ᠨᠠᠢᠷᠠᠭᠤᠯᠤᠭᠴᠢ ᠶ᠋ᠢᠨ ᠦᠭᠡ᠄
2026 ᠤᠨ ᠪᠤᠯ 《ᠠᠷᠪᠠᠨ ᠳᠠᠪᠤᠳᠤᠭᠠᠷ ᠳᠠᠪᠤᠨ ᠵᠢᠯ》 ᠤ᠋ᠨ ᠡᠬᠢᠯᠡᠯᠳᠡ ᠶ᠋ᠢᠨ ᠵᠢᠯ ᠪᠤᠯᠤᠨ᠎ᠠ᠃ ᠤᠢᠷ᠎ᠠ ᠳ᠋ᠤ ᠬᠤᠷᠠᠯᠳᠤᠭᠰᠠᠨ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠡᠴᠡ ᠮᠠᠨ ᠤ᠋ ᠤᠯᠤᠰ ᠤ᠋ᠨ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》 ᠤ᠋ ᠠᠵᠢᠯ ᠳ᠋ᠤ ᠲᠤᠯᠭᠠᠷᠠᠵᠤ ᠪᠠᠢᠭ᠎ᠠ ᠪᠠᠢᠳᠠᠯ ᠪᠤᠯᠤᠨ ᠦᠷᠢᠰᠦᠯᠳᠦᠭᠡᠨ ᠢ᠋ ᠵᠠᠳᠠᠯᠵᠤ᠂ 2026 ᠤᠨ ᠤ᠋ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》 ᠤ᠋ ᠠᠵᠢᠯ ᠢ᠋ ᠪᠠᠢᠷᠢᠯᠠᠭᠤᠯᠪᠠ᠃ ᠬᠤᠷᠠᠯ ᠤ᠋ᠨ ᠵᠤᠷᠢᠭ ᠰᠠᠨᠠᠭ᠎ᠠ ᠶ᠋ᠢ ᠰᠠᠢᠳᠦᠷ ᠰᠤᠷᠤᠯᠴᠠᠨ ᠤᠢᠯᠠᠭᠠᠬᠤ ᠳ᠋ᠤ ᠲᠤᠰᠠ ᠲᠠᠮ ᠪᠤᠯᠬᠤ ᠶ᠋ᠢᠨ ᠲᠦᠯᠦᠭᠡ᠂ ᠡᠨᠡ ᠡᠳᠦᠷ ᠡᠴᠡ ᠡᠬᠢᠯᠡᠨ 《ᠰᠢᠨ᠎ᠠ ᠬᠦᠳᠡᠭᠡ》 ᠲᠤᠰᠬᠠᠢ ᠬᠡᠪᠯᠡᠯ ᠳ᠋ᠤ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠡᠴᠡ ᠬᠢᠭᠰᠡᠨ 2026 ᠤᠨ ᠤ᠋ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》 ᠤ᠋ ᠠᠵᠢᠯ ᠤ᠋ᠨ ᠴᠢᠬᠤᠯᠠ ᠪᠠᠢᠷᠢᠯᠠᠭᠤᠯᠤᠯᠳᠠ ᠶ᠋ᠢᠨ ᠲᠤᠬᠠᠢ ᠲᠠᠢᠯᠤᠮᠵᠢ ᠶ᠋ᠢ ᠵᠠᠯᠭᠠᠭ᠎ᠠ ᠪᠡᠷ ᠨᠡᠢᠳᠡᠯᠡᠬᠦ ᠪᠤᠯᠤᠨ᠎ᠠ᠃
ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠡᠴᠡ᠂ ᠬᠥᠳᠡᠭᠡ ᠠᠵᠤ ᠠᠬᠤᠢ ᠬᠥᠳᠡᠭᠡ ᠲᠣᠰᠭᠣᠨ ᠤ᠋ ᠣᠳᠣᠬᠢᠴᠢᠯᠠᠯᠲᠠ ᠳ᠋ᠤ ᠠᠨᠭᠬᠠᠷᠤᠯ ᠵᠢᠨᠨ ᠲᠥᠪᠯᠡᠷᠡᠬᠥᠯᠥᠨ᠂ ᠬᠥᠳᠡᠭᠡ ᠲᠣᠰᠭᠣᠨ ᠢ᠋ ᠪᠦᠬᠦ᠌ ᠲᠠᠯ᠎ᠠ ᠪᠠᠷ ᠬᠥᠭ᠌ᠵᠢᠭᠦᠯᠦᠨ ᠮᠠᠨᠳᠤᠭᠤᠯᠬᠤ ᠶ᠋ᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠ ᠬᠥᠳᠡᠭᠡ ᠶ᠋ᠢᠨ ᠠᠭᠤᠰᠤᠯᠴᠠᠨ ᠬᠥᠭ᠌ᠵᠢᠬᠦ᠌ ᠶ᠋ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠳᠤᠮᠳᠠᠳᠤ ᠤᠯᠤᠰ ᠤ᠋ᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠬᠦᠳᠡᠭᠡ ᠲᠤᠰᠬᠤᠨ ᠤ᠋ ᠬᠦᠭᠵᠢᠯᠳᠡ ᠶ᠋ᠢ ᠰᠤᠳᠤᠯᠬᠤ ᠭᠠᠵᠠᠷ ᠤ᠋ᠨ ᠤᠤᠯ ᠤ᠋ᠨ ᠳᠠᠷᠤᠭ᠎ᠠ ᠸᠧᠢ ᠾᠧᠤ ᠺᠠᠢ᠄ ᠬᠥᠳᠡᠭᠡ ᠠᠵᠤ ᠠᠬᠤᠢ ᠬᠥᠳᠡᠭᠡ ᠲᠣᠰᠭᠣᠨ ᠤ᠋ ᠣᠳᠣᠬᠢᠴᠢᠯᠠᠯᠲᠠ ᠶ᠋ᠢᠨ ᠶᠡᠷᠦᠩᠬᠡᠢ ᠬᠠᠷᠠᠯᠳᠠ ᠶ᠋ᠢ ᠪᠠᠳᠤ ᠡᠵᠡᠮᠳᠡᠬᠦ ᠪᠤᠯ ᠮᠠᠨ ᠤ᠋ ᠤᠯᠤᠰ ᠤ᠋ᠨ ᠤᠳᠤᠬᠢᠴᠢᠯᠠᠯᠳᠠ ᠶ᠋ᠢᠨ ᠪᠦᠲᠦᠭᠡᠨ ᠪᠠᠢᠭᠤᠯᠤᠯᠳᠠ ᠶ᠋ᠢᠨ ᠵᠢᠮ᠎ᠠ ᠬᠠᠤᠯᠢ ᠶ᠋ᠢ ᠭᠦᠨᠵᠡᠭᠡᠢ ᠡᠵᠡᠮᠳᠡᠭᠰᠡᠨ ᠰᠠᠭᠤᠷᠢᠨ ᠳ᠋ᠤ ᠭᠠᠷᠭᠠᠭᠰᠠᠨ ᠴᠢᠬᠤᠯᠠ ᠶᠡᠬᠡ ᠮᠠᠭᠠᠳᠯᠠᠯᠳᠠ ᠪᠠᠢᠵᠤ᠂ ᠨᠠᠮ ᠤ᠋ᠨ ᠲᠦᠪ ᠬᠤᠷᠢᠶ᠎ᠠ ᠶ᠋ᠢᠨ ᠰᠢᠨ᠎ᠠ ᠴᠠᠭ ᠦᠶ᠎ᠠ ᠰᠢᠨ᠎ᠠ ᠠᠶᠠᠯᠠᠯ ᠳ᠋ᠡᠬᠢ ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠬᠦᠭᠵᠢᠯᠳᠡ ᠶ᠋ᠢᠨ ᠪᠠᠢᠳᠠᠯ ᠪᠠ ᠪᠠᠢᠯᠳᠤᠬᠤ ᠪᠤᠳᠤᠯᠭ᠎ᠠ ᠶ᠋ᠢᠨ ᠪᠠᠢᠷᠢ ᠰᠠᠭᠤᠷᠢ ᠶ᠋ᠢᠨ ᠲᠤᠬᠠᠢ ᠭᠦᠨᠵᠡᠭᠡᠢ ᠲᠠᠨᠢᠯᠳᠠ ᠶ᠋ᠢ ᠬᠠᠷᠠᠭᠤᠯᠵᠤ ᠪᠠᠢᠨ᠎ᠠ᠃
