ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠯᠲᠠ ᠶᠠᠪᠤᠬᠳᠠᠪᠠ
2026-01-09 11:29:36
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠭᠤᠤᠯ ᠠᠭᠤᠯᠭ᠎ᠠ ᠪᠣᠯᠤᠨ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠵᠡᠮᠳᠡᠭ᠌ᠴᠦᠳ᠎ᠦᠨ ᠦᠶ᠋ᠯᠡᠰ᠎ᠦᠨ ᠬᠥᠭ᠌ᠵᠢᠯᠲᠡ᠎ᠲᠡᠶ ᠨᠢᠭ᠍ᠲᠠ ᠤᠶᠠᠯᠳᠤᠭᠤᠯᠤᠨ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠲᠠᠶ ᠨᠢᠭᠡᠳᠭᠡᠬᠦ᠌᠎ᠶ᠋ᠢᠨ ᠲᠥᠯᠥᠭᠡ᠂ 1 ᠰᠠᠷ᠎ᠠ᠎ᠶ᠋ᠢᠨ 6 ᠎ᠤ᠋ ᠡᠳᠦᠷ᠂ ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠯᠲᠠ ᠬᠢᠪᠡ᠃

ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠬᠠᠷᠢᠭᠤᠴᠠᠯᠭᠠᠲᠠᠨ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠪᠥᠬᠥ᠌ ᠣᠷᠣᠨ᠎ᠤ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠢᠷᠤᠭ ᠲᠥᠰᠦᠪ᠎ᠢ ᠵᠢᠷᠤᠭ᠍ᠯᠠᠬᠤ》 ᠪᠠᠷ ᠭᠤᠤᠯ ᠰᠡᠳᠦᠪ ᠪᠣᠯᠭᠠᠨ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠯᠲᠠ ᠬᠢᠪᠡ᠃ ᠲᠠᠢᠯᠪᠤᠷᠢᠯᠠᠯᠲᠠ ᠨᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠬᠤᠷᠠᠯᠳᠤᠭ᠍ᠰᠠᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ᠎ᠪᠠᠷ ᠭᠠᠷᠳᠠᠴᠠ ᠪᠣᠯᠭᠠᠵᠦ᠂ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠡᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠂ 《ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠵᠢᠷᠤᠮᠯᠠᠬᠤ ᠵᠠᠷᠴᠢᠮ ᠪᠠ ᠭᠤᠤᠯ ᠬᠠᠷᠠᠯᠲᠠ᠎ᠳᠤ ᠠᠩᠬᠠᠷᠤᠯ ᠵᠢᠡᠨ ᠲᠦᠪᠯᠡᠷᠡᠬᠦᠯᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ ᠳᠤᠷᠠᠳᠤᠭ᠍ᠰᠠᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢᠨ ᠲᠤᠬᠠᠢ ᠭᠦᠨᠵᠡᠭᠡᠢ ᠲᠠᠢᠯᠤᠮᠵᠢ ᠬᠢᠵᠡᠢ᠃ ᠡᠬᠦᠨ᠎ᠤ ᠬᠠᠮᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭᠠᠨ᠎ᠤ᠂ ᠠᠷᠪᠠᠨ ᠨᠢᠭᠡᠳᠦᠭᠡᠷ ᠤᠳᠠᠭᠠᠨ᠎ᠤ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠪᠦᠬᠦ᠌ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠠᠵᠢᠯ᠎ᠤᠨ ᠪᠣᠳᠠᠲᠤ ᠪᠠᠢᠳᠠᠯ ᠲᠠᠢ ᠤᠶᠠᠯᠳᠤᠭᠤᠯᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ ᠲᠠᠢᠴᠢᠯᠠᠯᠲᠠ ᠪᠠᠢᠷᠢᠯᠠᠭᠤᠯᠤᠯᠲᠠ ᠬᠢᠵᠡᠢ᠃

ᠬᠤᠷᠠᠯ᠎ᠠᠴᠠ᠂ ᠪᠥᠬᠥ᠌ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠱᠢᠰᠲ᠋ᠧᠮ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠵᠡᠮᠳᠡᠭ᠌ᠴᠦᠳ᠎ᠦᠨ ᠦᠶ᠋ᠯᠡᠰ᠎ᠲᠦ ᠦᠵᠡᠭᠦᠯᠬᠦ᠌ ᠪᠠᠢᠯᠳᠤᠬᠤ ᠪᠣᠳᠣᠯᠭ᠎ᠠ᠎ᠶ᠋ᠢᠨ ᠵᠢᠯᠣᠭᠣᠳᠣᠯᠭ᠎ᠠ᠎ᠶ᠋ᠢ ᠭᠦᠨᠵᠡᠭᠡᠶ ᠡᠵᠡᠮᠱᠢᠬᠦ᠌ ᠬᠡᠷᠡᠭ᠌ᠲᠡᠶ; ᠬᠠᠷᠠᠯᠲᠠ ᠡᠭᠦᠷᠭᠡ᠎ᠪᠡᠨ ᠲᠣᠭ᠍ᠲᠠᠭᠠᠵᠤ᠂ ᠵᠡᠮᠳᠡᠭ᠌ᠴᠦᠳ᠎ᠦᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠦᠢᠯᠡᠳᠦᠯᠭᠡ᠎ᠶ᠋ᠢᠨ ᠠᠷᠭ᠎ᠠ ᠵᠠᠮ᠎ᠢ ᠦᠨᠡᠨ ᠬᠦ᠌ ᠣᠨᠣᠪᠴᠢᠲᠠᠢ ᠡᠵᠡᠮᠳᠡᠬᠦ᠌ ᠬᠡᠷᠡᠭ᠌ᠲᠡᠢ; ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠢᠯ ᠬᠢᠵᠦ᠍ ᠦᠢᠯᠡᠰ ᠪᠤᠰᠭᠠᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶ᠋ᠢ ᠪᠦᠬᠦ᠌ ᠬᠦᠴᠦ᠍ᠨ ᠵᠢᠡᠷ᠎ᠢᠶᠡᠨ ᠠᠬᠢᠭᠤᠯᠬᠤ ᠬᠡᠷᠡᠭ᠌ᠲᠡᠢ ᠭᠡᠵᠦ ᠱᠠᠭᠠᠷᠳᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号