2025᠎ᠤᠨ᠎ᠤ 12 ᠰᠠᠷ᠎ᠠ᠎ᠶᠢᠨ 30᠎ᠤ ᠦᠳᠡ᠎ᠶᠢᠨ ᠡᠮᠦᠨ᠎ᠡ᠂ ᠦᠵᠦᠮᠦᠴᠢᠨ ᠨᠤᠲᠤᠭ᠎ᠤᠨ ᠮᠥᠩᠭᠥᠨ ᠡᠪᠦᠯ᠎ᠤᠨ ᠨᠠᠭᠠᠳᠤᠮ ᠵᠢᠴᠢ《ᠲᠠᠯ᠎ᠠ ᠨᠤᠲᠤᠭ᠎ᠤᠨ 99 ᠨᠣᠮᠧᠷᠲᠤ ᠵᠠᠰᠠᠮᠠᠯ ᠵᠠᠮ》᠎ᠤᠨ ᠮᠥᠰᠥ ᠴᠠᠰᠤᠨ᠎ᠤ ᠰᠢᠷᠢᠰ ᠠᠵᠢᠯᠯᠠᠭᠠᠨ᠎ᠤ ᠡᠬᠢᠯᠡᠯᠲᠡ᠎ᠶᠢᠨ ᠶᠣᠰᠣᠯᠠᠯ ᠪᠠᠷᠠᠭᠤᠨ ᠦᠵᠦᠮᠦᠴᠢᠨ ᠬᠣᠰᠢᠭᠤᠨ ᠤ ᠴᠠᠨ᠎ᠠ ᠭᠤᠯᠭᠤᠯᠲᠠ᠎ᠶᠢᠨ ᠲᠠᠯᠠᠪᠠᠢ᠎ᠳᠤ ᠦᠪᠡᠳᠡᠭᠰᠢ ᠶᠠᠪᠤᠭᠳᠡᠵᠦ᠂ ᠪᠦᠬᠥ ᠤᠯᠤᠰ᠎ᠤᠨ ᠡᠯ᠎ᠡ ᠭᠠᠵᠠᠷ᠎ᠤᠨ ᠵᠢᠭᠤᠯᠴᠢᠯᠠᠭᠰᠠᠳ ᠬᠦᠷᠦᠯᠴᠡᠨ ᠢᠷᠡᠵᠦ᠂ ᠦᠵᠦᠮᠦᠴᠢᠨ ᠨᠤᠲᠤᠭ᠎ᠤᠨ ᠤᠤᠷ ᠰᠣᠶᠣᠯ ᠪᠣᠯᠣᠨ ᠴᠠᠰᠤ ᠮᠥᠰᠥᠨ᠎ᠦ ᠥᠪᠡᠷᠮᠢᠴᠡ ᠣᠨᠴᠠᠯᠢᠭ᠍ᠲᠤ ᠠᠵᠢᠯᠯᠠᠭ᠎ᠠ᠎ᠶᠢ ᠪᠡᠶᠡᠴᠢᠯᠡᠨ ᠣᠢᠯᠠᠭᠠᠭᠰᠠᠨ ᠪᠠᠢᠨ᠎ᠠ᠃

ᠨᠡᠬᠡᠬᠡᠯᠳᠡ ᠵᠢᠨ ᠶᠤᠰᠤᠯᠡᠯ᠎ᠳᠤ ᠴᠠᠭᠠᠨ ᠠᠳᠤᠭᠤᠨ᠎ᠤ ᠵᠢᠭ᠍ᠰᠠᠭᠠᠯ᠂ ᠮᠣᠷᠢᠨ ᠮᠡᠷᠭᠡᠵᠢᠯ᠎ᠦᠨ ᠦᠵᠡᠭᠦᠯᠭᠡ᠂ ᠦᠵᠦᠮᠦᠴᠢᠨ ᠬᠤᠪᠴᠠᠰᠤ ᠵᠠᠰᠠᠯ᠎ᠤᠨ ᠦᠵᠡᠭᠦᠯᠭᠡ᠂ ᠲᠡᠮᠡᠭᠡᠨ ᠵᠢᠩ᠎ᠤᠨ ᠦᠵᠡᠬᠦᠯᠬᠡ ᠵᠢᠴᠢ ᠨᠠᠢᠷᠠᠯ ᠳᠠᠭᠤᠤ᠂ ᠬᠠᠮᠲᠤ᠎ᠶᠢᠨ ᠪᠥᠵᠢᠭ ᠵᠡᠷᠭᠡ ᠭᠣᠴᠤ ᠰᠠᠢᠬᠠᠨ ᠲᠣᠭᠯᠠᠯᠲᠠ᠎ᠪᠠᠷ ᠬᠣᠯᠠ ᠤᠢᠷ᠎ᠠ ᠵᠢᠨ ᠬᠡᠢᠴᠢᠳ ᠵᠢᠡᠨ《ᠳᠠᠢᠯᠠᠵᠦ》᠂ ᠳᠠᠷᠠᠭ᠎ᠠ ᠨᠢ ᠴᠠᠰᠤ ᠮᠥᠰᠥᠨ᠎ᠦ ᠨᠠᠭᠠᠳᠤᠮ᠎ᠢ ᠪᠡᠶᠡᠴᠢᠯᠡᠨ ᠣᠢᠯᠠᠭᠠᠬᠤ ᠪᠠ ᠠᠷᠠᠳ᠎ᠤᠨ ᠵᠠᠩ ᠦᠢᠯᠡ᠎ᠵᠢ ᠪᠡᠶᠡᠴᠢᠯᠡᠨ ᠣᠢᠯᠠᠭᠠᠬᠤ ᠰᠢᠷᠢᠰ ᠠᠵᠢᠯᠯᠠᠭ᠎ᠠ ᠪᠡᠨ ᠡᠬᠢᠯᠡᠬᠦᠯᠵᠡᠢ᠃ ᠮᠣᠩᠭᠣᠯ ᠭᠡᠷ᠎ᠲᠦ ᠪᠣᠳᠠᠰ᠎ᠤᠨ ᠪᠤᠰᠤ ᠰᠣᠶᠣᠯ᠎ᠤᠨ ᠥᠪ᠂ ᠴᠠᠭᠠᠨ ᠢᠳᠡᠭᠡ᠂ ᠪᠣᠷᠴᠠ᠂ ᠰᠦ᠎ᠲᠠᠢ ᠴᠠᠢ᠂ ᠨᠡᠷᠡᠮᠡᠯ ᠠᠷᠢᠬᠢ ᠵᠢᠴᠢ ᠡᠯ᠎ᠡ ᠲᠥᠷᠥᠯ᠎ᠦᠨ ᠰᠣᠶᠣᠯ ᠵᠢᠭᠤᠯᠴᠢᠯᠠᠯ᠎ᠦᠨ ᠪᠦᠲᠦᠭᠡᠭᠳᠡᠬᠦᠨ᠎ᠢ ᠳᠡᠯᠭᠡᠨ ᠪᠣᠷᠣᠯᠠᠭᠤᠯᠵᠤ᠂ ᠵᠢᠭᠤᠯᠴᠢᠯᠠᠭᠰᠠᠳ᠎ᠲᠤ ᠣᠷᠣᠨ ᠨᠤᠲᠤᠭ᠎ᠤᠨ ᠥᠩᠭᠡ ᠦᠵᠡᠮᠵᠢ᠂ ᠵᠠᠩ ᠣᠶ᠋ᠢᠯᠡ ᠶᠢ ᠣᠢᠯᠠᠭᠠᠭᠤᠯᠵᠦ᠂ ᠪᠠᠰᠠ ᠠᠮᠲᠠᠲᠤ ᠢᠳᠡᠭᠡᠨ᠎ᠦ ᠲᠣᠭᠣᠷᠢᠭ᠋᠂ ᠪᠥᠬᠡ ᠵᠢᠨ ᠪᠠᠷᠢᠯᠳᠤᠭᠠᠨ᠎ᠤ ᠲᠣᠭᠣᠷᠢᠭ᠋ ᠵᠡᠷᠭᠡ ᠰᠣᠨᠢᠷᠬᠠᠯᠲᠤ ᠠᠵᠢᠯᠯᠠᠭ᠎ᠠ ᠨᠢ ᠬᠥᠮᠥᠰ᠎ᠦᠨ ᠰᠣᠨᠢᠷᠬᠠᠯ᠎ᠢ ᠶᠡᠬᠡᠳᠡ ᠲᠠᠲᠠᠵᠤ᠂ ᠠᠵᠢᠯᠯᠠᠭᠠᠨ᠎ᠤ ᠠᠭᠤᠯᠭ᠎ᠠ ᠶᠢ ᠪᠠᠶᠠᠯᠢᠭ᠍ᠵᠢᠭᠤᠯᠤᠭᠰᠠᠨ ᠢᠶᠠᠷ ᠪᠠᠷᠠᠬᠤ ᠦᠭᠡᠢ ᠣᠷᠣᠨ ᠨᠤᠲᠤᠭ ᠤᠨᠢᠶᠠᠨ ᠨᠡᠷ᠎ᠡ ᠠᠯᠳᠠᠷᠰᠢᠯ᠎ᠢ ᠤᠯᠠᠮ ᠳᠡᠭᠡᠭᠰᠢᠯᠡᠭᠦᠯᠦᠭᠰᠡᠨ ᠪᠠᠢᠨ᠎ᠠ᠃ ᠲᠤᠰ ᠠᠵᠢᠯᠯᠠᠭ᠎ᠠ᠎ᠶᠢ ᠪᠠᠷᠠᠭᠤᠨ ᠦᠵᠦᠮᠦᠴᠢᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠣᠣᠯᠯᠠᠨ ᠡᠷᠬᠢᠯᠡᠵᠦ᠂ ᠪᠠᠷᠠᠭᠤᠨ ᠦᠵᠦᠮᠦᠴᠢᠨ ᠬᠣᠰᠢᠭᠤᠨ᠎ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠪᠠᠷᠠᠭᠤᠨ ᠦᠵᠦᠮᠦᠴᠢᠨ ᠬᠣᠰᠢᠭᠤᠨ᠎ᠤ ᠰᠣᠶᠣᠯ ᠵᠢᠭᠤᠯᠴᠢᠯᠠᠯ ᠦᠨ ᠦᠢᠯᠡᠰ ᠦᠨ ᠬᠥᠭᠵᠢᠭᠦᠯᠦᠯᠲᠡ᠎ᠶᠢᠨ ᠲᠥᠪ᠂ ᠪᠠᠷᠠᠭᠤᠨ ᠦᠵᠦᠮᠦᠴᠢᠨ ᠬᠣᠰᠢᠭᠤᠨ᠎ᠦ ᠦᠢᠯᠡᠰ ᠵᠢᠭᠤᠯᠴᠢᠯᠠᠯ᠎ᠦᠨ ᠠᠵᠤ ᠦᠢᠯᠡᠰ᠎ᠦᠨ ᠬᠥᠭᠵᠢᠭᠦᠯᠦᠯᠲᠡ᠎ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠭᠠᠭᠠᠴᠢᠯᠠᠨ ᠡᠷᠬᠢᠯᠡᠪᠡ᠃

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号