《ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠤᠯᠤᠰ᠎ᠢᠶᠠᠨ ᠬᠦᠴᠦᠷᠬᠡᠭ᠌ᠵᠢᠭᠦᠯᠬᠦ·ᠠᠭᠤᠤ ᠶᠡᠬᠡ ᠰᠡᠷᠭᠦᠨ ᠮᠠᠨᠳᠤᠯᠲᠠ》 ᠭᠡᠬᠦ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠶᠠᠪᠤᠬᠳᠠᠪᠠ
2026-01-09 11:12:27
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠭᠤᠯᠭ᠎ᠠ ᠺᠠᠳ᠋ᠷ ᠠᠵᠢᠯᠲᠠᠨ ᠠᠵᠢᠯᠴᠢᠨ ᠵᠢᠡᠨ ᠵᠣᠬᠢᠶᠠᠨ ᠪᠠᠢᠭᠤᠯᠵᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠣᠷᠳᠣᠨ᠎ᠳᠤ ᠬᠦᠷᠴᠦ᠍᠂ 《ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠢᠶᠡᠷ ᠤᠯᠤᠰ᠎ᠢᠶᠠᠨ ᠬᠦᠴᠦᠷᠬᠡᠭ᠌ᠵᠢᠭᠦᠯᠬᠦ᠌·ᠠᠭᠤᠤ ᠶᠡᠬᠡ ᠰᠡᠷᠭᠦᠨ ᠮᠠᠨᠳᠤᠯᠲᠠ》 ᠭᠡᠬᠦ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃ 

ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠨᠢ《ᠨᠤᠭᠤᠷᠠᠰᠢ ᠦᠭᠡᠢ ᠡᠷᠢᠯᠬᠢᠯᠡᠯ》᠂ 《ᠥᠪᠡᠷ᠎ᠢ᠎ᠪᠡᠨ ᠬᠦᠴᠦᠷᠬᠡᠭ᠌ᠵᠢᠭᠦᠯᠬᠦ᠌ ᠠᠯᠬᠤᠭ᠎ᠠ》᠂ 《ᠰᠡᠷᠭᠦᠨ ᠮᠠᠨᠳᠤᠯᠲᠠ᠎ᠶ᠋ᠢᠨ ᠠᠶᠠᠨ ᠵᠠᠮ》 ᠵᠡᠷᠭᠡ ᠲᠤᠯᠤᠭᠠᠨ ᠦᠵᠡᠬᠦᠯᠬᠡ᠎ᠶᠢᠨ ᠲᠤᠭᠤᠷᠢᠨ᠎ᠳᠤ ᠶᠠᠪᠤᠬᠳᠠᠵᠦ᠂ ᠲᠤᠬᠠᠢ᠎ᠶᠢᠨ ᠲᠠᠯᠠᠪᠠᠢ ᠵᠢᠨ ᠲᠠᠢᠯᠪᠤᠷᠢᠯᠠᠯᠲᠠ ᠨᠢ ᠬᠣᠱᠢᠭᠤᠷᠠᠯ ᠲᠣᠭᠠᠴᠢᠯᠠᠭ᠍ᠰᠠᠨ ᠮᠡᠷᠭᠡᠵᠢᠯ᠂ ᠠᠬᠤᠢ ᠪᠠᠢᠳᠠᠯ᠎ᠢ ᠲᠠᠬᠢᠨ ᠢᠯᠡᠷᠡᠭᠦᠯᠬᠦ᠌ ᠪᠠ ᠪᠡᠶᠡᠴᠢᠯᠡᠨ ᠣᠢᠯᠠᠭᠠᠭᠤᠯᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠨ᠂ ᠳᠤᠮᠳᠠᠳᠤ᠎ᠶ᠋ᠢᠨ ᠦᠨᠳᠦᠰᠦᠲᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠠᠢᠨ ᠰᠦᠪᠡᠭ᠌ᠴᠢᠯᠡᠯᠲᠡ᠎ᠶ᠋ᠢᠨ ᠪᠡᠷᠬᠡ ᠬᠠᠲᠠᠭᠤᠵᠢᠯᠲᠠᠢ ᠥᠩᠭᠡᠷᠡᠯᠲᠡ ᠪᠣᠯᠤᠨ ᠭᠡᠷᠡᠯ ᠰᠠᠴᠤᠷᠠᠩᠭᠤᠢ ᠠᠮᠵᠢᠯᠲᠠ᠎ᠶ᠋ᠢ ᠱᠢᠰᠲᠸᠮ ᠲᠠᠢ ᠢᠯᠡᠷᠡᠭᠦᠯᠵᠦ᠍᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠢᠯᠠᠩᠭᠤᠶ᠎ᠠ ᠱᠢᠨ᠎ᠡ ᠴᠠᠭ ᠦᠶ᠎ᠡ᠎ᠡᠴᠡ ᠨᠠᠭᠠᠱᠢᠬᠢ ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠢᠯᠡᠰ᠎ᠦᠨ ᠣᠯᠤᠭ᠍ᠰᠠᠨ ᠲᠡᠦᠬᠡᠲᠦ ᠴᠢᠨᠠᠷᠲᠠᠢ ᠱᠢᠪᠲᠤᠯᠤᠯᠲᠠ ᠪᠣᠯᠤᠨ ᠬᠥᠭ᠌ᠵᠢᠯᠲᠡ᠎ᠶ᠋ᠢᠨ ᠬᠤᠪᠢᠰᠤᠯᠲᠠ᠎ᠶ᠋ᠢ ᠠᠮᠢᠳᠤᠯᠢᠭ᠎ᠢᠶᠠᠷ ᠳᠡᠯᠭᠡᠨ ᠦᠵᠡᠬᠦᠯᠪᠡ᠃ ᠠᠵᠢᠯᠯᠠᠭ᠎ᠠ᠎ᠳᠤ ᠣᠷᠣᠯᠴᠠᠭ᠍ᠰᠠᠨ ᠺᠠᠳ᠋ᠷ ᠠᠵᠢᠯᠲᠠᠨ ᠠᠵᠢᠯᠴᠢᠨ ᠡᠴᠡ᠂ ᠲᠣᠰ ᠤᠳᠠᠭᠠᠨ᠎ᠤ ᠭᠦᠨᠵᠡᠭᠡᠶ ᠰᠤᠷᠤᠯᠴᠠᠯᠭ᠎ᠠ ᠪᠣᠯ ᠨᠢᠭᠡ ᠤᠳᠠᠭᠠᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠶ᠋ᠢᠨ ᠥᠩᠭᠡᠷᠡᠯᠲᠡ ᠪᠣᠯᠬᠤ ᠪᠥᠭᠡᠳ ᠪᠠᠰᠠ ᠴᠤ᠌ ᠨᠢᠭᠡ ᠤᠳᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠂ ᠡᠭᠦᠷᠭᠡ ᠬᠠᠷᠢᠭᠤᠴᠠᠯᠭᠠᠳᠦ ᠰᠡᠳᠬᠢᠯᠭᠡ ᠵᠢ ᠴᠢᠩᠭᠠᠳᠭᠠᠬᠤ ᠦᠵᠡᠯ ᠰᠠᠨᠠᠭᠠᠨ᠎ᠤ ᠳᠠᠢᠴᠢᠯᠠᠯᠲᠠ ᠪᠤᠯᠤᠨ᠎ᠠ᠃ ᠬᠤᠢᠰᠢᠲᠠ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠬᠦ᠌᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠠᠬᠢᠭᠤᠯᠬᠤ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠳᠦ ᠪᠤᠳᠤᠯ᠎ᠢᠶᠠᠨ ᠴᠢᠩᠭᠠᠳᠭᠠᠵᠤ᠂ ᠤᠬᠠᠮᠰᠠᠷ᠎ᠠᠴᠠ᠎ᠪᠠᠨ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠡᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠢᠯᠡᠳᠦᠯᠭᠡ ᠪᠣᠯᠭᠠᠨ ᠬᠤᠪᠢᠷᠠᠭᠤᠯᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠷᠬᠡᠢᠯᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号