《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠣᠬᠢᠶᠠᠯ᠎ᠢ ᠨᠡᠢᠲᠡᠯᠡᠪᠡ
2026-02-01 10:50:19
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠮᠥᠩᠭᠥᠨ ᠭᠦᠢᠯᠭᠡᠭᠡᠨ᠎ᠦ ᠬᠥᠭᠵᠢᠯᠲᠡ᠎ᠶᠢᠨ ᠵᠠᠮ᠎ᠢᠶᠠᠷ ᠰᠠᠢᠲᠤᠷ ᠵᠠᠮᠨᠠᠵᠤ  ᠮᠥᠩᠭᠥᠨ ᠭᠦᠢᠯᠭᠡᠭᠡᠨ ᠎ᠦ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ ᠬᠡᠷᠡᠭᠳᠡᠢ


2 ᠰᠠᠷ᠎ᠠ᠎ᠶᠢᠨ 1 ᠤ᠋ ᠡᠳᠦᠷ ᠬᠡᠪᠯᠡᠭᠳᠡᠬᠦ 3 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠲᠡᠷᠢᠭᠦᠯᠡᠭᠴᠢ ᠰᠢ ᠵᠢᠨ ᠫᠢᠩ᠎ᠦᠨ 《ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠮᠥᠩᠭᠥᠨ ᠭᠦᠢᠯᠭᠡᠭᠡᠨ᠎ᠦ ᠬᠥᠭᠵᠢᠯᠲᠡ᠎ᠶᠢᠨ ᠵᠠᠮ᠎ᠢᠶᠠᠷ ᠰᠠᠢᠲᠤᠷ ᠵᠠᠮᠨᠠᠵᠤ᠂ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ ᠬᠡᠷᠡᠭᠳᠡᠢ》 ᠭᠡᠬᠦ ᠴᠢᠬᠤᠯᠠ ᠵᠣᠬᠢᠶᠠᠯ᠎ᠢ ᠨᠡᠢᠲᠡᠯᠡᠪᠡ᠃

ᠵᠣᠬᠢᠶᠠᠯ᠎ᠳᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠪᠢᠳᠡ ᠰᠢᠨ᠎ᠡ ᠴᠠᠭ ᠦᠶ᠎ᠡ᠎ᠶᠢᠨ ᠮᠥᠩᠭᠥᠨ ᠭᠦᠢᠯᠭᠡᠭᠡᠨ᠎ᠦ ᠬᠥᠭᠵᠢᠯᠲᠡ᠎ᠶᠢᠨ ᠵᠢᠮ᠎ᠡ ᠶᠣᠰᠣ᠌᠎ᠶᠢ ᠢᠳᠡᠪᠬᠢᠲᠡᠢ ᠰᠦᠪᠡᠭᠴᠢᠯᠡᠵᠦ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠮᠥᠩᠭᠥᠨ ᠭᠦᠢᠯᠭᠡᠭᠡᠨ᠎ᠦ ᠮᠥᠨ ᠴᠢᠨᠠᠷ ᠎ᠤᠨ ᠲᠤᠬᠠᠢ ᠲᠠᠨᠢᠯᠲᠠ᠎ᠪᠠᠨ ᠲᠠᠰᠤᠷᠠᠯᠳᠠ ᠦᠭᠡᠢ ᠭᠦᠨᠵᠡᠭᠡᠢᠷᠡᠭᠦᠯᠵᠦ᠂ ᠮᠥᠩᠭᠥᠨ ᠭᠦᠢᠯᠭᠡᠭᠡᠨ ᠎ᠦ ᠦᠢᠯᠡᠳᠦᠯᠭᠡ᠎ᠶᠢᠨ ᠰᠢᠨ᠎ᠡ᠎ᠶᠢ ᠡᠭᠦᠳᠬᠦ᠂ ᠤᠨᠤᠯ᠎ᠤᠨ ᠰᠢᠨ᠎ᠡ᠎ᠶᠢ ᠡᠭᠦᠳᠬᠦ᠂ ᠲᠦᠷᠢᠮ ᠎ᠤᠨ ᠰᠢᠨ᠎ᠡ᠎ᠶᠢ ᠡᠭᠦᠳᠬᠦ᠎ᠶᠢ ᠲᠠᠰᠤᠷᠠᠯᠳᠠ ᠦᠭᠡᠢ ᠠᠬᠢᠭᠤᠯᠵᠤ᠂ ᠡᠷᠬᠢᠮ ᠨᠠᠨᠳᠢᠨ ᠲᠤᠷᠰᠢᠯᠭ᠎ᠠ ᠵᠢ ᠬᠤᠷᠠᠮᠳᠤᠭᠤᠯᠵᠤ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠮᠥᠩᠭᠥᠨ ᠭᠦᠢᠯᠭᠡᠭᠡᠨ᠎ᠦ ᠬᠥᠭᠵᠢᠯᠲᠡ᠎ᠶᠢᠨ ᠵᠠᠮ᠎ᠢ ᠠᠯᠬᠤᠮ ᠠᠯᠬᠤᠮ᠎ᠢᠶᠠᠷ ᠨᠡᠭᠡᠭᠡᠭᠰᠡᠨ ᠪᠠᠢᠨ᠎ᠠ᠃ ᠨᠢᠭᠡᠳᠦᠭᠡᠷ᠎ᠲᠦ᠂ ᠮᠥᠩᠭᠥᠨ ᠭᠦᠢᠯᠭᠡᠭᠡᠨ᠎ᠦ ᠠᠵᠢᠯ᠎ᠳᠠᠬᠢ ᠨᠠᠮ᠎ᠤᠨ ᠲᠥᠪ ᠬᠤᠷᠢᠶ᠎ᠠ᠎ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠬᠡᠷᠡᠭᠲᠡᠢ᠃ ᠬᠣᠶᠠᠳᠤᠭᠠᠷ᠎ᠲᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠦᠷᠳᠡᠭ᠎ᠦᠨ ᠬᠠᠨᠳᠤᠰᠢ᠎ᠶᠢ ᠪᠠᠷᠢᠮᠲᠠᠯᠠᠬᠤ ᠬᠡᠷᠡᠭᠲᠡᠢ᠃ ᠭᠤᠷᠪᠠᠳᠤᠭᠠᠷ᠎ᠲᠤ᠂ ᠮᠥᠩᠭᠥᠨ ᠭᠦᠢᠯᠭᠡᠭᠡᠨ᠎ᠦ ᠪᠣᠳᠠᠲᠤ ᠴᠣᠭᠴᠠ᠎ᠶᠢᠨ ᠠᠵᠤ ᠠᠬᠤᠢ᠎ᠳᠤ ᠦᠢᠯᠡᠴᠢᠯᠡᠬᠦ ᠎ᠶᠢ ᠦᠨᠳᠦᠰᠦᠨ ᠵᠣᠷᠢᠯᠲᠠ᠎ᠪᠤᠯᠭᠠᠬᠤ᠎ᠶᠢ ᠪᠠᠷᠢᠮᠲᠠᠯᠠᠬᠤ ᠬᠡᠷᠡᠭᠲᠡᠢ᠃ ᠳᠥᠷᠪᠡᠳᠦᠭᠡᠷ᠎ᠲᠦ᠂ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ᠎ᠶᠢ ᠮᠥᠩᠭᠥᠨ ᠭᠦᠢᠯᠭᠡᠭᠡᠨ᠎ᠦ ᠠᠵᠢᠯ᠎ᠤᠨ ᠥᠨᠢᠳᠡ᠎ᠶᠢᠨ ᠭᠣᠣᠯ ᠰᠡᠳᠦᠪ ᠪᠣᠯᠭᠠᠬᠤ᠎ᠶᠢ ᠪᠠᠷᠢᠮᠲᠠᠯᠠᠬᠤ ᠬᠡᠷᠡᠭᠲᠡᠢ᠃ ᠲᠠᠪᠤᠳᠤᠭᠠᠷ᠎ᠲᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠬᠰᠠᠨ ᠵᠠᠮ᠎ᠢᠶᠠᠷ ᠮᠥᠩᠭᠥᠨ ᠭᠦᠢᠯᠭᠡᠭᠡᠨ᠎ᠦ ᠰᠢᠨ᠎ᠡ᠎ᠶᠢ ᠡᠭᠦᠳᠴᠤ ᠬᠥᠭᠵᠢᠬᠦ᠎ᠶᠢ ᠠᠬᠢᠭᠤᠯᠬᠤ᠎ᠶᠢ ᠪᠠᠷᠢᠮᠲᠠᠯᠠᠬᠤ ᠬᠡᠷᠡᠭᠲᠡᠢ᠃ ᠵᠢᠷᠭᠤᠳᠤᠭᠠᠷ᠎ᠲᠤ᠂ ᠮᠥᠩᠭᠥᠨ ᠭᠦᠢᠯᠭᠡᠭᠡᠨ᠎ᠦ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠶᠢ ᠪᠠᠷᠢᠮᠲᠠᠯᠠᠬᠤ ᠬᠡᠷᠡᠭᠲᠡᠢ᠃ ᠳᠣᠯᠣᠳᠤᠭᠠᠷ᠎ᠲᠤ᠂ ᠮᠥᠩᠭᠥᠨ ᠭᠦᠢᠯᠭᠡᠭᠡᠨ᠎ᠦ ᠨᠡᠭᠡᠭᠡᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ᠎ᠶᠢ ᠪᠠᠷᠢᠮᠲᠠᠯᠠᠬᠤ ᠬᠡᠷᠡᠭᠲᠡᠢ᠃ ᠨᠠᠢ᠍ᠮᠠᠳᠤᠭᠠᠷ᠎ᠲᠤ᠂ ᠲᠣᠭᠲᠠᠭᠤᠨ᠎ᠤ ᠳᠤᠮᠳᠠ ᠠᠬᠢᠯᠲᠠ ᠲᠠᠢ ᠪᠠᠢᠬᠤ ᠠᠵᠢᠯ ᠎ᠤᠨ ᠦᠨᠳᠦᠰᠦᠨ ᠬᠥᠭ ᠠᠶᠠᠰ᠎ᠢ ᠪᠠᠷᠢᠮᠲᠠᠯᠠᠬᠤ ᠬᠡᠷᠡᠭᠲᠡᠢ᠃ ᠳᠡᠭᠡᠷᠡᠬᠢ ᠬᠡᠳᠦᠨ ᠵᠦᠢᠯ᠎ᠨᠢ  ᠰᠢᠨ᠎ᠡ ᠴᠠᠭ ᠦᠶ᠎ᠡ ᠰᠢᠨ᠎ᠡ ᠠᠶᠠᠨ᠎ᠳᠤ ᠮᠥᠩᠭᠥᠨ ᠭᠦᠢᠯᠭᠡᠭᠡᠨ᠎ᠦ ᠠᠵᠢᠯ᠎ᠢ ᠬᠡᠷᠬᠢᠨ ᠦᠵᠡᠬᠦ᠂ ᠶᠠᠭᠠᠬᠢᠵᠤ ᠠᠵᠢᠯᠯᠠᠬᠤ᠎ᠶᠢ ᠲᠣᠳᠣᠷᠬᠠᠢᠯᠠᠪᠠ᠂ ᠡᠨᠡ ᠪᠣᠯ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠮᠥᠩᠭᠥᠨ ᠭᠦᠢᠯᠭᠡᠭᠡᠨ᠎ᠦ ᠬᠥᠭᠵᠢᠯᠲᠡ᠎ᠶᠢᠨ ᠵᠠᠮ᠎ᠤᠨ ᠦᠨᠳᠦᠰᠦᠨ ᠵᠣᠭᠰᠣᠯᠲᠠ᠂ ᠦᠵᠡᠯᠲᠡ᠂ ᠠᠷᠭ᠎ᠠ᠎ᠶᠢ ᠢᠯᠡᠷᠡᠭᠦᠯᠦᠭᠰᠡᠨ ᠣᠷᠭᠠᠨᠢᠭ᠋ ᠪᠦᠬᠦᠯᠢ ᠴᠣᠭᠴᠠ ᠪᠣᠯᠣᠨ᠎ᠠ᠃ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠮᠥᠩᠭᠥᠨ ᠭᠦᠢᠯᠭᠡᠭᠡᠨ᠎ᠦ ᠬᠥᠭᠵᠢᠯᠲᠡ᠎ᠶᠢᠨ ᠵᠠᠮ ᠨᠢ ᠤᠳᠤ ᠦᠶ᠎ᠡ᠎ᠶᠢᠨ ᠮᠥᠩᠭᠥᠨ ᠭᠦᠢᠯᠭᠡᠭᠡᠨ᠎ᠦ ᠬᠥᠭᠵᠢᠯᠲᠡ᠎ᠶᠢᠨ ᠪᠤᠰᠤᠳᠴᠢ ᠵᠢᠮ᠎ᠡ ᠶᠣᠰᠣ᠌᠎ᠶᠢ ᠵᠢᠷᠤᠮᠯᠠᠭᠰᠠᠨ᠎ᠵᠢᠡᠷ ᠪᠠᠷᠠᠬᠤ ᠦᠭᠡᠢ᠂ ᠮᠠᠨ᠎ᠤ ᠤᠯᠤᠰ᠎ᠤᠨ ᠪᠠᠢᠳᠠᠯ᠎ᠳᠤ ᠨᠡᠩ ᠵᠣᠬᠢᠴᠠᠭᠰᠠᠨ ᠢᠯᠡ ᠲᠣᠳᠣ᠌ ᠣᠨᠴᠠᠯᠢᠭ᠋᠎ᠲᠠᠢ ᠪᠠᠢᠵᠤ᠂ ᠥᠷᠥᠨᠡᠳᠠᠬᠢᠨ᠎ᠤ ᠮᠥᠩᠭᠥᠨ ᠭᠦᠢᠯᠭᠡᠭᠡᠨ ᠎ᠦ ᠵᠠᠭᠪᠤᠷ᠎ᠲᠠᠢ ᠮᠥᠨ ᠴᠢᠨᠠᠷ᠎ᠤᠨ ᠢᠯᠭᠠᠭ᠎ᠠ᠎ᠲᠠᠢ ᠶᠤᠮ᠃ ᠢᠲᠡᠭᠡᠯ ᠵᠣᠷᠢᠭ᠋᠎ᠢᠶᠠᠨ ᠪᠠᠲᠤᠳᠬᠠᠵᠤ᠂ ᠦᠢᠯᠡᠳᠦᠯᠭᠡ᠎ᠶᠢᠨ ᠳᠤᠮᠳᠠ ᠦᠷᠭᠦᠯᠵᠢᠯᠡᠨ ᠰᠦᠪᠡᠭᠴᠢᠯᠡᠨ ᠲᠡᠭᠦᠯᠳᠡᠷᠵᠢᠭᠦᠯᠵᠦ᠂ ᠡᠨᠡ ᠬᠦ᠌ ᠵᠠᠮ᠎ᠢ ᠶᠠᠪᠤᠬᠤ ᠲᠤᠳᠤᠮ ᠥᠷᠭᠡᠨ ᠳᠠᠷᠳᠠᠩ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠵᠣᠬᠢᠶᠠᠯ᠎ᠳᠤ᠂ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ ᠬᠦᠴᠦᠷᠬᠡᠭ ᠶᠡᠬᠡ ᠠᠵᠤ ᠠᠬᠤᠢ᠎ᠶᠢᠨ ᠰᠠᠭᠤᠷᠢ᠎ᠳᠤ ᠰᠠᠭᠤᠷᠢᠯᠠᠵᠤ᠂ ᠳᠡᠯᠡᠬᠡᠢ᠎ᠶᠢᠨ ᠲᠡᠷᠢᠭᠦᠨ᠎ᠤ  ᠠᠵᠤ ᠠᠬᠤᠢ᠎ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠣᠳᠠᠲᠤ ᠬᠦᠴᠦᠨ ᠪᠣᠯᠣᠨ ᠤᠯᠤᠰ᠎ᠤᠨ ᠶᠡᠷᠦᠩᠬᠡᠢ ᠬᠦᠴᠦᠨ᠎ᠲᠠᠢ ᠪᠠᠢᠬᠤ᠎ᠶᠢᠨ ᠬᠠᠮᠲᠤ ᠠᠯᠢ ᠤᠯᠠᠨ ᠵᠠᠩᠭᠢᠯᠠᠭ᠎ᠠ᠎ᠶᠢᠨ ᠭᠣᠣᠯᠯᠠᠬᠤ ᠮᠥᠩᠭᠥᠨ ᠭᠦᠢᠯᠭᠡᠭᠡᠨ᠎ᠦ ᠡᠯᠧᠮᠧᠨ᠋ᠲ᠎ᠢ ᠪᠦᠷᠢᠯᠳᠦᠭᠦᠯᠪᠡᠯ ᠵᠣᠬᠢᠨ᠎ᠠ᠃ ᠨᠢᠭᠡ᠎ᠳᠦ᠂ ᠬᠦᠴᠦᠷᠬᠡᠭ ᠶᠡᠬᠡ ᠵᠣᠭᠣᠰ᠎ᠲᠠᠢ ᠪᠠᠢᠵᠤ᠂ ᠤᠯᠠᠨ ᠤᠯᠤᠰ᠎ᠤᠨ ᠠᠷᠠᠯᠵᠢᠶᠠᠨ᠎ᠤ ᠪᠡᠯᠡ ᠣᠷᠣᠭᠤᠯᠤᠯᠲᠠ ᠪᠠ ᠭᠠᠳᠠᠭᠠᠳᠤ ᠭᠤᠪᠢᠭᠤᠯᠭ᠎ᠠ᠎ᠶᠢᠨ ᠵᠠᠬ᠎ᠠ ᠳᠡᠯᠭᠡᠭᠦᠷ᠎ᠲᠦ ᠥᠷᠭᠡᠨ᠎ᠢᠶᠡᠷ ᠬᠡᠷᠡᠭᠯᠡᠭᠳᠡᠵᠦ᠂ ᠪᠦᠬᠦ ᠪᠥᠮᠪᠥᠷᠴᠡᠭ᠎ᠦᠨ ᠨᠥᠭᠡᠴᠡ ᠵᠣᠭᠣᠰᠤᠨ᠎ᠤ ᠪᠠᠢᠷᠢ ᠰᠠᠭᠤᠷᠢ᠎ᠲᠠᠢ ᠪᠠᠢᠬᠤ ᠬᠡᠷᠡᠭᠲᠡᠢ᠃ ᠬᠣᠶᠠᠷ᠎ᠲᠤ᠂ ᠬᠦᠴᠦᠷᠬᠡᠭ ᠶᠡᠬᠡ ᠲᠥᠪ ᠪᠠᠨᠭᠭᠢ᠎ᠲᠠᠢ ᠪᠠᠢᠵᠤ᠂ ᠵᠣᠭᠣᠰᠤᠨ᠎ᠤ ᠲᠦᠷᠦ᠎ᠶᠢᠨ ᠪᠣᠳᠣᠯᠭ᠎ᠠ᠎ᠶᠢᠨ ᠡᠵᠡᠮᠳᠠᠯ ᠲᠣᠬᠢᠷᠠᠭᠤᠯᠭ᠎ᠠ ᠪᠠ ᠬᠣᠷᠸ᠎ᠠ ᠲᠠᠯ᠎ᠠ᠎ᠶᠢᠨ ᠬᠢᠨᠠᠭᠤᠷ ᠪᠣᠯᠭᠣᠮᠵᠢᠲᠠᠢ ᠬᠠᠮᠢᠶᠠᠷᠤᠯᠲᠠ᠎ᠶᠢ ᠰᠠᠢᠲᠤᠷ ᠬᠢᠵᠦ᠂ ᠰᠢᠰᠲᠧᠮ᠎ᠦᠨ ᠴᠢᠨᠠᠷᠲᠠᠢ ᠠᠶᠤᠯ ᠲᠦᠭᠰᠢᠭᠦᠷᠢ᠎ᠶᠢ ᠴᠠᠭ ᠲᠤᠬᠠᠢ ᠳ᠋ᠤᠨᠢ ᠪᠦᠲᠦᠮᠵᠢᠲᠡᠢ ᠰᠡᠷᠭᠡᠢᠯᠡᠨ ᠠᠷᠢᠯᠭᠠᠬᠤ ᠴᠢᠳᠠᠪᠤᠷᠢ᠎ᠲᠠᠢ ᠪᠠᠢᠬᠤ ᠬᠡᠷᠡᠭᠲᠡᠢ᠃ ᠭᠤᠷᠪᠠ᠎ᠳᠤ᠂ ᠬᠦᠴᠦᠷᠬᠡᠭ ᠶᠡᠬᠡ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠲᠠᠢ ᠪᠠᠢᠵᠤ᠂ ᠡᠵᠡᠩᠨᠡᠯᠲᠡ᠎ᠶᠢᠨ ᠦᠷ᠎ᠡ ᠪᠦᠲᠦᠮᠵᠢ ᠥᠨᠳᠥᠷ᠂ ᠠᠶᠤᠯ ᠲᠦᠭᠰᠢᠭᠦᠷᠢ᠎ᠶᠢ ᠡᠰᠡᠷᠭᠦᠴᠡᠬᠦ ᠴᠢᠳᠠᠪᠤᠷᠢ ᠴᠢᠩᠭ᠎ᠠ᠂ ᠲᠦᠷᠦᠯ ᠵᠦᠢᠯ ᠪᠦᠷᠢᠨ ᠪᠠᠢᠵᠤ᠂ ᠪᠦᠬᠦ ᠪᠥᠮᠪᠥᠷᠴᠡᠭ᠎ᠦᠨ ᠪᠠᠢᠷᠢᠰᠢᠭᠤᠯᠤᠯᠲᠠ᠎ᠶᠢᠨ ᠴᠢᠳᠠᠪᠤᠷᠢ ᠪᠠ ᠳᠡᠯᠡᠬᠡᠢ ᠳ᠋ᠡᠬᠢᠨ ᠳ᠋ᠤ ᠥᠷᠢᠰᠦᠯᠳᠦᠬᠦ ᠬᠦᠴᠦᠨ᠎ᠲᠠᠢ ᠪᠠᠢᠬᠤ ᠬᠡᠷᠡᠭᠲᠡᠢ᠃ ᠳᠥᠷᠪᠡ᠎ᠳᠦ᠂ ᠬᠦᠴᠦᠷᠬᠡᠭ ᠶᠡᠬᠡ ᠤᠯᠠᠨ ᠤᠯᠤᠰ᠎ᠤᠨ ᠮᠥᠩᠭᠥᠨ ᠭᠦᠢᠯᠭᠡᠭᠡᠨ ᠎ᠦ ᠲᠥᠪ ᠎ᠲᠠᠢ ᠪᠠᠢᠵᠤ᠂ ᠪᠦᠬᠦ ᠪᠥᠮᠪᠥᠷᠴᠡᠭ ᠎ᠦᠨ ᠪᠡᠯᠡ ᠣᠷᠣᠭᠤᠯᠤᠭ᠍ᠴᠢᠳ᠎ᠢ ᠲᠠᠲᠠᠵᠤ᠂ ᠤᠯᠠᠨ ᠤᠯᠤᠰ ᠎ᠤᠨ ᠦᠨ᠎ᠡ ᠲᠣᠭᠲᠠᠭᠠᠬᠤ ᠰᠢᠰᠲᠧᠮ᠎ᠢ ᠨᠥᠯᠥᠭᠡᠯᠡᠵᠦ ᠴᠢᠳᠠᠬᠤ ᠬᠡᠷᠡᠭᠲᠡᠢ᠃ ᠲᠠᠪᠤ᠎ᠳᠤ᠂ ᠬᠦᠴᠦᠷᠬᠡᠭ ᠶᠡᠬᠡ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ ᠲᠠᠢ ᠪᠠᠢᠵᠤ᠂ ᠮᠥᠩᠭᠥᠨ ᠭᠦᠢᠯᠭᠡᠭᠡᠨ᠎ᠦ ᠬᠠᠤᠯᠢ᠎ᠪᠠᠷ ᠵᠠᠰᠠᠬᠤ ᠵᠢ ᠪᠦᠷᠢᠨᠰᠢᠬᠦᠯᠵᠤ᠂ ᠤᠯᠠᠨ ᠤᠯᠤᠰ᠎ᠤᠨ ᠮᠥᠩᠭᠥᠨ ᠭᠦᠢᠯᠭᠡᠭᠡᠨ᠎ᠦ ᠳᠦᠷᠢᠮ᠎ᠢ ᠲᠣᠭᠲᠠᠭᠠᠬᠤ ᠳᠤᠮᠳᠠ ᠬᠦᠴᠦᠷᠬᠡᠭ ᠶᠡᠬᠡ ᠦᠭᠡ ᠬᠡᠯᠡᠬᠦ ᠡᠷᠬᠡ ᠪᠠ ᠨᠥᠯᠥᠭᠡᠯᠡᠬᠦ ᠬᠦᠴᠦᠨ᠎ᠲᠠᠢ ᠪᠠᠢᠬᠤ ᠬᠡᠷᠡᠭᠲᠡᠢ᠃ ᠵᠢᠷᠭᠤᠭ᠎ᠠ᠎ᠳᠤ᠂ ᠮᠥᠩᠭᠥᠨ ᠭᠦᠢᠯᠭᠡᠭᠡᠨ᠎ᠦ ᠴᠢᠳᠠᠪᠤᠷᠢᠲᠠᠨ᠎ᠤ ᠬᠦᠴᠦᠷᠬᠡᠭ ᠶᠡᠬᠡ ᠡᠩᠨᠡᠭᠡ᠎ᠲᠠᠢ ᠪᠠᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠢ ᠪᠠᠶ᠋ᠢᠭᠤᠯᠬᠤ᠎ᠳᠤ ᠡᠷᠬᠡᠪᠰᠢ ᠳᠤᠮᠳᠠᠳᠤ ᠤᠯᠤᠰ ᠎ᠤᠨ ᠣᠨᠴᠠᠯᠢᠭ᠋᠎ᠪᠦᠬᠦᠢ ᠤᠳᠤ ᠦᠶ᠎ᠡ᠎ᠶᠢᠨ ᠮᠥᠩᠭᠥᠨ ᠭᠦᠢᠯᠭᠡᠭᠡᠨ᠎ᠦ ᠰᠢᠰᠲᠧᠮ ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠨᠢᠭᠡ᠎ᠳᠦ ᠰᠢᠨᠵᠢᠯᠡᠬᠦ ᠤᠬᠠᠭᠠᠨᠴᠢ ᠪᠥᠭᠡᠳ ᠲᠣᠭᠲᠠᠪᠤᠷᠢᠳᠠᠢ ᠮᠥᠩᠭᠥᠨ ᠭᠦᠢᠯᠭᠡᠭᠡᠨ᠎ᠦ ᠡᠵᠡᠮᠳᠡᠯ ᠲᠣᠬᠢᠷᠠᠭᠤᠯᠭ᠎ᠠ ᠵᠢᠨ  ᠰᠢᠰᠲᠧᠮ᠂ ᠬᠣᠶᠠᠷ᠎ᠲᠤ ᠪᠦᠲᠦᠴᠡ ᠨᠢ ᠵᠦᠢ ᠵᠣᠬᠢᠰᠲᠠᠢ ᠮᠥᠩᠭᠥᠨ ᠭᠦᠢᠯᠭᠡᠭᠡᠨ᠎ᠦ ᠵᠠᠬ᠎ᠠ ᠳᠡᠯᠭᠡᠭᠦᠷ᠎ᠦᠨ ᠰᠢᠰᠲᠧᠮ᠂ ᠭᠤᠷᠪᠠ᠎ᠳᠤ ᠠᠵᠢᠯ ᠎ᠢᠶᠡᠨ ᠬᠤᠪᠢᠶᠠᠷᠢᠯᠠᠵᠤ ᠬᠠᠮᠵᠢᠯᠴᠠᠭᠰᠠᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠰᠢᠰᠲᠧᠮ᠂ ᠳᠥᠷᠪᠡ᠎ᠳᠦ ᠪᠦᠷᠢᠨ ᠲᠡᠭᠦᠯᠳᠡᠷ ᠪᠥᠭᠡᠳ ᠪᠦᠲᠦᠮᠵᠢᠲᠡᠢ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠰᠢᠰᠲᠧᠮ᠂ ᠲᠠᠪᠤ᠎ᠳᠤ ᠤᠯᠠᠨ ᠶᠠᠩᠵᠤᠵᠢᠭᠰᠠᠨ ᠲᠤᠰᠬᠠᠢ ᠮᠡᠷᠭᠡᠵᠢᠯ᠎ᠦᠨ ᠴᠢᠨᠠᠷᠲᠠᠢ ᠮᠥᠩᠭᠥᠨ ᠭᠦᠢᠯᠭᠡᠭᠡᠨ᠎ᠦ ᠦᠢᠯᠡᠳᠬᠦᠨ ᠪᠠ ᠦᠢᠯᠡᠴᠢᠯᠡᠭᠡᠨ ᠎ᠦ ᠰᠢᠰᠲᠧᠮ᠂ ᠵᠢᠷᠭᠤᠭ᠎ᠠ᠎ᠳᠤ ᠪᠡᠶ᠎ᠡ᠎ᠪᠡᠨ ᠳᠠᠭᠠᠭᠠᠵᠤ ᠡᠵᠡᠮᠳᠡᠵᠦ ᠪᠣᠯᠬᠤ᠂ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠢ ᠮᠥᠩᠭᠥᠨ ᠭᠦᠢᠯᠭᠡᠭᠡᠨ᠎ᠦ ᠰᠠᠭᠤᠷᠢ ᠲᠥᠬᠦᠭᠡᠷᠦᠮᠵᠢ᠎ᠶᠢᠨ ᠰᠢᠰᠲᠧᠮ ᠪᠣᠯᠣᠨ᠎ᠠ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠮᠥᠩᠭᠥᠨ ᠭᠦᠢᠯᠭᠡᠭᠡᠨ ᠎ᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ ᠎ᠢ ᠪᠠᠶ᠋ᠢᠭᠤᠯᠬᠤ᠎ᠳᠤ ᠬᠠᠤᠯᠢ ᠪᠡᠷ ᠵᠠᠰᠠᠬᠤ ᠪᠣᠯᠣᠨ ᠶᠣᠰᠣ᠌ ᠰᠤᠷᠲᠠᠬᠤᠨ᠎ᠢᠶᠠᠷ ᠵᠠᠰᠠᠬᠤ ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠎ᠢ ᠶᠡᠬᠡ᠎ᠪᠡᠷ ᠪᠠᠳᠠᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠮᠥᠩᠭᠥᠨ ᠭᠦᠢᠯᠭᠡᠭᠡᠨ᠎ᠦ ᠰᠣᠶᠣᠯ᠎ᠢ ᠢᠳᠡᠪᠬᠢᠲᠡᠢ ᠪᠣᠢᠵᠢᠭᠤᠯᠬᠤ ᠬᠡᠷᠡᠭᠲᠡᠢ᠃ ᠨᠢᠭᠡ᠎ᠳᠦ᠂ ᠦᠨᠡᠨᠴᠢ ᠢᠲᠡᠭᠡᠮᠵᠢᠲᠡᠢ ᠪᠠᠢᠵᠤ᠂ ᠬᠣᠷᠢᠭ᠎ᠠ ᠱᠤᠭᠤᠮ᠎ᠢ ᠳᠠᠪᠠᠬᠤ ᠦᠭᠡᠢ ᠪᠠᠢᠬᠤ ᠬᠡᠷᠡᠭᠲᠡᠢ᠃ ᠬᠣᠶᠠᠷ᠎ᠲᠤ᠂ ᠶᠤᠰᠤ ᠰᠤᠷᠳᠠᠬᠤᠨ᠎ᠢ ᠡᠷᠬᠢᠮᠯᠡᠭᠰᠡᠨ᠎ᠦ ᠰᠠᠭᠤᠷᠢᠨ ᠲᠡᠭᠡᠷ᠎ᠡ ᠠᠰᠢᠭ᠋ ᠣᠯᠵᠤ᠂ ᠬᠤᠪᠢ᠎ᠵᠢᠨ ᠠᠰᠢᠭ ᠲᠤᠰᠠ ᠵᠢ ᠯᠠ ᠬᠥᠭᠡᠭᠡᠴᠡᠯᠳᠦᠭᠡᠳ ᠪᠠᠢᠵᠤ ᠪᠤᠯᠬᠤ ᠦᠭᠡᠢ᠃ ᠭᠤᠷᠪᠠ᠎ᠳᠤ᠂ ᠯᠠᠪᠳᠠᠭᠤᠨ ᠪᠣᠯᠭᠣᠮᠵᠢᠲᠠᠢ ᠪᠠᠢᠵᠤ᠂ ᠠᠪᠤᠨ ᠳᠣᠣᠷ᠎ᠠ᠎ᠪᠠᠨ ᠠᠰᠢᠭ᠋ ᠣᠯᠬᠤ᠎ᠶᠢ ᠬᠥᠭᠡᠭᠡᠴᠡᠯᠳᠦᠬᠦ ᠦᠭᠡᠢ ᠪᠠᠢᠬᠤ ᠬᠡᠷᠡᠭᠲᠡᠢ᠃ ᠳᠥᠷᠪᠡ᠎ᠳᠦ᠂ ᠲᠥᠪ ᠶᠣᠰᠣ᠌᠎ᠶᠢ ᠪᠠᠷᠢᠮᠲᠠᠯᠠᠨ ᠰᠢᠨ᠎ᠠ ᠎ᠶᠢ ᠡᠭᠦᠳᠴᠦ᠂ ᠪᠣᠳᠠᠲᠠᠢ᠎ᠡᠴᠡ ᠰᠠᠯᠵᠤ ᠬᠡᠢᠰᠪᠦᠷᠢ᠎ᠶᠢ ᠬᠥᠭᠡᠭᠡᠴᠡᠯᠳᠦᠬᠦ ᠦᠭᠡᠢ ᠪᠠᠢᠬᠤ ᠬᠡᠷᠡᠭᠲᠡᠢ᠃ ᠲᠠᠪᠤ᠎ᠳᠤ᠂ ᠬᠠᠤᠯᠢ ᠲᠣᠭᠲᠠᠭᠠᠯ᠎ᠳᠤ ᠨᠡᠢᠴᠡᠭᠦᠯᠵᠦ᠂ ᠳᠤᠷ᠎ᠠ᠎ᠵᠤᠷᠢᠭ᠎ᠢᠶᠡᠷ᠎ᠢᠶᠠᠨ ᠦᠢᠯᠡᠳᠬᠦ ᠦᠭᠡᠢ ᠪᠠᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 1 ᠰᠠᠷ᠎ᠠ᠎ᠶᠢᠨ 31 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号