《ᠠᠷᠪᠠᠨ ᠳᠦᠷᠪᠡᠳᠦᠭᠡᠷ ᠳᠠᠪᠤᠨ ᠵᠢᠯ》 ᠢ᠋ ᠡᠷᠬᠢᠴᠡᠭᠦᠯᠦᠶᠠ᠂ 14 ᠳ᠋ᠦᠩᠰᠢᠭᠤᠷ ᠭᠠᠷᠤᠢ ᠬᠦᠮᠦᠨ ᠠᠮᠠ ᠶ᠋ᠢᠨ 《ᠪᠤᠳᠠᠭᠠᠨ ᠠᠶᠠᠭ᠎ᠠ》 ᠶ᠋ᠢ ᠤᠯᠠᠮ ᠴᠢᠩᠭ᠎ᠠ ᠠᠳᠬᠤᠵᠤ᠂ ᠶᠠᠳᠠᠭᠤ ᠡᠴᠡ ᠠᠩᠬᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠠ ᠪᠦᠲᠦᠭᠡᠯ ᠢ᠋ ᠤᠯᠠᠮ ᠨᠢᠭᠡ ᠠᠯᠬᠤᠮ ᠪᠡᠬᠢᠵᠢᠭᠦᠯᠦᠨ ᠦᠷᠭᠡᠳᠭᠡᠵᠦ᠂ ᠲᠠᠷᠢᠶᠠᠴᠢᠳ ᠤ᠋ᠨ ᠠᠮᠢᠳᠤᠷᠠᠯ ᠨᠡᠩ ᠪᠡᠶᠠᠨ ᠴᠢᠨᠡᠭᠡᠯᠢᠭ ᠡᠯᠪᠡᠭ ᠪᠠᠶᠠᠯᠢᠭ ᠪᠤᠯᠵᠤ᠂ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》 ᠤ᠋ ᠠᠵᠢᠯ ᠨᠢ ᠠᠵᠤ ᠠᠬᠤᠢ ᠨᠡᠢᠭᠡᠮ ᠤ᠋ᠨ ᠴᠢᠨᠠᠷ ᠰᠠᠢᠳᠠᠢ ᠬᠦᠭᠵᠢᠯᠳᠡ ᠶ᠋ᠢ ᠠᠬᠢᠭᠤᠯᠬᠤ ᠳ᠋ᠤ ᠡᠷᠴᠢᠮᠳᠠᠢ ᠲᠤᠯᠭᠠᠭᠤᠷᠢᠯᠠᠯ ᠬᠠᠩᠭᠠᠵᠠᠢ᠃
ᠨᠡᠢᠭᠡᠮ ᠵᠢᠷᠦᠮᠳᠤ ᠤᠳᠤᠬᠢᠴᠢᠯᠠᠭᠰᠠᠨ ᠤᠯᠤᠰ ᠢ᠋ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠳ᠋ᠤ ᠰᠠᠭᠤᠷᠢ ᠨᠢ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》 ᠤ᠋ ᠠᠵᠢᠯ ᠳ᠋ᠤ ᠪᠤᠢ᠂ ᠳᠤᠳᠠᠭᠤᠳᠠᠯ ᠪᠠ ᠳᠠᠯᠳᠠ ᠬᠦᠴᠦᠨ ᠨᠢ ᠴᠤ᠌ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》 ᠤ᠋ ᠠᠵᠢᠯ ᠳ᠋ᠤ ᠪᠤᠢ᠃
ᠨᠠᠮ ᠤ᠋ᠨ ᠬᠤᠷᠢᠳᠤᠭᠠᠷ ᠬᠤᠭᠤᠴᠠᠭᠠᠨ ᠤ᠋ ᠲᠦᠪ ᠬᠤᠷᠢᠶ᠎ᠠ ᠶ᠋ᠢᠨ ᠳᠦᠷᠪᠡᠳᠦᠭᠡᠷ ᠪᠦᠬᠦᠳᠠ ᠬᠤᠷᠠᠯ ᠡᠴᠡ ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠤᠳᠤᠬᠢᠴᠢᠯᠠᠯᠳᠠ ᠳ᠋ᠤ ᠪᠠᠢᠯᠳᠤᠬᠤ ᠪᠤᠳᠤᠯᠭ᠎ᠠ ᠶ᠋ᠢᠨ ᠪᠠᠢᠷᠢᠯᠠᠭᠤᠯᠤᠯᠳᠠ ᠬᠢᠵᠠᠢ᠃ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠡᠴᠡ ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠤᠳᠤᠬᠢᠴᠢᠯᠠᠯᠳᠠ ᠨᠢ ᠳᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠳᠠ ᠶ᠋ᠢᠨ ᠪᠦᠬᠦ ᠲᠠᠯ᠎ᠠ ᠪᠤᠯᠤᠨ ᠶᠠᠰᠤ ᠴᠢᠨᠠᠷ ᠲᠤ᠌ ᠬᠤᠯᠪᠤᠭᠳᠠᠨ᠎ᠠ᠂ ᠡᠷᠬᠡᠪᠰᠢ ᠬᠦᠳᠡᠭᠡ ᠠᠵᠤ ᠠᠬᠤᠢ ᠶ᠋ᠢᠨ ᠬᠦᠴᠦᠷᠬᠡᠭ ᠤᠯᠤᠰ ᠢ᠋ ᠱᠠᠯᠠᠪᠳᠠᠨ ᠪᠦᠳᠦᠬᠡᠨ ᠪᠠᠢᠭᠤᠯᠬᠤ ᠬᠡᠷᠡᠭᠳᠠᠢ ᠭᠡᠵᠦ ᠴᠢᠬᠤᠯᠠᠴᠢᠯᠠᠪᠠ᠃ ᠬᠤᠷᠠᠯ ᠳ᠋ᠤ ᠪᠠᠰᠠ 《ᠬᠥᠳᠡᠭᠡ ᠠᠵᠤ ᠠᠬᠤᠢ ᠬᠥᠳᠡᠭᠡ ᠲᠣᠰᠭᠣᠨ ᠤ᠋ ᠣᠳᠣᠬᠢᠴᠢᠯᠠᠯᠲᠠ ᠳ᠋ᠤ ᠠᠩᠬᠠᠷᠤᠯ ᠵᠢᠨᠨ ᠲᠦᠪᠯᠡᠷᠡᠬᠦᠯᠤᠨ᠂ ᠬᠥᠳᠡᠭᠡ ᠲᠣᠰᠭᠣᠨ ᠢ᠋ ᠪᠦᠬᠦ᠌ ᠲᠠᠯ᠎ᠠ ᠪᠠᠷ ᠬᠥᠭ᠌ᠵᠢᠭᠦᠯᠦᠨ ᠮᠠᠨᠳᠤᠭᠤᠯᠬᠤ ᠶ᠋ᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶ᠎ᠠ᠂ ᠲᠦᠷᠦ᠍ ᠶ᠋ᠢᠨ ᠶᠠᠪᠤᠳᠠᠯ ᠤ᠋ᠨ ᠬᠣᠷᠢᠶ᠎ᠠ ᠶ᠋ᠢᠨ ᠰᠠᠨᠠᠯ (ᠶᠠᠷᠢᠯᠴᠠᠬᠤ ᠨᠤᠤᠷᠠᠭ)》 ᠢ᠋ ᠶᠠᠷᠢᠯᠴᠠᠵᠠᠢ᠃
