ᠮᠢᠬ᠎ᠠ ᠬᠠᠳᠠᠭᠠᠬᠤ ᠦᠢᠯᠡᠳᠪᠦᠷᠢ ᠠᠰᠢᠭ᠍ᠯᠠᠯᠲᠠ᠎ᠳᠤ ᠣᠷᠣᠵᠦ ᠠᠰᠢᠭ ᠬᠦᠷᠳᠡᠪᠡ
2026-01-09 15:04:42
ᠵᠣᠬᠢᠶᠠᠭ᠍ᠴᠢ᠄
ᠪᠡ᠊·ᠪᠥᠬᠡ ᠰᠡᠴᠡᠨᠬᠤᠸᠠᠷ ᠡᠷᠳᠡᠨᠢᠭᠡᠷᠡᠯ
ᠣᠩᠱᠢᠭ᠍ᠰᠠᠨ ᠣᠳᠠᠭ᠎ᠠ᠄
★★★☆☆

ᠤᠷᠠᠳ᠎ᠤᠨ ᠳᠤᠮᠳᠠᠳᠤ ᠬᠣᠰᠢᠭᠤᠨ᠎ᠤ ᠪᠠᠶᠠᠡᠡᠤᠯᠠᠭᠠᠨ ᠰᠤᠮᠤᠨ᠎ᠤ ᠨᠥᠬᠥᠷᠯᠡᠯ ᠭᠠᠴᠠᠭ᠎ᠠ ᠨᠢ ᠬᠠᠮᠲᠤ᠎ᠶᠢᠨ ᠠᠵᠤ ᠠᠬᠤᠢ᠎ᠶᠢ ᠪᠤᠵᠠᠭᠠᠢᠷᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠂ ᠮᠢᠬᠠᠨ᠎ᠦ ᠠᠵᠤ ᠦᠢᠯᠡᠰ᠎ᠦᠨ ᠦᠷ᠎ᠡ ᠠᠰᠢᠭ᠋᠎ᠢ ᠨᠡᠮᠡᠭᠳᠡᠭᠦᠯᠦᠨ᠂ ᠮᠠᠯᠵᠢᠬᠤ ᠣᠷᠣᠨ᠎ᠤ ᠮᠠᠯ᠎ᠤᠨ ᠮᠢᠬᠠᠨ᠎ᠤ ᠪᠣᠷᠤᠯᠠᠭᠤᠯᠭ᠎ᠠ᠎ᠶᠢᠨ ᠵᠠᠮ᠎ᠢ ᠥᠷᠭᠡᠳᠬᠡᠵᠦ᠂ ᠮᠠᠯᠴᠢᠨ ᠲᠠᠷᠢᠶᠠᠴᠢᠨ ᠎ᠤ ᠣᠷᠣᠯᠭ᠎ᠠ᠎ᠶᠢ ᠨᠡᠮᠡᠭᠳᠡᠭᠦᠯᠬᠦ᠎ᠶᠢᠨ ᠲᠥᠯᠥᠭᠡ ᠲᠥᠷᠥᠯ ᠵᠦᠢᠯ᠎ᠢ ᠢᠳᠡᠪᠬᠢᠲᠡᠢ ᠲᠡᠮᠡᠴᠡᠨ ᠣᠯᠬᠤ᠎ᠪᠠᠷ ᠳᠡᠮᠵᠢᠨ᠂ ᠴᠠᠰᠤᠲᠠᠢ ᠲᠠᠷᠢᠶᠠᠯᠠᠩ ᠮᠠᠯ ᠠᠵᠤ ᠠᠬᠤᠢ᠎ᠶᠢᠨ ᠲᠤᠰᠬᠠᠢ ᠬᠣᠷᠰᠢᠶᠠᠵᠢᠯ ᠎ᠢ ᠪᠠᠢᠭᠤᠯᠵᠤ᠂ 《ᠴᠠᠰᠤᠲᠠᠢ ᠬᠠᠳᠠᠭᠠᠭᠰᠠᠨ ᠮᠢᠬ᠎ᠠ》 ᠎ᠪᠠᠨ ᠵᠠᠬ᠎ᠠ ᠳᠡᠯᠭᠡᠭᠦᠷ᠎ᠲᠦ ᠭᠠᠷᠭᠠᠭᠰᠠᠨ ᠪᠠᠢᠨ᠎ᠠ᠃


