ᠴᠦᠨ ᠢᠦᠶ ᠲᠥᠯᠥᠭᠡᠯᠡᠭ᠌ᠴᠢ᠄ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠍ ᠠᠷᠠᠳ᠎ᠤᠯᠠᠨ ᠎ᠤ 《 ᠤᠰᠤᠨ 》᠎ᠤ᠋ ᠬᠦᠴᠢᠷᠳᠡᠯ᠎ᠢ ᠰᠢᠢᠳᠪᠦᠷᠢᠯᠡᠨ᠎ᠡ
2026-02-01 11:58:18
ᠵᠣᠬᠢᠶᠠᠭ᠍ᠴᠢ᠄
ᠠᠨ ᠶᠢᠨ ᠳ᠋ᠦᠩ
ᠣᠩᠱᠢᠭ᠍ᠰᠠᠨ ᠣᠳᠠᠭ᠎ᠠ᠄
★★★☆☆

ᠣᠷᠳᠣᠰ ᠬᠣᠲᠠ᠎ᠶ᠋ᠢᠨ ᠣᠲᠣᠭ᠎ᠤᠨ ᠡᠮᠦᠨᠡᠲᠦ ᠬᠣᠱᠢᠭᠤ ᠪᠣᠯ ᠮᠤᠤᠠᠤᠰᠤ᠎ᠶᠢᠨ ᠡᠯᠡᠰᠦᠨ ᠴᠥᠯ ᠎ᠦᠨ ᠥᠷᠥᠴᠡᠨ᠎ᠳᠦ ᠪᠠᠢᠷᠢᠯᠠᠵᠤ᠂ ᠰᠠᠯᠬᠢ ᠱᠢᠭᠤᠷᠭ᠎ᠠ ᠶᠡᠬᠡ᠂ ᠪᠣᠷᠣᠭᠠᠨ ᠬᠤᠷ᠎ᠠ ᠴᠦᠬᠡᠨ ᠪᠠᠢᠳᠠᠭ᠃ ᠤᠰᠤᠨ᠎ᠤ ᠡᠬᠢ ᠪᠠᠶᠠᠯᠢᠭ ᠳᠤᠲᠠᠮᠠᠭ ᠪᠠᠢᠬᠤ᠎ᠨᠢ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠢ ᠣᠷᠳᠣ ᠬᠤᠭᠤᠴᠠᠭ᠎ᠠ᠎ᠪᠠᠷ ᠨᠥᠯᠥᠭᠡᠯᠡᠵᠦ᠍᠂ ᠣᠷᠣᠨ ᠪᠦᠰᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠯᠢᠶᠡᠰᠦᠯᠡᠵᠤ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠳᠤᠭ᠎ᠤᠨ ᠡᠮᠦᠨᠡᠲᠦ ᠬᠣᠱᠢᠭᠤᠨ᠎ᠤ ᠱᠠᠩᠬᠤ᠎ᠶ᠋ᠢᠨ ᠰᠦᠮ᠎ᠡ ᠪᠠᠯᠭᠠᠰᠤᠨ᠎ᠤ ᠮᠠᠩᠬᠠᠲᠤ ᠭᠠᠴᠠᠭᠠᠨ᠎ᠤ ᠮᠠᠯᠴᠢᠨ ᠴᠦᠨ ᠢᠦᠢ ᠄《ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ ᠪᠤᠯ ᠲᠠᠷᠤᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢᠨ ᠭᠤᠤᠯᠳᠠᠯᠭ᠎ᠠ ᠵᠢᠨ ᠲᠤᠳᠤᠷᠠᠬᠢ ᠭᠤᠤᠯᠳᠠᠯᠭ᠎ᠠ ᠪᠤᠯᠤᠨ᠎ᠠ》 ᠭᠡᠪᠠ᠃

ᠦᠨᠳᠦᠰᠦᠨ ᠱᠠᠲᠤᠨ᠎ᠡᠴᠡ ᠢᠷᠡᠭᠰᠡᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠴᠦᠨ ᠢᠦᠢ ᠬᠣᠶᠠᠷ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠳᠡᠭᠡᠷ᠎ᠡ ᠲᠠᠷᠢᠶᠠᠯᠠᠩ᠎ᠤᠨ ᠤᠰᠤ ᠠᠷᠪᠢᠯᠠᠬᠤ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ ᠨᠢᠳᠤᠨᠤᠨ᠎ᠤ ᠲᠤᠱᠢᠶᠠᠭ᠍ᠰᠠᠨ《ᠮᠠᠯ ᠠᠵᠤ ᠠᠬᠤᠶ ᠲᠠᠷᠢᠶᠠᠯᠠᠩ᠎ᠤᠨ ᠤᠰᠤ ᠠᠷᠪᠢᠯᠠᠬᠤ ᠮᠡᠷᠭᠡᠵᠢᠯ ᠎ᠢ ᠳᠡᠯᠭᠡᠷᠡᠭᠦᠯᠵᠦ᠍ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠠᠢᠴᠢᠯᠠᠬᠤ ᠲᠤᠬᠠᠶ ᠰᠠᠨᠠᠭᠤᠯᠭ᠎ᠠ》ᠨᠢ ᠨᠠᠷᠢᠨ ᠪᠣᠳᠠᠲᠠᠶ ᠪᠠᠢᠴᠠᠭᠠᠨ ᠰᠤᠳᠤᠯᠤᠯᠲᠠ᠎ᠪᠠᠷ ᠣᠯᠠᠨ ᠲᠦᠮᠡᠨ᠎ᠦ ᠰᠡᠳᠭᠢᠯ᠎ᠦᠨ ᠲᠠᠭᠤᠨ᠎ᠢ ᠳᠠᠮᠵᠢᠭᠤᠯᠪᠠ᠃ ᠠᠷᠠᠳ ᠎ᠤᠨ ᠠᠮᠢᠳᠤᠷᠠᠯ ᠎ᠳᠤ ᠠᠩᠬᠠᠷᠤᠯ᠎ᠢᠶᠠᠨ ᠲᠥᠪᠯᠡᠷᠡᠭᠦᠯᠦᠭᠰᠡᠨ ᠡᠨᠡ ᠬᠦ᠌ ᠰᠠᠨᠠᠭᠤᠯᠭ᠎ᠠ ᠵᠢ ᠨᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠂ ᠤᠰᠤᠨ ᠠᠱᠢᠭ᠍ᠯᠠᠯᠲᠠ᠎ᠶ᠋ᠢᠨ ᠲᠢᠩᠬᠢᠮ ᠵᠢᠴᠢ ᠣᠲᠣᠭ᠎ᠤᠨ ᠡᠮᠦᠨᠡᠲᠦ ᠬᠣᠱᠢᠭᠤ ᠡᠴᠡ ᠳᠡᠭᠡᠳᠦ ᠬᠡᠮᠵᠢᠶ᠎ᠡ ᠪᠡᠷ ᠴᠢᠬᠤᠯᠠᠴᠢᠯᠠᠭᠰᠠᠨ ᠪᠦᠭᠡᠳ  ᠢᠳᠡᠪᠬᠢᠲᠡᠶ ᠬᠠᠷᠢᠭᠤ᠎ᠦᠭᠴᠡᠢ᠃ 2025 ᠣᠨ᠎ᠳᠤ᠂ ᠣᠲᠣᠭ᠎ᠤᠨ ᠡᠮᠦᠨᠡᠲᠦ ᠬᠣᠱᠢᠭᠤ ᠡᠴᠡ ᠤᠰᠤ ᠠᠷᠪᠢᠯᠠᠬᠤ ᠠᠵᠢᠯᠯᠠᠭᠠᠨ ᠎ᠤ ᠲᠥᠰᠦᠯ᠎ᠢ ᠨᠡᠢᠲᠡᠯᠡᠵᠦ᠍᠂ ᠲᠤᠰᠭᠠᠶ ᠪᠠᠯᠠ ᠮᠥᠩᠭᠥ᠌ ᠣᠷᠣᠭᠤᠯᠵᠤ 3 ᠲᠦᠮᠡᠨ ᠮᠥ᠍ ᠲᠠᠷᠢᠶᠠᠨ ᠭᠠᠵᠠᠷ᠎ᠲᠤ ᠪᠠᠭ᠎ᠠ ᠤᠷᠤᠰᠴᠠ᠎ᠪᠠᠷ ᠲᠤᠰᠤᠯᠠᠭᠠᠨ ᠤᠰᠤᠯᠠᠬᠤ ᠮᠡᠷᠭᠡᠵᠢᠯ᠎ᠦᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌᠎ᠶ᠋ᠢ ᠬᠡᠷᠡᠭ᠌ᠵᠢᠭᠦᠯᠪᠡ᠃ ᠲᠤᠷᠱᠢᠯᠲᠠ᠎ᠪᠠᠷ ᠵᠢᠱ᠌ᠢᠵᠦ᠍ ᠪᠤᠳᠤᠭ᠍ᠰᠠᠨ᠎ᠢᠶᠠᠷ᠂ ᠲᠣᠰ ᠮᠡᠷᠭᠡᠵᠢᠯ ᠨᠢ ᠤᠯᠠᠮᠵᠢᠯᠠᠯᠲᠤ ᠤᠰᠤᠯᠠᠯᠲᠠ᠎ᠶ᠋ᠢᠨ ᠠᠷᠭ᠎ᠠ ᠮᠠᠶᠢᠭ᠎ᠲᠠᠢ ᠬᠠᠷᠢᠴᠠᠭᠤᠯᠪᠠᠯ ᠮᠥ᠍ ᠪᠦᠷᠢ᠎ᠳᠦ ᠤᠰᠤ ᠠᠷᠪᠢᠯᠠᠬᠤ  ᠭᠡᠮᠵᠢᠶ᠎ᠡ 30% ᠎ᠡᠴᠡ ᠳᠡᠭᠡᠭ᠌ᠰᠢ ᠪᠣᠯᠤᠨ᠎ᠠ᠃ ᠴᠦᠨ ᠢᠦᠢ ᠳᠠᠷᠢᠮᠠᠯ᠎ᠤᠨ ᠡᠷᠦᠬᠡ᠎ᠪᠡᠷ ᠰᠤᠷᠪᠤᠯᠵᠢᠯᠠᠵᠤ ᠣᠢᠯᠠᠭᠠᠭ᠍ᠰᠠᠨ᠎ᠢᠶᠠᠷ᠂ ᠥᠩᠭᠡᠷᠡᠭ᠌ᠰᠡᠨ᠎ᠦ ᠬᠢ᠎ᠲᠡᠶ ᠬᠠᠷᠢᠴᠠᠭᠤᠯᠪᠠᠯ᠂ ᠤᠰᠤᠯᠠᠯᠲᠠ᠎ᠶ᠋ᠢᠨ ᠴᠠᠭ ᠨᠢ ᠭᠤᠷᠪᠠᠨ᠎ᠤ ᠨᠢᠭᠡ ᠬᠤᠪᠢ ᠪᠡᠷ ᠪᠠᠭᠠᠰᠴᠤ᠌᠂ ᠮᠥ᠍ ᠲᠤᠮᠳᠠᠴᠢ᠎ᠶᠢᠨ ᠠᠷᠪᠢᠯᠠᠬᠤ  ᠴᠠᠬᠢᠯᠭᠠᠨ᠎ᠤ ᠰᠦᠶ᠋ᠳᠭᠡᠯ 15 ᠲᠥᠭᠥᠷᠢᠭ ᠪᠠᠢᠵᠤ᠂ ᠬᠥᠳᠡᠯᠮᠦᠷᠢ ᠬᠦᠴᠦᠨ᠎ᠦ ᠣᠷᠣᠭᠤᠯᠤᠯᠲᠠ ᠨᠢ ᠭᠤᠷᠪᠠᠨ᠎ᠤ ᠨᠢᠭᠡ ᠬᠤᠪᠢ ᠪᠡᠷ ᠪᠠᠭᠠᠰᠴᠠᠶ᠃ 《ᠲᠠᠷᠢᠮᠠᠯ᠎ᠤᠨ ᠡᠷᠦᠬᠡ᠎ᠨᠦᠭᠦᠳ ᠴᠥᠮ ᠡᠨᠡ ᠬᠦ᠌ ᠮᠡᠷᠭᠡᠵᠢᠯ᠎ᠢ ᠮᠡᠳᠡᠷᠡᠵᠦ᠍ ᠪᠣᠶ᠂ ᠡᠨᠡ ᠵᠢᠯ ᠲᠤᠰ ᠮᠡᠷᠭᠡᠵᠢᠯ ᠎ᠢ ᠳᠡᠯᠭᠡᠷᠡᠭᠦᠯᠬᠦ᠌ ᠲᠠᠯᠠᠪᠠᠶ᠎ᠶ᠋ᠢ 5 ᠲᠦᠮᠡᠨ ᠮᠥ᠍ ᠪᠣᠯᠭᠠᠨ ᠥᠷᠭᠡᠳᠭᠡᠬᠦ᠌ ᠪᠣᠯᠤᠨ᠎ᠠ》᠃ ᠲᠡᠷᠡ᠄《ᠰᠠᠨᠠᠭᠤᠯᠭ᠎ᠠ ᠳᠤᠷᠠᠳᠭᠤ ᠨᠢ ᠬᠠᠷᠠᠯᠲᠠ ᠳ᠋ᠠᠭᠠᠨ ᠬᠦᠷᠦᠭᠰᠡᠨ ᠶᠠᠪᠤᠳᠠᠯ ᠪᠢᠰᠢ᠂ ᠪᠤᠲᠠᠲᠠᠢ ᠨᠠᠢᠳᠠᠪᠦᠷᠢᠵᠢᠭᠤᠯᠵᠤ ᠦᠷ᠎ᠡ ᠪᠦᠲᠦᠮᠵᠢ ᠤᠯᠬᠤ ᠶᠠᠪᠤᠳᠠᠯ ᠪᠣᠯ ᠰᠠᠶᠢ ᠵᠠᠩᠭᠢᠯᠠᠭ᠎ᠠ ᠪᠣᠯᠤᠨ᠎ᠠ》 ᠭᠡᠵᠡᠢ᠃

ᠲᠠᠯ᠎ᠠ ᠨᠤᠲᠤᠭ᠎ᠲᠤ ᠦᠨᠳᠦᠰᠦᠯᠡᠵᠦ᠍᠂ ᠨᠤᠲᠤᠭ᠎ᠤᠨ ᠠᠬ᠎ᠠ ᠳᠡᠭᠦᠦ᠍᠎ᠨᠡᠷ ᠲᠠᠢ᠎ᠰᠡᠳᠭᠢᠯ ᠵᠢᠷᠦᠬᠡ ᠪᠡᠨ ᠬᠤᠯᠪᠤᠨ᠎ᠠ᠂ ᠴᠦᠨ ᠢᠦᠢ ᠵᠢᠨ ᠲᠤᠰᠢᠶᠠᠭᠰᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠬᠠᠷᠢᠭᠤᠯᠲᠠ᠎ᠶ᠋ᠢᠨ ᠬᠠᠭᠤᠳᠠᠰᠤ ᠨᠢ ᠢᠮᠠᠭ᠍ᠲᠠ ᠦᠨᠳᠦᠰᠦᠨ ᠱᠠᠲᠤ ᠲᠠᠢ ᠤᠢᠷᠠᠲᠤᠭᠰᠠᠨ ᠪᠦᠭᠡᠳ ᠠᠷᠠᠳ᠎ᠤᠨ ᠠᠮᠢᠳᠤᠷᠠᠯ ᠲᠠᠢ ᠨᠢᠭᠲᠠ ᠬᠤᠯᠪᠤᠭᠳᠠᠭᠰᠠᠨ ᠪᠠᠢᠳᠠᠭ᠃ ᠠᠯᠢ ᠡᠷᠲᠡ 2017 ᠣᠨ᠎ᠳᠤ᠂ ᠲᠡᠷᠡ ᠲᠠᠷᠤᠢ ᠣᠲᠣᠭ᠎ᠤᠨ ᠡᠮᠦᠨᠡᠲᠦ ᠬᠣᠱᠢᠭᠤᠨ᠎ᠤ ᠮᠧᠩ ᠳᠦ ᠡᠪᠡᠰᠦᠨ᠎ᠦ ᠦᠶ᠋ᠯᠡᠰ᠎ᠦᠨ ᠳᠠᠷᠢᠵᠤ ᠲᠡᠵᠢᠭᠡᠬᠦ᠌ ᠲᠤᠰᠭᠠᠶ ᠬᠣᠷᠱᠢᠶ᠎ᠠ᠎ᠶ᠋ᠢ ᠪᠠᠢᠭᠤᠯᠵᠤ᠂ 48 ᠲᠡᠵᠢᠭᠡᠨ ᠦᠷᠡᠵᠢᠭᠦᠯᠬᠦ᠌ ᠡᠷᠦᠬᠡ᠎ᠶ᠋ᠢ ᠳᠠᠭᠠᠭᠤᠯᠤᠨ ᠨᠣᠤᠯᠤᠭᠤᠷ᠎ᠤᠨ ᠢᠮᠠᠭᠠᠨ᠎ᠤ ᠠᠵᠤ ᠦᠶ᠋ᠯᠡᠰ᠎ᠢ ᠬᠠᠮᠲᠤ ᠪᠡᠷ ᠬᠥᠭ᠌ᠵᠢᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠲᠡᠵᠢᠭᠡᠨ ᠦᠷᠡᠵᠢᠭᠦᠯᠬᠦ᠌᠂ ᠲᠣᠭᠣᠷᠢᠭ ᠬᠤᠪᠢᠶᠠᠨ ᠰᠡᠯᠭᠦᠨ ᠮᠠᠯᠵᠢᠬᠤ ᠪᠠ ᠴᠢᠨᠠᠷ ᠰᠠᠢᠲᠠᠶ ᠲᠡᠵᠢᠭᠡᠯ ᠡᠪᠡᠰᠦ ᠪᠤᠯᠬᠤ 《ᠰᠦᠳᠠᠨ ᠡᠪᠡᠰᠦ》ᠶ᠋ᠢ ᠣᠷᠣᠭᠤᠯᠤᠨ ᠠᠪᠴᠢᠷᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠬᠠᠮᠠᠭᠠᠯᠠᠭ᠍ᠰᠠᠨ᠎ᠢᠶᠠᠷ ᠪᠠᠷᠠᠬᠤ ᠥᠬᠡᠶ ᠪᠠᠰᠠ ᠨᠤᠲᠤᠭ᠎ᠤᠨ ᠠᠬ᠎ᠠ ᠳᠡᠭᠦᠦ᠍᠎ᠨᠡᠷ᠎ᠦᠨ ᠣᠷᠣᠯᠭ᠎ᠠ᠎ᠶ᠋ᠢ ᠨᠡᠮᠡᠭ᠌ᠳᠡᠭᠦᠯᠪᠡ᠃

《ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠤᠯᠬᠤ ᠨᠢ ᠢᠷᠠᠭᠤ ᠠᠯᠳᠠᠷ ᠲᠠᠢ ᠪᠦᠭᠡᠳ ᠬᠠᠷᠢᠭᠤᠴᠠᠯᠭ᠎ᠠ ᠨᠡᠩ  ᠬᠦᠨᠳᠦ ᠶᠤᠮ》᠃ ᠴᠦᠨ ᠢᠦᠶ᠂ ᠠᠷᠠᠳ᠎ᠤᠨ ᠲᠥᠯᠥᠭᠡ ᠭᠡᠬᠦ᠌ ᠣᠭ ᠰᠠᠨᠠᠭ᠎ᠠ ᠎ᠪᠠᠨ ᠪᠠᠲᠤ ᠪᠠᠷᠢᠮᠳᠠᠯᠠᠵᠤ᠂ ᠲᠤᠰᠢᠶᠠᠯ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠠᠮᠢ ᠠᠬᠤᠶ ᠶ᠋ᠢᠨ ᠬᠠᠮᠠᠭᠠᠯᠠᠯᠲᠠ ᠪᠠ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠳᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠱᠠᠲᠤ ᠲᠠᠢ ᠤᠢᠷᠠᠲᠤᠭᠰᠠᠨ᠂ ᠠᠮᠢᠳᠤᠷᠠᠯ᠎ᠢ ᠲᠤᠰᠬᠠᠭᠰᠠᠨ ᠨᠠᠩ ᠣᠯᠠᠨ ᠰᠠᠨᠠᠭᠤᠯᠭ᠎ᠠ ᠳᠤᠷᠠᠳᠴᠤ᠌᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号