ᠱᠢᠨ᠎ᠡ ᠎ᠶ᠋ᠢ ᠬᠦᠬᠡᠬᠡᠴᠡᠯᠳᠦᠨ ᠴᠢᠨᠠᠷ ᠰᠠᠢᠲᠠᠢ ᠬᠦᠭᠵᠢᠯᠲᠡ ᠲᠡᠢᠰᠢ ᠤᠷᠤᠭ᠍ᠰᠢᠯᠠᠵᠤ ᠥᠪᠥᠷ ᠮᠣᠩᠭᠣᠯ ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠨᠠᠩ ᠴᠢᠩᠭᠠᠷᠠᠪᠠ
2026-02-01 11:30:34
ᠵᠣᠬᠢᠶᠠᠭ᠍ᠴᠢ᠄
ᠪᠠᠶ ᠯᠢᠶᠠᠨ
ᠣᠩᠱᠢᠭ᠍ᠰᠠᠨ ᠣᠳᠠᠭ᠎ᠠ᠄
★★★☆☆

2025 ᠣᠨ᠎ᠳᠤ ᠥᠪᠥᠷ ᠮᠣᠩᠭᠣᠯ《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢᠨ ᠲᠣᠭᠣᠷᠢᠨ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠷᠬᠡᠭ ᠣᠷᠣᠨ᠎ᠢ ᠲᠦᠷᠭᠡᠳᠭᠡᠨ ᠪᠠᠢᠭᠤᠯᠬᠤ ᠵᠠᠮ ᠳᠡᠭᠡᠷ᠎ᠡ ᠢᠳᠡᠷᠡᠭᠦᠨ ᠠᠯᠬᠤᠭ᠎ᠠ᠎ᠶ᠋ᠢ ᠠᠯᠬᠤᠵᠤ᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠪᠢᠯᠬᠠᠪᠠ᠃

ᠪᠦᠬᠦ ᠳᠡᠯᠡᠬᠡᠶ ᠎ᠶ᠋ᠢᠨ ᠠᠩᠬᠠᠳᠠᠭ᠍ᠴᠢ ᠢᠵᠢ ᠵᠠᠭᠠᠭ ᠬᠡᠮᠵᠢᠶ᠎ᠡ ᠵᠢ ᠲᠠᠪᠠᠵᠤ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢᠶᠡᠷ ᠬᠦᠯᠳᠡᠬᠡᠬᠦ ᠡᠳ᠋ ᠪᠤᠯᠭᠠᠬᠰᠠᠨ ᠡᠷᠬᠢᠯᠳᠡᠳᠦ ᠰᠢᠰᠲᠸᠮ᠎ᠤᠨ ᠨᠡᠭᠦᠷᠡᠰᠦᠲᠥ᠋ᠷᠥᠭ᠌ᠴᠢ ᠥᠬᠡᠶ ᠨᠢᠰᠭᠡᠯ᠎ᠦᠨ ᠪᠠᠭᠤᠳᠠᠯ ᠣᠷᠳᠣᠰ᠎ᠲᠤ ᠠᠱᠢᠭ᠍ᠯᠠᠯᠲᠠ᠎ᠳᠤ ᠣᠷᠣᠵᠤ᠂ 60% ᠪᠡᠷ ᠡᠨᠧᠷᠭᠢ ᠠᠷᠪᠢᠯᠠᠵᠤ᠂ 99% ᠪᠠᠷ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ  ᠪᠠᠭᠠᠰᠭᠠᠬᠤ᠎ᠶ᠋ᠢ ᠪᠡᠶᠡᠯᠡᠭᠦᠯᠪᠡ; 《ᠡᠯᠡᠰᠦᠨ ᠢᠯᠴᠢ᠎ᠶ᠋ᠢᠨ ᠬᠦᠴᠦᠨ᠎ᠦ ᠳ᠋ᠢᠶᠠᠨ ᡂᠢ 》 ᠡᠨᠧᠷᠭᠢ ᠬᠠᠳᠠᠭᠠᠯᠠᠬᠤ ᠵᠢ ᠲᠤᠮᠳᠠ ᠨᠢ ᠲᠤᠷᠰᠢᠬᠤ ᠲᠤᠨᠤᠬᠯᠠᠯ᠎ᠢ ᠠᠮᠵᠢᠯᠲᠠ᠎ᠲᠠᠶ ᠨᠡᠪᠲᠡᠷᠡᠭᠦᠯᠵᠦ᠍᠂ ᠠᠵᠤ ᠦᠶ᠋ᠯᠡᠳᠪᠦᠷᠢ ᠳ᠋ᠤ ᠪᠣᠬᠢᠷᠲᠤᠯ ᠥᠬᠡᠶ ᠢᠯᠴᠢ ᠬᠠᠩᠭᠠᠬᠤ ᠴᠤ  ᠱᠢᠨ᠎ᠡ ᠠᠷᠭ᠎ᠠ ᠵᠠᠮ᠎ᠢ ᠨᠡᠭᠡᠭᠡᠪᠡ; 《ᠮᠸᠩ ᠱᠢᠨ》 ᠭᠠᠬᠠᠶ᠎ᠶ᠋ᠢᠨ ᠡᠭᠦᠯᠳᠡᠷ ᠪᠣᠢᠵᠢᠭᠤᠯᠬᠤ ᠴᠠᠬᠢᠮ ᠢᠯᠳᠠᠰᠤ᠎ᠵᠢ ᠰᠣᠩᠭᠣᠨ ᠪᠣᠢᠵᠢᠭᠤᠯᠬᠤ ᠦᠶᠡᠯᠡᠯ ᠎ᠦᠨ ᠬᠤᠭᠤᠴᠠᠭ᠎ᠠ᠎ᠶ᠋ᠢ ᠬᠠᠭᠠᠰ᠎ᠢᠶᠠᠷ ᠪᠠᠭᠠᠰᠭᠠᠵᠤ᠂ ᠲᠡᠵᠢᠭᠡᠨ ᠦᠷᠡᠵᠢᠭᠦᠯᠬᠦ᠌ ᠦᠶ᠋ᠯᠡᠰ ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠪᠡ;  ᠳᠡᠯᠡᠬᠡᠶ ᠳᠡᠭᠡᠷ᠎ᠡ ᠠᠩᠬ᠎ᠠ ᠡᠭᠦᠳᠦᠭ᠌ᠰᠡᠨ ᠭᠠᠭ᠍ᠴᠠ ᠳᠠᠬᠢᠨᠳᠤ ᠪᠡᠶ᠎ᠡ᠎ᠶ᠋ᠢᠨ ᠭᠤᠤᠯ ᠡᠰ᠎ᠢ ᠪᠣᠢᠵᠢᠭᠤᠯᠬᠤ ᠮᠡᠷᠭᠡᠵᠢᠯ᠎ᠨᠢ ᠦᠬᠡᠷ ᠬᠣᠨᠢᠨ᠎ᠤ ᠡᠭᠦᠯᠳᠡᠷ ᠪᠣᠢᠵᠢᠭᠤᠯᠬᠤ ᠦᠷ᠎ᠡ ᠪᠦᠲᠦᠮᠵᠢ᠎ᠶ᠋ᠢ 95% ᠎ᠪᠠᠷ ᠳᠡᠭᠡᠭ᠌ᠰᠢᠯᠡᠭᠦᠯᠵᠦ᠍᠂ ᠦᠷ᠎ᠡ᠎ᠶ᠋ᠢᠨ ᠦᠶ᠋ᠯᠡᠰ᠎ᠦᠨ ᠪᠣᠭᠣᠮᠢ ᠪᠤᠯᠵᠤ ᠪᠠᠢᠬᠰᠠᠨ ᠠᠰᠠᠭᠤᠳᠠᠯ ᠎ᠢ ᠰᠢᠢᠳᠪᠦᠷᠢᠯᠡᠪᠡ ᠁ ᠦᠨᠡᠨ ᠪᠤᠳᠠᠳᠠᠢ ᠦᠷ᠎ᠡ ᠪᠦᠲᠦᠭᠡᠯ᠎ᠢᠶᠡᠷ ᠬᠦᠴᠦᠨ ᠣᠯᠭᠣᠵᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠱᠢᠨ᠎ᠡ ᠦᠨᠳᠦᠷᠴᠡ᠎ᠶ᠋ᠢ ᠬᠠᠷᠠᠭᠤᠯᠵᠤ᠂ ᠨᠠᠩ ᠴᠤ᠌ ᠠᠵᠤ ᠦᠶ᠋ᠯᠡᠰ᠎ᠦᠨ ᠱᠢᠨ᠎ᠡ ᠵᠢ ᠬᠦᠬᠡᠬᠡᠴᠡᠯᠳᠦᠵᠤ ᠴᠢᠨᠡᠷ ᠰᠠᠢᠳᠠᠢ ᠬᠦᠭᠵᠢᠬᠦ  ᠡᠷᠡᠰ ᠵᠣᠷᠢᠭ ᠪᠠ ᠪᠣᠳᠠᠲᠤ ᠬᠦᠴᠦᠨ᠎ᠢ ᠲᠤᠰᠭᠠᠪᠠ᠃

