᠬᠤᠭᠤᠴᠠᠭ᠎ᠠ᠎ᠲᠠᠢ ᠰᠤᠷᠤᠯᠴᠠᠯᠭ᠎ᠠ ᠰᠣᠯᠢᠯᠴᠠᠭ᠎ᠠ ᠥᠷᠨᠢᠭᠦᠯᠬᠦ ᠪᠤᠯᠤᠨ᠎ᠠ᠃ ᠡᠨᠡ ᠬᠦ᠌ ᠲᠦᠷᠦᠯ ᠵᠦᠢᠯ ᠨᠢ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ᠎ᠨᠠᠷ᠎ᠤᠨ ᠳᠡᠯᠡᠬᠡᠢ ᠎ᠶᠢᠨ ᠬᠠᠷᠠᠭ᠎ᠠ᠎ᠶᠢ ᠥᠷᠭᠡᠳᠬᠡᠵᠦ᠂ ᠳᠤᠮᠳᠠᠳᠤ ᠭᠠᠳᠠᠭᠠᠳᠤ ᠬᠣᠶᠠᠷ ᠲᠠᠯ᠎ᠠ᠎ᠶᠢᠨ ᠬᠠᠮᠲᠤᠷᠠᠯᠴᠠᠭᠠᠨ᠎ᠤ ᠨᠢᠭᠡᠴᠢ᠎ᠶᠢᠨ ᠬᠠᠷᠢᠯᠴᠠᠭ᠎ᠠ᠎ᠶᠢ ᠨᠡᠮᠡᠭᠳᠡᠭᠦᠯᠵᠦ᠂  ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠳᠡᠯᠡᠬᠡᠢᠵᠢᠭᠰᠡᠨ ᠰᠤᠷᠭᠠᠭᠤᠯᠢ ᠡᠷᠭᠢᠯᠡᠬᠦ ᠬᠢᠷᠢ ᠲᠦᠪᠰᠢᠨ᠎ᠢ ᠳᠡᠬᠡᠭᠰᠢᠯᠡᠬᠦᠯᠬᠦ ᠪᠤᠯᠤᠨ᠎ᠠ᠃

ᠣᠢᠷ᠎ᠠ᠎ᠶᠢᠨ ᠵᠢᠯ᠎ᠦᠳ᠎ᠲᠦ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠤᠯᠤᠰ᠎ᠤᠨ ᠠᠯᠪᠠᠨ ᠠ᠋ᠴᠠ ᠲᠣᠮᠢᠯᠠᠵᠤ ᠭᠠᠳᠠᠭᠠᠳᠤ᠎ᠳᠤ ᠰᠤᠷᠤᠯᠴᠠᠭᠤᠯᠬᠤ ᠲᠥᠷᠥᠯ ᠵᠦᠢᠯ᠎ᠦᠨ ᠳᠦᠷᠢᠮ᠎ᠦᠨ ᠥᠭᠡᠷᠡᠴᠢᠯᠡᠯᠲᠡ᠎ᠵᠢᠨ ᠠᠵᠠ ᠲᠣᠬᠢᠶᠠᠯ᠎ᠢ ᠡᠵᠡᠮᠳᠡᠨ᠂ ᠲᠥᠷᠥ᠎ᠶᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠬᠤ᠂ ᠲᠤᠰᠬᠠᠢ ᠮᠡᠷᠭᠡᠵᠢᠯᠲᠡᠨ᠎ᠦ ᠲᠠᠢᠯᠤᠮᠵᠢ ᠬᠢᠬᠦ᠂ ᠲᠦᠷᠦᠯ ᠵᠦᠢᠯ ᠢ᠋ ᠭᠤᠶᠤᠴᠢᠯᠠᠨ ᠮᠡᠳᠡᠭᠦᠯᠬᠦ ᠲᠤᠰᠬᠠᠢ ᠵᠢᠯᠣᠭᠣᠳᠤᠯᠭ᠎ᠠ ᠬᠢᠬᠦ ᠵᠡᠷᠭᠡ ᠬᠡᠯᠪᠡᠷᠢ᠎ᠪᠡᠷ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠬᠢᠨ᠎ᠤ ᠪᠠᠷᠠᠭᠤᠨ ᠬᠡᠰᠡᠭ᠎ᠦᠨ ᠭᠠᠵᠠᠷ ᠣᠷᠣᠨ᠎ᠤ ᠴᠢᠳᠠᠪᠤᠷᠢᠲᠠᠨ᠎ᠢ ᠬᠥᠮᠥᠵᠢᠭᠦᠯᠬᠦ ᠲᠥᠷᠥᠯ ᠵᠦᠢᠯ᠎ᠦᠨ ᠬᠤᠪᠢᠶᠠᠷᠢ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠢᠳᠡᠪᠬᠢᠵᠢᠯ᠎ᠢ ᠳᠠᠢᠴᠢᠯᠠᠪᠠ᠃ ᠲᠣᠰ ᠤᠳᠠᠭ᠎ᠠ ᠵᠢᠨ ᠵᠦᠪᠰᠢᠶᠡᠷᠡᠬᠦᠯᠦᠭᠰᠡᠨ ᠲᠦᠷᠦᠯ ᠵᠦᠢᠯ ᠨᠢ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠣᠯᠠᠨ ᠰᠢᠨᠵᠢᠯᠡᠭᠡᠨ᠎ᠦ ᠰᠠᠯᠠᠭ᠎ᠠ᠎ᠶᠢᠨ ᠠᠯᠪᠠᠨ᠎ᠠᠴᠠ ᠲᠣᠮᠢᠯᠠᠵᠤ ᠭᠠᠳᠠᠭᠠᠳᠤ᠎ᠳᠤ ᠰᠤᠷᠤᠯᠴᠠᠭᠤᠯᠬᠤ ᠬᠦᠷᠢᠶᠡᠨ᠎ᠳᠡᠬᠢ ᠬᠣᠭᠣᠰᠤᠨ᠎ᠢ ᠨᠥᠬᠥᠪᠦᠷᠢᠯᠡᠭᠰᠡᠨ᠎ᠢᠶᠡᠷ ᠪᠠᠷᠠᠬᠤ ᠦᠭᠡᠢ᠂ ᠪᠠᠰᠠ ᠬᠣᠯᠪᠣᠭᠳᠠᠯ ᠪᠦᠬᠦᠢ ᠶᠡᠬᠡ ᠳᠡᠭᠡᠳᠦ ᠰᠤᠷᠭᠠᠭᠤᠯᠢ᠎ᠶᠢᠨ ᠣᠢᠷ᠎ᠠ᠎ᠶᠢᠨ ᠵᠢᠯ᠎ᠦᠳ᠎ᠤ᠋ᠨ ᠳᠡᠯᠡᠬᠡᠢᠵᠢᠭᠰᠡᠨ ᠰᠤᠷᠭᠠᠭᠤᠯᠢ ᠡᠷᠭᠢᠯᠡᠬᠦ ᠦᠷ᠎ᠡ ᠪᠦᠲᠦᠭᠡᠯ ᠪᠠ ᠲᠤᠰᠬᠠᠢ ᠮᠡᠷᠭᠡᠵᠢᠯ᠎ᠦᠨ ᠪᠠᠢᠭᠤᠯᠤᠯᠲᠠ᠎ᠶᠢᠨ ᠬᠢᠷᠢ ᠲᠦᠪᠰᠢᠨ᠎ᠢ ᠢᠯᠡᠷᠡᠬᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号