921825b4-2baf-4c17-98c5-6d0453db9ce9.png


ᠲᠤᠰ ᠬᠣᠷᠰᠢᠶᠠᠵᠢᠯ᠎ᠦᠨ ᠮᠢᠬ᠎ᠠ ᠬᠠᠳᠠᠭᠠᠬᠤ ᠦᠢᠯᠡᠳᠪᠦᠷᠢ᠎ᠶᠢᠨ ᠲᠥᠷᠦᠯ ᠵᠦᠢᠯ᠎ᠦᠨ ᠨᠢᠭᠡᠳᠦᠭᠡᠷ ᠬᠤᠭᠤᠴᠠᠭᠠᠨ᠎ᠳᠤ 125 ᠲᠦᠮᠡᠨ ᠲᠥᠭᠥᠷᠢᠭ᠎ᠦᠨ ᠪᠡᠯᠡ ᠣᠷᠣᠭᠤᠯᠵᠤ᠂ 1500 ᠲᠡᠭᠰᠢ ᠳᠥᠷᠪᠡᠯᠵᠢᠨ ᠮᠧᠲᠷ ᠲᠠᠯᠠᠪᠠᠢ ᠎ᠭᠠᠵᠠᠷ ᠲᠤ᠌ ᠪᠠᠷᠢᠯᠭ᠎ᠠ ᠎ᠶᠢᠨ ᠲᠠᠯᠠᠪᠠᠢ ᠨᠢ 330 ᠲᠡᠭᠰᠢ ᠳᠥᠷᠪᠡᠯᠵᠢᠨ ᠮᠧᠲᠷ᠎ᠦᠨ ᠦᠢᠯᠡᠳᠪᠦᠷᠢ ᠪᠠᠢᠭᠤᠯᠵᠤ᠂ ᠡᠳ᠋ᠰᠢᠭᠦᠯᠬᠦ ᠲᠠᠰᠤᠭ᠂ ᠬᠦᠢᠲᠡᠨ ᠬᠥᠮᠥᠷᠭᠡ᠂ ᠬᠠᠭᠰᠠᠭᠠᠵᠤ ᠬᠠᠲᠠᠭᠠᠬᠤ ᠦᠢᠯᠡᠳᠪᠦᠷᠢ᠎ᠶᠢᠨ ᠲᠠᠰᠤᠭ᠂ ᠡᠭᠡᠭᠡᠵᠦ ᠬᠠᠲᠠᠭᠠᠬᠤ ᠲᠠᠰᠤᠭ᠂ ᠬᠠᠮᠢᠶᠠᠷᠤᠯᠲᠠ᠎ᠳᠤ ᠬᠡᠷᠡᠭᠯᠡᠬᠦ ᠭᠡᠷ ᠪᠠᠢᠰᠢᠩ ᠪᠠ ᠪᠦᠲᠦᠭᠡᠭᠳᠡᠬᠦᠨ᠎ᠦ ᠳᠡᠯᠭᠡᠨ ᠦᠵᠡᠭᠦᠯᠬᠦ ᠲᠠᠰᠤᠭ ᠵᠡᠷᠭᠡ ᠳᠠᠭᠠᠯᠲᠠ ᠲᠥᠬᠦᠭᠡᠷᠦᠮᠵᠢ᠎ᠶᠢ ᠪᠠᠭᠲᠠᠭᠠᠵᠤ᠂ ᠬᠡᠰᠡᠭᠯᠡᠬᠦ ᠮᠠᠰᠢᠨ᠂ ᠤᠬᠢᠶᠠᠵᠤ ᠴᠡᠪᠡᠷᠯᠡᠬᠦ ᠮᠠᠰᠢᠨ᠂ ᠭᠠᠳᠠᠭᠠᠳᠤ᠎ᠠᠴᠠ ᠣᠷᠣᠭᠤᠯᠤᠭᠰᠠᠨ ᠬᠥᠯᠳᠡᠭᠡᠵᠦ ᠬᠠᠳᠠᠭᠠᠬᠤ ᠮᠠᠰᠢᠨ ᠵᠡᠷᠭᠡ᠎ᠶᠢ ᠪᠦᠷᠢᠳᠦᠭᠦᠯᠦᠭᠰᠡᠨ ᠪᠠᠢᠨ᠎ᠠ᠃ 2025 ᠣᠨ᠎ᠳᠤ᠂ ᠲᠥᠷᠥᠯ ᠵᠦᠢᠯ᠎ᠦᠨ ᠬᠣᠶᠠᠳᠤᠭᠠᠷ ᠬᠤᠭᠤᠴᠠᠭᠠᠨ᠎ᠳᠤ 38 ᠲᠦᠮᠡᠨ ᠲᠥᠭᠥᠷᠢᠭ᠎ᠦᠨ ᠪᠡᠯᠡ ᠮᠥᠩᠭᠥ᠎ᠪᠠᠷ ᠬᠠᠭᠰᠠᠭᠠᠵᠤ ᠬᠠᠳᠠᠭᠠᠬᠤ ᠮᠠᠰᠢᠨ᠂ ᠠᠭᠠᠷ ᠦᠭᠡᠢᠳᠡᠭᠦᠯᠦᠨ ᠪᠣᠭᠣᠳᠠᠯᠯᠠᠬᠤ ᠮᠠᠰᠢᠨ᠂ ᠰᠢᠭᠦᠰᠦᠯᠡᠬᠦ ᠴᠢᠨᠠᠬᠤ ᠲᠣᠭᠣᠭ᠎ᠠ᠂ ᠬᠠᠳᠠᠭᠠᠭᠰᠠᠨ ᠤᠭᠤᠴᠠ ᠬᠢᠵᠦ ᠪᠣᠯᠬᠤ ᠬᠥᠯᠳᠡᠭᠡᠵᠦ ᠬᠠᠳᠠᠭᠠᠬᠤ ᠲᠤᠰᠬᠠᠢ ᠮᠠᠰᠢᠨ᠎ᠢ ᠰᠢᠨ᠎ᠡ ᠎ᠪᠡᠷ ᠬᠤᠳᠠᠯᠳᠤᠨ ᠠᠪᠤᠭᠠᠳ ᠰᠢᠨ᠎ᠡ ᠲᠥᠬᠦᠭᠡᠷᠦᠮᠵᠢ᠎ᠶᠢ ᠲᠣᠬᠢᠷᠠᠭᠤᠯᠬᠤ ᠎ᠶᠢᠨ ᠬᠠᠮᠲᠤ ᠲᠤᠷᠰᠢᠨ ᠦᠢᠯᠡᠳᠪᠦᠷᠢᠯᠡᠵᠦ ᠡᠬᠢᠯᠡᠭᠰᠡᠨ ᠪᠠᠢᠨ᠎ᠠ᠃

ᠨᠥᠬᠥᠷᠯᠡᠯ ᠭᠠᠴᠠᠭᠠᠨ᠎ᠤ ᠨᠠᠮ ᠎ᠤᠨ ᠡᠭᠦᠷ ᠎ᠦᠨ ᠱᠦᠵᠢ ᠠᠯᠲᠠᠨᠬᠤᠸᠠᠷ᠄ 《ᠮᠠᠨ ᠎ᠤ ᠨᠥᠬᠥᠷᠯᠡᠯ ᠭᠠᠴᠠᠭᠠᠨ᠎ᠤ ᠬᠠᠳᠠᠭᠠᠭᠰᠠᠨ ᠮᠢᠬᠠᠨ᠎ᠤ ᠦᠢᠯᠡᠳᠪᠦᠷᠢ ᠪᠣᠯ ᠠᠰᠢᠭ᠍ᠯᠠᠯᠲᠠ᠎ᠳᠤ ᠣᠷᠣᠭᠰᠠᠨ ᠬᠣᠶᠠᠷ ᠰᠠᠷ᠎ᠠ᠎ᠶᠢᠨ ᠬᠣᠭᠣᠷᠣᠨᠳᠤ ᠬᠠᠳᠠᠭᠠᠭᠰᠠᠨ ᠤᠭᠤᠴᠠ᠎ᠶᠢᠨ ᠵᠠᠬᠢᠶᠠᠯᠠᠭ᠎ᠠ᠎ᠶᠢ ᠨᠡᠯᠢᠶᠡᠳ ᠲᠤᠰᠴᠠᠶ᠃ ᠬᠤᠷᠢᠮ ᠨᠠᠢᠷ ᠪᠤᠶᠤ ᠪᠠᠶᠠᠷ ᠳᠤᠷᠠᠰᠬᠠᠯ᠎ᠤᠨ ᠰᠢᠷᠡᠬᠡᠨ ᠳᠡᠭᠡᠷ᠎ᠡ ᠭᠠᠷᠭᠠᠪᠠᠯ ᠣᠨᠴᠠᠭᠠᠶ ᠠᠮᠲᠠ᠎ᠲᠠᠢ ᠪᠦᠬᠡᠳ ᠣᠨᠴᠠᠯᠢᠭ᠋᠎ᠲᠠᠢ ᠪᠦᠲᠦᠭᠡᠭᠳᠡᠬᠦᠨ ᠪᠤᠯᠵᠦ ᠭᠡᠵᠦ ᠬᠡᠷᠡᠭᠯᠡᠭᠴᠢᠳ ᠬᠡᠯᠡᠳᠡᠭ᠃ ᠲᠠᠬᠢᠪᠠᠯ ᠦᠬᠡᠷ᠎ᠦᠨ ᠪᠣᠷᠴᠠ ᠵᠡᠷᠬᠡ ᠵᠢ ᠪᠦᠷ ᠬᠢᠵᠦ ᠪᠣᠯᠣᠨ᠎ᠠ᠃ ᠮᠢᠬ᠎ᠠ ᠬᠠᠳᠠᠭᠠᠬᠤ ᠴᠠᠭ ᠨᠢ ᠣᠬᠣᠷᠬᠠᠨ᠂ ᠵᠢᠯ᠎ᠦᠨ ᠳᠥᠷᠪᠡᠨ ᠤᠯᠠᠷᠢᠯ᠎ᠳᠤ ᠬᠡᠵᠢᠶ᠎ᠡ ᠢᠳᠡᠶ᠎ᠡ ᠭᠡᠪᠡᠯ ᠴᠥᠮ ᠠᠲᠠ ᠠᠪᠴᠢᠷᠠᠭᠠᠳ ᠬᠠᠲᠠᠭᠠᠵᠤ ᠪᠣᠯᠣᠨ᠎ᠠ》 ᠭᠡᠪᠡ᠃ ᠲᠤᠰ ᠦᠢᠯᠡᠳᠪᠦᠷᠢ ᠨᠢ ᠦᠬᠡᠷ᠎ᠦᠨ ᠮᠢᠬ᠎ᠠ᠂ ᠪᠣᠭ ᠮᠠᠯ᠎ᠦᠨ ᠮᠢᠬ᠎ᠠ ᠬᠠᠲᠠᠭᠠᠳᠠᠭ᠎ᠢᠶᠠᠷ ᠪᠠᠷᠠᠬᠤ ᠦᠭᠡᠢ ᠪᠠᠰᠠ ᠭᠠᠬᠠᠢ᠎ᠶᠢᠨ ᠮᠢᠬ᠎ᠠ ᠪᠠ ᠶᠠᠰᠤ᠂ ᠵᠢᠭᠠᠰᠤ᠂ ᠲᠠᠬᠢᠶ᠎ᠠ᠂ ᠲᠠᠤᠯᠠᠢ᠎ᠶᠢᠨ ᠮᠢᠬ᠎ᠠ ᠬᠠᠳᠠᠭᠠᠵᠤ ᠪᠣᠯᠳᠠᠭ ᠪᠥᠭᠡᠳ ᠬᠠᠳᠠᠭᠠᠬᠤ ᠴᠠᠭ ᠨᠢ ᠣᠬᠣᠷ᠂ ᠦᠨᠦᠷ ᠠᠮᠲᠠ ᠨᠢ ᠤᠯᠠᠮᠵᠢᠯᠠᠯᠲᠤ ᠠᠷᠭ᠎ᠠ᠎ᠪᠠᠷ ᠬᠠᠳᠠᠭᠠᠭᠰᠠᠨ ᠪᠠᠢᠳᠠᠭ᠎ᠢᠶᠠᠷ᠎ᠢᠶᠠᠨ ᠬᠥᠮᠥᠰ᠎ᠦᠨ ᠡᠯ᠎ᠡ ᠲᠠᠯ᠎ᠠ᠎ᠶᠢᠨ ᠱᠠᠭᠠᠷᠳᠠᠯᠭ᠎ᠠ᠎ᠳᠤ ᠵᠣᠬᠢᠴᠠᠵᠤ᠂ ᠥᠷᠭᠡᠨ ᠣᠯᠠᠨ ᠬᠡᠷᠡᠭᠯᠡᠭᠴᠢᠳ᠎ᠦᠨ ᠬᠠᠯᠠᠭᠤᠨ ᠬᠦᠷᠢᠶᠡᠯᠡᠯ ᠎ᠢ ᠣᠯᠣᠭᠰᠠᠨ ᠪᠠᠢᠨ᠎ᠠ᠃ ᠮᠠᠯᠴᠢᠨ ᠰᠡᠴᠡᠨᠴᠢᠮᠡᠭ᠄ 《ᠮᠠᠨᠤᠰ ᠮᠠᠯ᠎ᠤᠨ ᠮᠢᠬ᠎ᠠ ᠎ᠪᠠᠨ ᠠᠲᠠ ᠠᠪᠴᠢᠷᠠᠭᠠᠳ ᠬᠠᠳᠠᠭᠠᠵᠤ ᠢᠳᠡᠳᠡᠭ᠃ ᠤᠷᠴᠢᠨ ᠳᠤᠭᠤᠷᠢᠨ ᠨᠢ ᠠᠷᠢᠭᠤᠨ ᠴᠡᠪᠡᠷᠬᠡᠨ᠂ ᠪᠤᠷᠴᠠᠯᠠᠭᠰᠠᠨ ᠠᠮᠳᠠ ᠨᠢ ᠴᠤ᠌  ᠶᠡᠬᠡ ᠰᠠᠢᠬᠠᠨ》 ᠭᠡᠪᠡ᠃ 

ᠡᠢᠨ ᠬᠦ᠌᠂ ᠬᠠᠳᠠᠭᠠᠭᠰᠠᠨ ᠮᠢᠬ᠎ᠠ ᠡᠳ᠋ᠰᠢᠭᠦᠯᠬᠦ᠎ᠪᠡᠷ ᠬᠥᠲᠥᠴᠢ ᠪᠣᠯᠭᠠᠵᠤ᠂ ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠨ᠂ 《ᠨᠠᠮ᠎ᠤᠨ ᠡᠭᠦᠷ᠎ᠡᠴᠡ ᠬᠣᠷᠰᠢᠶᠠᠵᠢᠯ᠎ᠢ ᠳᠠᠭᠠᠭᠤᠯᠤᠨ ᠡᠷᠬᠢᠯᠡᠬᠦ + ᠮᠠᠯᠵᠢᠬᠤ ᠡᠷᠦᠬᠡ》 ᠎ᠶ᠋ᠢᠨ ᠠᠵᠤ ᠦᠢᠯᠡᠰᠵᠢᠭᠦᠯᠦᠨ ᠬᠥᠭᠵᠢᠭᠦᠯᠬᠦ ᠵᠠᠭᠪᠤᠷ᠎ᠢ ᠬᠡᠷᠡᠭᠯᠡᠵᠦ᠂ ᠲᠤᠰ ᠭᠠᠴᠠᠭᠠᠨ᠎ᠤ ᠳᠣᠲᠣᠭᠠᠳᠤ᠎ᠳᠠᠭᠠᠨ ᠵᠠᠬᠢᠶᠠᠯᠠᠭ᠎ᠠ᠎ᠶᠢᠨ ᠠᠷᠭ᠎ᠠ ᠬᠡᠯᠪᠡᠷᠢ ᠠᠪᠤᠭᠰᠠᠨ᠎ᠢᠶᠠᠷ ᠪᠦᠬᠦ ᠭᠠᠴᠠᠭᠠᠨ᠎ᠤ 75 ᠡᠷᠦᠬᠡ 160 ᠬᠥᠮᠥᠨ᠎ᠦ ᠣᠷᠣᠯᠭ᠎ᠠ᠎ᠶᠢᠨ ᠨᠡᠮᠡᠭᠳᠡᠯ᠎ᠢ ᠳᠠᠢᠴᠢᠯᠠᠬᠤ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号