1 ᠰᠠᠷ᠎ᠠ᠎ᠶ᠋ᠢᠨ 31 ᠤ᠋ ᠡᠳᠦᠷ᠂ ᠤᠯᠤᠰ ᠤᠨ ᠲᠡᠷᠢᠭᠦᠯᠡᠭ᠌ᠴᠢ ᠰᠢ ᠵᠢᠨ ᠫᠢᠩ ᠪᠤᠯᠤᠨ ᠠᠯᠵᠧᠷᠢᠶ᠎ᠠ᠎ᠶ᠋ᠢᠨ ᠶᠡᠷᠦᠩᠬᠡᠢᠯᠡᠭ᠌ᠴᠢ ᠲᠧᠪᠧᠨ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠠᠯᠵᠧᠷᠢᠶ᠎ᠠ᠎ᠶ᠋ᠢᠨ ᠠᠯᠤᠰ ᠰᠡᠷᠡᠯ ᠭᠤᠷᠪᠠᠳᠤᠭᠠᠷ ᠳᠠᠭᠠᠭᠤᠯᠢ ᠣᠲᠣ᠎ᠶ᠋ᠢ ᠵᠢᠦᠴᠢᠦᠸᠠᠨ᠎ᠳᠤ ᠠᠮᠵᠢᠯᠲᠠ᠎ᠲᠠᠶ ᠬᠠᠷᠪᠤᠭ᠍ᠰᠠᠨ ᠳᠤ ᠪᠠᠶᠠᠷ ᠬᠦᠷᠭᠡᠪᠡ᠃
ᠰᠢ ᠵᠢᠨ ᠫᠢᠩ᠂ ᠠᠯᠵᠧᠷᠢᠢᠠ ᠶ᠋ᠢᠨ ᠠᠯᠤᠰ ᠰᠡᠷᠡᠯ ᠭᠤᠷᠪᠠᠳᠤᠭᠠᠷ ᠳᠠᠭᠠᠭᠤᠯᠢ ᠤᠳᠤ᠎ᠵᠢᠨ ᠲᠦᠷᠦᠯ ᠵᠦᠢᠯ ᠪᠣᠯ ᠠᠯᠵᠧᠷᠢᠢᠠ ᠨᠢᠭᠡᠳᠦᠭᠡᠷ ᠬᠣᠯᠪᠣᠭᠠᠨ᠎ᠤ ᠳᠠᠭᠠᠭᠤᠯᠢ ᠤᠳᠤ ᠵᠢᠨ ᠳᠠᠷᠠᠭᠠᠬᠢ᠂ ᠳᠤᠮᠳᠠᠳᠤ ᠠᠯᠵᠧᠷᠢᠢᠠ ᠬᠣᠶᠠᠷ ᠲᠠᠯ᠎ᠠ ᠶ᠋ᠢᠨ ᠰᠠᠨᠰᠠᠷ ᠤᠨ ᠠᠶᠠᠯᠠᠯ᠎ᠤᠨ ᠬᠦᠷᠢᠶᠡᠨ᠎ᠳᠡᠬᠢ ᠪᠠᠰᠠ ᠨᠢᠭᠡᠨ ᠠᠮᠵᠢᠯᠲᠠ᠎ᠲᠠᠶ ᠬᠠᠮᠲᠤᠷᠠᠯᠴᠠᠭ᠎ᠠ ᠪᠣᠯᠤᠨ᠎ᠠ᠂ ᠳᠤᠮᠳᠠᠳᠤ ᠠᠯᠵᠧᠷᠢᠢᠠᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠴᠢᠬᠤᠯᠠ ᠢᠯᠡᠷᠡᠯ ᠪᠣᠯᠤᠨ᠎ᠠ᠃ ᠤᠢ᠍ᠢᠷ᠎ᠠ᠎ᠶ᠋ᠢᠨ ᠵᠢᠯ᠎ᠡᠴᠡ᠂ ᠳᠤᠮᠳᠠᠳᠤ ᠠᠯᠵᠧᠷᠢᠢᠠᠶ᠋ᠢᠨ ᠬᠠᠷᠢᠯᠴᠠᠭ᠎ᠠ ᠲᠦᠷᠭᠡᠨ ᠬᠥᠭ᠌ᠵᠢᠵᠦ᠍᠂ ᠬᠣᠶᠠᠷ ᠤᠯᠤᠰ᠎ᠤᠨ ᠤᠯᠤᠰ ᠲᠦᠷᠦ᠍᠎ᠶ᠋ᠢᠨ ᠢᠲᠡᠭᠡᠯᠴᠡᠭᠡ ᠦᠷᠭᠦᠯᠵᠢᠯᠡᠨ ᠪᠡᠬᠢᠵᠢᠵᠦ᠍᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠤᠯᠪᠠ ᠃ ᠪᠢ ᠳᠤᠮᠳᠠᠳᠤ ᠠᠯᠵᠧᠷᠢᠢᠠᠶ᠋ᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠢᠯᠡᠭ᠌ᠴᠢ ᠲᠸᠪᠸᠨ ᠲᠠᠢ ᠬᠠᠮᠲᠤ᠎ᠪᠠᠷ ᠴᠢᠷᠮᠠᠢᠵᠤ ᠳᠤᠮᠳᠠᠳᠤ ᠠᠯᠵᠧᠷᠢᠢᠠᠶ᠋ᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠠᠭᠤᠯᠤᠭ᠍ᠳᠠᠬᠤᠨ᠎ᠢ ᠲᠠᠰᠤᠷᠠᠯᠳᠠ ᠦᠭᠡᠢ ᠪᠠᠶᠠᠯᠢᠭ᠍ᠵᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠳᠤᠷ ᠪᠤᠶᠠᠨ ᠦᠢᠯᠡᠳᠦᠨ᠎ᠡ ᠭᠡᠵᠦ᠍ ᠵᠢᠭᠠᠵᠤ ᠭᠠᠷᠭᠠᠪᠠ᠃
ᠲᠧᠪᠸᠨ᠂ ᠠᠯᠵᠧᠷᠢᠢᠠᠶ᠋ᠢᠨ ᠠᠯᠤᠰ ᠰᠡᠷᠡᠯ ᠭᠤᠷᠪᠠᠳᠤᠭᠠᠷ ᠳᠠᠭᠠᠭᠤᠯᠢ ᠤᠳᠤ᠎ᠶ᠋ᠢ ᠠᠮᠵᠢᠯᠲᠠ᠎ᠲᠠᠶ ᠬᠠᠷᠪᠤᠭ᠍ᠰᠠᠨ ᠶᠠᠪᠤᠳᠠᠯ ᠪᠣᠯ ᠠᠯᠵᠧᠷᠢᠢᠠ ᠳᠤᠮᠳᠠᠳᠤ ᠬᠣᠶᠠᠷ ᠤᠯᠤᠰ᠎ᠤᠨ ᠰᠠᠨᠰᠠᠷ᠎ᠤᠨ ᠠᠶᠠᠯᠠᠯ᠎ᠤᠨ ᠬᠠᠮᠲᠤᠷᠠᠯᠴᠠᠭᠠᠨ᠎ᠤ ᠣᠯᠤᠭ᠍ᠰᠠᠨ ᠪᠠᠰᠠ ᠨᠢᠭᠡᠨ ᠮᠥᠨ ᠴᠢᠨᠠᠷ᠎ᠤᠨ ᠦᠷ᠎ᠡ ᠪᠦᠲᠦᠭᠡᠯ ᠮᠥᠨ᠂ ᠬᠣᠶᠠᠷ ᠲᠠᠯ᠎ᠠ᠎ᠶ᠋ᠢᠨ ᠬᠠᠷᠢᠯᠴᠠᠭᠠᠨ᠎ᠤ ᠬᠥᠭ᠌ᠵᠢᠯᠲᠡ᠎ᠶ᠋ᠢᠨ ᠶᠠᠪᠤᠴᠠ᠎ᠳᠠᠬᠢ ᠪᠠᠰᠠ ᠨᠢᠭᠡᠨ ᠬᠥᠱᠢᠢ᠎ᠡ ᠲᠡᠮᠳᠡᠭ ᠮᠥᠨ᠂ ᠬᠣᠶᠠᠷ ᠲᠠᠯ᠎ᠠ᠎ᠶ᠋ᠢᠨ ᠬᠠᠮᠲᠤᠷᠠᠯᠴᠠᠭᠠᠨ᠎ᠤ ᠠᠯᠤᠰ ᠢᠷᠡᠭᠡᠳᠦᠢ᠎ᠶ᠋ᠢ ᠥᠷᠭᠡᠳᠭᠡᠬᠦ᠌᠎ᠳᠦ ᠠᠱᠢᠭ᠍ᠲᠠᠢ ᠶᠤᠮ᠃ ᠠᠯᠵᠧᠷᠢᠢᠠᠶ᠋ᠢᠨ ᠬᠢᠨ ᠳᠤᠷᠠᠲᠠᠶ᠎ᠠ ᠳᠤᠮᠳᠠᠳᠤ ᠤᠯᠤᠰ᠎ᠲᠠᠶ ᠬᠠᠮᠲᠤ᠎ᠪᠠᠷ ᠬᠣᠶᠠᠷ ᠤᠯᠤᠰ᠎ᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ ᠭᠡᠵᠦ ᠢᠯᠡᠳᠭᠡᠪᠡ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 1 ᠰᠠᠷ᠎ᠠ᠎ᠶ᠋ᠢᠨ 31 ᠤ᠋ ᠴᠠᠬᠢᠯᠭᠠᠨ ᠮᠡᠳᠡᠭᠡ )