ᠡᠨᠡ ᠨᠢᠬᠡ ᠵᠢᠯ᠎ᠳᠦ᠂ ᠥᠪᠥᠷ ᠮᠣᠩᠭᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠪᠣᠭᠣᠮᠢ᠎ᠶ᠋ᠢ ᠬᠦᠴᠦᠯᠡᠨ ᠱᠢᠢᠳᠪᠦᠷᠢᠯᠡᠵᠦ᠍᠂ ᠬᠣᠱᠢᠭᠤᠷᠠᠯ ᠤᠷᠤᠯᠳᠤᠭᠠᠨ᠎ᠤ ᠵᠠᠮ ᠲᠡᠬᠡᠷ᠎ᠡ ᠲᠦᠷᠭᠡᠳᠬᠡᠨ ᠪᠠᠢᠷᠢᠯᠠᠭᠤᠯᠵᠤ᠂ ᠠᠵᠤ ᠦᠢᠯᠡᠰ᠎ᠦᠨ ᠪᠦᠲᠦᠴᠡ᠎ᠶ᠋ᠢᠨ 《ᠡᠬᠢ ᠪᠠᠶᠠᠯᠢᠭ᠎ᠲᠤ ᠲᠦᠱᠢᠭ᠌ᠯᠡᠬᠦ᠌ 》 ᠡᠴᠡ 《 ᠮᠡᠷᠭᠡᠵᠢᠯ᠎ᠢᠶᠡᠷ ᠬᠦᠳᠦᠯᠦᠨ ᠳᠠᠭᠠᠭᠤᠯᠬᠤ 》 ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠥᠪᠡᠷᠮᠢᠴᠡ ᠣᠨᠴᠠᠯᠢᠭ᠎ᠲᠠᠶ ᠱᠢᠨ᠎ᠡ ᠎ᠶ᠋ᠢ ᠡᠭᠦᠳᠬᠦ᠌ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠪᠠ᠃ ᠤᠯᠠᠮᠵᠢᠯᠠᠯᠲᠤ ᠠᠵᠤ ᠦᠶ᠋ᠯᠡᠰ ᠎ᠤᠨ ᠲᠤᠢᠯᠪᠤᠷᠢᠲᠠᠶ ᠦᠬᠡᠷᠡᠴᠢᠯᠡᠭᠳᠡᠭᠰᠡᠨ᠎ᠠᠴᠠ ᠠᠪᠤᠭᠠᠳ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠦᠷᠨᠢᠩᠬᠦᠢ ᠦᠰᠦᠨ ᠪᠣᠢᠵᠢᠬᠰᠠᠨ ᠬᠦᠷᠲᠡᠯ᠎ᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌《ᠭᠤᠤᠯ ᠬᠥᠳᠡᠯᠭᠡᠭᠦᠷ》 ᠪᠣᠯᠤᠨ ᠠᠵᠤ ᠦᠶ᠋ᠯᠡᠰ᠎ᠦᠨ ᠲᠠᠰ ᠳᠡᠪᠱᠢᠬᠦ᠌《ᠭᠤᠤᠯ ᠲᠡᠢᠨ᠎ᠦ ᠲᠠᠯᠠᠪᠤᠷ》 ᠭᠦᠨᠵᠡᠭᠡᠶ ᠬᠣᠯᠪᠣᠯᠳᠤᠵᠤ᠂ ᠢᠵᠢᠯᠢ ᠠᠯᠬᠤᠮ᠎ᠢᠶᠠᠷ ᠤᠷᠤᠭ᠍ᠰᠢᠯᠠᠵᠤ᠂ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠨᠡᠮᠡᠷᠢᠯᠡᠪᠡ᠃

ᠥᠪᠥᠷ ᠮᠣᠩᠭᠣᠯ᠎ᠤᠨ ᠬᠤᠸᠠ ᠨᠸᠩ᠎ᠤᠨ ᠢᠮᠢᠨ ᠵᠠᠳᠠᠭᠠᠶ ᠠᠭᠤᠷᠬᠠᠶ᠎ᠶ᠋ᠢᠨ ᠣᠷᠣᠨ᠎ᠳᠤ᠂ ᠪᠥᠬᠥ᠌ ᠳᠡᠯᠡᠬᠡᠶ᠎ᠶ᠋ᠢᠨ ᠠᠩᠬᠠᠳᠠᠭ᠍ᠴᠢ ᠵᠠᠭᠤᠨ ᠲᠣᠨ᠎ᠤ ᠲᠠᠰ᠎ᠤᠨ ᠴᠤᠯ ᠴᠠᠬᠢᠯᠭᠠᠨ ᠬᠥᠳᠡᠯᠭᠡᠭᠦᠷᠲᠦ ᠵᠢᠯᠣᠭᠣᠴᠢ ᠥᠬᠡᠶ ᠠᠭᠤᠷᠬᠠᠶ᠎ᠶ᠋ᠢᠨ ᠲᠡᠷᠭᠡ ᠨᠠᠭᠠᠰᠢ ᠴᠠᠭᠠᠰᠢ ᠴᠢᠯᠦᠭᠡᠳᠡᠢ ᠰᠦᠯᠵᠢᠯᠳᠦᠵᠦ᠍᠂ ᠪᠣᠬᠢᠷᠲᠤᠯ ᠥᠬᠡᠶ᠂ ᠪᠦᠷᠢᠨ ᠠᠦ᠋ᠲ᠋ᠣ᠋ ᠪᠠᠷ ᠠᠵᠢᠯᠯᠠᠬᠤ ᠵᠢ ᠪᠡᠶᠡᠯᠡᠬᠦᠯᠪᠡ᠃《ᠴᠤᠯ ᠴᠠᠬᠢᠯᠭᠠᠨ ᠬᠥᠳᠡᠯᠭᠡᠭᠦᠷᠲᠦ ᠵᠢᠯᠣᠭᠣᠴᠢ ᠥᠬᠡᠶ ᠠᠭᠤᠷᠬᠠᠶ᠎ᠶ᠋ᠢᠨ ᠬᠦᠨᠳᠤ ᠠᠴᠢᠶᠠᠨ ᠎ᠤ ᠮᠠᠰᠢᠨ᠎ᠤ ᠬᠥᠳᠡᠯᠭᠡᠬᠦ᠌ ᠬᠦᠴᠦᠨ᠎ᠦ ᠡᠨᠧᠷᠭᠢ᠎ᠨᠢ ᠴᠥᠮ ᠬᠡᠷᠡᠯᠴᠢ ᠴᠡᠨᠡᠭ᠎ᠤᠨ ᠪᠤᠬᠢᠷᠳᠤᠯ ᠦᠭᠡᠢ ᠴᠠᠬᠢᠯᠭᠠᠨ᠎ᠠᠴᠠ ᠢᠷᠡᠯᠲᠡ᠎ᠲᠡᠶ᠂ ᠲᠡᠭ᠎ᠡᠴᠡ ᠳᠣᠷᠣᠭ᠍ᠰᠢ 40 ᠭᠷᠠᠳᠦ᠋ᠰ᠎ᠦᠨ ᠲᠤᠢᠯ᠎ᠤᠨ ᠬᠦᠶ᠋ᠲᠡᠨ ᠠᠭᠤᠷ ᠠᠮᠢᠰᠭᠤᠯ ᠳᠤᠤᠷ᠎ᠠ ᠬᠡᠰᠡᠨ ᠴᠤ᠌ ᠠᠵᠢᠭ ᠦᠬᠡᠢ ᠠᠵᠢᠯᠯᠠᠵᠤ᠂ ᠲᠡᠭᠡᠭᠡᠪᠦᠷᠢ᠎ᠶ᠋ᠢᠨ ᠦᠷ᠎ᠡ ᠪᠦᠲᠦᠮᠵᠢ᠎ᠨᠢ ᠤᠯᠠᠮᠵᠢᠯᠠᠯᠲᠤ ᠱᠢᠲᠠᠭᠠᠯᠭ᠎ᠠ᠎ᠶ᠋ᠢᠨ ᠲᠣᠰᠣᠨ᠎ᠤ ᠠᠭᠤᠷᠬᠠᠶ᠎ᠶ᠋ᠢᠨ ᠬᠦᠨᠳᠤ ᠠᠴᠢᠶᠠᠨ᠎ᠤ ᠮᠠᠰᠢᠨ᠎ᠦ ᠬᠢ᠎ᠡᠴᠡ 25% ᠎ᠪᠠᠷ ᠳᠡᠭᠡᠭ᠌ᠰᠢᠯᠡᠵᠦ᠍᠂ ᠵᠢᠯ᠎ᠦᠨ ᠴᠠᠢᠶᠢᠦ ᠲᠣᠰᠣ ᠵᠢ ᠣᠷᠣᠯᠠᠬᠤ ᠬᠡᠮᠵᠢᠶ᠎ᠡ 1.5 ᠲᠦᠮᠡᠨ ᠲᠣᠨ᠎ᠢ ᠳᠠᠪᠠᠵᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ 4.8 ᠲᠦᠮᠡᠨ ᠲᠣᠨ ᠪᠠᠭᠠᠰᠭᠠᠵᠤ᠂ ᠪᠣᠬᠢᠷᠲᠤᠯ ᠥᠬᠡᠶ ᠵᠢᠨ ᠲᠠᠯ᠎ᠠ ᠪᠡᠷ ᠢᠯᠡᠷᠬᠡᠢ ᠳᠠᠪᠠᠭᠤᠯᠢᠭ᠎ᠲᠠᠶ ᠶᠤᠮ》 ᠭᠡᠵᠦ᠍ ᠬᠤᠸᠠ ᠨᠸᠩ᠎ᠤᠨ ᠢᠮᠢᠨ ᠵᠠᠳᠠᠭᠠᠶ ᠠᠭᠤᠷᠬᠠᠶ᠎ᠶ᠋ᠢᠨ ᠬᠠᠷᠢᠭᠤᠴᠠᠯᠭᠠᠲᠠᠨ ᠬᠡᠯᠡᠪᠡ᠃

ᠡᠨᠡ ᠪᠣᠯ ᠥᠪᠥᠷ ᠮᠣᠩᠭᠣᠯ᠎ᠤᠨ ᠠᠵᠤ ᠦᠢᠯᠡᠰ᠎ᠦᠨ ᠰᠢᠨ᠎ᠡ ᠳᠦᠷᠰᠦ ᠪᠠᠢᠳᠠᠯ᠎ᠤᠨ ᠠᠮᠢᠳᠤᠯᠢᠭ ᠵᠢᠷᠤᠭᠯᠠᠯ ᠪᠣᠯᠣᠨ᠎ᠠ — ᠥᠩᠭᠡᠷᠡᠭᠰᠡᠨ᠎ᠤ《ᠵᠦᠪᠬᠡᠨ ᠨᠡᠭᠦᠷᠡᠰᠦ᠎ᠵᠢ ᠲᠦᠰᠢᠭᠯᠡᠵᠤ ᠪᠠᠢᠭᠰᠠᠨ》ᠬᠥᠭᠵᠢᠯᠲᠡ᠎ᠶᠢᠨ ᠵᠠᠭᠪᠤᠷ ᠨᠢ ᠶᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠥᠳᠡᠯᠭᠡᠭᠦᠷ᠎ᠦᠨ ᠳᠣᠣᠷ᠎ᠠ᠂ ᠳᠡᠭᠡᠳᠦ ᠲᠡᠰᠵᠢᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢᠵᠢᠭᠰᠡᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠰᠢᠰᠲᠧᠮ ᠲᠡᠢᠰᠢ ᠪᠦᠬᠦ ᠲᠠᠯ᠎ᠠ᠎ᠪᠠᠷ ᠳᠡᠰ ᠳᠠᠪᠰᠢᠵᠤ ᠪᠤᠢ᠃

ᠰᠢᠨ᠎ᠡ᠎ᠶᠢ ᠡᠭᠦᠳᠬᠦ ᠪᠣᠯ ᠬᠥᠭᠵᠢᠯᠲᠡ᠎ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠂ ᠣᠳᠣᠬᠢᠴᠢᠯᠠᠭᠰᠠᠨ ᠠᠵᠤ ᠠᠬᠤᠢ᠎ᠶᠢᠨ ᠰᠢᠰᠲᠧᠮ᠎ᠢ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ  ᠲᠤᠯᠭᠠᠭᠤᠷᠢᠯᠠᠯ ᠮᠥᠨ᠃ 2025 ᠣᠨ᠎ᠳᠤ᠂《ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠳᠠᠭᠠᠭᠤᠯᠭ᠎ᠠ ᠳᠣᠣᠷ᠎ᠠ᠂ ᠥᠪᠥᠷ ᠮᠣᠩᠭᠣᠯ ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠬᠠᠷᠠᠯᠲᠠ ᠳ᠋ᠤ ᠠᠨᠭᠬᠠᠷᠤᠯ᠎ᠵᠢᠡᠨ ᠲᠦᠪᠯᠡᠷᠡᠭᠦᠯᠵᠦ᠂《ᠠᠷᠪᠠᠨ ᠳᠥᠷᠪᠡᠳᠦᠭᠡᠷ ᠲᠠᠪᠤᠨ ᠵᠢᠯ》ᠤ᠋ᠨ ᠰᠡᠭᠦᠯ ᠬᠤᠷᠢᠶᠠᠬᠤ ᠠᠵᠢᠯ᠎ᠳᠤ ᠪᠦᠬᠦ ᠬᠦᠴᠦᠨ᠎ᠢᠶᠡᠷ᠎ᠢᠶᠡᠨ ᠰᠢᠪᠲᠤᠯᠤᠯᠲᠠ ᠭᠠᠷᠭᠠᠵᠤ᠂ ᠭᠢᠯᠠᠯᠵᠠᠬᠰᠠᠨ ᠬᠠᠭᠤᠳᠠᠰᠤ ᠲᠤᠰᠢᠶᠠᠪᠠ᠄ ᠣᠷᠣᠨ ᠪᠦᠰᠡ᠎ᠶᠢᠨ ᠰᠢᠨ᠎ᠡ᠎ᠶᠢ ᠡᠭᠦᠳᠬᠦ ᠴᠢᠳᠠᠪᠤᠷᠢ ᠪᠦᠬᠦ ᠤᠯᠤᠰ᠎ᠤᠨ 20 ᠳ᠋ᠤᠭᠠᠷ᠎ᠲᠤ ᠳᠠᠪᠰᠢᠨ ᠣᠷᠣᠵᠤ᠂ ᠮᠡᠷᠭᠡᠵᠢᠯ᠎ᠢ ᠰᠢᠯᠵᠢᠭᠦᠯᠬᠦ ᠶᠡᠷᠦᠩᠬᠡᠢᠯᠡᠭᠰᠡᠨ ᠵᠢᠭᠠᠯᠲᠠ ᠲᠣᠭ᠎ᠠ ᠪᠦᠬᠦ ᠤᠯᠤᠰ᠎ᠤᠨ ᠡᠮᠦᠨ᠎ᠡ ᠲᠠᠪᠤ᠎ᠳᠤ ᠣᠷᠣᠵᠤ᠂ ᠰᠢᠨ᠎ᠡ᠎ᠶᠢ ᠡᠭᠦᠳᠬᠦ ᠳᠠᠯᠳᠠ ᠬᠦᠴᠦᠨ ᠪᠦᠬᠦ ᠤᠯᠤᠰ᠎ᠤᠨ ᠬᠣᠶᠠᠳᠤᠭᠠᠷ᠎ᠲᠤ ᠣᠷᠣᠵᠤ᠂ ᠰᠤᠳᠤᠯᠤᠨ ᠨᠡᠭᠡᠭᠡᠬᠦ ᠣᠷᠣᠭᠤᠯᠤᠯᠲᠠ 249.6 ᠳ᠋ᠦᠩᠰᠢᠭᠤᠷ ᠲᠥᠭᠥᠷᠢᠭ᠎ᠢ ᠳᠠᠪᠠᠵᠤ᠂ ᠡᠳ᠋᠎ᠦᠨ ᠵᠠᠰᠠᠭ᠎ᠤᠨ ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ᠎ᠦᠨ ᠵᠠᠷᠤᠯᠭ᠎ᠠ᠎ᠶᠢᠨ ᠨᠡᠮᠡᠭᠳᠡᠯ᠎ᠦᠨ ᠨᠤᠷᠮ᠎ᠠ᠂ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ ᠠᠵᠤ ᠠᠬᠤᠢᠯᠠᠯ᠎ᠤᠨ ᠤᠯᠤᠰ᠎ᠤᠨ ᠳᠣᠲᠣᠭᠠᠳᠤ᠎ᠶᠢᠨ ᠮᠡᠷᠭᠡᠵᠢᠯ᠎ᠤᠨ ᠠᠷᠠᠯᠵᠢᠶ᠎ᠡ ᠪᠦᠲᠦᠭᠰᠡᠨ ᠬᠡᠮᠵᠢᠶ᠎ᠡ ᠴᠦᠮ ᠪᠦᠬᠦ ᠤᠯᠤᠰ᠎ᠲᠤ᠌ ᠲᠦᠷᠦᠬᠦᠯᠡᠵᠤ᠂ ᠦᠪᠦᠷ ᠮᠤᠨᠭᠭᠤᠯ᠎ᠤᠨ ᠰᠢᠨ᠎ᠡ ᠵᠢ ᠡᠭᠦᠳᠬᠦ ᠠᠮᠢ ᠠᠬᠠᠤᠢ ᠡᠳᠦᠷ ᠢᠷᠡᠭᠦᠶ᠎ᠡ ᠰᠢᠯᠢᠳᠡᠭᠵᠢᠵᠦ᠂ ᠬᠦᠭᠵᠢᠯᠲᠡ᠎ᠵᠢᠨ ᠬᠦᠳᠡᠯᠭᠡᠬᠦ ᠡᠨ᠋ᠸᠷᠬᠢ ᠶᠠᠪᠤᠬᠤ ᠳᠤᠲᠤᠮ ᠤᠷᠭᠢᠯᠤᠨ ᠪᠠᠳᠠᠷᠠᠪᠠ᠃

— ᠵᠠᠰᠠᠯᠲᠠ᠎ᠵᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠰᠢᠨ᠎ᠡ᠎ᠶᠢ ᠡᠭᠦᠳᠬᠦ ᠬᠥᠳᠡᠯᠭᠡᠭᠦᠷ᠎ᠢ ᠨᠡᠩ ᠡᠷᠴᠢᠮᠲᠡᠢ ᠪᠣᠯᠭᠠᠪᠠ᠃

