ᠵᠢᠨᠢᠩ ᠳᠤᠭᠤᠷᠢᠭ᠄ 《ᠮᠦᠰᠦ ᠴᠠᠰᠤᠨ᠎ᠤ ᠪᠤᠯᠵᠤᠭ᠎ᠠ》 ᠳᠠᠯᠪᠢᠯ᠎ᠠ
2026-01-09 14:57:34
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠠᠭᠠᠨᠴᠠᠪ ᠬᠤᠲᠠ᠎ᠶᠢᠨ ᠭᠤᠷᠪᠠᠳᠤᠭᠠᠷ ᠬᠤᠭᠤᠴᠠᠭᠠᠨ᠎ᠤ 《ᠮᠥᠰᠥ ᠴᠠᠰᠤᠨ᠎ᠤ ᠪᠣᠯᠵᠣᠭ᠎ᠠ》 ᠵᠢᠭᠤᠯᠴᠢᠯᠠᠯ᠎ᠤᠨ ᠤᠯᠠᠷᠢᠯ᠎ᠤᠨ ᠥᠷᠨᠢᠬᠦ᠎ᠶᠢ ᠳᠠᠭᠠᠯᠳᠤᠨ᠂ ᠵᠢᠨᠢᠩ ᠲᠣᠭᠣᠷᠢᠭ᠋᠎ᠤᠨ ᠬᠢᠨ ᠪᠠᠢᠭᠠᠯᠢ᠎ᠶᠢᠨ ᠡᠬᠢ ᠪᠠᠶᠠᠯᠢᠭ᠋᠂ ᠰᠣᠶᠣᠯ ᠵᠢᠭᠤᠯᠴᠢᠯᠠᠯ᠎ᠤᠨ ᠤᠯᠠᠨ ᠡᠰᠢᠲᠦ ᠠᠵᠢᠯᠯᠠᠭ᠎ᠠ᠎ᠪᠠᠷ᠎ᠢᠶᠠᠨ ᠡᠪᠦᠯ᠎ᠦᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠬᠠᠯᠠᠮᠰᠢᠯ ᠰᠣᠩᠭᠣᠯᠲᠠ ᠪᠣᠯᠤᠭᠰᠠᠨ ᠪᠠᠢᠨ᠎ᠠ᠃

ᠳᠠ ᠾᠧ ᠸᠠᠨ ᠴᠡᠨᠡᠯᠡᠯᠲᠡ᠎ᠶᠢᠨ ᠲᠠᠯᠠᠪᠠᠢ᠎ᠳᠤ ᠬᠦᠷᠬᠦ᠎ᠳᠦ᠂ 22 ᠵᠤᠷᠪᠤᠰ ᠳᠤᠤᠷ᠎ᠠ᠂ ᠳᠤᠮᠳᠠ᠂ ᠳᠡᠭᠡᠳᠦ ᠳᠡᠰ᠎ᠤᠨ ᠴᠡᠨᠡᠯᠡᠯᠲᠡ᠎ᠶᠢᠨ ᠵᠠᠮ ᠳᠤᠷᠠᠢᠨ ᠬᠠᠷᠠᠭᠳᠠᠨ᠎ᠠ᠃ 《ᠡᠨᠳᠡᠬᠢ ᠎ᠶᠢᠨ ᠴᠡᠨᠡᠯᠡᠯᠲᠡ᠎ᠶᠢᠨ  ᠵᠠᠮ ᠮᠠᠰᠢ ᠰᠠᠢᠨ᠂ ᠪᠠᠰᠠ ᠲᠤᠰᠬᠠᠢ ᠮᠡᠷᠭᠡᠵᠢᠯ᠎ᠦᠨ ᠰᠤᠷᠭᠠᠭ᠍ᠴᠢ ᠲᠠᠢ ᠪᠣᠯᠬᠣᠷ ᠠᠩᠬ᠎ᠠ ᠨᠠᠭᠠᠳᠴᠤ ᠪᠠᠢᠭ᠎ᠠ ᠬᠥᠮᠥᠰ ᠴᠦ᠍ ᠠᠮᠠᠷᠬᠠᠨ ᠰᠤᠷᠴᠢᠬᠠᠨ᠎ᠠ》 ᠭᠡᠵᠦ ᠵᠢᠭᠤᠯᠴᠢᠯᠠᠭᠴᠢ ᠯᠢ ᠽᠢ ᠰᠢᠤᠸᠠᠨ ᠶᠠᠷᠢᠨ᠎ᠠ᠃ ᠵᠢᠨᠢᠩ ᠲᠣᠭᠣᠷᠢᠭ᠋᠎ᠤᠨ ᠴᠠᠰᠤᠨ᠎ᠤ ᠤᠯᠠᠷᠢᠯ ᠨᠢ ᠵᠢᠯ ᠪᠦᠷᠢ ᠵᠢᠨ 11 ᠰᠠᠷ᠎ᠠ᠎ᠠᠴᠠ ᠳᠠᠷᠠᠭ᠎ᠠ ᠵᠢᠯ᠎ᠦᠨ 2 ᠰᠠᠷ᠎ᠠ ᠪᠣᠯᠲᠠᠯ᠎ᠠ ᠦᠷᠭᠦᠯᠵᠢᠯᠡᠨ᠎ᠡ᠃᠎ᠳᠠ ᠾᠧ ᠸᠠᠨ ᠴᠡᠨᠡᠯᠡᠯᠲᠡ᠎ᠶᠢᠨ ᠲᠠᠯᠠᠪᠠᠢ᠎ᠳᠤ  ᠪᠠᠢᠭᠤᠯᠤᠭᠰᠠᠨ 28 ᠲᠦᠮᠡᠨ ᠲᠡᠭᠰᠢ ᠳᠥᠷᠪᠡᠯᠵᠢᠨ ᠮᠧᠲᠷ᠎ᠦᠨ ᠴᠠᠰᠤᠨ᠎ᠳᠤ ᠭᠤᠯᠭᠤᠬᠤ ᠣᠷᠣᠨ᠎ᠳᠤ ᠨᠡᠶ᠋ᠢᠲᠡ 3000 ᠭᠠᠷᠤᠢ ᠬᠥᠮᠥᠨ ᠵᠡᠷᠭᠡ ᠪᠡᠷ ᠴᠠᠰᠤᠨ᠎ᠳᠤ ᠭᠤᠯᠭᠤᠵᠦ ᠳᠡᠶ᠋ᠢᠯᠬᠦ ᠪᠥᠭᠡᠳ ᠪᠠᠰᠠ ᠠᠳᠠᠯᠢ ᠪᠤᠰᠤ ᠲᠦᠪᠰᠢᠨ᠎ᠦ ᠵᠢᠭᠤᠯᠴᠢᠯᠠᠭᠰᠠᠳ᠎ᠤᠨ ᠬᠡᠷᠡᠭᠴᠡᠭᠡ ᠱᠠᠭᠠᠷᠳᠠᠯᠭ᠎ᠠ ᠶ᠋ᠢ ᠬᠠᠩᠭᠠᠵᠤ᠂ ᠮᠥᠰᠥ ᠴᠠᠰᠤᠨ᠎ᠤ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ᠎ᠳᠦ ᠪᠠᠲᠤ ᠰᠠᠭᠤᠷᠢ ᠲᠠᠯᠪᠢᠵᠤ ᠥᠭᠴᠡᠢ᠃

ᠰᠤᠷᠪᠤᠯᠵᠢᠯᠠᠭ᠍ᠴᠢ ᠴᠡᠨᠡᠯᠡᠯᠲᠡ᠎ᠶᠢᠨ ᠲᠠᠯᠠᠪᠠᠢ᠎ᠶᠢᠨ ᠬᠠᠵᠠᠭᠤ᠎ᠳᠠᠬᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠭᠦᠳᠦᠯᠲᠡ᠎ᠶᠢᠨ ᠳᠡᠯᠭᠡᠨ ᠪᠣᠷᠤᠯᠠᠭᠤᠯᠭ᠎ᠠ᠎ᠶᠢᠨ ᠲᠣᠭᠣᠷᠢᠭ᠋᠎ᠲᠤ᠂ ᠡᠯ᠎ᠡ ᠲᠥᠷᠥᠯ᠎ᠦᠨ ᠲᠠᠯ᠎ᠠ ᠨᠤᠲᠤᠭ᠎ᠤᠨ ᠭᠠᠷ ᠤᠷᠠᠯᠠᠯ᠎ᠤᠨ ᠪᠦᠲᠦᠭᠡᠭᠳᠡᠬᠦᠨ᠂ ᠣᠨᠴᠠᠯᠢᠭ᠍ᠲᠤ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ ᠬᠠᠷᠠᠭ᠎ᠠ ᠪᠤᠯᠢᠶᠠᠵᠤ᠂ 《ᠣᠣᠷ ᠠᠮᠲᠠᠲᠤ ᠤᠯᠠᠭᠠᠨᠴᠠᠪ》᠎ᠤ᠋ᠨ ᠳᠡᠯᠭᠡᠨ ᠪᠣᠷᠤᠯᠠᠭᠤᠯᠭ᠎ᠠ᠎ᠶᠢᠨ ᠲᠣᠭᠣᠷᠢᠭ᠋᠎ᠤᠨ ᠬᠤᠷᠤᠳ᠂ ᠬᠠᠳᠠᠭᠠᠭᠰᠠᠨ ᠮᠢᠬ᠎ᠠ ᠵᠡᠷᠭᠡ ᠠᠮᠲᠠᠲᠤ ᠢᠳᠡᠭᠡᠨ ᠣᠯᠠᠨ᠎ᠤ ᠲᠠᠭᠠᠰᠢᠶᠠᠯ᠎ᠳᠤ ᠬᠦᠷᠴᠦ ᠪᠠᠢᠬᠤ᠎ᠶᠢ ᠣᠯᠵᠤ ᠬᠠᠷᠠᠵᠠᠢ᠃ 《ᠴᠠᠰᠤᠨ᠎ᠳᠤ ᠭᠤᠯᠭᠤᠬᠤ᠎ᠶᠢᠨ ᠳᠠᠭᠠᠤ ᠪᠠᠰᠠ ᠠᠮᠲᠠᠲᠤ ᠢᠳᠡᠭᠡᠨ ᠠᠮᠲᠠᠯᠠᠵᠤ᠂ ᠮᠠᠰᠢ ᠤᠯᠠᠨ ᠤᠳᠬ᠎ᠠ ᠠᠭᠤᠯᠭ᠎ᠠ᠎ᠲᠠᠢ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠢ ᠰᠣᠨᠢᠷᠬᠠᠨ᠂ ᠲᠤᠬᠠᠢ᠎ᠶᠢᠨ ᠭᠠᠵᠠᠷ᠎ᠤᠨ ᠰᠣᠶᠣᠯ᠎ᠢ ᠦᠨᠡᠨᠬᠦ ᠪᠡᠶ᠎ᠡ᠎ᠪᠡᠷ᠎ᠢᠶᠡᠨ ᠮᠡᠳᠡᠷᠡᠯ᠎ᠡ》 ᠭᠡᠵᠦ ᠱᠠᠨ ᠰᠢ᠎ᠡᠴᠡ  ᠢᠷᠡᠭᠰᠡᠨ ᠵᠢᠭᠤᠯᠴᠢᠯᠠᠭᠴᠢ ᠯᠢᠦ ᠸᠧᠨ ᠭᠤᠸᠠᠩ ᠶᠠᠷᠢᠨ᠎ᠠ᠃

《ᠮᠥᠰᠥ ᠴᠠᠰᠤ + ᠠᠷᠠᠰᠤᠨ ᠡᠳ᠋ᠯᠡᠯ》᠂ 《ᠮᠥᠰᠥ ᠴᠠᠰᠤ + ᠬᠠᠯᠠᠭᠤᠨ ᠷᠠᠰᠢᠶᠠᠨ》 ᠵᠡᠷᠭᠡ ᠣᠯᠠᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠠᠭᠤᠰᠤᠯᠴᠠᠭᠤᠯᠤᠨ ᠪᠠᠢᠷᠢᠯᠠᠭᠤᠯᠤᠭᠰᠠᠨ ᠨᠢ ᠵᠢᠨᠢᠩ ᠲᠣᠭᠣᠷᠢᠭ᠋᠎ᠤᠨ ᠳᠠᠩ ᠭᠠᠭᠴᠠ ᠴᠠᠰᠤᠨ᠎ᠳᠤ ᠭᠤᠯᠭᠤᠬᠤ ᠵᠠᠭᠪᠤᠷ᠎ᠠᠴᠠ ᠣᠯᠠᠨ ᠡᠰᠢᠵᠢᠭᠰᠡᠨ ᠵᠢᠭᠤᠯᠴᠢᠯᠠᠯ᠎ᠢ ᠡᠭᠦᠳᠬᠦ ᠬᠠᠢᠨ ᠰᠦᠪᠡᠭᠴᠢᠯᠡᠯᠲᠡ ᠪᠣᠯᠣᠨ᠎ᠠ᠃ ᠡᠭᠦᠨ᠎ᠡᠴᠡ ᠭᠠᠳᠠᠨ᠎ᠠ᠂ ᠲᠤᠬᠠᠢ᠎ᠶᠢᠨ ᠭᠠᠵᠠᠷ᠎ᠤᠨ ᠬᠢᠨ ᠪᠠᠰᠠ ᠤᠯᠠᠭᠠᠨ ᠬᠠᠳᠠ ᠭᠠᠯᠲᠤ ᠠᠭᠤᠯᠠ᠎ᠶᠢᠨ ᠦᠵᠡᠮᠵᠢ᠎ᠶᠢᠨ ᠣᠷᠣᠨ ᠵᠡᠷᠭᠡ ᠡᠷᠭᠢᠨ ᠲᠣᠭᠣᠷᠢᠨ᠎ᠤ ᠡᠬᠢ ᠪᠠᠶᠠᠯᠢᠭ᠋᠎ᠲᠠᠢ ᠬᠣᠯᠪᠤᠭᠠᠯᠠᠨ ᠬᠥᠳᠡᠯᠦᠯᠴᠡᠵᠦ᠂ ᠮᠥᠰᠥ ᠴᠠᠰᠤᠨ᠎ᠤ ᠵᠢᠭᠤᠯᠴᠢᠯᠠᠯ᠎ᠤᠨ ᠤᠯᠠᠷᠢᠯ᠎ᠤᠨ ᠬᠢᠵᠠᠭᠠᠷᠯᠠᠯ ᠪᠠ ᠳᠠᠩ ᠴᠤᠯᠭᠤᠢ ᠴᠢᠨᠠᠷ᠎ᠢ ᠡᠪᠳᠡᠵᠦ᠂ ᠵᠢᠨᠢᠩ ᠲᠣᠭᠣᠷᠢᠭ᠋᠎ᠢ《ᠴᠠᠰᠤᠨ᠎ᠳᠤ ᠭᠤᠯᠭᠤᠬᠤ ᠵᠣᠷᠢᠯᠳᠠᠳᠤ ᠭᠠᠵᠠᠷ》᠎ᠡᠴᠠ 《ᠶᠡᠷᠦᠩᠬᠡᠢᠯᠡᠭᠰᠡᠨ ᠰᠣᠶᠣᠯ᠎ᠤᠨ ᠵᠢᠭᠤᠯᠴᠢᠯᠠᠯ᠎ᠤᠨ ᠥᠨᠳᠥᠷᠯᠢᠭ ᠭᠠᠵᠠᠷ》 ᠪᠣᠯᠭᠠᠨ ᠳᠡᠰᠵᠢᠭᠦᠯᠪᠡ᠃ ᠡᠬᠡ ᠪᠠᠢᠭᠠᠯᠢ᠎ᠠᠴᠠ ᠣᠯᠭᠣᠭᠰᠠᠨ ᠡᠯᠪᠡᠭ ᠳᠡᠯᠪᠡᠭ ᠮᠥᠰᠥ ᠴᠠᠰᠤᠨ᠎ᠤ ᠡᠬᠢ ᠪᠠᠶᠠᠯᠢᠭ᠋᠎ᠠᠴᠠ ᠰᠣᠶᠣᠯ᠎ᠤᠨ ᠠᠭᠤᠰᠤᠯᠴᠠᠯ᠎ᠤᠨ ᠥᠪᠡᠷᠮᠢᠴᠡ ᠠᠭᠤᠯᠬᠤᠨ ᠬᠦᠷᠲᠡᠯ᠎ᠡ᠂ ᠵᠢᠨᠢᠩ ᠲᠣᠭᠣᠷᠢᠭ᠋ ᠤ᠋ᠨ᠎ᠬᠢᠨ ᠲᠣᠳᠣᠷᠬᠠᠢ ᠰᠡᠳᠬᠢᠴᠡ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ᠎ᠪᠡᠷ ᠡᠪᠦᠯ᠎ᠦᠨ  ᠤᠯᠠᠷᠢᠯ᠎ᠤᠨ ᠰᠣᠶᠣᠯ ᠵᠢᠭᠤᠯᠴᠢᠯᠠᠯ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号