ᠠᠷᠪᠠᠨ ᠬᠣᠶᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠣᠯᠠᠨ ᠲᠦᠮᠡᠨᠴᠢ ᠮᠥᠰᠥ᠍ ᠴᠠᠰᠤᠨ᠎ᠤ ᠤᠯᠠᠷᠢᠯ ᠵᠢᠴᠢ ᠬᠥᠬᠡᠬᠣᠲᠠ᠎ᠶ᠋ᠢᠨ ᠵᠢᠷᠭᠤᠳᠤᠭᠠᠷ ᠬᠤᠭᠤᠴᠠᠭᠠᠨ᠎ᠤ ᠮᠥᠰᠥ᠍ ᠴᠠᠰᠤᠨ᠎ᠤ ᠬᠥᠳᠡᠯᠭᠡᠭᠡᠨ᠎ᠦ ᠤᠯᠠᠷᠢᠯ᠎ᠤᠨ ᠠᠵᠢᠯᠯᠠᠭ᠎ᠠ ᠡᠬᠢᠯᠡᠪᠡ
2026-01-09 10:46:00
ᠵᠣᠬᠢᠶᠠᠭ᠍ᠴᠢ᠄
​ ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 6 ᠎ᠤ᠋  ᠦᠳᠡ᠎ᠶ᠋ᠢᠨ ᠡᠮᠦᠨ᠎ᠡ᠂ ᠠᠷᠪᠠᠨ ᠬᠣᠶᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠣᠯᠠᠨ ᠲᠦᠮᠡᠨᠴᠢ ᠮᠥᠰᠥ᠍ ᠴᠠᠰᠤᠨ᠎ᠤ ᠤᠯᠠᠷᠢᠯ ᠵᠢᠴᠢ ᠬᠥᠬᠡᠬᠣᠲᠠ᠎ᠶ᠋ᠢᠨ ᠵᠢᠷᠭᠤᠳᠤᠭᠠᠷ ᠬᠤᠭᠤᠴᠠᠭᠠᠨ᠎ᠤ ᠮᠥᠰᠥ᠍ ᠴᠠᠰᠤᠨ᠎ᠤ ᠬᠥᠳᠡᠯᠭᠡᠭᠡᠨ᠎ᠦ ᠤᠯᠠᠷᠢᠯ᠎ᠤᠨ ᠠᠵᠢᠯᠯᠠᠭ᠎ᠠ ᠬᠦᠬᠡᠬᠤᠲᠠ᠎ᠶᠢᠨ ᠳ᠋ᠦᠩ ᠾᠧ ᠮᠥᠰᠥᠨ ᠲᠠᠯᠠᠪᠠᠶ᠎ᠳᠤ ᠡᠬᠢᠯᠡᠪᠡ᠃

ᠲᠣᠰ ᠬᠤᠭᠤᠴᠠᠭᠠᠨ᠎ᠤ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠤᠯᠠᠷᠢᠯ᠎ᠤᠨ ᠠᠵᠢᠯᠯᠠᠭ᠎ᠠ᠎ᠵᠢ ᠬᠥᠬᠡᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠵᠦ᠍᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠳᠠᠭᠠᠭᠠᠴᠢᠯᠠᠨ ᠡᠷᠭᠢᠯᠡᠪᠡ᠃ ᠠᠵᠢᠯᠯᠠᠭ᠎ᠠ᠎ᠨᠢ ᠬᠣᠲᠠ᠎ᠶ᠋ᠢᠨ ᠠᠷᠠᠳ᠎ᠪᠠ ᠵᠢᠭᠤᠯᠴᠢᠯᠠᠭ᠍ᠰᠠᠳ᠎ᠲᠤ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠂ ᠰᠣᠶᠣᠯ᠎ᠤᠨ ᠣᠢᠯᠠᠭᠠᠯᠲᠠ᠂ ᠰᠣᠨᠢᠷᠬᠠᠯᠲᠤ ᠵᠤᠭ᠎ᠠ ᠴᠡᠩᠭᠡᠯ ᠬᠢᠭᠡᠳ ᠠᠷᠠᠳ᠎ᠲᠤ ᠠᠱᠢᠭ ᠬᠦᠷᠲᠡᠭᠡᠬᠦ᠌ ᠬᠡᠷᠡᠭ᠌ᠯᠡᠭᠡ᠎ᠶ᠋ᠢ ᠨᠢᠭᠡ ᠴᠣᠭ᠍ᠴᠠᠵᠢᠭᠤᠯᠤᠭ᠍ᠰᠠᠨ ᠡᠪᠦᠯ᠎ᠦᠨ ᠤᠯᠠᠷᠢᠯ᠎ᠤᠨ ᠮᠥᠰᠥ᠍ ᠴᠠᠰᠤᠨ᠎ᠤ ᠦᠪᠡᠳᠡᠭ᠌ᠰᠢ ᠳᠠᠢᠯᠠᠯᠭ᠎ᠠ᠎ᠪᠤᠯᠤᠨ᠎ᠠ᠃