ᠥᠭᠡᠷᠡᠴᠢᠯᠡᠯᠲᠡ ᠦᠷᠭᠦᠯᠵᠢᠯᠡᠨ ᠭᠦᠨᠵᠡᠭᠡᠢᠷᠡᠵᠦ᠂ ᠰᠢᠨ᠎ᠡ ᠵᠠᠭᠪᠤᠷ ᠰᠢᠨ᠎ᠡ ᠲᠣᠭᠲᠡᠴᠡ ᠨᠠᠢᠳᠠᠪᠤᠷᠢᠵᠢᠭᠤᠯᠤᠭᠳᠠᠨ ᠦᠷ᠎ᠡ ᠪᠦᠲᠦᠮᠵᠢ ᠣᠯᠪᠠ᠃ ᠬᠠᠮᠤᠭ᠎ᠤᠨ ᠠᠩᠬᠠᠨ᠎ᠤ《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠷᠢᠳ᠎ᠢᠶᠠᠷ ᠬᠡᠷᠡᠭᠯᠡᠵᠦ ᠳᠠᠷᠠᠭ᠎ᠠ ᠨᠢ ᠰᠦᠢᠳᠬᠡᠯ ᠲᠤᠰᠢᠶᠠᠬᠤ》ᠠᠷᠠᠯᠵᠢᠶ᠎ᠠ᠎ᠶᠢ ᠬᠢᠩᠭᠠᠨ ᠠᠢᠮᠠᠭ᠎ᠲᠤ ᠨᠠᠢᠳᠠᠪᠤᠷᠢᠵᠢᠭᠤᠯᠵᠤ᠂ ᠠᠩᠬᠠᠨ᠎ᠤ ᠪᠦᠯᠦᠭ 《ᠤᠷᠢᠳ᠎ᠢᠶᠠᠷ ᠪᠡᠯᠡ ᠣᠷᠣᠭᠤᠯᠵᠤ ᠳᠠᠷᠠᠭ᠎ᠠ ᠨᠢ ᠰᠲ᠋ᠤᠺ᠎ᠤᠨ ᠡᠷᠬᠡ ᠵᠢ ᠬᠤᠪᠢᠶᠠᠷᠢᠯᠠᠬᠤ》ᠲᠥᠷᠥᠯ ᠵᠦᠢᠯ ᠨᠢ ᠬᠥᠬᠡᠡᠡᠣᠲᠠ᠎ᠶᠢᠨ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋᠎ᠲᠤ ᠨᠤᠳᠤᠬᠰᠢᠪᠠ᠃《ᠮᠧᠩ ᠺᠧ ᠵᠢᠦᠢ》ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ《ᠨᠢᠭᠡ ᠰᠦᠯᠵᠢᠶ᠎ᠡ》ᠶ᠋ᠢ ᠥᠨᠳᠥᠷ ᠪᠦᠲᠦᠮᠵᠢᠲᠡᠶ ᠠᠵᠢᠯᠯᠠᠭᠤᠯᠵᠤ᠂ ᠳᠠᠩᠰᠠᠯᠠᠭᠤᠯᠤᠭᠰᠠᠨ ᠬᠡᠷᠡᠭᠯᠡᠭᠴᠢ 1.9 ᠲᠦᠮᠡᠨ ᠡᠷᠦᠬᠡ ᠪᠤᠯᠵᠤ᠂  655 ᠵᠦᠢᠯ᠎ᠤᠨ ᠦᠷ᠎ᠡ ᠪᠦᠲᠦᠭᠡᠯ᠎ᠢ ᠤᠨᠳᠤᠤᠰᠢᠭᠤᠯᠵᠤ᠂ ᠵᠣᠭᠣᠰ᠎ᠤᠨ ᠲᠣᠭ᠎ᠠ ᠨᠢ 8.2 ᠳ᠋ᠦᠩᠰᠢᠭᠤᠷ ᠲᠥᠭᠥᠷᠢᠭ᠎ᠲᠦ ᠬᠦᠷᠴᠡᠢ᠃ ᠠᠩᠬ᠎ᠠ ᠤᠳᠠᠭ᠎ᠠ 15 ᠤᠨᠤᠯ᠎ᠢ ᠦᠢᠯᠡᠳᠦᠯᠬᠡ ᠪᠡᠷ ᠨᠤᠳᠠᠯᠠᠬᠤ᠂ ᠶᠡᠬᠡ ᠬᠡᠪᠴᠢᠶ᠎ᠠ ᠪᠡᠷ ᠦᠢᠯᠡᠳᠪᠦᠷᠢᠯᠡᠬᠦ ᠡᠴᠡ ᠡᠮᠦᠨᠡᠬᠢ ᠲᠤᠷᠰᠢᠬᠤ ᠰᠠᠭᠤᠷᠢᠨ᠂ ᠶᠡᠬᠡ ᠬᠡᠪᠴᠢᠶ᠎ᠠ ᠪᠡᠷ ᠦᠢᠯᠡᠳᠪᠦᠷᠢᠯᠡᠬᠦ ᠡᠴᠡ ᠡᠮᠦᠨᠡᠬᠢ ᠲᠤᠷᠰᠢᠬᠤ ᠣᠯᠠᠨ ᠨᠡᠶ᠋ᠢᠲᠡ᠎ᠶᠢᠨ ᠦᠢᠯᠡᠴᠢᠯᠡᠭᠡ ᠵᠡᠷᠭᠡ ᠭᠤᠷᠪᠠᠨ ᠲᠥᠷᠥᠯ᠎ᠦᠨ ᠲᠠᠪᠴᠠᠩ᠎ᠢ ᠪᠠᠢᠷᠢᠰᠢᠭᠤᠯᠵᠤ᠂ ᠦᠷ᠎ᠡ ᠪᠦᠲᠦᠭᠡᠯ᠎ᠢ ᠲᠤᠷᠰᠢᠯᠲᠠ᠎ᠶᠢᠨ ᠲᠠᠰᠤᠭ᠎ᠡᠴᠡ ᠦᠢᠯᠡᠳᠪᠦᠷᠢᠯᠡᠯ᠎ᠦᠨ ᠱᠤᠭᠤᠮ ᠳ᠋ᠤ ᠬᠦᠷᠭᠡᠬᠦ ᠲᠦᠷᠭᠡᠨ᠎ᠤ ᠵᠠᠮ᠎ᠢ ᠪᠠᠶ᠋ᠢᠭᠤᠯᠬᠤ᠎ᠶᠢ ᠲᠦᠷᠭᠡᠳᠬᠡᠪᠡ᠃ ᠮᠡᠷᠭᠡᠵᠢᠯ᠎ᠢ ᠰᠢᠯᠵᠢᠭᠦᠯᠬᠦ ᠰᠢᠰᠲᠧᠮ᠎ᠢ ᠲᠡᠭᠦᠯᠳᠡᠷᠵᠢᠭᠦᠯᠵᠦ᠂ ᠮᠡᠷᠭᠡᠵᠢᠯ᠎ᠢ ᠰᠢᠯᠵᠢᠭᠦᠯᠬᠦ 116 ᠦᠢᠯᠡᠴᠢᠯᠡᠭᠡᠨ᠎ᠦ ᠪᠠᠢᠭᠤᠯᠤᠮᠵᠢ᠂ 4813 ᠮᠡᠷᠭᠡᠵᠢᠯ᠎ᠦᠨ ᠵᠠᠭᠤᠴᠢᠯᠠᠭ᠍ᠴᠢ᠂ ᠭᠡᠷ᠎ᠡ᠎ᠶᠢ ᠳᠠᠩᠰᠠᠯᠠᠬᠤ 52  ᠪᠠᠢᠭᠤᠯᠤᠮᠵᠢ ᠪᠥᠬᠥ ᠣᠷᠣᠨ᠎ᠤ ᠡᠯ᠎ᠡ ᠭᠠᠵᠠᠷ᠎ᠲᠤ ᠬᠥᠭᠵᠢᠶᠡᠨ ᠲᠡᠢ ᠠᠵᠢᠯᠯᠠᠵᠤ᠂ ᠲᠡᠷᠢᠭᠦᠨ ᠎ᠦ ᠦᠷ᠎ᠡ ᠪᠦᠲᠦᠭᠡᠯ ᠎ᠢ ᠪᠤᠳᠠᠳᠠᠢ ᠳ᠋ᠤ ᠨᠠᠢᠳᠠᠪᠤᠷᠢᠵᠢᠭᠤᠯᠬᠤ᠎ᠶᠢ ᠠᠬᠢᠭᠤᠯᠪᠠ᠃ ᠥᠪᠥᠷ ᠮᠣᠩᠭᠣᠯ ᠶᠠᠭ ᠰᠢᠨᠵᠢᠯᠡᠬᠦ ᠤᠬᠠᠭᠠᠨ᠎ᠤ ᠰᠤᠳᠤᠯᠭᠠᠨ ᠪᠠ ᠠᠵᠤ ᠦᠢᠯᠡᠰ᠎ᠦᠨ ᠲᠦᠷᠭᠡᠨ ᠬᠤᠷᠳᠤᠴᠠᠳᠤ ᠬᠥᠭᠥᠷᠭᠡ᠎ᠶᠢ ᠪᠣᠰᠬᠠᠵᠤ᠂ ᠦᠷ᠎ᠡ ᠪᠦᠲᠦᠭᠡᠯ᠎ᠢ ᠲᠤᠷᠰᠢᠯᠲᠠ᠎ᠶᠢᠨ ᠲᠠᠰᠤᠭ᠎ᠡᠴᠡ ᠭᠠᠷᠭᠠᠵᠤ᠂ ᠦᠢᠯᠡᠳᠪᠦᠷᠢᠯᠡᠯ᠎ᠦᠨ ᠱᠤᠭᠤᠮ ᠵᠦᠭ ᠬᠦᠷᠬᠡᠵᠤ ᠪᠠᠢᠨ᠎ᠠ᠃

