ᠶᠡᠬᠡ ᠲᠠᠯ᠎ᠠ ᠎ᠳᠤ ᠦᠢᠯᠡᠴᠢᠯᠡᠨ ᠪᠤᠲᠠᠳᠤ ᠦᠷ᠎ᠡ ᠪᠦᠲᠦᠮᠵᠢ ᠵᠢ ᠨᠡᠮᠡᠭᠳᠡᠭᠦᠯᠦᠨ ᠠᠷᠠᠳ᠎ᠤᠨ ᠲᠦᠯᠦᠭᠡ ᠵᠢᠳᠭᠦᠵᠦ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠠ
2026-02-01 11:21:28
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

2025 ᠣᠨ᠎ᠤ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠲᠥᠯᠥᠭᠡᠯᠡᠭ᠌ᠴᠢ᠎ᠶ᠋ᠢᠨ ᠠᠵᠢᠯ᠎ᠤᠨ ᠡᠷᠭᠢᠴᠡᠭᠦᠯᠦᠯ


ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠠᠵᠢᠯ᠎ᠤᠨ ᠡᠬᠢ ᠪᠤᠯᠠᠭ ᠮᠥᠨ᠂ ᠨᠠᠮ ᠪᠠ ᠤᠯᠤᠰ᠎ᠤᠨ ᠠᠷᠠᠳ ᠤᠯᠠᠨ᠎ᠯᠤᠭ᠎ᠠ ᠨᠢᠭ᠍ᠲᠠ ᠬᠠᠷᠢᠯᠴᠠᠬᠤ ᠬᠥᠭᠥᠷᠭᠡ ᠪᠠ ᠬᠣᠯᠪᠣᠭᠠᠰᠤ ᠮᠥᠨ᠃ ᠤᠳᠠᠭ᠎ᠠ ᠪᠦᠷᠢ᠎ᠶ᠋ᠢᠨ ᠪᠠᠢᠴᠠᠭᠠᠨ ᠰᠤᠳᠤᠯᠤᠯᠲᠠ᠂ ᠰᠠᠨᠠᠭᠤᠯᠭ᠎ᠠ ᠪᠦᠷᠢ᠂ ᠤᠳᠠᠭ᠎ᠠ ᠪᠤᠯᠭᠠᠨ᠎ᠤ ᠲᠠᠮᠵᠢᠭᠤᠯᠤᠬᠰᠠᠨ ᠳᠠᠭᠤᠨ ᠨᠢ ᠴᠥᠮ ᠠᠷᠠᠳ ᠲᠦᠮᠡᠨ᠎ᠦ ᠬᠦᠰᠡᠯ ᠡᠷᠡᠮᠡᠯᠵᠡᠯ᠎ᠢ ᠲᠤᠰᠬᠠᠵᠤ᠂ ᠠᠷᠠᠳᠴᠢᠯᠠᠯ᠎ᠤᠨ ᠭᠦᠨᠴᠡ ᠪᠠ ᠬᠠᠯᠠᠭᠤᠨ ᠳᠤᠯᠠᠭᠠᠨ᠎ᠢ ᠬᠠᠷᠠᠭᠤᠯᠵᠤ ᠪᠠᠢᠳᠠᠭ᠃ ᠥᠩᠭᠡᠷᠡᠭ᠌ᠰᠡᠨ ᠨᠢᠭᠡ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ ᠲᠠᠢ ᠨᠢᠭᠲᠠ ᠤᠶᠠᠯᠳᠤᠭᠤᠯᠤᠨ᠂ ᠱᠢᠨ᠎ᠡ ᠴᠠᠭ ᠦᠶ᠎ᠡ᠎ᠶ᠋ᠢᠨ ᠲᠥᠯᠥᠭᠡᠯᠡᠭ᠌ᠴᠢ᠎ᠵᠢᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠲᠥᠯᠥᠭᠡᠯᠡᠭ᠌ᠴᠢ ᠵᠢᠨ ᠬᠠᠤᠯᠢ ᠶᠣᠰᠣᠭᠠᠷ ᠲᠤᠱᠢᠶᠠᠯ᠎ᠬᠠᠷᠢᠭᠤᠴᠠᠯᠭ᠎ᠠ ᠪᠡᠨ ᠭᠦᠢᠴᠡᠳᠭᠡᠬᠦ᠌ ᠲᠠᠪᠴᠠᠩ ᠨᠡᠩ ᠥᠷᠭᠡᠨ ᠪᠤᠯᠵᠤ᠂ ᠤᠯᠠᠨ ᠲᠦᠮᠡᠨ᠎ᠲᠡᠶ ᠬᠠᠷᠢᠯᠴᠠᠬᠤ ᠬᠣᠯᠪᠣᠭᠠᠰᠤ ᠨᠡᠩ ᠴᠢᠩᠭ᠎ᠠ ᠪᠤᠯᠵᠤ᠂ ᠶᠡᠬᠡ ᠲᠠᠯ᠎ᠠ᠎ᠳᠤ ᠦᠢᠯᠡᠴᠢᠯᠡᠬᠦ᠌ ᠪᠣᠳᠠᠲᠤ ᠦᠷ᠎ᠡ ᠪᠦᠲᠦᠮᠵᠢ ᠨᠡᠩ ᠢᠯᠡᠷᠬᠡᠢ ᠪᠣᠯᠪᠠ᠃

ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ ᠪᠣᠯ ᠲᠥᠯᠥᠭᠡᠯᠡᠭ᠌ᠴᠢ᠎ᠶ᠋ᠢᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢᠨ ᠲᠤᠬᠳᠠᠬᠰᠠᠨ ᠵᠤᠷᠢᠯᠳᠠ ᠮᠥᠨ᠃ ᠨᠢᠭᠡ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠣᠯᠭ᠎ᠠ᠎ᠶ᠋ᠢ ᠴᠢᠩᠭᠠᠳᠭᠠᠬᠤ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠲᠥᠯᠥᠭᠡᠯᠡᠭ᠌ᠴᠢ ᠵᠢᠨ ᠤᠯᠤᠰ ᠲᠥᠷᠥ᠎ᠶ᠋ᠢᠨ ᠲᠠᠯ᠎ᠠ᠎ᠪᠠᠷ ᠡᠷᠡᠰ ᠪᠠᠲᠤ᠂ ᠠᠷᠠᠳ ᠲᠦᠮᠡᠨ᠎ᠳᠦ ᠦᠶ᠋ᠯᠡᠴᠢᠯᠡᠬᠦ᠌᠂ ᠬᠠᠤᠯᠢ ᠎ᠪᠠᠷ ᠵᠠᠰᠠᠬᠤ᠎ᠶ᠋ᠢ ᠡᠷᠬᠢᠮᠯᠡᠬᠦ᠌᠂ ᠠᠷᠠᠳᠴᠢᠯᠠᠯ᠎ᠢ ᠪᠠᠳᠠᠷᠠᠭᠤᠯᠬᠤ᠂ ᠬᠢᠴᠢᠶᠡᠨ ᠴᠢᠷᠮᠠᠢᠵᠤ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠬᠥᠲᠥᠯᠥᠨ ᠵᠢᠯᠣᠭᠣᠳᠴᠤ᠌᠂ ᠱᠢᠨ᠎ᠡ ᠴᠠᠭ ᠦᠶ᠎ᠡ᠎ᠶ᠋ᠢᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠢᠨ ᠴᠣᠭ ᠵᠢᠪᠬᠤᠭ᠎ᠠ᠎ᠶ᠋ᠢ ᠢᠯᠡᠷᠡᠭᠦᠯᠪᠡ᠃

2025 ᠣᠨ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠣᠯᠭ᠎ᠠ᠎ᠶ᠋ᠢ ᠴᠢᠩᠭᠠᠳᠭᠠᠬᠤ᠂ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ ᠪᠠ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠡᠷᠭᠡ ᠭᠤᠤᠯ ᠰᠡᠳᠦᠪ᠎ᠦᠨ ᠲᠣᠭᠣᠷᠢᠨ᠎ᠳᠤ᠂  ᠤᠷᠢᠳ ᠬᠣᠵᠢᠳ ᠬᠥᠬᠡᠬᠣᠲᠠ᠂ ᠤᠯᠠᠭᠠᠨᠬᠠᠳᠠ᠂ ᠬᠢᠩᠭᠠᠨ ᠠᠢᠮᠠᠭ᠂ ᠪᠡᠭᠡᠵᠢᠩ᠎ᠳᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ᠎ᠶ᠋ᠢ 4 ᠬᠤᠭᠤᠴᠠᠭ᠎ᠠ ᠡᠷᠭᠢᠯᠡᠪᠡ᠃ ᠪᠣᠯᠪᠠᠰᠤᠷᠠᠯ᠎ᠨᠢ 《ᠥᠨᠳᠥᠷ ᠪᠠᠷᠢᠮᠵᠢᠶ᠎ᠠ》 ᠪᠣᠯᠤᠨ《ᠪᠦᠬᠦᠨ᠎ᠢ ᠬᠠᠮᠤᠷᠬᠤ》 ᠶ᠋ᠢ ᠳᠣᠪᠣᠢᠯᠭᠠᠵᠤ᠂ ᠲᠥᠪ᠎ᠦᠨ ᠨᠠᠮ᠎ᠤᠨ ᠰᠤᠷᠭᠠᠭᠤᠯᠢ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠢᠨ ᠠᠵᠢᠯ᠎ᠤᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠤᠳᠤᠷᠢᠳᠭᠤ ᠨᠥᠬᠥᠳ ᠪᠣᠯᠤᠨ ᠲᠤᠰᠭᠠᠶ ᠮᠡᠷᠭᠡᠵᠢᠯᠲᠡᠨ ᠡᠷᠳᠡᠮᠲᠡᠨ᠎ᠢ ᠲᠣᠰ ᠲᠣᠰ ᠤᠷᠢᠨ ᠬᠢᠴᠢᠶᠡᠯ ᠤᠷᠤᠭᠤᠯᠵᠤ᠂ ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ ᠵᠢ ᠲᠤᠬᠢᠷᠠᠭᠤᠯᠬᠤ᠂ ᠰᠠᠨᠠᠯ᠎ᠢᠶᠡᠨ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠨ ᠪᠣᠯᠪᠠᠰᠤᠷᠠᠯ᠎ᠤᠨ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠪᠣᠯᠪᠠᠰᠤᠷᠠᠯ᠎ᠳᠤ ᠣᠷᠣᠯᠴᠠᠭᠰᠠᠨ ᠪᠥᠬᠥ᠌ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠦᠯᠦᠭᠡᠯᠡᠭᠴᠢ 360 ᠭᠠᠷᠤᠶ ᠬᠥᠮᠦᠨ ᠤᠳᠠᠭ᠎ᠠ ᠳ᠋ᠤ ᠬᠦᠷᠴᠤ᠂ ᠨᠡᠯᠢᠶᠡᠳ ᠰᠠᠢᠨ ᠦᠷ᠎ᠡ ᠪᠦᠲᠦᠮᠵᠢ ᠣᠯᠵᠤ᠂ ᠲᠥᠯᠥᠭᠡᠯᠡᠭ᠌ᠴᠢ ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠦ ᠴᠢᠩᠭ᠎ᠠ ᠬᠦᠴᠦᠲᠡᠶ ᠦᠵᠡᠯ ᠰᠠᠨᠠᠭᠠᠨ᠎ᠤ ᠬᠥᠳᠡᠯᠭᠡᠬᠦ᠌ ᠬᠦᠴᠦᠨ ᠨᠡᠮᠡᠷᠢᠯᠡᠪᠡ᠃ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠲᠥᠯᠥᠭᠡᠯᠡᠭ᠌ᠴᠢ ᠵᠢᠨ ᠠᠵᠢᠯ᠎ᠤᠨ ᠵᠥᠪᠯᠡᠯ ᠎ᠦᠨ ᠡᠷᠬᠢᠯᠡᠭ᠌ᠴᠢ ᠭᠦᠸᠧ ᠵᠧᠨ ᠬᠤᠸᠠ᠎ᠶ᠋ᠢᠨ ᠵᠢᠭᠠᠭ᠍ᠰᠠᠨ《ᠲᠥᠯᠥᠭᠡᠯᠡᠭ᠌ᠴᠢ ᠵᠢᠨ ᠬᠠᠤᠯᠢ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠬᠡᠷᠡᠭᠵᠢᠭᠦᠯᠵᠦ  ᠲᠥᠯᠥᠭᠡᠯᠡᠭ᠌ᠴᠢ ᠵᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠤᠶ᠎ᠠ》 ᠭᠡᠬᠦ᠌  ᠬᠢᠴᠢᠶᠡᠯ᠎ᠨᠢ ᠨᠠᠩ ᠴᠤ᠌ ᠱᠢᠭᠤᠳ ᠨᠡᠪᠲᠡᠷᠡᠭᠦᠯᠭᠡ᠎ᠶ᠋ᠢᠨ ᠬᠡᠯᠪᠡᠷᠢ᠎ᠪᠡᠷ ᠪᠥᠬᠥ᠌ ᠣᠷᠣᠨ᠎ᠤ ᠲᠠᠪᠤᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠳᠦ ᠬᠠᠨᠳᠤᠭᠤᠯᠵᠤ᠂ ᠰᠤᠷᠤᠯᠴᠠᠯᠭ᠎ᠠ᠎ᠶ᠋ᠢᠨ ᠬᠦᠷᠢᠢ᠎ᠡ ᠬᠡᠪᠴᠢᠶ᠎ᠡ ᠵᠢ ᠬᠠᠮᠤᠭ᠎ᠤᠨ ᠦᠨᠳᠦᠰᠦᠨ ᠱᠠᠲᠤᠨ᠎ᠳᠤ ᠬᠦᠷᠲᠡᠯ᠎ᠡ ᠤᠷᠲᠤᠳᠭᠠᠪᠠ᠃

ᠰᠠᠨᠠᠯ ᠵᠥᠪᠯᠡᠯᠭᠡ ᠰᠠᠨᠠᠭᠤᠯᠭ᠎ᠠ ᠪᠣᠯ ᠲᠥᠯᠥᠭᠡᠯᠡᠭ᠌ᠴᠢᠳ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠦᠷ᠎ᠡ ᠪᠦᠲᠦᠭᠡᠯ ᠎ᠦᠨ ᠲᠥᠪᠯᠡᠷᠡᠩᠭᠦᠢ ᠢᠯᠡᠷᠡᠯ ᠮᠥᠨ᠃ 2025 ᠣᠨ᠎ᠳᠤ᠂ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ ᠰᠠᠨᠠᠭᠤᠯᠭ᠎ᠠ᠎ᠶ᠋ᠢᠨ ᠤᠯᠤᠰ ᠲᠥᠷᠥ᠎ᠶ᠋ᠢᠨ ᠪᠣᠭᠣᠮᠲᠠ᠂ ᠬᠠᠤᠯᠢ ᠴᠠᠭᠠᠵᠠ᠎ᠶ᠋ᠢᠨ ᠪᠣᠭᠣᠮᠲᠠ᠂ ᠶᠠᠰᠤ ᠴᠢᠨᠠᠷ᠎ᠤᠨ ᠪᠣᠭᠣᠮᠲᠠ᠎ᠶ᠋ᠢ ᠴᠢᠩᠭ᠎ᠠ ᠠᠳᠭᠤᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ 10 ᠬᠤᠪᠢ ᠰᠠᠨᠠᠯ ᠵᠥᠪᠯᠡᠯᠭᠡ᠂ 670 ᠬᠤᠪᠢ ᠰᠠᠨᠠᠭᠤᠯᠭ᠎ᠠ᠎ᠶ᠋ᠢ ᠬᠢᠨᠠᠨ ᠪᠠᠢᠴᠠᠭᠠᠵᠤ ᠲᠤᠱᠢᠶᠠᠨ ᠱᠢᠶ᠋ᠳᠪᠦᠷᠢᠯᠡᠭᠦᠯᠬᠦ᠌᠎ᠶ᠋ᠢ ᠪᠡᠶᠡᠯᠡᠭᠦᠯᠦᠭ᠌ᠰᠡᠨ ᠪᠥᠭᠡᠳ 10 ᠬᠤᠪᠢ᠎ᠶ᠋ᠢ ᠨᠢ ᠪᠠᠢᠩᠭᠤ᠎ᠶ᠋ᠢᠨ ᠬᠣᠷᠢᠶ᠎ᠠ ᠵᠢᠨ ᠭᠤᠤᠯᠳᠠᠯᠭ᠎ᠠ᠎ᠲᠠᠶ ᠱᠠᠯᠠᠪᠳᠠᠭᠤᠯᠤᠨ ᠱᠢᠶ᠋ᠳᠪᠦᠷᠢᠯᠡᠭᠦᠯᠬᠦ᠌ ᠰᠠᠨᠠᠭᠤᠯᠭ᠎ᠠ ᠪᠣᠯᠭᠠᠨ ᠱᠢᠯᠢᠨ ᠰᠣᠩᠭᠣᠵᠤ᠂ ᠪᠠᠢᠩᠭᠤ᠎ᠶ᠋ᠢᠨ ᠬᠣᠷᠢᠶ᠎ᠠ ᠵᠢᠨ ᠤᠳᠤᠷᠢᠳᠤᠯᠭ᠎ᠠ ᠲᠦᠷᠦᠭᠦᠯᠡᠨ ᠦᠷ᠎ᠡ ᠪᠦᠲᠦᠮᠵᠢ᠎ᠶ᠋ᠢ ᠮᠥᠷᠳᠡᠨ ᠠᠰᠠᠭᠤᠵᠤ᠂ ᠪᠥᠬᠥ᠌ ᠶᠠᠪᠤᠴᠠ᠎ᠶ᠋ᠢᠨ ᠤᠯᠤᠯᠴᠠᠭ᠎ᠠ ᠪᠡᠨ ᠴᠢᠩᠭᠠᠳᠭᠠᠨ᠂ 《ᠴᠠᠭᠠᠰᠤᠨ ᠳᠡᠭᠡᠷᠡᠬᠢ ᠰᠠᠨᠠᠭᠤᠯᠭ᠎ᠠ》 ᠵᠢ 《ᠭᠠᠵᠠᠷ ᠳᠡᠭᠡᠷᠡᠬᠢ ᠪᠣᠳᠠᠲᠤ ᠪᠠᠢᠳᠠᠯ》  ᠪᠣᠯᠭᠠᠨ ᠬᠤᠪᠢᠷᠠᠭᠤᠯᠬᠤ᠎ᠶ᠋ᠢ ᠠᠬᠢᠭᠤᠯᠪᠠ᠃

