《ᠰᠦᠯᠵᠢᠶᠡᠨ ᠳᠡᠭᠡᠷᠡᠬᠢ ᠹᠸᠩᠴᠢᠶᠣᠤ》 ᠵᠢᠨ ᠦᠭᠡ ᠦᠯᠡᠳᠡᠭᠡᠬᠦ ᠰᠠᠮᠪᠠᠷ᠎ᠠ ᠦᠨᠳᠦᠰᠦᠨ ᠱᠠᠲᠤᠨ᠎ᠤ ᠵᠠᠰᠠᠯᠲᠠ ᠳ᠋ᠤ ᠬᠦᠴᠦᠨ ᠨᠡᠮᠡᠷᠢᠯᠡᠨ᠎ᠠ
2026-01-09 11:25:36
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠲᠦᠩᠯᠢᠶᠣᠤ ᠬᠣᠲᠠ᠎ᠶ᠋ᠢᠨ ᠯᠢᠦ ᠠᠪᠠᠬᠠᠶ ᠬᠡᠷ ᠪᠠᠢᠱᠢᠩ ᠲᠦᠷᠢᠶᠡᠰᠦᠯᠡᠬᠦ᠌ ᠠᠰᠠᠭᠤᠳᠠᠯ᠎ᠠᠴᠠ ᠪᠣᠯᠵᠣ ᠬᠡᠷ᠎ᠦᠨ ᠡᠵᠡᠨ᠎ᠲᠡᠶ ᠵᠠᠭᠤᠷᠠᠯᠳᠤᠭᠠᠨ ᠡᠭᠦᠰᠴᠤ᠂ 《ᠰᠦᠯᠵᠢᠶᠡᠨ ᠳᠡᠭᠡᠷᠡᠬᠢ ᠹᠸᠩᠴᠢᠶᠤᠤ》 ᠦᠭᠡ ᠦᠯᠡᠳᠡᠭᠡᠬᠦ᠌ ᠰᠠᠮᠪᠠᠷ᠎ᠠ᠎ᠳᠤ ᠦᠭᠡ ᠦᠯᠡᠳᠡᠭᠡᠵᠡᠶ᠃ ᠪᠠᠢᠳᠠᠯ ᠢ᠋ ᠤᠢᠯᠠᠭᠠᠬᠰᠠᠨ᠎ᠤ ᠳᠠᠷᠠᠭ᠎ᠠ᠂ ᠲᠦᠩᠯᠢᠶᠣᠤ ᠬᠣᠲᠠ᠎ᠶ᠋ᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠱᠢᠶ᠋ᠳᠪᠦᠷᠢᠯᠡᠬᠦ᠌ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠲᠥᠪ ᠬᠢᠭᠡᠳ ᠲᠦᠩᠯᠢᠶᠣᠤ ᠬᠣᠲᠠ᠎ᠶ᠋ᠢᠨ ᠶᠡᠷᠦᠩᠬᠡᠢᠯᠡᠨ ᠵᠠᠰᠠᠬᠤ ᠲᠥᠪ ᠰᠤᠳᠤᠯᠤᠨ ᠮᠠᠭᠠᠳᠯᠠᠵᠤ᠂ ᠵᠥᠷᠢᠴᠡᠯ ᠵᠠᠭᠤᠷᠠᠯᠳᠤᠭᠠᠨ᠎ᠢ ᠠᠵᠢᠯ ᠤ᠋ᠨ ᠳᠠᠷᠠᠭᠠᠯᠠᠯ ᠵᠢᠡᠷ ᠬᠣᠷᠴᠢᠨ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ᠎ᠲᠦ ᠱᠢᠯᠵᠢᠭᠦᠯᠦᠨ ᠥᠭ᠌ᠴᠦ᠂ ᠬᠠᠷᠢᠶ᠎ᠠ ᠭᠠᠵᠠᠷ᠎ᠤᠨ ᠵᠡᠭᠡᠯᠢ ᠭᠤᠳᠤᠮᠵᠢ᠎ᠶ᠋ᠢᠨ ᠶᠡᠷᠦᠩᠬᠡᠢᠯᠡᠨ ᠵᠠᠰᠠᠬᠤ ᠲᠥᠪ ᠵᠢᠴᠢ ᠨᠡᠢᠭᠡᠮ ᠲᠣᠭᠣᠷᠢᠭ᠎ᠤᠨ ᠶᠡᠷᠦᠩᠬᠡᠢᠯᠡᠨ ᠵᠠᠰᠠᠬᠤ ᠠᠵᠢᠯ᠎ᠤᠨ ᠥᠷᠲᠡᠭᠡ᠎ᠶ᠋ᠢ ᠨᠢᠭᠡᠳᠦᠯᠲᠡᠶ ᠲᠥᠯᠥᠪᠯᠡᠨ ᠱᠢᠶ᠋ᠳᠪᠦᠷᠢᠯᠡᠬᠦ᠌ ᠠᠵᠢᠯ ᠥᠷᠨᠢᠭᠦᠯᠵᠦ᠍᠂ ᠣᠯᠠᠨ ᠤᠳᠠᠭ᠎ᠠ ᠡᠶᠡᠳᠡᠭᠦᠯᠬᠦ᠌᠎ᠶ᠋ᠢᠨ ᠬᠠᠮᠲᠤ ᠲᠦᠩᠯᠢᠶᠣᠤ ᠬᠣᠲᠠ᠎ᠶ᠋ᠢᠨ ᠬᠡᠷ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠢ ᠵᠣᠬᠢᠴᠠᠭᠤᠯᠤᠨ ᠣᠷᠣᠯᠴᠠᠭᠤᠯᠵᠤ᠂ ᠲᠣᠰ ᠵᠠᠭᠤᠷᠠᠯᠳᠤᠭᠠᠨ᠎ᠢ ᠠᠮᠵᠢᠯᠲᠠ᠎ᠲᠠᠶ ᠱᠢᠶ᠋ᠳᠪᠦᠷᠢᠯᠡᠪᠡ᠃

ᠲᠠᠨᠢᠯᠴᠠᠭᠤᠯᠤᠭ᠍ᠰᠠᠨ᠎ᠢᠶᠠᠷ᠂ ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ 《ᠰᠦᠯᠵᠢᠶᠡᠨ ᠳᠡᠭᠡᠷᠡᠬᠢ + ᠪᠤᠳᠠᠳᠤ ᠴᠤᠬᠴᠠ》 ᠵᠢᠨ ᠵᠠᠰᠠᠯᠲᠠ᠎ᠶ᠋ᠢᠨ ᠵᠠᠭ᠍ᠪᠤᠷ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ 《ᠵᠠᠷᠭᠤᠯᠳᠤᠬᠤ ᠡᠴᠨ ᠡᠮᠦᠨ᠎ᠠ ᠭᠦᠶ᠋ᠴᠡᠳᠭᠡᠬᠦ᠌》᠂ 《ᠵᠠᠷᠭᠤ᠎ᠶ᠋ᠢ ᠭᠥᠯᠢᠶᠡᠨ ᠠᠪᠤᠪᠠᠯ ᠳᠠᠷᠤᠶ᠎ᠳᠤᠨᠢ ᠭᠦᠶ᠋ᠴᠡᠳᠭᠡᠬᠦ᠌》 ᠶ᠋ᠢ ᠠᠭᠤᠰᠤᠯᠴᠠᠭᠤᠯᠵᠤ᠂ ᠵᠥᠷᠢᠴᠡᠯ᠎ᠢ ᠡᠶᠡᠳᠡᠭᠦᠯᠬᠦ᠌᠂ ᠰᠡᠳᠭᠢᠴᠡ᠎ᠶ᠋ᠢᠨ ᠵᠥᠪᠯᠡᠯᠭᠡ ᠥᠭ᠌ᠬᠦ᠂ ᠬᠠᠤᠯᠢ ᠴᠠᠭᠠᠵᠠ᠎ᠶ᠋ᠢᠨ ᠵᠥᠪᠯᠡᠯᠭᠡ ᠥᠭ᠌ᠬᠦ᠂ ᠠᠷᠠᠳ᠎ᠤᠨ ᠰᠠᠨᠠᠯ ᠢ᠋ ᠴᠤᠭ᠍ᠯᠠᠭᠤᠯᠬᠤ ᠵᠡᠷᠭᠡ ᠴᠢᠳᠠᠮᠵᠢ᠎ᠶ᠋ᠢ ᠨᠢᠭᠡ ᠴᠣᠭ᠍ᠴᠠᠵᠢᠭᠤᠯᠤᠭ᠍ᠰᠠᠨ 《ᠰᠦᠯᠵᠢᠶᠡᠨ ᠳᠡᠭᠡᠷᠡᠬᠢ ᠹᠸᠩᠴᠢᠶᠤᠤ》 ᠦᠭᠡ ᠦᠯᠡᠳᠡᠭᠡᠬᠦ᠌ ᠰᠠᠮᠪᠠᠷ᠎ᠠ᠎ᠶ᠋ᠢ ᠪᠠᠢᠭᠤᠯᠵᠤ᠂ 《ᠴᠤᠭ᠍ᠯᠠᠭᠤᠯᠬᠤ᠂ ᠰᠤᠳᠤᠯᠤᠨ ᠮᠠᠭᠠᠳᠯᠠᠬᠤ᠂ ᠱᠢᠶ᠋ᠳᠪᠦᠷᠢᠯᠡᠬᠦ᠂ ᠬᠠᠷᠢᠭᠤ ᠲᠤᠰᠬᠠᠬᠤ》 ᠪᠢᠳᠡᠬᠦᠦ ᠴᠠᠭᠠᠷᠢᠭ ᠤ᠋ᠨ ᠬᠠᠮᠢᠶᠠᠷᠤᠯᠳᠠ ᠵᠢ ᠪᠡᠶᠡᠯᠡᠬᠦᠯᠪᠡ᠃ ᠨᠢᠳᠤᠨᠤᠨ᠎ᠤ 3 ᠰᠠᠷ᠎ᠠ᠎ᠶ᠋ᠢᠨ ᠰᠡᠭᠦᠯᠴᠢ᠎ᠪᠡᠷ ᠰᠦᠯᠵᠢᠶᠡᠨ᠎ᠳᠦ ᠭᠠᠷᠭᠠᠭ᠍ᠰᠠᠨ᠎ᠠᠴᠠ ᠨᠠᠭᠠᠰᠢ᠂ 4000 ᠭᠠᠷᠤᠢ ᠬᠤᠪᠢ ᠦᠯᠡᠳᠡᠭᠡᠭ᠌ᠰᠡᠨ ᠦᠭᠡ ᠣᠯᠵᠤ᠂ 828 ᠬᠤᠪᠢ ᠵᠥᠷᠢᠴᠡᠯ ᠵᠠᠭᠤᠷᠠᠯᠳᠤᠭᠠᠨ᠎ᠢ ᠪᠦᠲᠦᠮᠵᠢᠲᠡᠢ ᠱᠢᠢᠳᠪᠦᠷᠢᠯᠡᠵᠦ᠍᠂ ᠬᠠᠤᠯᠢ ᠴᠠᠭᠠᠵᠠ᠎ᠶ᠋ᠢᠨ ᠯᠠᠪᠯᠠᠭ᠎ᠠ᠎ᠳᠤ 1926 ᠤᠳᠠᠭ᠎ᠠ ᠬᠠᠷᠢᠭᠤᠯᠲᠠ ᠥᠭ᠌ᠴᠦ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ 1890 ᠵᠤᠷᠪᠤᠰ ᠴᠤᠭ᠍ᠯᠠᠭᠤᠯᠵᠤ᠂ ᠤᠯᠠᠨ ᠲᠦᠮᠡᠨ ᠤ᠋ 《ᠭᠡᠷ᠎ᠡᠴᠡ᠎ᠪᠡᠨ ᠭᠠᠷᠬᠤ ᠦᠭᠡᠢ》᠎ᠪᠠᠷ ᠬᠡᠷᠡᠭ ᠰᠢᠢᠳᠪᠤᠷᠢᠯᠡᠬᠦ ᠵᠢ ᠪᠡᠶᠡᠯᠡᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号