— ᠠᠵᠤ ᠠᠬᠤᠢᠯᠠᠯ᠎ᠬᠦᠳᠦᠯᠦᠨ ᠲᠠᠭᠠᠭᠤᠯᠵᠤ᠂ ᠰᠢᠨ᠎ᠡ᠎ᠶᠢ ᠡᠭᠦᠳᠬᠦ ᠵᠢᠭ᠍ᠰᠠᠭᠠᠯ ᠨᠠᠩ ᠬᠦᠴᠦᠲᠡᠢ ᠪᠣᠯᠪᠠ᠃

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶᠢᠨ ᠠᠵᠤ ᠠᠬᠤᠢᠯᠠᠯ᠎ᠤᠨ《ᠳᠠᠬᠢᠨ᠎ᠢᠶᠠᠷ ᠨᠡᠮᠡᠭᠳᠡᠭᠦᠯᠬᠦ᠂ ᠬᠤᠶᠠᠷ᠎ᠢ ᠳᠡᠭᠡᠭᠰᠢᠯᠡᠭᠦᠯᠬᠦ》ᠠᠵᠢᠯᠯᠠᠭ᠎ᠠ᠎ᠶᠢ ᠭᠦᠨᠵᠡᠭᠡᠢᠷᠡᠭᠦᠯᠵᠦ᠂ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ᠎ᠢ 2005 ᠪᠣᠯᠲᠠᠯ᠎ᠠ ᠨᠡᠮᠡᠭᠳᠡᠬᠦᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ᠎ᠤᠨ ᠲᠤᠭ᠎ᠠ  4700 ᠵᠢ ᠲᠠᠪᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠳᠠᠬᠢᠨ᠎ᠢᠶᠠᠷ ᠨᠡᠮᠡᠭᠳᠡᠭᠦᠯᠬᠦ ᠬᠠᠷᠠᠯᠲᠠ᠎ᠶᠢ ᠪᠡᠶᠡᠯᠡᠭᠦᠯᠪᠡ᠃ 3917 ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭᠳᠠᠭ᠍ᠴᠢ᠎ᠶᠢ 1.3 ᠲᠦᠮᠡ ᠭᠠᠷᠤᠢ ᠠᠵᠤ ᠠᠬᠤᠢᠯᠠᠯ ᠳ᠋ᠤ ᠲᠣᠮᠢᠯᠠᠵᠤ᠂ 973 ᠮᠡᠷᠭᠡᠵᠢᠯ᠎ᠦᠨ ᠲᠦᠭᠵᠢᠷᠡᠯ ᠠᠰᠠᠭᠤᠳᠠᠯ᠎ᠢ ᠰᠢᠢᠳᠪᠦᠷᠢᠯᠡᠵᠤ᠂ 731 ᠵᠦᠢᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠰᠢᠭᠤᠯᠪᠠ᠃  75% ᠎ᠡᠴᠡ ᠳᠡᠭᠡᠭᠰᠢᠬᠢ ᠴᠢᠬᠤᠯᠠ ᠶᠡᠬᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠭᠦᠷᠭᠡ ᠪᠠ ᠰᠢᠨ᠎ᠡ᠎ᠶᠢ ᠡᠭᠦᠳᠬᠦ ᠲᠠᠪᠴᠠᠩ᠎ᠢ ᠠᠵᠤ ᠠᠬᠤᠢᠯᠠᠯ ᠲᠦᠷᠦᠭᠦᠯᠡᠨ ᠬᠢᠵᠦ᠂ ᠰᠤᠳᠤᠯᠤᠨ ᠨᠡᠭᠡᠭᠡᠬᠦ ᠠᠵᠢᠯᠯᠠᠭ᠎ᠠ᠎ᠲᠠᠢ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ ᠵᠢᠨ ᠠᠵᠤ ᠠᠬᠤᠢᠯᠠᠯ᠎ᠤᠨ ᠲᠣᠭ᠎ᠠ ᠨᠢ ᠲᠦᠷᠦᠭᠦᠦ ᠵᠢᠯ᠎ᠦᠨ ᠬᠢ᠎ᠡᠴᠡ᠎ᠪᠡᠨ 11.5% ᠎ᠪᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ᠎ᠤ ᠰᠲ᠋ᠤᠺ᠎ᠢᠶᠡᠨ ᠵᠠᠬ᠎ᠠ ᠳᠡᠯᠭᠡᠭᠦᠷ᠎ᠲᠦ ᠭᠠᠷᠭᠠᠭᠰᠠᠨ ᠠᠵᠤ ᠠᠬᠤᠢᠯᠠᠯ᠎ᠤᠨ ᠪᠡᠯᠡᠳᠬᠡᠯ ᠬᠥᠮᠥᠷᠭᠡ᠎ᠶᠢᠨ ᠳᠣᠲᠣᠷᠠᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠠᠵᠤ ᠠᠬᠤᠢᠯᠠᠯ᠎ᠤᠨ ᠡᠵᠡᠯᠡᠬᠦ ᠬᠠᠷᠢᠴᠠᠯ ᠨᠢ 71% ᠳ᠋ᠤ᠌ ᠬᠥᠷᠪᠡ᠃ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠪᠠᠯᠠ ᠮᠥᠩᠭᠥ᠎ᠶ᠋ᠢ 4.39 ᠳ᠋ᠦᠩᠱᠢᠭᠤᠷ ᠲᠥᠭᠥᠷᠢᠭ ᠨᠠᠢᠳᠠᠪᠤᠷᠢᠵᠢᠭᠤᠯᠵᠤ᠂ 5 ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠰᠲ᠋ᠤᠺ᠎ᠢᠶᠡᠨ ᠵᠠᠬ᠎ᠠ ᠲᠡᠯᠬᠡᠬᠦᠷ ᠲᠤ᠌ ᠭᠠᠷᠭᠠᠬᠰᠠᠨ ᠠᠵᠤ ᠠᠬᠤᠢᠯᠠᠯ 《ᠳᠠᠰᠤᠷᠠᠬᠤ ᠦᠭᠡᠢ》ᠪᠠᠢᠬᠤ᠎ᠶ᠋ᠢ ᠠᠬᠢᠭᠤᠯᠪᠠ᠃ ᠪᠥᠬᠥ᠌ ᠣᠷᠣᠨ᠎ᠤ ᠮᠡᠷᠭᠡᠵᠢᠯ᠎ᠦᠨ ᠭᠡᠷ᠎ᠡ᠎ᠶ᠋ᠢᠨ ᠠᠷᠠᠯᠵᠢᠶ᠎ᠠ ᠪᠦᠲᠦᠭ᠌ᠰᠡᠨ ᠬᠡᠮᠵᠢᠶ᠎ᠡ ᠠᠩᠬ᠎ᠠ ᠤᠳᠠᠭ᠎ᠠ ᠵᠠᠭᠤᠨ ᠳ᠋ᠦᠩᠱᠢᠭᠤᠷ ᠲᠥᠭᠥᠷᠢᠭ᠎ᠢ ᠳᠠᠪᠠᠵᠤ᠂ ᠠᠳᠠᠯᠢ ᠬᠤᠭᠤᠴᠠᠭᠠᠨ᠎ᠤ᠎ᠬᠢ ᠡᠴᠡ 49% ᠪᠠᠷ ᠨᠡᠮᠡᠭ᠌ᠳᠡᠪᠡ᠃ ᠥᠪᠥᠷ ᠮᠣᠩᠭᠣᠯ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠱᠢᠮᠡᠳᠦ ᠬᠥᠷᠥᠰᠥ᠎ᠶ᠋ᠢ ᠪᠤᠢ ᠪᠤᠯᠭᠠᠨ᠂ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ ᠵᠢᠨ ᠰᠠᠭᠤᠷᠢ᠎ᠪᠠᠨ ᠪᠠᠲᠤᠳᠭᠠᠵᠤ ᠦᠨᠳᠦᠰᠦ᠎ᠪᠡᠨ ᠪᠡᠬᠢᠵᠢᠭᠦᠯᠬᠦ᠌ ᠳ᠋ᠤ ᠬᠦᠴᠦᠨ ᠨᠡᠮᠡᠷᠢᠯᠡᠪᠡ᠃

— ᠲᠠᠪᠴᠠᠩ᠎ᠢᠶᠡᠷ ᠬᠦᠴᠦᠨ ᠴᠢᠳᠠᠯ ᠣᠯᠭᠣᠵᠤ᠂ ᠱᠢᠨ᠎ᠡ᠎ᠶ᠋ᠢ ᠡᠭᠦᠳᠬᠦ᠌ ᠰᠠᠭᠤᠷᠢ ᠨᠡᠩ ᠪᠠᠲᠤ ᠪᠡᠬᠢ ᠪᠣᠯᠪᠠ᠃

《ᠤᠯᠤᠰ᠎ᠤᠨ ᠠᠩᠭᠢ》 ᠶ᠋ᠢᠨ ᠪᠠᠭ᠍ᠲᠠᠭᠠᠮᠵᠢ ᠪᠠᠨ ᠦᠷᠭᠡᠳᠬᠡᠵᠦ ᠦᠷ᠎ᠡ ᠠᠱᠢᠭ᠎ᠢᠶᠠᠨ ᠨᠡᠮᠡᠭ᠌ᠳᠡᠭᠦᠯᠬᠦ᠌᠎ᠶ᠋ᠢ ᠲᠣᠭ᠍ᠲᠠᠭᠤᠨ᠎ᠢᠶᠠᠷ ᠳᠠᠮᠵᠢᠪᠡ᠃ ᠡᠪᠡᠰᠦᠨ᠎ᠦ ᠦᠢᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠠᠢᠭᠤᠯᠬᠤ ᠵᠥᠪᠱᠢᠶᠡᠷᠡᠯ ᠣᠯᠵᠤ᠂ ᠥᠪᠥᠷ ᠮᠣᠩᠭᠣᠯ᠎ᠳᠡᠬᠢ ᠤᠯᠤᠰ᠎ᠤᠨ ᠲᠡᠰ᠎ᠤᠨ ᠱᠢᠨ᠎ᠡ᠎ᠶ᠋ᠢ ᠡᠭᠦᠳᠬᠦ᠌ ᠲᠠᠪᠴᠠᠩ ᠨᠡᠮᠡᠭ᠌ᠳᠡᠭᠡᠳ 10 ᠪᠣᠯᠪᠠ᠃ ᠬᠤᠸᠠᠢ ᠷᠸᠦ ᠲᠤᠷᠱᠢᠯᠲᠠ᠎ᠶ᠋ᠢᠨ ᠲᠠᠰᠤᠭ᠎ᠤᠨ ᠥᠪᠥᠷ ᠮᠣᠩᠭᠣᠯ᠎ᠳᠡᠬᠢ ᠰᠠᠭᠤᠷᠢᠨ᠂ ᠬᠥᠬᠡᠬᠣᠲᠠ ᠪᠤᠭᠤᠲᠤ ᠣᠷᠳᠣᠰ ᠳᠡᠬᠢ ᠤᠯᠤᠰ᠎ᠤᠨ ᠪᠡᠶ᠎ᠡ ᠪᠠᠨ ᠳᠠᠭᠠᠭᠠᠵᠤ ᠰᠢᠨ᠎ᠠ ᠵᠢ ᠡᠭᠦᠳᠬᠦ ᠲᠣᠭᠣᠷᠢᠭ᠎ᠢ ᠡᠭᠦᠳᠦᠨ ᠪᠠᠢᠭᠤᠯᠬᠤ ᠎ᠲᠠᠯ᠎ᠠ ᠪᠡᠷ ᠪᠥᠬᠥ᠌ ᠬᠦᠴᠦᠨ᠎ᠢᠶᠡᠷ᠎ᠢᠶᠡᠨ ᠱᠢᠪᠲᠤᠯᠤᠯᠲᠠ ᠭᠠᠷᠭᠠᠵᠤ᠂ ᠭᠠᠩ ᠬᠠᠭᠤᠷᠠᠶ ᠣᠷᠣᠨ᠎ᠤ ᠤᠰᠤᠨ ᠎ᠤ ᠢᠨᠵᠧᠨᠧᠷᠢᠩ᠎ᠦᠨ ᠠᠮᠢ ᠠᠬᠤᠶ ᠣᠷᠴᠢᠨ ᠲᠣᠭᠣᠷᠢᠨ᠎ᠤ ᠪᠥᠬᠥ᠌ ᠤᠯᠤᠰ᠎ᠤᠨ ᠭᠤᠤᠯᠳᠠᠯᠭ᠎ᠠ ᠎ᠲᠠᠶ ᠲᠤᠷᠱᠢᠯᠲᠠ᠎ᠶ᠋ᠢᠨ ᠲᠠᠰᠤᠭ᠎ᠢ ᠬᠠᠮᠲᠤᠷᠠᠨ ᠪᠠᠢᠭᠤᠯᠪᠠ᠃ ᠤᠯᠤᠰ᠎ᠤᠨ ᠰᠦ᠎ᠶᠢᠨ ᠦᠢᠯᠡᠰ ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠠᠵᠢᠯᠯᠠᠭᠠᠨ᠎ᠤ ᠲᠣᠭ᠍ᠲᠠᠴᠠ᠎ᠶ᠋ᠢ ᠨᠡᠩ ᠲᠡᠭᠦᠯᠳᠡᠷᠵᠢᠭᠦᠯᠵᠦ᠍᠂ ᠤᠯᠠᠨ ᠵᠦᠢᠯ᠎ᠦᠨ ᠮᠡᠷᠭᠡᠵᠢᠯ᠎ᠢ ᠭᠠᠳᠠᠭᠠᠳᠤ᠎ᠶ᠋ᠢᠨ ᠬᠢᠨ ᠭᠠᠭ᠍ᠴᠠᠭᠠᠷ ᠡᠵᠡᠮᠱᠢᠵᠤ ᠪᠠᠢᠬᠰᠠᠨ ᠪᠠᠢᠳᠠᠯ᠎ᠢ ᠡᠴᠦᠰᠯᠡᠬᠦᠯᠪᠡ᠃  ᠪᠠᠶᠠᠠᠠᠤᠪᠤᠭ᠎ᠠ ᠵᠢᠨ ᠪᠥᠬᠥ᠌ ᠤᠯᠤᠰ᠎ᠤᠨ ᠭᠤᠤᠯᠳᠠᠯᠭ᠎ᠠ᠎ᠲᠠᠶ ᠬᠤᠶᠠᠷ ᠲᠤᠷᠱᠢᠯᠲᠠ᠎ᠶ᠋ᠢᠨ ᠲᠠᠰᠤᠭ ᠤᠷᠢᠳ ᠬᠣᠵᠢᠳ ᠲᠡᠷᠭᠡᠨ ᠳᠡᠭᠡᠷ᠎ᠠ ᠠᠴᠢᠶᠠᠯᠠᠬᠰᠠᠨ ᠲᠥᠬᠥᠮ ᠬᠡᠯᠪᠡᠷᠢ᠎ᠶ᠋ᠢᠨ ᠵᠢᠯᠣᠭᠣᠴᠢ ᠥᠬᠡᠶ ᠨᠢᠰᠭᠡᠯ᠎ᠢ ᠬᠠᠷᠪᠤᠬᠤ ᠪᠠ ᠳᠤᠤᠷ᠎ᠠ ᠲᠠᠰ᠎ᠤᠨ ᠪᠤᠳᠤᠯᠢᠶᠠᠨᠲᠠᠶ ᠨᠢᠶᠦᠪᠢ ᠲᠢᠲ᠋ᠠᠨ ᠤ᠋ ᠡᠬᠢ ᠪᠠᠶᠠᠯᠢᠭ᠎ᠢ ᠥᠨᠳᠥᠷ ᠪᠦᠲᠦᠮᠵᠢᠲᠡᠶ ᠠᠱᠢᠭ᠍ᠯᠠᠬᠤ ᠮᠡᠷᠭᠡᠵᠢᠯ᠎ᠦᠨ ᠪᠡᠷᠬᠡ ᠰᠡᠳᠦᠪ᠎ᠢ ᠰᠢᠢᠳᠪᠦᠷᠢᠯᠡᠪᠡ᠃ 《ᠣᠷᠣᠨ ᠨᠤᠲᠤᠭ᠎ᠤᠨ ᠠᠩᠭᠢ》 ᠶ᠋ᠢ ᠨᠠᠷᠢᠯᠢᠭ ᠣᠨᠣᠴᠠᠲᠠᠶ ᠪᠠᠢᠷᠢᠯᠠᠭᠤᠯᠬᠤ᠎ᠶ᠋ᠢ ᠨᠢᠭᠡᠳᠦᠯᠲᠡᠶ ᠲᠥᠯᠥᠪᠵᠢᠬᠦᠯᠦᠨ᠂ ᠮᠤᠵᠢ ᠎ᠶ᠋ᠢᠨ ᠱᠠᠲᠤᠨ᠎ᠤ ᠱᠢᠨ᠎ᠡ᠎ᠶ᠋ᠢ ᠡᠭᠦᠳᠬᠦ᠌ ᠲᠠᠪᠴᠠᠩ ᠎ᠤᠨ《ᠴᠠᠭᠠᠨ ᠳᠠᠩᠰᠠ》 ᠶ᠋ᠢᠨ ᠲᠦᠷᠢᠮ ᠎ᠢ ᠪᠥᠬᠥ᠌ ᠤᠯᠤᠰ᠎ᠲᠤ ᠡᠩ ᠲᠡᠷᠢᠬᠦᠨ᠎ᠳᠤ ᠪᠠᠢᠭᠤᠯᠵᠤ᠂ ᠰᠠᠭᠤᠷᠢ ᠰᠤᠳᠤᠯᠭᠠᠨ᠂ ᠬᠡᠷᠡᠭ᠌ᠯᠡᠭᠡᠨ ᠎ᠦ ᠪᠡᠷᠬᠡ ᠰᠡᠳᠦᠪ ᠎ᠢ ᠱᠢᠶ᠋ᠳᠪᠦᠷᠢᠯᠡᠬᠦ᠌᠂ ᠦᠷ᠎ᠡ ᠪᠦᠲᠦᠭᠡᠯ᠎ᠢ ᠤᠨᠳᠤᠤᠰᠢᠭᠤᠯᠬᠤ᠂ ᠨᠥᠬᠥᠴᠡᠯ᠎ᠢ ᠪᠠᠲᠤᠯᠠᠬᠤ ᠵᠢ ᠬᠤᠯᠪᠤᠨ ᠨᠡᠪᠳᠡᠷᠡᠬᠦᠯᠦᠭᠰᠡᠨ ᠪᠥᠬᠥ᠌ ᠬᠡᠯᠬᠢᠶᠡᠨ᠎ᠦ ᠲᠠᠪᠴᠠᠩ᠎ᠢ ᠲᠤᠯᠭᠠᠭᠤᠷᠢᠯᠠᠬᠤ ᠱᠢᠰᠲ᠋ᠧᠮ᠎ᠢ ᠪᠠᠢᠭᠤᠯᠵᠠᠢ᠃ ᠱᠢᠨ᠎ᠡ᠎ᠶ᠋ᠢ ᠡᠭᠦᠳᠬᠦ᠌ ᠲᠠᠪᠴᠠᠩ᠎ᠤᠨ ᠳᠦᠷᠭᠡᠨ ᠬᠦᠭᠵᠢᠯᠳᠡ ᠨᠢ ᠴᠢᠳᠠᠪᠤᠷᠢᠲᠠᠨ᠎ᠢ ᠲᠠᠳᠠᠬᠤ ᠤᠷᠴᠢᠨ ᠨᠦᠬᠦᠴᠡᠯ᠎ᠢ ᠱᠢᠯᠢᠳᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠌ ᠰᠠᠭᠤᠷᠢ᠎ᠶ᠋ᠢ ᠪᠡᠬᠢᠵᠢᠭᠦᠯᠵᠦ᠍᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠪᠡ᠃

— ᠡᠯᠧᠮᠧᠨ᠋ᠲ᠎ᠢ ᠴᠤᠭ᠍ᠯᠠᠷᠠᠭᠤᠯᠵᠤ᠂ ᠱᠢᠨ᠎ᠡ᠎ᠶ᠋ᠢ ᠡᠭᠦᠳᠬᠦ᠌ ᠢᠷᠡᠯᠳᠡ ᠨᠡᠩ ᠬᠠᠩᠭᠠᠮᠵᠢᠳᠠᠢ ᠪᠣᠯᠪᠠ᠃

ᠰᠠᠭᠤᠷᠢ ᠰᠤᠳᠤᠯᠭᠠᠨ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠎ᠤ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠶ᠋ᠢᠨ ᠳᠡᠮᠵᠢᠬᠦ᠌ ᠲᠥᠷᠥᠯ ᠵᠦᠶ᠋ᠯ ᠎ᠦᠨ ᠲᠣᠭ᠎ᠠ᠂ ᠵᠠᠷᠤᠳᠠᠯ᠎ᠤᠨ ᠲᠣᠭ᠎ᠠ ᠪᠠ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥ ᠵᠢ ᠬᠦᠷᠳᠡᠭᠰᠡᠨ ᠲᠦᠷᠦᠯ ᠵᠦᠢᠯ᠎ᠤᠨ ᠲᠣᠭ᠎ᠠ ᠴᠥᠮ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠠᠯᠠᠭᠤ ᠴᠢᠳᠠᠪᠤᠷᠢᠲᠠᠨ᠎ᠤ ᠲᠥᠷᠥᠯ ᠵᠦᠶ᠋ᠯ᠎ᠢ ᠳᠡᠮᠵᠢᠬᠦ᠌ ᠬᠡᠮᠵᠢᠶ᠎ᠡ᠎ᠨᠢ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠶ᠋ᠢᠨ ᠶᠡᠷᠦᠩᠬᠡᠶ ᠬᠡᠮᠵᠢᠶ᠎ᠡ ᠵᠢᠨ  80% ᠡᠴᠡ ᠳᠡᠭᠡᠭ᠌ᠰᠢᠬᠢ᠎ᠶ᠋ᠢ ᠡᠵᠡᠯᠡᠪᠡ᠃ ᠥᠪᠥᠷ ᠮᠣᠩᠭᠣᠯ ᠣᠷᠣᠨ ᠨᠤᠲᠤᠭ᠎ᠤᠨ ᠠᠺᠠᠳᠧᠮᠢᠴᠢ᠎ᠶ᠋ᠢ ᠬᠥᠮᠦᠵᠢᠭᠦᠯᠦᠭᠰᠡᠨ ᠴᠢᠬᠤᠯᠠ ᠶᠡᠬᠡ ᠱᠢᠪᠲᠤᠯᠤᠯᠲᠠ᠎ᠶ᠋ᠢ ᠪᠡᠶᠡᠯᠡᠭᠦᠯᠵᠦ᠍᠂ ᠬᠣᠶᠠᠷ ᠱᠢᠨᠵᠢᠯᠡᠬᠦ᠌ ᠤᠬᠠᠭᠠᠨᠲᠠᠨ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠎ᠪᠡᠷ ᠰᠣᠩᠭᠣᠭ᠍ᠳᠠᠪᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠦᠵᠢᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠵᠤ᠂ 《ᠲᠤᠩᠬᠠᠭ ᠨᠡᠢᠳᠡᠯᠡᠨ ᠮᠠᠩᠯᠠᠢᠯᠠᠭᠴᠢ ᠡᠯᠰᠡᠬᠦ》 ᠵᠡᠷᠭᠡ ᠵᠠᠭ᠍ᠪᠤᠷ᠎ᠢᠶᠠᠷ ᠳᠡᠮᠵᠢᠨ 32 ᠳᠡᠷᠢᠭᠦᠨ ᠱᠢᠨᠵᠢᠯᠡᠬᠦ᠌ ᠤᠬᠠᠭᠠᠨᠲᠠᠨ᠎ᠢ ᠲᠡᠳᠡᠨ ᠠᠪᠴᠢᠷᠠᠵᠤ ᠴᠢᠬᠤᠯᠠ ᠶᠡᠬᠡ ᠢᠨᠵᠧᠨᠧᠷᠢᠩ᠎ᠢ ᠳᠠᠭᠠᠭᠤᠯᠤᠨ ᠬᠢᠵᠤ᠂ ᠣᠷᠣᠨ᠎ᠤ ᠭᠠᠳᠠᠨᠠᠬᠢ 34 ᠰᠤᠳᠤᠯᠤᠨ ᠨᠡᠭᠡᠭᠡᠬᠦ᠌ ᠪᠦᠯᠬᠦᠮ ᠴᠤᠬᠴᠠ ᠵᠢᠴᠢ 2000 ᠱᠢᠬᠠᠮ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠴᠤᠭ᠍ᠯᠠᠷᠠᠭᠤᠯᠵᠤ᠂ ᠠᠺᠠᠳᠧᠮᠢᠴᠢ᠎ᠶ᠋ᠢᠨ 10 ᠠᠵᠢᠯᠯᠠᠬᠤ ᠥᠷᠲᠡᠭᠡ᠎ᠶ᠋ᠢ ᠱᠢᠨ᠎ᠡ᠎ᠪᠡᠷ ᠨᠡᠮᠡᠭ᠌ᠳᠡᠭᠦᠯᠦᠨ᠂ ᠠᠺᠠᠳᠧᠮᠢᠴᠢ᠎ᠶ᠋ᠢᠨ ᠪᠦᠯᠬᠦᠮ ᠴᠤᠬᠴᠠ 7 ᠵᠢ ᠠᠮᠢᠳᠤᠯᠢᠭ᠎ᠢᠶᠡᠷ ᠣᠷᠣᠭᠤᠯᠤᠨ ᠠᠪᠴᠢᠷᠠᠵᠤ᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠤᠭᠤᠷᠴᠤᠭ ᠭᠠᠵᠠᠷ》᠎ᠢ᠋ 16 ᠳᠠᠩᠰᠠᠯᠠᠵᠤ ᠂ 300 ᠭᠠᠷᠤᠶ ᠴᠢᠳᠠᠪᠤᠷᠢᠲᠠᠨ᠎ᠢ ᠴᠤᠭ᠍ᠯᠠᠷᠠᠭᠤᠯᠤᠨ ᠣᠷᠣᠨ ᠪᠦᠰᠡ ᠠᠯᠤᠰᠯᠠᠨ ᠱᠢᠨ᠎ᠡ᠎ᠶ᠋ᠢ ᠡᠭᠦᠳᠬᠦ᠌᠎ᠶ᠋ᠢ ᠥᠷᠨᠢᠭᠦᠯᠪᠡ᠃《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠴᠢᠩᠭᠠᠳᠭᠠᠬᠤ ᠣᠨ》 ᠤ᠋ ᠠᠵᠢᠯᠯᠠᠭ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠠᠵᠤ ᠠᠬᠤᠢᠯᠠᠯ᠎ᠤᠨ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠦᠷ᠎ᠡ ᠪᠦᠲᠦᠭᠡᠯ᠎ᠢ ᠤᠨᠳᠤᠤᠰᠢᠭᠤᠯᠬᠤ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠲᠥᠷᠥ᠎ᠶ᠋ᠢᠨ ᠪᠣᠳᠣᠯᠭ᠎ᠠ ᠵᠢᠨ ᠤᠬᠠᠭᠤᠯᠤᠨ ᠲᠠᠢᠯᠪᠤᠷᠢᠯᠠᠬᠤ᠎ᠠᠵᠢᠯᠯᠠᠭ᠎ᠠ ᠥᠷᠨᠢᠭᠦᠯᠵᠦ᠍᠂ ᠪᠥᠬᠥ᠌ ᠣᠷᠣᠨ᠎ᠤ 12 ᠠᠢᠮᠠᠭ ᠬᠣᠲᠠ᠂ ᠣᠷᠣᠨ᠎ᠤ ᠱᠢᠭᠤᠳ ᠬᠠᠷᠢᠶ᠎ᠠ ᠶᠡᠬᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠵᠢᠴᠢ 3000 ᠭᠠᠷᠤᠶ ᠠᠵᠤ ᠠᠬᠤᠢᠯᠠᠯ᠎ᠢ ᠬᠠᠮᠤᠷᠴᠤ᠌᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠲᠤ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠲᠤᠰᠠ᠎ᠶ᠋ᠢ ᠪᠦᠷᠢᠨ ᠬᠦᠷᠲᠡᠭᠡᠪᠡ︔ᠱᠢᠨᠵᠢᠯᠡᠬᠦ᠌ ᠤᠬᠠᠭᠠᠨ᠎ᠤ ᠰᠤᠳᠤᠯᠭᠠᠨ ᠎ᠤ ᠠᠵᠢᠯ᠎ᠤᠨ ᠰᠤᠷᠲᠠᠯ ᠡᠷᠳᠡᠮ ᠰᠢᠨᠵᠢᠯᠡᠭᠡᠨ᠎ᠤ ᠰᠤᠷᠳᠠᠯ᠎ᠤᠨ 《ᠱᠤᠷᠠᠭ᠎ᠤᠨ ᠠᠷ》 ᠢ᠋  ᠴᠢᠩᠳᠠᠯᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠥᠯᠥᠪᠯᠡᠭᠡ᠎ᠶ᠋ᠢᠨ ᠲᠦᠷᠦᠯ ᠵᠦᠢᠯ᠎ᠳᠦ ᠬᠢᠨᠠᠯᠲᠠ ᠲᠠᠯᠪᠢᠬᠤ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠨᠡᠨᠴᠢ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠢᠨᠠᠯᠲᠠ ᠬᠠᠮᠢᠶᠠᠷᠤᠯᠲᠠ᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠪᠠ᠃

2025 ᠤᠨ᠎ᠢ ᠡᠷᠭᠢᠴᠡᠭᠦᠯᠬᠦᠶ᠎ᠡ᠂ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠵᠢ ᠪᠣᠳᠠᠲᠠᠶ᠎ᠳᠤ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠶ᠋ᠯᠡᠰ ᠎ᠦᠨ ᠬᠥᠭ᠌ᠵᠢᠯᠲᠡ᠎ᠵᠢᠨ ᠦᠩ ᠱᠢᠮᠡᠯᠢᠭ ᠬᠥᠷᠥᠰᠥ᠍ ᠵᠢ ᠪᠤᠢ ᠪᠤᠯᠭᠠᠵᠤ᠂ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠱᠢᠨ᠎ᠡ᠎ᠶ᠋ᠢ ᠡᠭᠦᠳᠬᠦ᠌᠎ᠶ᠋ᠢ ᠠᠩᠬᠠᠷᠬᠤ᠂ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠌᠂ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠲᠤ ᠪᠠᠬᠢ ᠰᠠᠭᠤᠷᠢ᠎ᠶ᠋ᠢ ᠪᠡᠬᠢᠵᠢᠭᠦᠯᠪᠡ᠃