ᠲᠣᠰ ᠤᠳᠠᠭᠠᠨ᠎ᠤ ᠠᠵᠢᠯᠯᠠᠭ᠎ᠠ᠎ᠨᠢ ᠬᠥᠬᠡᠬᠣᠲᠠ᠎ᠶ᠋ᠢᠨ 《ᠭᠤᠷᠪᠠᠨ ᠳ᠋ᠦᠩᠱᠢᠭᠤᠷ ᠬᠥᠮᠦᠨ᠎ᠢ ᠳᠠᠢᠴᠢᠯᠠᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠭᠤᠯᠬᠤ》 ᠦᠷ᠎ᠡ ᠪᠦᠲᠦᠭᠡᠯ᠎ᠢ ᠪᠡᠬᠢᠵᠢᠭᠦᠯᠬᠦ᠌ ᠪᠣᠳᠠᠲᠠᠶ ᠠᠵᠢᠯᠯᠠᠭ᠎ᠠ ᠪᠣᠯᠤᠨ᠎ᠠ᠃ ᠮᠥᠰᠥ᠍ ᠴᠠᠰᠤ᠎ᠪᠠᠷ ᠠᠴᠢᠶᠠᠯᠠᠪᠤᠷᠢ ᠪᠣᠯᠭᠠᠵᠤ᠂ ᠬᠥᠳᠡᠯᠭᠡᠭᠡᠨ᠎ᠢᠶᠡᠷ ᠬᠥᠭᠥᠷᠭᠡ ᠪᠣᠯᠭᠠᠵᠤ᠂ ᠣᠯᠠᠨ ᠲᠦᠮᠡᠨ᠎ᠦ ᠡᠪᠦᠯ᠎ᠦᠨ ᠤᠯᠠᠷᠢᠯ᠎ᠤᠨ ᠰᠣᠶᠣᠯ ᠪᠡᠶ᠎ᠡ᠎ᠶ᠋ᠢᠨ ᠲᠠᠮᠢᠷ᠎ᠤᠨ ᠠᠮᠢᠳᠤᠷᠠᠯ᠎ᠢ ᠪᠠᠶᠠᠯᠢᠭ᠍ᠵᠢᠭᠤᠯᠤᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠮᠥᠰᠥ᠍ ᠴᠠᠰᠤᠨ᠎ᠤ 《ᠬᠦᠶ᠋ᠲᠡᠨ ᠡᠬᠢ ᠪᠠᠶᠠᠯᠢᠭ》 ᠎ᠢ᠋ ᠠᠵᠤ ᠠᠬᠤᠶ᠎ᠵᠢ ᠬᠦᠭᠵᠢᠬᠦᠯᠬᠦ ᠬᠦᠳᠡᠯᠭᠡᠭᠦᠷ ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠢᠳᠡᠭᠡᠨ ᠤᠮᠳᠠᠭᠠᠨ᠂ ᠬᠣᠨᠣᠭ ᠪᠠᠭᠤᠳᠠᠯ᠂ ᠵᠠᠮ ᠬᠠᠷᠢᠯᠴᠠᠭ᠎ᠠ᠂ ᠪᠠᠷᠠᠭ᠎ᠠ ᠬᠤᠳᠠᠯᠳᠤᠨ ᠠᠪᠬᠤ᠂ ᠲᠠᠷᠢᠶᠠᠯᠠᠩ᠎ᠤᠨ ᠪᠦᠲᠦᠭᠡᠭ᠌ᠳᠡᠬᠦᠨ ᠵᠡᠷᠭᠡ ᠬᠠᠮᠢᠶ᠎ᠠ ᠪᠥᠬᠥᠶ ᠠᠵᠤ ᠦᠶ᠋ᠯᠡᠰ᠎ᠦᠨ ᠬᠥᠭ᠌ᠵᠢᠯᠲᠡ᠎ᠶ᠋ᠢ ᠳᠠᠢᠴᠢᠯᠠᠵᠤ᠂ 《ᠤᠷᠤᠯᠳᠤᠭᠠᠨ᠎ᠢᠶᠠᠷ ᠵᠢᠭᠤᠯᠴᠢᠯᠠᠯ᠎ᠢ ᠠᠬᠢᠭᠤᠯᠬᠤ᠂ ᠵᠢᠭᠤᠯᠴᠢᠯᠠᠯ᠎ᠢᠶᠠᠷ ᠰᠣᠶᠣᠯ᠎ᠢ ᠢᠯᠡᠷᠡᠭᠦᠯᠬᠦ᠌᠂ ᠬᠤᠳᠠᠯᠳᠤᠭ᠎ᠠ᠎ᠪᠠᠷ ᠠᠵᠤ ᠦᠶ᠋ᠯᠡᠰ᠎ᠢ ᠬᠥᠭ᠌ᠵᠢᠭᠦᠯᠬᠦ᠌》 ᠰᠠᠢᠨ ᠣᠷᠴᠢᠯ᠎ᠢ ᠪᠦᠷᠢᠯᠳᠦᠭᠦᠯᠵᠦ᠍᠂ ᠣᠷᠣᠨ ᠪᠦᠰᠡ᠎ᠶ᠋ᠢᠨ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号