ᠪᠡᠭᠡᠵᠢᠩ ᠤ᠋ᠨ ᠶᠡᠬᠡ ᠰᠤᠷᠭᠠᠭᠤᠯᠢ ᠶ᠋ᠢᠨ ᠤᠳᠤ ᠦᠶ᠎ᠠ ᠶ᠋ᠢᠨ ᠲᠠᠷᠢᠶᠠᠯᠠᠩ ᠤ᠋ᠨ ᠰᠤᠳᠤᠯᠤᠯ ᠤ᠋ᠨ ᠳᠡᠭᠡᠳᠦ ᠰᠤᠷᠭᠠᠭᠤᠯᠢ ᠶ᠋ᠢᠨ ᠳᠠᠷᠤᠭ᠎ᠠ ᠬᠤᠸᠠᠩ ᠵᠢᠢ ᠺᠦᠨ᠄ ᠭᠠᠵᠠᠷ ᠤᠷᠤᠨ ᠤ᠋ ᠪᠤᠳᠠᠳᠤ ᠪᠠᠢᠳᠠᠯ ᠳ᠋ᠠᠭᠠᠨ ᠳᠤᠬᠢᠷᠠᠭᠤᠯᠤᠨ ᠬᠦᠳᠡᠭᠡ ᠠᠵᠤ ᠠᠬᠤᠢ ᠶ᠋ᠢᠨ ᠰᠢᠨ᠎ᠠ ᠴᠢᠨᠠᠷ ᠤ᠋ᠨ ᠦᠢᠯᠡᠳᠪᠤᠷᠢᠯᠡᠯ ᠤ᠋ᠨ ᠬᠦᠴᠦᠨ ᠢ᠋ ᠬᠦᠭᠵᠢᠭᠦᠯᠬᠦ ᠡᠴᠡ ᠬᠦᠳᠡᠭᠡ ᠲᠤᠰᠬᠤᠨ ᠤ᠋ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ᠋ ᠦᠷᠭᠦᠯᠵᠢᠯᠡᠨ ᠴᠡᠭᠴᠡᠯᠡᠨ ᠵᠠᠰᠠᠵᠤ ᠰᠠᠢᠵᠢᠷᠠᠭᠤᠯᠬᠤ ᠪᠤᠯᠳᠠᠯ᠎ᠠ᠂ ᠳᠠᠬᠢᠨ ᠬᠦᠳᠡᠭᠡ ᠲᠤᠰᠬᠤᠨ ᠤ᠋ ᠦᠭᠡᠷᠡᠴᠢᠯᠡᠯᠳᠡ ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠪᠤᠯᠳᠠᠯ᠎ᠠ᠂ ᠬᠤᠷᠠᠯ ᠤ᠋ᠨ ᠰᠢᠷᠢᠰ ᠪᠠᠢᠷᠢᠯᠠᠭᠤᠯᠤᠯᠳᠠ ᠨᠢ ᠴᠦᠮ ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠤᠳᠤᠬᠢᠴᠢᠯᠠᠯᠳᠠ ᠶ᠋ᠢᠨ ᠶᠡᠷᠦᠩᠬᠡᠢ ᠬᠠᠷᠠᠯᠳᠠ ᠳ᠋ᠤ ᠴᠢᠭᠯᠡᠭᠦᠯᠵᠦ᠂ ᠬᠦᠳᠡᠭᠡ ᠠᠵᠤ ᠠᠬᠤᠢ ᠬᠦᠳᠡᠭᠡ ᠲᠤᠰᠬᠤᠨ ᠢ᠋ ᠤᠷᠢᠳ ᠶ᠋ᠢᠡᠷ ᠬᠦᠭᠵᠢᠭᠦᠯᠬᠦ ᠱᠠᠭᠠᠷᠳᠠᠯᠭ᠎ᠠ ᠶ᠋ᠢ ᠨᠠᠢᠳᠠᠪᠤᠷᠢᠵᠢᠭᠤᠯᠬᠤ ᠶ᠋ᠢ ᠬᠠᠷᠠᠭᠤᠯᠪᠠ᠃
ᠳᠤᠮᠳᠠᠳᠤ ᠤᠯᠤᠰ ᠤ᠋ᠨ ᠨᠡᠢᠭᠡᠮ ᠤ᠋ᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠬᠦᠳᠡᠭᠡ ᠲᠤᠰᠬᠤᠨ ᠤ᠋ ᠬᠦᠭᠵᠢᠯᠳᠡ ᠶ᠋ᠢ ᠰᠤᠳᠤᠯᠬᠤ ᠭᠠᠵᠠᠷ ᠤ᠋ᠨ ᠤᠤᠯ ᠤ᠋ᠨ ᠳᠠᠷᠤᠭ᠎ᠠ ᠸᠧᠢ ᠾᠧᠤ ᠺᠠᠢ᠄ ᠬᠥᠳᠡᠭᠡ ᠠᠵᠤ ᠠᠬᠤᠢ ᠬᠥᠳᠡᠭᠡ ᠲᠣᠰᠭᠣᠨ ᠤ᠋ ᠣᠳᠣᠬᠢᠴᠢᠯᠠᠯᠲᠠ ᠳ᠋ᠤ ᠠᠨᠭᠬᠠᠷᠤᠯ ᠵᠢᠨᠨ ᠲᠥᠪᠯᠡᠷᠡᠬᠥᠯᠬᠦ ᠳ᠋ᠤ ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠬᠦᠭᠵᠢᠯᠳᠡ ᠶ᠋ᠢ ᠢᠮᠠᠭᠳᠠ ᠨᠡᠢᠭᠡᠮ ᠵᠢᠷᠦᠮᠳᠤ ᠤᠳᠤᠬᠢᠴᠢᠯᠠᠭᠰᠠᠨ ᠤᠯᠤᠰ ᠢ᠋ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠶᠡᠬᠡ ᠲᠠᠯ᠎ᠠ ᠳ᠋ᠤ ᠲᠠᠯᠪᠢᠨ ᠲᠦᠰᠦᠪᠯᠡᠨ ᠠᠬᠢᠭᠤᠯᠵᠤ ᠂ ᠡᠯ᠎ᠠ ᠱᠠᠳᠤᠨ ᠤ᠋ ᠨᠠᠮ ᠤ᠋ᠨ ᠬᠤᠷᠢᠶ᠎ᠠ ᠪᠠ ᠵᠠᠰᠠᠭ ᠤ᠋ᠨ ᠤᠷᠳᠤᠨ 《 ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ 》 ᠤ᠋ ᠠᠰᠠᠭᠤᠳᠠᠯ ᠢ᠋ ᠰᠠᠢᠳᠦᠷ ᠰᠢᠢᠳᠪᠤᠷᠢᠯᠡᠬᠦ ᠶ᠋ᠢ ᠪᠦᠬᠦ ᠠᠵᠢᠯ ᠤ᠋ᠨ ᠭᠤᠤᠯᠳᠠᠯᠭ᠎ᠠ ᠶ᠋ᠢᠨ ᠲᠤᠳᠤᠷᠠᠬᠢ ᠭᠤᠤᠯᠳᠠᠯᠭ᠎ᠠ ᠪᠤᠯᠭᠠᠬᠤ ᠶ᠋ᠢ ᠪᠠᠷᠢᠮᠳᠠᠯᠠᠵᠤ ᠂ ᠡᠬᠢ ᠪᠠᠶᠠᠯᠢᠭ ᠴᠢᠬᠤᠯᠠ ᠬᠦᠴᠦᠨ ᠵᠦᠢᠯ ᠤ᠋ᠨ ᠳᠡᠮᠵᠢᠯᠭᠡ ᠪᠠ ᠳᠦᠷᠢᠮ ᠤ᠋ᠨ ᠬᠠᠩᠭᠠᠯᠭ᠎ᠠ ᠶ᠋ᠢ ᠴᠢᠩᠭᠠᠳᠬᠠᠨ ᠂ ᠬᠦᠳᠡᠭᠡ ᠠᠵᠤ ᠠᠬᠤᠢ ᠬᠦᠳᠡᠭᠡ ᠲᠤᠰᠬᠤᠨ ᠢ᠋ ᠤᠷᠢᠳ ᠶ᠋ᠢᠡᠷ ᠬᠦᠭᠵᠢᠭᠦᠯᠬᠦ ᠶ᠋ᠢ ᠦᠨᠡᠨ ᠬᠦ᠌ ᠪᠦᠬᠦ ᠨᠠᠮ ᠪᠦᠬᠦ ᠨᠡᠢᠭᠡᠮ ᠤ᠋ᠨ ᠬᠠᠮᠳᠤ ᠶ᠋ᠢᠨ ᠵᠤᠷᠢᠭ ᠰᠠᠨᠠᠭ᠎ᠠ᠂ ᠬᠠᠮᠳᠤ ᠶ᠋ᠢᠨ ᠠᠵᠢᠯᠯᠠᠭ᠎ᠠ ᠪᠤᠯᠭᠠᠬᠤ ᠬᠡᠷᠡᠭᠳᠠᠢ᠃
(ᠰᠢᠨᠬᠤᠸᠠ ᠰᠦᠯᠵᠢᠶ᠎ᠠ ᠡᠴᠡ ᠨᠠᠢᠷᠠᠭᠤᠯᠤᠨ ᠤᠷᠴᠢᠭᠤᠯᠵᠤ ᠠᠪᠤᠪᠠ)