ᠪᠥᠬᠥ᠌ ᠳᠡᠯᠡᠬᠡᠶ᠎ᠶ᠋ᠢᠨ ᠠᠩᠬᠠᠳᠠᠭ᠍ᠴᠢ 30 ᠮᠸᠭ᠎ᠠ ᠸᠠᠲ᠎ᠤᠨ ᠴᠡᠪᠡᠷ ᠤᠰᠤᠲᠥ᠋ᠷᠥᠭ᠌ᠴᠢᠳᠤ ᠱᠢᠲᠠᠮᠠᠬᠠᠶ ᠬᠡᠶ᠎ᠶ᠋ᠢᠨ ᠬᠦᠳᠡᠯᠭᠡᠭᠦᠷ ᠮᠠᠰᠢᠨ᠎ᠢ ᠬᠡᠷᠡᠭᠯᠡᠨ ᠠᠮᠵᠢᠯᠲᠠ᠎ᠲᠠᠶ ᠴᠠᠬᠢᠯᠭᠠᠨ ᠭᠠᠷᠭᠠᠵᠤ᠂ ᠤᠰᠤᠲᠥ᠋ᠷᠥᠭ᠌ᠴᠢ ᠡᠨᠧᠷᠭᠢ᠎ᠶ᠋ᠢᠨ ᠶᠡᠬᠡ ᠬᠡᠪᠴᠢᠶ᠎ᠡ᠎ᠪᠡᠷ ᠴᠠᠬᠢᠯᠭᠠᠨ ᠭᠠᠷᠭᠠᠬᠤ ᠬᠡᠷᠡᠭ᠌ᠯᠡᠯᠲᠡ ᠵᠢᠨ ᠱᠢᠪᠲᠤᠯᠤᠯᠲᠠ᠎ᠶ᠋ᠢ ᠪᠡᠶᠡᠯᠡᠭᠦᠯᠪᠡ; ᠪᠦᠬᠦ᠌ ᠤᠯᠤᠰ᠎ᠤᠨ ᠠᠩᠬᠠᠳᠠᠭ᠍ᠴᠢ ᠪᠠᠢᠭᠠᠯᠢ᠎ᠶ᠋ᠢᠨ ᠤᠰᠤᠲᠥ᠋ᠷᠥᠭ᠌ᠴᠢ ᠬᠡᠢ᠎ᠶ᠋ᠢᠨ ᠱᠢᠨᠵᠢᠯᠡᠬᠦ᠌ ᠤᠬᠠᠭᠠᠨ᠎ᠤ ᠬᠠᠢᠨ ᠱᠢᠨᠵᠢᠯᠡᠬᠦ᠌ ᠬᠤᠳᠳᠤᠭ ᠎ᠢ ᠱᠢᠯᠢ᠎ᠶ᠋ᠢᠨ ᠭᠣᠣᠯ᠎ᠳᠤ ᠥᠷᠥᠮᠳᠡᠵᠦ᠍᠂ ᠴᠣ ᠱᠢᠨ᠎ᠡ ᠴᠡᠪᠡᠷ ᠡᠨᠧᠷᠭᠢ᠎ᠶ᠋ᠢ ᠬᠠᠢᠨ ᠰᠦᠪᠡᠭ᠌ᠴᠢᠯᠡᠪᠡ; ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢ ᠬᠡᠷᠡᠭ᠌ᠯᠡᠭ᠌ᠰᠡᠨ ᠬᠣᠪᠣᠷ ᠱᠢᠷᠣᠶ᠎ᠶ᠋ᠢᠨ ᠤᠰᠤᠲᠥ᠋ᠷᠥᠭ᠌ᠴᠢ ᠬᠠᠳᠠᠭᠠᠯᠠᠬᠤ ᠮᠠᠲ᠋ᠧᠷᠢᠶᠠᠯ᠎ᠤᠨ ᠳᠤᠤᠷ᠎ᠠ ᠳᠠᠷᠤᠯᠲᠠᠳᠤ ᠬᠠᠲᠠᠭᠤ ᠲᠦᠯᠦᠪᠲᠦ ᠤᠰᠤᠲᠥ᠋ᠷᠥᠭ᠌ᠴᠢ ᠨᠡᠮᠡᠬᠦ᠌ ᠵᠢᠱ᠌ᠢᠶ᠎ᠡ ᠦᠵᠡᠭᠦᠯᠬᠦ᠌ ᠥᠷᠲᠡᠭᠡ ᠠᠱᠢᠭ᠍ᠯᠠᠯᠲᠠ᠎ᠳᠤ ᠣᠷᠣᠵᠤ᠂ ᠤᠰᠤᠲᠥ᠋ᠷᠥᠭ᠌ᠴᠢ ᠬᠠᠳᠠᠭᠠᠯᠠᠬᠤ ᠨᠢᠭ᠍ᠲᠠᠴᠠ 30% ᠎ᠪᠠᠷ ᠳᠡᠭᠡᠭ᠌ᠰᠢᠯᠡᠨ᠂ ᠱᠢᠨ᠎ᠡ᠎ᠪᠡᠷ ᠮᠠᠨᠳᠤᠬᠰᠠᠨ ᠠᠵᠤ ᠦᠶ᠋ᠯᠡᠰ᠎ᠦᠨ《ᠴᠢᠬᠢ ᠮᠤᠳᠤ》 ᠦᠳᠳᠡᠷ ᠲᠦᠷᠭᠡᠨ᠎ᠢᠶᠡᠷ 《ᠣᠶ ᠱᠢᠭᠤᠶ》 ᠪᠣᠯᠵᠣ ᠦᠰᠦᠨ ᠪᠤᠢᠵᠢᠵᠤ ᠪᠠᠢᠨ᠎ᠠ᠃ ᠠᠮᠢᠳᠤ ᠪᠣᠳᠠᠰ᠎ᠤᠨ ᠮᠡᠷᠭᠡᠵᠢᠯ᠎ᠦᠨ ᠬᠦᠷᠢᠶᠡᠨ᠎ᠳᠦ᠂ ᠪᠥᠬᠥ᠌ ᠳᠡᠯᠡᠬᠡᠶ᠎ᠶ᠋ᠢᠨ ᠠᠩᠬᠠᠳᠠᠭ᠍ᠴᠢ ᠡᠪᠡᠳᠴᠢᠨ ᠡᠰᠡᠷᠭᠦᠴᠡᠬᠦ᠌ ᠪᠠ ᠠᠵᠤ ᠠᠬᠤᠶ᠎ᠶ᠋ᠢᠨ ᠱᠢᠨᠵᠢ ᠪᠠᠢᠳᠠᠯ᠎ᠤᠨ ᠪᠠᠢᠷᠢ᠎ᠶ᠋ᠢ ᠨᠡᠢᠳᠭᠡᠭᠰᠡᠨ《ᠭᠠᠬᠠᠶ᠎ᠶ᠋ᠢᠨ ᠴᠠᠬᠢᠮ ᠢᠯᠳᠠᠰᠤ》᠂ ᠪᠥᠬᠥ᠌ ᠤᠯᠤᠰ᠎ᠤᠨ ᠠᠩᠬᠠᠳᠠᠭ᠍ᠴᠢ ᠮᠣᠩᠭᠣᠯ ᠦᠬᠡᠷ᠎ᠦᠨ ᠡᠭᠦᠯᠳᠡᠷ ᠪᠣᠢᠵᠢᠭᠤᠯᠬᠤ ᠴᠠᠬᠢᠮ ᠢᠯᠳᠠᠰᠤ 《ᠰᠢᠶᠠᠩ ᠨᠢᠦ 1᠎ᠳ᠋ᠤᠭᠡᠷ ᠨᠣᠮᠧᠷᠲᠤ 》 ᠬᠤᠢᠨ᠎ᠠ ᠬᠤᠢᠨ᠎ᠠ ᠡᠴᠡ ᠪᠠᠨ ᠮᠡᠨᠳᠦᠯᠡᠪᠡ; ᠳᠡᠭᠡᠳᠦ ᠲᠡᠰ᠎ᠤᠨ ᠲᠣᠨᠣᠭ᠍ᠯᠠᠯ᠎ᠤᠨ ᠬᠦᠷᠢᠶᠡᠨ᠎ᠳᠦ᠂ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠲᠦᠮᠡᠨ ᠲᠣᠨ᠎ᠤ ᠲᠡᠰ᠎ᠤᠨ G5 ᠨᠣᠢᠲᠠᠨ ᠡᠯᠧᠺᠲ᠋ᠷᠣᠨ ᠲᠡᠰ ᠎ᠤᠨ ᠳᠠᠪᠤᠰᠤᠨ ᠬᠦᠴᠢᠯ᠎ᠦᠨ ᠦᠢᠯᠡᠳᠪᠦᠷᠢᠯᠡᠯ᠎ᠦᠨ ᠱᠤᠭᠤᠮ᠎ᠢ ᠠᠱᠢᠭ᠍ᠯᠠᠯᠲᠠ᠎ᠳᠤ ᠣᠷᠣᠭᠤᠯᠵᠤ᠂ ᠣᠨᠴᠠ ᠥᠨᠳᠥᠷ ᠬᠦᠴᠦᠳᠡᠯᠲᠦ ᠲᠣᠭ᠍ᠲᠠᠮᠠᠯ ᠭᠥᠶᠥᠳᠡᠯᠳᠦ ᠴᠠᠬᠢᠯᠭᠠᠨ᠎ᠤ ᠮᠡᠷᠭᠡᠵᠢᠯ᠎ᠦᠨ 《ᠡᠯᠡᠰᠦᠨ ᠴᠦᠯ ᠭᠤᠪᠢ ᠴᠦᠯᠯᠡᠷᠬᠡᠭ ᠭᠠᠵᠠᠷ》᠎ᠤ᠋ᠨ ᠱᠢᠨ᠎ᠡ ᠡᠨᠧᠷᠭᠢ᠎ᠶ᠋ᠢ ᠱᠢᠩᠭᠡᠭᠡᠬᠦ ᠱᠢᠨ᠎ᠡ ᠵᠠᠮ ᠱᠤᠭᠤᠮ ᠎ᠢ ᠨᠡᠪᠲᠡᠷᠡᠭᠦᠯᠪᠡ ; ᠤᠢᠷ᠎ᠠ ᠤᠭᠳᠠᠷᠭᠤᠢ ᠵᠢᠨ ᠠᠵᠤ ᠠᠬᠤᠶ᠎ᠶ᠋ᠢᠨ ᠬᠦᠷᠢᠶᠡᠨ᠎ᠳᠦ᠂ ᠪᠥᠬᠥ᠌ ᠤᠯᠤᠰ᠎ᠤᠨ ᠠᠩᠬᠠᠳᠠᠭ᠍ᠴᠢ ᠤᠷᠳᠤ ᠬᠤᠭᠤᠴᠠᠭ᠎ᠠ ᠨᠢᠰᠴᠦ᠍ ᠲᠡᠢᠯᠬᠦ ᠡᠭᠴᠡ ᠪᠤᠰᠬᠤ ᠵᠢᠯᠣᠭᠣᠴᠢ ᠥᠬᠡᠶ ᠨᠢᠰᠭᠡᠯ ᠨᠢᠭᠡᠨᠲᠡ ᠮᠠᠯᠵᠢᠬᠤ ᠣᠷᠣᠨ᠎ᠤ ᠪᠠᠷᠠᠭᠠᠨ᠎ᠤ ᠭᠦᠶ᠋ᠯᠭᠡᠭᠡ᠂ ᠬᠢᠯᠢ᠎ᠶ᠋ᠢᠨ ᠬᠠᠮᠠᠭᠠᠯᠠᠯᠲᠠ᠎ᠶ᠋ᠢᠨ ᠴᠠᠭ᠍ᠳᠠᠨ ᠪᠠᠢᠴᠠᠭᠠᠯᠲᠠ᠎ᠳᠦ ᠬᠡᠷᠡᠭᠯᠡᠭᠳᠡᠪᠡ ᠁ ᠱᠢᠨ᠎ᠡ ᠤᠷᠤᠯᠳᠤᠭᠠᠨ᠎ᠤ ᠵᠠᠮ᠎ᠢ ᠲᠦᠷᠭᠡᠳᠭᠡᠨ ᠥᠷᠭᠡᠳᠭᠡᠵᠦ᠍᠂ ᠠᠵᠤ ᠦᠶ᠋ᠯᠡᠰ᠎ᠦᠨ ᠪᠦᠯᠦᠭ᠌ᠵᠢᠯ ᠬᠥᠭ᠌ᠵᠢᠨ ᠪᠤᠵᠠᠭᠠᠢᠷᠠᠬᠤ ᠠᠶᠠᠨ ᠳ᠋ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠡᠨᠡ ᠬᠦ᠌ 《ᠵᠠᠩᠭᠢᠯᠠᠭ᠎ᠠ᠎ᠶ᠋ᠢᠨ ᠬᠤᠪᠢᠰᠤᠭ᠍ᠴᠢ ᠬᠡᠮᠵᠢᠭ᠌ᠳᠡᠬᠦᠨ》 ᠨᠢ ᠶᠠᠭ ᠴᠢᠨᠠᠷ ᠰᠠᠢᠲᠠᠶ ᠬᠥᠭ᠌ᠵᠢᠯᠲᠡ᠎ᠶ᠋ᠢᠨ《ᠬᠠᠮᠤᠭ᠎ᠤᠨ ᠶᠡᠬᠡ ᠨᠡᠮᠡᠭ᠌ᠳᠡᠯ᠎ᠤᠨ ᠬᠡᠮᠵᠢᠶ᠎ᠡ》 ᠪᠣᠯᠤᠨ ᠬᠤᠪᠢᠷᠠᠵᠤ᠂ ᠥᠪᠥᠷ ᠮᠣᠩᠭᠣᠯ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠨᠠᠩ ᠴᠢᠩᠭᠠᠷᠠᠪᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠱᠢᠨ᠎ᠡ ᠭᠠᠷᠤᠭ᠎ᠠ᠎ᠡᠴᠡ᠂ ᠥᠪᠥᠷ ᠮᠣᠩᠭᠣᠯ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠪᠠ ᠪᠠᠢᠭᠤᠯᠤᠯ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠱᠢᠰᠲ᠋ᠧᠮ᠎ᠲᠡᠶ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠂ ᠡᠨᠧᠷᠭᠢ ᠡᠬᠢ ᠪᠠᠶᠠᠯᠢᠭ᠎ᠤᠨ ᠪᠣᠬᠢᠷᠲᠤᠯ ᠥᠬᠡᠶ ᠬᠥᠭ᠌ᠵᠢᠯᠲᠡ᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ ᠵᠡᠷᠭᠡ ᠭᠤᠷᠪᠠᠨ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠥᠨᠳᠥᠷᠯᠢᠭ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠵᠤ᠂ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ ᠎ᠢ ᠲᠦᠷᠭᠡᠳᠬᠡᠨ ᠨᠡᠭᠡᠭᠡᠬᠦ᠎ᠳᠤ ᠪᠠᠲᠤ ᠪᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号