ᠪᠦᠬᠦ  ᠵᠢᠯ᠎ᠳᠤ᠂ ᠬᠤᠯᠪᠤᠬᠳᠠᠯ ᠪᠥᠬᠥᠶ ᠰᠠᠨᠠᠭᠤᠯᠭ᠎ᠠ ᠳᠤᠷᠠᠳᠤᠭ᠍ᠰᠠᠨ 11 ᠲᠥᠯᠥᠭᠡᠯᠡᠭ᠌ᠴᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠲᠣᠪᠴᠢᠶ᠎ᠠ᠎ᠳᠤ ᠤᠷᠢᠭ᠍ᠳᠠᠨ ᠬᠦᠷᠴᠦ᠍᠂ 2025 ᠣᠨ᠎ᠤ ᠰᠠᠨᠠᠭᠤᠯᠭ᠎ᠠ᠎ᠶ᠋ᠢ ᠱᠢᠶ᠋ᠳᠪᠦᠷᠢᠯᠡᠭ᠌ᠰᠡᠨ ᠪᠠᠢᠳᠠᠯ᠎ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠦᠵᠡᠵᠦ᠍᠂ ᠨᠢᠭᠤᠷᠳᠠᠨ ᠶᠠᠷᠢᠯᠴᠠᠵᠤ ᠠᠵᠢᠯ᠎ᠤᠨ ᠠᠬᠢᠴᠠ᠎ᠶ᠋ᠢ ᠯᠠᠪᠯᠠᠵᠤ ᠱᠠᠯᠠᠪᠳᠠᠭᠤᠯᠤᠨ ᠨᠠᠢᠳᠠᠪᠤᠷᠢᠵᠢᠭᠤᠯᠪᠠ᠃ 2025 ᠣᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠰᠠᠨᠠᠭᠤᠯᠭ᠎ᠠ᠎ᠶ᠋ᠢ ᠭᠦᠶ᠋ᠴᠡᠳᠭᠡᠬᠦ᠌ ᠠᠵᠢᠯ ᠎ᠤᠨ ᠱᠢᠯᠭᠠᠨ ᠬᠢᠨᠠᠬᠤ ᠭᠦᠶ᠋ᠴᠡᠳᠭᠡᠯ ᠲᠣᠭ᠎ᠠ᠎ᠶ᠋ᠢ ᠦᠨᠡᠯᠡᠬᠦ᠌ ᠨᠠᠷᠢᠨ ᠲᠦᠷᠢᠮ᠎ᠢ ᠲᠣᠭ᠍ᠲᠠᠭᠠᠵᠤ᠂  ᠰᠠᠨᠠᠭᠤᠯᠭ᠎ᠠ ᠵᠢ ᠳᠠᠭᠠᠭᠠᠨ ᠭᠦᠶ᠋ᠴᠡᠳᠭᠡᠬᠦ᠌ 98 ᠨᠢᠭᠡᠴᠢ᠎ᠶ᠋ᠢᠨ ᠭᠦᠶ᠋ᠴᠡᠳᠭᠡᠭᠰᠡᠨ ᠪᠠᠢᠳᠠᠯ᠎ᠳᠤ ᠬᠡᠮᠵᠢᠶᠡᠵᠢᠭᠦᠯᠦᠨ ᠬᠤᠪᠢ ᠥᠭ᠌ᠴᠦ᠂ ᠭᠦᠶ᠋ᠴᠡᠳᠭᠡᠬᠦ᠌ ᠠᠵᠢᠯ᠎ᠢ 《ᠬᠠᠷᠢᠭᠤᠯᠲᠠ ᠥᠭ᠌ᠬᠦ ᠬᠡᠯᠪᠡᠷᠢ》 ᠡᠴᠡ《ᠨᠠᠢᠳᠠᠪᠤᠷᠢᠵᠢᠭᠤᠯᠬᠤ ᠬᠡᠯᠪᠡᠷᠢ》 ᠳᠠᠢᠰᠢ ᠬᠤᠪᠢᠷᠠᠭᠤᠯᠬᠤ᠎ᠶ᠋ᠢ ᠠᠬᠢᠭᠤᠯᠪᠠ᠃

ᠪᠦᠬᠦ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠳᠡᠪᠱᠢᠭᠦᠯᠦᠭ᠌ᠰᠡᠨ 111 ᠬᠤᠪᠢ ᠰᠠᠨᠠᠭᠤᠯᠭ᠎ᠠ᠎ᠶ᠋ᠢᠨ ᠠᠷᠤ᠎ᠳᠤ᠂ ᠮᠥᠨ ᠴᠦ᠍ ᠥᠪᠡᠷᠲᠡᠭᠡᠨ ᠵᠠᠰᠠᠬᠤ ᠣᠷᠣᠨ᠎ᠤ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠮᠦᠨᠡᠬᠢ ᠬᠤᠭᠤᠴᠠᠭᠠᠨ ᠎ᠤ ᠨᠠᠷᠢᠯᠢᠭ ᠦᠢᠯᠡᠴᠢᠯᠡᠭᠡ ᠡᠴᠡ ᠰᠠᠯᠵᠤ ᠴᠢᠳᠠᠬᠤ ᠦᠬᠡᠢ᠃ ᠦᠷᠬᠡᠨ᠎ᠢᠶᠡᠷ ᠪᠣᠷᠣ ᠮᠠᠲ᠋ᠧᠷᠢᠶᠠᠯ᠎ᠴᠤᠭ᠍ᠯᠠᠭᠤᠯᠬᠤ᠂ ᠨᠠᠷᠢᠨ ᠨᠢᠮᠪᠠᠶ ᠱᠢᠯᠢᠨ ᠰᠣᠩᠭᠣᠵᠤ ᠡᠮᠬᠢᠯᠡᠬᠦ᠌᠂ ᠲᠦᠯᠦᠬᠡᠯᠡᠭᠴᠢᠳ᠎ᠤᠨ ᠪᠦᠯᠬᠦᠮ ᠎ᠤᠨ ᠨᠡᠷ᠎ᠡ ᠪᠡᠷ ᠲᠠᠪᠰᠢᠬᠦᠯᠦᠭᠰᠡᠨ ᠰᠠᠨᠠᠭᠤᠯᠭ᠎ᠠ ᠵᠢ ᠵᠣᠬᠢᠴᠠᠭᠤᠯᠤᠨ ᠨᠠᠢᠳᠠᠪᠤᠷᠢᠵᠢᠭᠤᠯᠬᠤ᠎ᠪᠠᠷ ᠳᠠᠮᠵᠢᠨ᠂ ᠤᠯᠤᠰ᠎ᠤᠨ ᠲᠠᠰ ᠳᠠᠪᠬᠤᠷᠭ᠎ᠠ᠎ᠡᠴᠡ 《ᠥᠪᠥᠷ ᠮᠣᠩᠭᠣᠯ᠎ᠤᠨ ᠲᠠᠭᠤᠨ》  ᠢ᠋ ᠲᠠᠮᠵᠢᠭᠤᠯᠪᠠ᠃

ᠬᠡᠷᠬᠢᠨ ᠲᠥᠯᠥᠭᠡᠯᠡᠭ᠌ᠴᠢᠳ᠎ᠦᠨ ᠣᠯᠠᠨ ᠲᠦᠮᠡᠨ᠎ᠲᠡᠶ ᠬᠠᠷᠢᠯᠴᠠᠬᠤ᠎ᠶ᠋ᠢ ᠨᠠᠩ ᠳᠥᠭᠥᠮ᠂ ᠨᠠᠩ ᠥᠨᠳᠥᠷ ᠪᠦᠲᠦᠮᠵᠢᠲᠡᠶ ᠪᠣᠯᠭᠠᠬᠤ ᠪᠤᠢ? 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠥᠯᠥᠭᠡᠯᠡᠭ᠌ᠴᠢ᠎ᠶ᠋ᠢᠨ ᠠᠵᠢᠯ ᠨᠢ ᠡᠨᠡ ᠲᠤᠬᠠᠢ ᠬᠠᠷᠢᠭᠤᠯᠲᠠ ᠥᠭ᠌ᠪᠡ᠃ ᠭᠦᠶ᠋ᠴᠡᠳ ᠪᠠᠢᠴᠠᠭᠠᠨ ᠰᠤᠳᠤᠯᠵᠤ ᠨᠤᠲᠠᠯᠠᠬᠤ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠲᠥᠯᠥᠭᠡᠯᠡᠭ᠌ᠴᠢ᠎ᠶ᠋ᠢᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠲᠠᠪᠴᠠᠩ ᠳᠡᠭᠡᠷ᠎ᠡ᠂ 《ᠺᠣᠳ᠋᠎ᠰᠢᠷᠪᠢᠵᠤ ᠲᠥᠯᠥᠭᠡᠯᠡᠭ᠌ᠴᠢ ᠡᠷᠢᠬᠦ᠌》ᠴᠢᠳᠠᠮᠵᠢ᠎ᠶ᠋ᠢ ᠡᠬᠢᠯᠡᠬᠦᠯᠦᠨ ᠲᠤᠷᠱᠢᠨ ᠬᠡᠷᠡᠭ᠌ᠵᠢᠭᠦᠯᠪᠡ᠃ ᠤᠯᠠᠨ ᠲᠦᠮᠡᠨ ᠵᠥᠪᠬᠡᠨ ᠭᠠᠷ ᠤᠳᠠᠰᠤ ᠪᠡᠷ ᠵᠢᠡᠨ ᠺᠤᠳ᠋ ᠢ᠋ ᠰᠢᠷᠪᠢᠪᠡᠯ ᠰᠦᠯᠵᠢᠶᠡᠨ ᠳᠡᠭᠡᠷ᠎ᠡ ᠲᠥᠯᠥᠭᠡᠯᠡᠭ᠌ᠴᠢᠳ᠎ᠲᠦ ᠠᠰᠠᠭᠤᠳᠠᠯ᠎ᠢ ᠲᠤᠰᠭᠠᠵᠤ᠂ ᠰᠠᠨᠠᠯ᠎ᠢᠶᠠᠨ ᠳᠤᠷᠠᠳᠴᠤ᠌ ᠪᠣᠯᠤᠨ᠎ᠠ;  ᠲᠥᠯᠥᠭᠡᠯᠡᠭ᠌ᠴᠢᠳ ᠲᠡᠷᠡ ᠳᠠᠷᠤᠢ᠎ᠳᠤᠨᠢ ᠲᠠᠪᠴᠠᠩ᠎ᠢᠶᠠᠷ ᠳᠠᠮᠵᠢᠨ ᠱᠢᠯᠵᠢᠭᠦᠯᠦᠨ ᠱᠢᠢᠳᠪᠦᠷᠢᠯᠡᠭᠦᠯᠵᠦ᠍᠂《ᠪᠦᠬᠦᠯᠢ ᠡᠳᠦᠷ ᠵᠢᠨᠷ  ᠠᠮᠠᠷᠠᠬᠤ ᠦᠬᠡᠢ ᠦᠢᠯᠡᠴᠢᠯᠡᠭᠡ ᠬᠠᠨᠭᠭᠠᠬᠤ》 ᠬᠡᠯᠪᠡᠷᠢ ᠵᠢᠨ ᠬᠠᠷᠢᠯᠴᠠᠬᠤ ᠱᠢᠨ᠎ᠡ ᠠᠷᠭ᠎ᠠ ᠵᠠᠮ᠎ᠢ ᠪᠠᠢᠭᠤᠯᠪᠠ᠃ ᠡᠭᠦᠨ᠎ᠦ ᠬᠠᠮᠳᠤ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ 14 ᠲᠥᠯᠥᠭᠡᠯᠡᠭ᠌ᠴᠢ ᠥᠪᠡᠷᠲᠡᠭᠡᠨ ᠵᠠᠰᠠᠬᠤ ᠣᠷᠣᠨ᠎ᠤ 《12345》ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ ᠎ᠦ ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠦ ᠤᠷᠢᠬᠳᠠᠨ ᠣᠷᠣᠯᠴᠠᠵᠤ᠂ 61 ᠬᠤᠪᠢ ᠴᠢᠨᠠᠷ ᠰᠠᠢᠲᠠᠶ ᠰᠠᠨᠠᠭᠤᠯᠭ᠎ᠠ ᠎ᠶ᠋ᠢ《ᠲᠥᠯᠥᠭᠡᠯᠡᠭ᠌ᠴᠢᠳ ᠭᠡᠱᠢᠭᠦᠳ᠎ᠦᠨ ᠰᠠᠨᠠᠯ ᠰᠠᠨᠠᠭᠤᠯᠭ᠎ᠠ ᠳᠤᠷᠠᠳᠭᠤ ᠱᠢᠭᠤᠳ ᠨᠡᠪᠲᠡᠷᠡᠬᠦ᠌ ᠲᠡᠷᠭᠡ》 ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠳᠤ ᠱᠢᠭᠤᠳ ᠮᠡᠳᠡᠭᠦᠯᠪᠡ᠂ ᠡᠭᠦᠨ᠎ᠳᠦ 16 ᠬᠤᠪᠢ᠎ᠶ᠋ᠢ ᠨᠢ ᠭᠥᠯᠢᠶᠡᠨ ᠠᠪᠴᠤ᠌᠂ ᠠᠷᠠᠳ᠎ᠤᠨ ᠰᠠᠨᠠᠭ᠎ᠠ᠎ᠶ᠋ᠢ ᠱᠢᠶ᠋ᠳᠪᠦᠷᠢᠲᠦ ᠪᠣᠳᠣᠯᠭ᠎ᠠ᠎ᠳᠤ ᠣᠷᠣᠭᠤᠯᠬᠤ ᠠᠷᠭ᠎ᠠ ᠵᠠᠮ ᠨᠠᠩ ᠱᠢᠯᠤᠭᠤᠬᠠᠨ ᠪᠣᠯᠪᠠ᠃

ᠠᠬᠤᠢ ᠲᠠᠯᠠᠪᠠᠢ᠎ᠵᠢᠨ ᠬᠠᠷᠢᠯᠴᠠᠭ᠎ᠠ ᠴᠤ᠌ ᠮᠦᠨ ᠠᠳᠠᠯᠢ ᠪᠡᠷ ᠤᠯᠠᠨ ᠵᠦᠢᠯ᠎ᠤᠨ ᠬᠡᠯᠪᠡᠷᠢ ᠪᠡᠷ ᠶᠠᠪᠤᠭᠳᠠᠵᠤ᠂ ᠦᠨᠳᠦᠰᠦᠨ ᠱᠠᠲᠤᠨ᠎ᠳᠤ ᠭᠦᠨᠵᠡᠭᠡᠢᠷᠡᠪᠡ᠃  ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ 4 ᠳᠤᠭᠤᠢᠯᠠᠩ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ 30 ᠳᠤᠭᠤᠢᠯᠠᠩ ᠨᠢ ᠪᠦᠬᠦ᠌ ᠵᠢᠯ᠎ᠳᠦ 45 ᠤᠳᠠᠭ᠎ᠠ ᠠᠵᠢᠯᠯᠠᠭ᠎ᠠ ᠥᠷᠨᠢᠭᠦᠯᠵᠦ᠍᠂ ᠲᠥᠯᠥᠭᠡᠯᠡᠭ᠌ᠴᠢ 253 ᠬᠥᠮᠦᠨ ᠤᠳᠠᠭ᠎ᠠ᠎ᠣᠷᠣᠯᠴᠠᠪᠠ᠃ 140 ᠨᠡᠷᠡᠰ ᠥᠪᠡᠷᠲᠡᠭᠡᠨ ᠵᠠᠰᠠᠬᠤ ᠣᠷᠣᠨ᠎ᠤ  ᠠᠷᠠᠳ᠎ᠤᠨ ᠲᠥᠯᠥᠭᠡᠯᠡᠭ᠌ᠴᠢ ᠤᠤᠯ ᠎ᠤᠨ ᠰᠣᠩᠭᠣᠭᠤᠯᠢ ᠎ᠶ᠋ᠢᠨ ᠨᠢᠭᠡᠴᠢ᠎ᠳᠡᠭᠡᠨ ᠪᠤᠴᠠᠵᠤ ᠲᠤᠱᠢᠶᠠᠯ᠎ᠤᠨ ᠮᠡᠳᠡᠭᠦᠯᠦᠯᠲᠡ ᠬᠢᠵᠦ᠍᠂ ᠲᠤᠱᠢᠶᠠᠯ ᠬᠠᠷᠢᠭᠤᠴᠠᠯᠭ᠎ᠠ ᠎ᠪᠠᠨ ᠭᠦᠶ᠋ᠴᠡᠳᠭᠡᠭ᠌ᠰᠡᠨ ᠪᠠᠢᠳᠠᠯ᠎ᠢᠶᠠᠨ ᠨᠢᠭᠤᠷᠲᠠᠨ ᠬᠠᠷᠢᠭᠤ ᠮᠡᠳᠡᠭᠦᠯᠵᠦ᠍᠂ ᠠᠷᠠᠳ ᠲᠦᠮᠡᠨ ᠎ᠦ ᠬᠢᠨᠠᠯᠲᠠ᠎ᠶ᠋ᠢ ᠬᠦᠯᠢᠶᠡᠪᠡ᠃ ᠪᠠᠢᠩᠭᠤ᠎ᠶ᠋ᠢᠨ ᠬᠤᠷᠢᠶ᠎ᠠ᠎ᠵᠢᠨ ᠪᠦᠷᠢᠯᠳᠦᠬᠦᠨ᠎ᠨᠡᠷ ᠦᠨᠳᠦᠰᠦᠨ ᠱᠠᠲᠤᠨ᠎ᠤ ᠲᠥᠯᠥᠭᠡᠯᠡᠭ᠌ᠴᠢ᠎ᠲᠡᠶ ᠬᠠᠷᠢᠯᠴᠠᠬᠤ ᠲᠦᠷᠢᠮ᠎ᠢ ᠦᠷᠭᠦᠯᠵᠢᠯᠡᠨ ᠭᠦᠨᠵᠡᠭᠡᠢᠷᠡᠭᠦᠯᠵᠦ᠍᠂ 73 ᠪᠦᠷᠢᠯᠳᠦᠬᠦᠨ ᠦᠨᠳᠦᠰᠦᠨ ᠱᠠᠲᠤᠨ᠎ᠤ 281 ᠲᠥᠯᠥᠭᠡᠯᠡᠭ᠌ᠴᠢ᠎ᠲᠡᠶ ᠬᠠᠪᠰᠤᠷᠤᠯᠴᠠᠭ᠎ᠠ ᠪᠠᠢᠭᠤᠯᠤᠨ  ᠬᠠᠷᠢᠯᠴᠠᠵᠤ᠂ ᠲᠤᠬᠠᠢ᠎ᠵᠢᠨ ᠬᠦᠮᠦᠨ᠎ᠤ ᠲᠠᠭᠤᠨ ᠎ᠢ ᠰᠣᠨᠣᠰᠴᠤ᠌᠂ ᠪᠣᠳᠠᠲᠤ ᠪᠠᠢᠳᠠᠯ᠎ᠢ ᠪᠠᠢᠴᠠᠭᠠᠪᠠ᠃ ᠱᠢᠨ᠎ᠡ ᠡᠨᠧᠷᠭᠢ᠎ᠶ᠋ᠢᠨ ᠬᠥᠭ᠌ᠵᠢᠯᠲᠡ᠂ ᠠᠷᠠᠳ ᠎ᠤᠨ ᠡᠵᠡᠩᠨᠡᠯᠲᠡ᠎ᠶ᠋ᠢᠨ ᠠᠵᠤ ᠠᠬᠤᠢ᠂ ᠠᠳᠠᠯ ᠠᠬᠤᠢ᠎ᠶ᠋ᠢᠨ ᠬᠠᠮᠢᠶᠠᠷᠤᠯᠲᠠ ᠵᠡᠷᠭᠡ ᠭᠣᠣᠯ ᠰᠡᠳᠦᠪ ᠎ᠦᠨ ᠲᠣᠭᠣᠷᠢᠨ᠎ᠳᠤ᠂ ᠡᠯ᠎ᠡ ᠱᠠᠲᠤᠨ ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠦᠯᠦᠬᠡᠯᠡᠭᠴᠢ 160 ᠭᠠᠷᠤᠢ ᠬᠥᠮᠦᠨ ᠤᠳᠠᠭ᠎ᠠ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠬᠢᠵᠦ᠍᠂ ᠨᠢᠭᠡ ᠪᠦᠯᠦᠭ ᠦᠨ᠎ᠡ ᠦᠷᠳᠡᠭ᠎ᠲᠡᠶ ᠪᠠᠢᠴᠠᠭᠠᠨ ᠰᠤᠳᠤᠯᠤᠯᠲᠠ᠎ᠶ᠋ᠢᠨ ᠮᠡᠳᠡᠭᠦᠯᠦᠯᠲᠡ ᠪᠠ ᠰᠠᠨᠠᠭᠤᠯᠭ᠎ᠠ᠎ᠶ᠋ᠢ ᠪᠦᠷᠢᠯᠳᠦᠭᠦᠯᠪᠡ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠶ᠋ᠢ ᠨᠠᠢᠷᠠᠭᠤᠯᠤᠨ ᠵᠣᠬᠢᠶᠠᠬᠤ᠎ ᠳᠤ ᠦᠢᠯᠡᠴᠢᠯᠡᠬᠦ᠌ ᠶᠠᠪᠤᠴᠠ᠎ᠳᠤ᠂ ᠲᠥᠯᠥᠭᠡᠯᠡᠭ᠌ᠴᠢᠳ ᠎ᠦᠨ ᠲᠡᠪᠰᠢᠬᠦᠯᠦᠭᠰᠡᠨ ᠡᠯ᠎ᠡ ᠲᠠᠯ᠎ᠠ ᠵᠢᠨ ᠤᠶᠤᠨ ᠤᠬᠠᠭᠠᠨ᠎ᠢ ᠭᠦᠢᠴᠡᠳ ᠱᠢᠩᠭᠡᠭᠡᠨ ᠠᠪᠤᠪᠠ᠃

ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯ ᠲᠦᠷᠦ ᠵᠢᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠭᠤ᠎ᠳᠤ ᠣᠷᠣᠯᠴᠠᠭ᠍ᠴᠢ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢᠨ ᠦᠢᠯᠡᠳᠦᠯᠭᠡᠵᠢᠭᠦᠯᠦᠭ᠌ᠴᠢ ᠮᠥᠨ᠃ 2025 ᠣᠨ ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠲᠥᠯᠥᠭᠡᠯᠡᠭ᠌ᠴᠢ ᠨᠡᠢᠭᠡᠮ ᠲᠣᠭᠣᠷᠢᠭ᠎ᠲᠤ ᠬᠦᠷᠴᠦ᠍ ᠨᠡᠷ᠎ᠡ ᠮᠡᠳᠡᠭᠦᠯᠬᠦ᠌᠂ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠶ᠋ᠴᠡᠳᠭᠡᠬᠦ᠌᠎ᠳᠦ ᠣᠷᠣᠯᠴᠠᠬᠤ᠂ ᠤᠷᠢᠳ᠎ᠢᠶᠠᠷ ᠡᠶᠡᠳᠡᠭᠦᠯᠬᠦ᠌᠂ ᠬᠢᠨᠠᠯᠲᠠ ᠲᠠᠯᠪᠢᠬᠤ ᠵᠦᠶ᠋ᠯᠡᠰ᠎ᠢ ᠲᠤᠰᠭᠠᠬᠤ ᠳᠥᠷᠪᠡᠨ ᠱᠢᠨ᠎ᠡ ᠲᠣᠭ᠍ᠲᠡᠴᠡ᠎ᠶ᠋ᠢ ᠭᠦᠨᠵᠡᠭᠡᠶ ᠠᠬᠢᠭᠤᠯᠪᠠ᠃ ᠨᠢᠭᠡ ᠪᠦᠯᠦᠭ ᠲᠣᠭ᠎ᠠ ᠪᠠᠷᠢᠮᠲᠠ᠎ᠨᠢ ᠲᠥᠯᠥᠭᠡᠯᠡᠭ᠌ᠴᠢᠳ᠎ᠦᠨ《ᠦᠨᠳᠦᠰᠦᠨ ᠱᠠᠲᠤᠨ᠎ᠳᠤ ᠭᠦᠨᠵᠡᠭᠡᠢᠷᠡᠭᠰᠡᠨ》 ᠡᠷᠴᠢᠮ ᠪᠠ ᠬᠠᠢᠷ᠎ᠠ ᠰᠡᠳᠬᠢᠯᠬᠡ ᠵᠢ ᠭᠡᠷᠡᠴᠢᠯᠡᠪᠡ᠄  2025 ᠣᠨ᠎ᠤ ᠡᠴᠦᠰ ᠪᠣᠯᠲᠠᠯ᠎ᠠ᠂ ᠪᠥᠬᠥ᠌ ᠣᠷᠣᠨ᠎ᠳᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠢᠨ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠶ᠋ᠴᠡᠳᠭᠡᠬᠦ᠌ ᠴᠣᠩᠬᠣᠪᠴᠢ᠎ᠶ᠋ᠢ 3920 ᠲᠤᠬᠢᠷᠠᠭᠤᠯᠵᠤ᠂ 13207 ᠲᠥᠯᠥᠭᠡᠯᠡᠭ᠌ᠴᠢ 《ᠣᠷᠣᠯᠠᠨ ᠭᠦᠶ᠋ᠴᠡᠳᠭᠡᠭ᠌ᠴᠢ》 ᠪᠣᠯᠵᠣ᠂ ᠣᠯᠠᠨ ᠲᠦᠮᠡᠨ᠎ᠢ ᠬᠠᠪᠰᠤᠷᠤᠨ ᠵᠠᠬᠢᠳᠠᠯ ᠰᠤᠷᠪᠤᠯᠵᠢᠯᠠᠯ᠎ᠤᠨ ᠵᠦᠶ᠋ᠯᠡᠰ᠎ᠢ 11164 ᠬᠤᠪᠢ ᠵᠣᠬᠢᠴᠠᠭᠤᠯᠤᠨ ᠱᠢᠶ᠋ᠳᠪᠦᠷᠢᠯᠡᠪᠡ;  46102 ᠲᠥᠯᠥᠭᠡᠯᠡᠭ᠌ᠴᠢ ᠰᠠᠭᠤᠭ᠎ᠠ ᠨᠡᠢᠭᠡᠮ ᠲᠣᠭᠣᠷᠢᠭ᠎ᠲᠠᠭᠠᠨ ᠰᠠᠨᠠᠭᠠᠴᠢᠯᠠᠭ᠎ᠠ᠎ᠡᠴᠡ᠎ᠪᠠᠨ ᠬᠦᠷᠴᠦ᠍ ᠨᠡᠷ᠎ᠡ ᠮᠡᠳᠡᠭᠦᠯᠦᠨ᠂ ᠬᠥᠷᠰᠢ ᠵᠡᠷᠭᠡᠯᠡᠳᠡᠭᠡ᠎ᠳᠡᠭᠡᠨ ᠦᠢᠯᠡᠴᠢᠯᠡᠪᠡ; 6821 ᠲᠥᠯᠥᠭᠡᠯᠡᠭ᠌ᠴᠢ ᠨᠡᠢᠭᠡᠮ᠎ᠦᠨ ᠪᠠᠢᠳᠠᠯ᠎ᠢ ᠰᠠᠢ᠌ᠨ ᠮᠡᠳᠡᠬᠦ᠌᠂ ᠨᠡᠯᠢᠶᠡᠳ ᠥᠨᠳᠥᠷ ᠨᠡᠷ᠎ᠡ ᠬᠦᠨᠳᠦ᠍᠎ᠲᠡᠶ ᠳᠠᠪᠠᠭᠤᠯᠢᠭ᠎ᠲᠠᠭᠠᠨ ᠲᠦᠱᠢᠭᠯᠡᠨ᠂ 12008 ᠢᠷᠭᠡᠨ᠎ᠦ ᠪᠠ ᠬᠤᠳᠠᠯᠳᠤᠭᠠᠨ᠎ᠤ ᠶᠠᠪᠤᠳᠠᠯ᠎ᠤᠨ ᠬᠡᠷᠡᠭ᠎ᠢ ᠡᠶᠡᠳᠡᠭᠦᠯᠬᠦ᠌᠎ᠳᠦ ᠣᠷᠣᠯᠴᠠᠵᠤ᠂ 8467 ᠬᠡᠷᠡᠭ᠎ᠢ ᠠᠮᠵᠢᠯᠲᠠ᠎ᠲᠠᠶ᠎ᠪᠠᠷ ᠱᠢᠢᠳᠪᠦᠷᠢᠯᠡᠵᠦ᠍᠂ ᠵᠥᠷᠢᠴᠡᠯ ᠵᠢᠭᠤᠷᠠᠯᠳᠤᠭᠠᠨ ᠎ᠢ ᠰᠢᠢᠳᠪᠦᠷᠢᠯᠡᠬᠦ ᠳ᠋ᠤ  ᠢᠳᠡᠪᠬᠢᠳᠡᠢ ᠦᠢᠯᠡᠳᠦᠯ ᠦᠵᠡᠬᠦᠯᠪᠡ᠃

ᠬᠥᠯᠥᠨ ᠪᠤᠢ᠌ᠷ ᠎ᠤᠨ ᠲᠠᠯ᠎ᠠ ᠨᠤᠲᠤᠭ ᠡᠴᠡ ᠤᠯᠠᠭᠠᠨᠴᠠᠪ᠎ᠤᠨ ᠬᠥᠳᠡᠭᠡ ᠲᠣᠰᠭᠣᠨ ᠬᠦᠷᠲᠡᠯ᠎ᠡ᠂ ᠭᠠᠵᠠᠷ ᠪᠣᠯᠭᠠᠨ᠎ᠳᠤ ᠲᠥᠯᠥᠭᠡᠯᠡᠭ᠌ᠴᠢᠳ᠎ᠦᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠵᠤ ᠶᠠᠪᠤᠭ᠎ᠠ ᠪᠠᠷ᠎ᠠ ᠬᠠᠷᠠᠭ᠍ᠳᠠᠨ᠎ᠠ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠢᠯᠧᠲ ᠦᠭᠴᠤ ᠱᠢᠶ᠋ᠳᠪᠦᠷᠢ ᠭᠠᠷᠭᠠᠬᠤ ᠲᠦᠷᠢᠮ᠎ᠢᠶᠡᠷ ᠳᠠᠮᠵᠢᠨ᠂ ᠣᠯᠠᠨ ᠲᠦᠮᠡᠨ᠎ᠦ ᠦᠨᠳᠦᠰᠦᠨ ᠠᠱᠢᠭ ᠲᠤᠰᠠ᠎ᠳᠤ ᠬᠣᠯᠪᠣᠭ᠍ᠳᠠᠬᠤ ᠣᠨ᠎ᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠦᠷᠦᠯ ᠵᠦᠢᠯ᠎ᠢ ᠲᠣᠭ᠍ᠲᠠᠭᠠᠪᠠ᠃ ᠪᠥᠬᠥ᠌ ᠵᠢᠯ᠎ᠳᠦ᠂ ᠪᠥᠬᠥ᠌ ᠣᠷᠣᠨ᠎ᠤ ᠬᠣᠱᠢᠭᠤ ᠱᠢᠶᠠᠨ᠎ᠤ ᠱᠠᠲᠤᠨ᠎ᠤ ᠪᠢᠯᠧᠲ ᠦᠭᠴᠤ ᠱᠢᠶ᠋ᠳᠪᠦᠷᠢ ᠭᠠᠷᠭᠠᠭ᠍ᠰᠠᠨ ᠲᠥᠷᠥᠯ ᠵᠦᠶ᠋ᠯ 818᠂ ᠰᠤᠮᠤ ᠱᠢᠶᠠᠩ ᠪᠠᠯᠭᠠᠰᠤ᠎ᠶ᠋ᠢᠨ ᠱᠠᠲᠤᠨ᠎ᠤ ᠪᠢᠯᠧᠲ᠎ᠦᠭᠴᠤ ᠱᠢᠶ᠋ᠳᠪᠦᠷᠢ ᠭᠠᠷᠭᠠᠭ᠍ᠰᠠᠨ ᠲᠥᠷᠥᠯ ᠵᠦᠶ᠋ᠯ 2532 ᠪᠠᠢᠵᠤ᠂ ᠬᠣᠯᠪᠣᠭ᠍ᠳᠠᠬᠰᠠᠨ ᠶᠡᠷᠦᠩᠬᠡᠢ ᠪᠡᠯᠡ ᠮᠦᠩᠬᠦ  ᠪᠠᠷᠤᠭ 319.49 ᠳ᠋ᠦᠩᠱᠢᠭᠤᠷ ᠲᠥᠭᠥᠷᠢᠭ ᠲᠤ᠌ ᠬᠦᠷᠴᠤ᠂ 《ᠣᠯᠠᠨ ᠲᠦᠮᠡᠨ ᠶᠠᠭᠤ ᠪᠤᠳᠤᠵᠤ ᠪᠠᠢᠬᠤ》 ᠪᠠ 《ᠵᠠᠰᠠᠭ᠎ᠤᠨ ᠣᠷᠳᠣᠨ ᠶᠠᠭᠤ ᠬᠢᠬᠦ᠌》 ᠶ᠋ᠢ ᠤᠨᠤᠪᠴᠢᠳᠠᠢ᠎ᠵᠣᠯᠭᠠᠭᠤᠯᠬᠤ ᠵᠢ ᠪᠡᠶᠡᠯᠡᠬᠦᠯᠪᠡ᠃

ᠪᠠᠲᠤ ᠴᠢᠩᠭ᠎ᠠ ᠳᠦᠷᠢᠮ ᠪᠣᠯ ᠲᠦᠯᠦᠭᠡᠯᠡᠭᠴᠢ ᠵᠢᠨ ᠠᠵᠢᠯ᠎ᠤᠨ ᠠᠷᠤ ᠲᠦᠱᠢᠭ ᠮᠥᠨ᠃ 2025 ᠣᠨ᠎ᠳᠤ᠂ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠪᠠᠲᠤᠯᠠᠭ᠎ᠠ᠎ᠶ᠋ᠢᠨ ᠱᠢᠰᠲ᠋ᠧᠮ᠎ᠢ ᠬᠦᠴᠦᠯᠡᠨ ᠲᠡᠭᠦᠯᠳᠡᠷᠵᠢᠭᠦᠯᠪᠡ᠃ ᠳᠡᠭᠡᠳᠦ ᠪᠠᠢᠷᠢ᠎ᠶ᠋ᠢᠨ ᠬᠠᠤᠯᠢ᠎ᠶ᠋ᠢ ᠭᠦᠨᠵᠡᠭᠡᠢ ᠰᠤᠳᠤᠯᠵᠤ᠂ ᠡᠯ᠎ᠡ ᠲᠠᠯ᠎ᠠ᠎ᠶ᠋ᠢᠨ ᠬᠢᠨ᠎ᠦ ᠰᠠᠨᠠᠯ᠎ᠢ ᠥᠷᠭᠡᠨ᠎ᠢᠶᠡᠷ ᠰᠣᠨᠣᠰᠴᠤ᠌᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ》 ᠶ᠋ᠢ ᠬᠡᠷᠡᠭ᠌ᠵᠢᠭᠦᠯᠬᠦ᠌ ᠠᠷᠭ᠎ᠠ᠎ᠳᠤ ᠵᠠᠰᠠᠪᠤᠷᠢ ᠣᠷᠣᠭᠤᠯᠬᠤ ᠠᠵᠢᠯ᠎ᠢ ᠪᠡᠶᠡᠯᠡᠭᠦᠯᠵᠦ᠍᠂ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌᠎ᠳᠦ ᠨᠡᠩ ᠣᠨᠣᠪᠴᠢᠲᠠᠢ ᠬᠠᠤᠯᠢ ᠴᠠᠭᠠᠵᠠ᠎ᠶ᠋ᠢᠨ ᠦᠨᠳᠦᠰᠦᠯᠡᠯ ᠬᠠᠩᠭᠠᠪᠠ᠃

ᠱᠢᠨ᠎ᠡ ᠠᠶᠠᠨ᠎ᠳᠤ ᠮᠤᠷᠳᠠᠵᠤ᠂ ᠲᠥᠯᠥᠭᠡᠯᠡᠭ᠌ᠴᠢ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ ᠪᠠᠨ ᠦᠷᠬᠦᠯᠵᠢᠯᠡᠨ ᠰᠠᠢᠳᠤᠷ ᠬᠦᠢᠴᠡᠳᠬᠡᠨ᠎ᠡ᠃ ᠢᠷᠡᠭᠡᠳᠦᠶ᠎ᠳᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠣᠷᠢᠶ᠎ᠠ ᠲᠥᠯᠥᠭᠡᠯᠡᠭ᠌ᠴᠢ ᠵᠢᠨ ᠠᠵᠢᠯ ᠎ᠢ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠯᠤᠭ᠎ᠠ ᠤᠬᠠᠮᠰᠠᠷ ᠡᠴᠡ᠎ᠪᠠᠨ ᠠᠭᠤᠰᠤᠯᠴᠠᠭᠤᠯᠵᠤ᠂ ᠲᠥᠯᠥᠭᠡᠯᠡᠭ᠌ᠴᠢᠳ᠎ᠦᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠣᠯᠠᠨ ᠲᠦᠮᠡᠨ᠎ᠲᠡᠶ ᠬᠠᠷᠢᠯᠴᠠᠬᠤ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠬᠤ ᠠᠷᠭ᠎ᠠ ᠵᠠᠮ᠎ᠢ ᠥᠷᠭᠡᠳᠭᠡᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠎ᠢ ᠨᠡᠮᠡᠭ᠌ᠳᠡᠭᠦᠯᠬᠦ᠌᠎ᠳᠦ ᠲᠥᠯᠥᠭᠡᠯᠡᠭ᠌ᠴᠢᠳ᠎ᠦᠨ ᠨᠠᠩ ᠶᠡᠬᠡ ᠵᠢᠳᠬᠦᠯ ᠴᠢᠷᠮᠠᠢᠯᠭ᠎ᠠ ᠭᠠᠷᠭᠠᠬᠤ ᠎ᠶ᠋ᠢ ᠳᠡᠮᠵᠢᠨ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ ᠎ᠶ᠋ᠢ ᠪᠢᠴᠢᠭ᠌ᠯᠡᠬᠦ᠌᠎ᠳᠦ ᠬᠠᠮᠤᠭ᠎ᠤᠨ ᠥᠷᠭᠡᠨ ᠳᠡᠯᠭᠡᠷ᠂ ᠬᠠᠮᠤᠭ ᠎ᠤᠨ ᠭᠦᠨ ᠵᠤᠵᠠᠭᠠᠨ ᠠᠷᠠᠳ ᠲᠦᠮᠡᠨ ᠎ᠦ ᠬᠦᠴᠦᠨ᠎ᠢ ᠨᠢᠭ᠍ᠲᠠᠷᠠᠭᠤᠯᠤᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号